︵ᠭᠤᠷᠪᠠ︶ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ ᠣᠳᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ | ᠠᠵᠤ ᠦᠢᠯᠡᠰ ᠤᠨ ᠪᠦᠲᠦᠴᠡ ᠶᠢᠨ ᠳᠣᠬᠢᠷᠠᠭᠤᠯᠤᠯᠲᠠ ᠶᠢ ᠠᠬᠢᠭᠤᠯᠤᠨ᠎ᠠ᠃ ᠱᠦᠭᠦᠷ ᠡᠪᠡᠰᠦ ᠪᠠ | ᠠᠯᠠᠰᠢᠨ ᠡᠯᠵᠢᠭᠡ ᠪᠠᠷ ᠭᠤᠣᠯ ᠪᠣᠯᠭᠠᠭᠰᠠᠨ ᠣᠨᠴᠠᠯᠢᠭᠲᠤ ᠠᠵᠤ ᠦᠢᠯᠡᠰ᠂ ᠠᠯᠠᠰᠢᠨ ᠦᠬᠡᠷ ᠪᠠ ᠠᠯᠠᠰᠢᠨ ᠬᠤᠨᠢ | ᠪᠠᠷ ᠭᠤᠣᠯ ᠪᠣᠯᠭᠠᠭᠰᠠᠨ ᠳᠠᠪᠠᠭᠤᠯᠢᠭ ᠠᠵᠤ ᠦᠢᠯᠡᠰ ᠵᠢᠴᠢ ᠢᠳᠡᠰᠢᠨ ᠨᠣᠭᠤᠭ᠎ᠠ ᠪᠠ ᠢᠳᠡᠰᠢᠨ ᠮᠦᠭᠦ᠂ ᠬᠢᠲᠠᠳ | ᠡᠮ ᠤᠨ ᠮᠠᠲ᠋ᠧᠷᠢᠶᠠᠯ ᠵᠡᠷᠭᠡ ᠪᠠᠷ ᠭᠤᠣᠯ ᠪᠣᠯᠭᠠᠭᠰᠠᠨ ᠠᠷᠠᠳ ᠢ ᠪᠠᠶᠠᠵᠢᠭᠤᠯᠬᠤ ᠠᠵᠤ ᠦᠢᠯᠡᠰ ᠢ ᠭᠤᠣᠯᠳᠠᠯᠭ᠎ᠠ | ᠲᠠᠢ ᠲᠦᠭᠡᠮᠡᠯᠵᠢᠭᠦᠯᠵᠦ᠂ ᠡᠷᠳᠡᠨᠢ ᠰᠢᠰᠢ ᠲᠠᠷᠢᠬᠤ ᠲᠠᠯᠠᠪᠠᠢ ᠶᠢ ᠦᠷᠭᠦᠯᠵᠢᠯᠡᠨ 12 ᠲᠦᠮᠡᠨ ᠮᠣ᠋ ᠪᠠᠭᠠᠰᠬᠠᠨ᠂ | ᠪᠦᠳᠦᠭᠦᠯᠢᠭ ᠠᠮᠤ ᠪᠤᠷᠴᠠᠭ᠂ ᠲᠦᠮᠦᠰᠦ᠂ ᠰᠢᠬᠢᠷ ᠯᠤᠤᠪᠠᠩ᠂ ᠲᠡᠵᠢᠭᠡᠯ ᠡᠪᠡᠰᠦ ᠵᠡᠷᠭᠡ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ 50 ᠲᠦᠮᠡᠨ ᠮᠣ᠋ ᠠᠴᠠ ᠳᠡᠭᠡᠭᠰᠢ ᠪᠠᠳᠤᠵᠢᠭᠤᠯᠤᠨ ᠦᠷᠭᠡᠳᠬᠡᠵᠦ᠂ ᠠᠮᠤ ᠪᠤᠳᠠᠭᠠᠨ | ᠤ ᠲᠠᠷᠢᠮᠠᠯ᠂ ᠠᠵᠤ ᠠᠬᠤᠢ ᠶᠢᠨ ᠲᠠᠷᠢᠮᠠᠯ ᠵᠢᠴᠢ ᠲᠡᠵᠢᠭᠡᠯ ᠪᠣᠷᠳᠤᠭᠠᠨ ᠤ ᠬᠤᠪᠢ ᠶᠢᠨ ᠵᠢᠩ ᠢ 73᠄16᠄11 | ᠪᠣᠯᠭᠠᠨ᠎ᠠ︔ ᠴᠢᠨᠠᠷᠯᠢᠭ ᠲᠡᠵᠢᠭᠡᠯ ᠪᠣᠷᠳᠤᠭ᠎ᠠ ᠶᠢᠨ ᠬᠠᠩᠭᠠᠯᠭ᠎ᠠ ᠶᠢᠨ ᠲᠣᠯᠭᠠᠭᠤᠷᠢᠯᠠᠬᠤ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ︽ᠲᠡᠵᠢᠭᠡᠬᠦ ᠶᠢᠨ ᠲᠦᠯᠦᠭᠡ ᠲᠠᠷᠢᠵᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ︾ ᠶᠢᠨ | ᠲᠣᠭᠤᠷᠢᠨ ᠳᠤ᠂ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠬᠤᠪᠢᠷᠠᠭᠠᠬᠤ︾ ᠲᠤᠷᠰᠢᠯᠲᠠ ᠶᠢᠨ ᠴᠡᠭ ᠲᠤ | ᠡᠷᠳᠡᠨᠢ ᠰᠢᠰᠢ ᠶᠢᠨ ᠨᠣᠭᠤᠭᠠᠨ ᠳᠠᠷᠤᠰᠢ 10 ᠲᠦᠮᠡᠨ ᠮᠣ᠋ ᠬᠤᠷᠢᠶᠠᠵᠤ᠂ 2 ᠲᠦᠮᠡᠨ ᠮᠣ᠋ ᠲᠠᠷᠢᠶᠠᠯᠠᠬᠤ ᠶᠢ | ᠵᠣᠭᠰᠤᠭᠠᠵᠤ ᠡᠪᠡᠰᠦ ᠤᠷᠭᠤᠭᠤᠯᠤᠨ᠎ᠠ︔ ᠦᠨᠳᠦᠷ ᠪᠦᠲᠦᠮᠵᠢᠲᠦ ᠬᠠᠩᠭᠠᠯᠭ᠎ᠠ ᠶᠢᠨ ᠲᠤᠯᠭᠠᠭᠤᠷᠢᠯᠠᠬᠤ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠮᠠᠯᠵᠢᠬᠤ ᠣᠷᠣᠨ ᠳᠤ ᠤᠷᠭᠠᠨᠢᠭ ᠦᠬᠡᠷ ᠲᠡᠵᠢᠭᠡᠬᠦ ᠰᠠᠭᠤᠷᠢᠨ ᠭᠠᠵᠠᠷ | ᠪᠠ ᠲᠠᠷᠢᠶᠠᠯᠠᠬᠤ ᠣᠷᠣᠨ ᠳᠤ ︽ᠳᠦᠷᠪᠡᠨ ᠤᠯᠠᠷᠢᠯ ᠲᠡᠩᠴᠡᠭᠦᠷᠢᠲᠡᠢ ᠪᠣᠷᠤᠯᠠᠭᠤᠯᠬᠤ︾ ᠵᠠᠭᠪᠤᠷ ᠢᠶᠠᠷ ᠥᠬᠡᠷ ᠬᠤᠨᠢ | ᠶᠢ ᠬᠤᠷᠢᠵᠤ ᠲᠡᠵᠢᠭᠡᠬᠦ ᠰᠠᠭᠤᠷᠢᠨ ᠭᠠᠵᠠᠷ ᠢ ᠭᠤᠣᠯᠳᠠᠯᠭ᠎ᠠ ᠲᠠᠢ ᠪᠠᠶᠢᠭᠤᠯᠤᠨ᠎ᠠ︔ ᠰᠢᠨᠵᠢᠯᠡᠭᠡ ᠮᠡᠷᠭᠡᠵᠢᠯ ᠤᠨ | ᠦᠢᠯᠡᠴᠢᠯᠡᠭᠡᠨ ᠤ ᠲᠤᠯᠭᠠᠭᠤᠷᠢᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠤᠷᠰᠢᠭᠰᠠᠨ ᠵᠣᠬᠢᠶᠠᠨ | ᠪᠠᠶᠢᠭᠤᠯᠤᠯᠲᠠ ᠪᠠ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠵᠡᠷᠭᠡ ᠰᠢᠨ᠎ᠡ ᠮᠠᠶ᠋ᠢᠭ ᠤᠨ ᠡᠵᠡᠩᠨᠡᠯᠲᠡ ᠶᠢᠨ | ᠭᠤᠣᠯ ᠴᠣᠭᠴᠠ ᠶᠢᠨ ᠰᠠᠶᠢᠨ ᠡᠭᠦᠯᠳᠡᠷ ᠤᠨ ᠦᠷᠲᠡᠭᠡ ᠴᠢᠭ ᠪᠠᠶᠢᠭᠤᠯᠬᠤ ᠶᠢ ᠳᠡᠮᠵᠢᠵᠦ᠂ ᠰᠠᠶᠢᠨ ᠡᠭᠦᠯᠳᠡᠷ ᠤᠨ | ᠡᠬᠡ ᠮᠠᠯ ᠤᠨ ᠲᠤᠭ᠎ᠠ ᠲᠣᠯᠤᠭᠠᠢ ᠶᠢ ᠨᠡᠮᠡᠭᠳᠡᠭᠦᠯᠦᠨ᠂ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠣᠨᠴᠠᠯᠢᠭᠲᠤ ᠠᠵᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠵᠤ ᠦᠢᠯᠡᠰ ᠤᠨ ᠳᠡᠰ ᠳᠠᠪᠬᠤᠷᠭ᠎ᠠ ᠶᠢ | ᠳᠡᠭᠡᠭᠰᠢᠯᠡᠭᠦᠯᠵᠦ᠂ ᠪᠦᠬᠦ ᠬᠤᠰᠢᠭᠤᠨ ᠤ ᠣᠨᠴᠠᠯᠢᠭᠲᠤ ᠠᠵᠤ ᠦᠢᠯᠡᠰ ᠤᠨ ᠦᠰᠦᠯᠲᠡ ᠶᠢᠨ ᠴᠡᠭ ᠢ ᠡᠭᠦᠳᠦᠨ᠎ᠡ᠃ | ᠱᠦᠬᠦᠷ ᠡᠪᠡᠰᠦ ᠲᠠᠷᠢᠵᠤ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠤᠭᠰᠠᠨ ᠲᠦᠷᠦᠯ ᠵᠦᠢᠯ ᠢ | ᠨᠠᠶᠢᠳᠠᠪᠦᠷᠢᠵᠢᠭᠤᠯᠵᠤ᠂ ᠲᠠᠷᠢᠬᠤ ᠲᠠᠯᠠᠪᠠᠢ ᠶᠢ ᠦᠷᠭᠡᠳᠬᠡᠭᠰᠡᠨ ᠰᠠᠭᠤᠷᠢᠨ ᠳᠡᠭᠡᠷ᠎ᠡ᠂ ᠨᠣᠲᠤᠭ ᠤᠨ ᠡᠭᠦᠯᠳᠡᠷ ᠢ | ᠴᠡᠪᠡᠷᠰᠢᠭᠦᠯᠦᠨ᠂ ᠱᠦᠬᠦᠷ ᠡᠪᠡᠰᠦ ᠲᠠᠷᠢᠬᠤ ᠲᠠᠯᠠᠪᠠᠢ ᠶᠢ 30 ᠲᠦᠮᠡᠨ ᠮᠤ᠋ ᠠᠴᠠ ᠳᠡᠭᠡᠭᠰᠢ ᠪᠠᠶᠢᠯᠭᠠᠬᠤ ᠶᠢ | ᠪᠠᠲᠤᠯᠠᠨ᠎ᠠ︔ ᠱᠦᠬᠦᠷ ᠡᠪᠡᠰᠦᠨ ᠤ ᠠᠵᠤ ᠦᠢᠯᠡᠰ ᠢ ᠳᠡᠮᠵᠢᠬᠦ ᠲᠦᠷᠦ ᠶᠢᠨ ᠪᠣᠳᠤᠯᠭ᠎ᠠ ᠶᠢ ᠲᠡᠭᠦᠯᠳᠡᠷᠵᠢᠭᠦᠯᠦᠨ᠂ | ᠭᠠᠷᠤᠯᠲᠠ ᠪᠠ ᠪᠣᠷᠤᠯᠠᠭᠤᠯᠭ᠎ᠠ ᠶᠢ ᠤᠶᠠᠯᠳᠤᠭᠤᠯᠤᠭᠰᠠᠨ ᠪᠣᠯᠪᠠᠰᠤᠷᠠᠭᠤᠯᠬᠤ ᠲᠣᠯᠤᠭᠠᠶᠢᠯᠠᠭᠴᠢ ᠠᠵᠤ ᠠᠬᠤᠶᠢᠯᠠᠯ ᠢ | ᠢᠳᠡᠪᠬᠢᠲᠡᠢ ᠪᠣᠶᠢᠵᠢᠭᠤᠯᠵᠤ᠂ ᠪᠣᠯᠪᠠᠰᠤᠷᠠᠭᠤᠯᠬᠤ ᠴᠢᠳᠠᠪᠦᠷᠢ ᠨᠢ 50 ᠲᠦᠮᠡ ᠠᠴᠠ ᠳᠡᠭᠡᠭᠰᠢᠬᠢ ᠠᠵᠤ ᠠᠬᠤᠶᠢᠯᠠᠯ | 15 ᠠᠴᠠ ᠳᠡᠭᠡᠭᠰᠢ ᠬᠦᠭᠵᠢᠭᠦᠯᠦᠨ᠂ ᠱᠦᠬᠦᠷ ᠡᠪᠡᠰᠦᠨ ᠤ ᠭᠠᠷ ᠤᠷᠠᠯᠠᠯ ᠤᠨ ᠠᠵᠤ ᠦᠢᠯᠡᠰ ᠢ | ᠪᠣᠵᠠᠭᠠᠶᠢᠷᠠᠭᠤᠯᠤᠨ᠎ᠠ︔ ᠣᠯᠠᠨ ᠵᠦᠢᠯ ᠤᠨ ᠤᠬᠠᠭᠤᠯᠭ᠎ᠠ ᠶᠢᠨ ᠠᠵᠢᠯᠯᠠᠭᠠᠨ ᠦᠷᠨᠢᠭᠦᠯᠵᠦ᠂ ᠮᠠᠨ ᠤ ᠬᠤᠰᠢᠭᠤᠨ ᠤ | ᠱᠦᠬᠦᠷ ᠡᠪᠡᠰᠦᠨ ᠤ ᠠᠵᠤ ᠦᠢᠯᠡᠰ ᠤᠨ ᠭᠠᠳᠠᠭᠠᠳᠤ ᠳᠠᠬᠢ ᠨᠡᠷ᠎ᠡ ᠠᠯᠳᠠᠷ ᠢ ᠦᠨᠡᠨᠬᠦ ᠳᠡᠭᠡᠭᠰᠢᠯᠡᠭᠦᠯᠦᠨ᠎ᠡ︔ | ᠠᠯᠠᠰᠢᠨ ᠡᠯᠵᠢᠭᠡ ᠲᠡᠵᠢᠭᠡᠬᠦ ᠲᠤᠰᠬᠠᠢ ᠲᠤᠰᠬᠤᠨ 20 ᠪᠠᠶᠢᠭᠤᠯᠤᠨ᠂ ᠠᠯᠠᠰᠢᠨ ᠡᠯᠵᠢᠭᠡ ᠶᠢᠨ ᠠᠵᠤ ᠦᠢᠯᠡᠰ ᠤᠨ | ᠲᠣᠬᠠᠢ ᠶᠢᠨ ᠭᠠᠵᠠᠷ ᠲᠠᠭᠠᠨ ᠡᠳ᠋ᠰᠢᠭᠦᠯᠦᠨ ᠬᠤᠪᠢᠷᠠᠭᠠᠬᠤ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ᠂ ᠳ᠋ᠦᠩ ᠧ ᠧ ᠵᠢᠶᠤᠤ ᠪᠠᠷ ᠭᠤᠣᠯ ᠪᠣᠯᠭᠠᠭᠰᠠᠨ ᠲᠣᠯᠤᠭᠠᠶᠢᠯᠠᠭᠴᠢ | ᠠᠵᠤ ᠠᠬᠤᠶᠢᠯᠠᠯ ᠪᠠ ᠬᠤᠷᠰᠢᠶᠠᠵᠢᠯ ᠵᠡᠷᠭᠡ ᠨᠡᠶᠢᠭᠡᠮᠴᠢᠯᠡᠭᠰᠡᠨ ᠰᠠᠶᠢᠨ ᠡᠭᠦᠯᠳᠡᠷ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠵᠤ᠂ ᠰᠠᠶᠢᠨ ᠡᠭᠦᠯᠳᠡᠷ ᠤᠨ ᠡᠮ᠎ᠡ ᠡᠯᠵᠢᠭᠡ ᠲᠡᠵᠢᠭᠡᠬᠦ ᠬᠤᠪᠢ ᠶᠢᠨ ᠵᠢᠩ ᠢ | ᠲᠠᠰᠤᠷᠠᠯᠲᠠ ᠦᠭᠡᠢ ᠨᠡᠮᠡᠭᠳᠡᠭᠦᠯᠵᠤ᠂ ᠵᠢᠯ ᠤᠨ ᠳᠣᠲᠤᠷ᠎ᠠ ᠠᠯᠠᠰᠢᠨ ᠡᠯᠵᠢᠭᠡ ᠶᠢᠨ ᠵᠣᠭᠰᠤᠭ᠎ᠠ ᠲᠤᠭ᠎ᠠ ᠶᠢ 20 | ᠲᠦᠮᠡ ᠠᠴᠠ ᠳᠡᠭᠡᠭᠰᠢ ᠪᠣᠯᠭᠠᠨ᠎ᠠ᠃ | ᠠᠮᠢ ᠠᠬᠤᠢ ᠶᠢᠨ ᠣᠷᠴᠢᠯᠲᠤ ᠠᠵᠤ ᠦᠢᠯᠡᠰ ᠢ ᠶᠡᠬᠡᠪᠡᠷ ᠰᠠᠨᠠᠭᠠᠴᠢᠯᠠᠨ᠎ᠠ᠃ ᠲᠠᠷᠢᠶᠠᠯᠠᠩ ᠮᠠᠯ ᠠᠵᠤ | ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠵᠤ᠂ | ᠣᠨᠴᠠᠯᠢᠭᠲᠤ ᠠᠵᠤ ᠦᠢᠯᠡᠰ᠂ ᠰᠡᠯᠡᠭᠦᠴᠡᠯ ᠵᠣᠭᠠᠴᠠᠯ ᠵᠢᠴᠢ ᠠᠮᠢ ᠠᠬᠤᠢ ᠶᠢᠨ ᠣᠷᠴᠢᠯᠲᠤ ᠲᠠᠷᠢᠶᠠᠯᠠᠩ ᠮᠠᠯ ᠠᠵᠤ | ᠠᠬᠤᠢ ᠶᠢ ᠤᠷᠭᠠᠨᠢᠭ ᠢᠶᠠᠷ ᠤᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠪᠣᠯᠤᠨ ᠬᠤᠶᠠᠷ᠂ ᠭᠤᠷᠪᠠᠳᠤᠭᠠᠷ | ᠠᠵᠤ ᠦᠢᠯᠡᠰ ᠤᠨ ᠬᠤᠭᠤᠷᠤᠨᠳᠤᠬᠢ ᠠᠭᠤᠰᠤᠯᠴᠠᠯ ᠢ ᠠᠬᠢᠭᠤᠯᠤᠨ᠎ᠠ︔ ᠵᠢᠶᠠ ᠬᠤᠸᠠ ᠡᠳ᠋ᠯᠡᠩ ᠤᠨ ᠠᠮᠢ ᠠᠬᠤᠢ | ᠶᠢᠨ ᠣᠷᠴᠢᠯᠲᠤ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠬᠤᠩᠭᠤᠷ ᠠᠮᠢ ᠠᠬᠤᠢ ᠶᠢᠨ ᠲᠠᠷᠢᠶᠠᠯᠠᠩ | ᠤᠨ ᠵᠢᠱᠢᠶ᠎ᠡ ᠦᠵᠡᠭᠦᠯᠬᠦ ᠬᠦᠷᠢᠶᠡᠯᠡᠩ ᠵᠢᠴᠢ ᠳ᠋ᠠ ᠹᠧᠩ ᠦᠵᠡᠭᠦᠯᠦᠯᠭᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠠᠷᠢᠶᠠᠯᠠᠩ ᠮᠠᠯ ᠠᠵᠤ | ᠠᠬᠤᠢ ᠶᠢᠨ ᠬᠦᠭᠵᠢᠯᠲᠡ ᠶᠢᠨ ᠰᠢᠨ᠎ᠡ ᠭᠢᠯᠠᠰ ᠴᠡᠭ ᠢ ᠡᠭᠦᠳᠦᠨ᠂ ᠣᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠳ | ᠢ ᠳᠠᠶᠢᠴᠢᠯᠠᠨ ᠣᠷᠤᠯᠭ᠎ᠠ ᠶᠢ ᠨᠢ ᠨᠡᠮᠡᠭᠳᠡᠭᠦᠯᠦᠨ᠎ᠡ︔ ᠨᠢᠭᠲᠠᠷᠠᠮᠠᠯ ᠠᠵᠤ ᠠᠬᠤᠶᠢᠯᠠᠯ ᠢ ᠣᠷᠢᠵᠤ᠂ ᠳᠠᠪᠠᠭᠤᠯᠢᠭ | ᠬᠠᠭᠤᠴᠢᠨ ᠲᠡᠮᠲᠡᠭᠲᠦ ᠠᠵᠤ ᠠᠬᠤᠶᠢᠯᠠᠯ ᠢ ᠴᠢᠷᠮᠠᠶᠢᠨ ᠴᠢᠯᠦᠭᠡᠲᠡᠢ ᠪᠣᠯᠭᠠᠵᠤ᠂ ᠪᠠᠢ ᠾᠦᠢ ᠱᠧᠩ ᠦᠢᠯᠡᠳᠪᠦᠷᠢ | ᠶᠢᠨ ᠵᠢᠯ ᠪᠣᠯᠭᠠᠨ 10 ᠲᠦᠮᠡᠨ ᠳᠣᠨ ᠰᠢᠬᠢᠷ ᠯᠤᠤᠪᠠᠩ ᠪᠣᠯᠪᠠᠰᠤᠷᠠᠭᠤᠯᠬᠤ᠂ ᠹᠦ᠋ ᠴᠧᠩ ᠰᠢᠶᠠᠩ ᠠᠯᠠᠰᠢᠨ ᠬᠤᠨᠢ | ᠶᠢᠨ ᠣᠷᠴᠢᠯᠲᠤ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠦᠮᠡᠨ ᠬᠤᠨᠢ ᠲᠡᠵᠢᠭᠡᠬᠦ ᠲᠠᠯᠠᠪᠠᠢ | ᠪᠣᠯᠤᠨ ᠤᠷᠭᠠᠨᠢᠭ ᠪᠣᠷᠳᠤᠭᠤᠷ ᠤᠨ ᠦᠢᠯᠡᠳᠪᠦᠷᠢᠯᠡᠯ ᠤᠨ ᠱᠤᠭᠤᠮ᠂ ᠸᠠᠨ ᠴᠢᠩ ᠰᠢᠨ᠎ᠡ ᠨᠢᠯᠵᠠᠷᠠᠢ ᠡᠷᠳᠡᠨᠢ ᠰᠢᠰᠢ | ᠶᠢ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠱᠠᠩ ᠵᠢᠩ ᠲᠠᠷᠢᠶᠠᠯᠠᠩ ᠮᠠᠯ ᠠᠵᠤ ᠠᠬᠤᠢ ᠶᠢᠨ ᠣᠳᠣ ᠦᠶ᠎ᠡ ᠶᠢᠨ | ᠵᠢᠱᠢᠶ᠎ᠡ ᠦᠵᠡᠭᠦᠯᠬᠦ ᠬᠦᠷᠢᠶᠡᠯᠡᠩ ᠳᠠᠬᠢ ᠳ᠋ᠧ ᠷᠦᠨ᠂ ᠺᠧ ᠷᠠᠨ ᠠᠮᠢᠳᠤ ᠪᠤᠳᠠᠰ ᠵᠢᠴᠢ ᠳ᠋ᠠ ᠯᠢᠶᠤᠤ ᠸᠠᠩ ᠹᠦ᠋ ᠵᠡᠷᠭᠡ | ᠠᠵᠤ ᠠᠬᠤᠶᠢᠯᠠᠯ ᠢ ᠳᠠᠬᠢᠨ ᠪᠠᠶᠢᠭᠤᠯᠬᠤ᠂ ᠦᠷᠭᠡᠳᠬᠡᠬᠦ ᠪᠣᠯᠤᠨ ᠵᠠᠯᠭᠠᠯᠳᠤᠭᠤᠯᠬᠤ ᠠᠵᠢᠯ ᠢ ᠲᠦᠷᠭᠡᠳᠬᠡᠨ᠎ᠡ᠃ | ︵ᠳᠦᠷᠪᠡ︶ ᠰᠤᠶᠤᠯ ᠵᠢᠭᠤᠯᠴᠢᠯᠠᠯ ᠢ ᠬᠦᠭᠵᠢᠭᠦᠯᠦᠨ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ | ᠠᠬᠢᠭᠤᠯᠤᠨ᠎ᠠ᠃ | ᠰᠤᠶᠤᠯ ᠵᠢᠭᠤᠯᠴᠢᠯᠠᠯ ᠤᠨ ᠠᠵᠤ ᠦᠢᠯᠡᠰ ᠢ ᠬᠦᠴᠦ ᠲᠠᠯᠪᠢᠨ ᠡᠭᠦᠳᠦᠨ᠎ᠡ᠃ ︽ᠭᠢᠳᠠᠨ ᠰᠤᠶᠤᠯ ᠤᠨ | ᠣᠯᠠᠨ ᠤᠯᠤᠰ ᠤᠨ ᠵᠢᠭᠤᠯᠴᠢᠯᠠᠯ ᠤᠨ ᠣᠷᠣᠨ︾ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠤᠯᠭ᠎ᠠ ᠶᠢᠨ ᠬᠠᠷᠠᠯᠲᠠ | ᠶᠢᠨ ᠲᠣᠭᠤᠷᠢᠨ ᠳᠤ᠂ ᠭᠢᠯᠦᠪᠡᠷ ᠵᠤᠤ ᠶᠢᠨ ᠭᠤᠣᠯ ᠦᠵᠡᠮᠵᠢ ᠶᠢᠨ ᠣᠷᠣᠨ᠂ ᠳᠤᠮᠳᠠᠳᠤ ᠤᠯᠤᠰ ᠤᠨ ᠯᠢᠶᠤᠤ ᠶᠢᠨ | ᠰᠤᠶᠤᠯ ᠤᠨ ᠮᠦᠽᠸᠢ ᠵᠢᠴᠢ ︽ᠭᠢᠳᠠᠨ ᠨᠠᠢᠮᠠᠨ ᠠᠩᠬᠢ︾ ᠵᠢᠭᠤᠯᠴᠢᠯᠠᠯ ᠤᠨ ᠭᠠᠵᠠᠷ ᠵᠡᠷᠭᠡ ᠲᠦᠷᠦᠯ ᠵᠦᠢᠯ ᠢ | ᠨᠠᠶᠢᠳᠠᠪᠦᠷᠢᠵᠢᠭᠤᠯᠵᠤ᠂ ᠰᠤᠶᠤᠯ ᠵᠢᠭᠤᠯᠴᠢᠯᠠᠯ ᠤᠨ ᠭᠤᠣᠯ ᠪᠦᠲᠦᠭᠡᠭᠳᠡᠬᠦᠨ ᠤ ᠦᠷᠢᠰᠦᠯᠳᠦᠬᠦ ᠬᠦᠴᠦᠨ ᠢ | ᠴᠢᠩᠭᠠᠳᠬᠠᠨ᠎ᠠ︔ ᠯᠢᠶᠤᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠦᠯᠡᠳᠡᠭᠳᠡᠯ | ᠪᠠᠭᠤᠷᠢ ᠶᠢᠨ ᠴᠡᠴᠡᠷᠯᠢᠭ ᠢ ᠲᠦᠷᠭᠡᠨ ᠪᠠᠶᠢᠭᠤᠯᠵᠤ᠂ ︽ᠯᠢᠶᠤᠤ ᠶᠢᠨ ᠳᠡᠭᠡᠳᠦᠰ ᠤᠨ ᠣᠩᠭᠤᠨ ᠤ ᠤᠯᠤᠰ ᠤᠨ | ᠬᠠᠭᠤᠴᠢ ᠰᠤᠳᠤᠯᠤᠯ ᠤᠨ ᠦᠯᠡᠳᠡᠭᠳᠡᠯ ᠴᠡᠴᠡᠷᠯᠢᠭ ᠤᠨ ᠶᠡᠷᠦᠩᠬᠡᠢ ᠲᠦᠯᠦᠪᠵᠢᠭᠦᠯᠭᠡ︾ ᠶᠢ ᠨᠠᠶᠢᠷᠠᠭᠤᠯᠣᠨ | ᠵᠣᠬᠢᠶᠠᠬᠤ ᠪᠠ ᠲᠤᠰᠬᠠᠢ ᠮᠡᠷᠭᠡᠵᠢᠯᠲᠡᠳ ᠢᠶᠠᠷ ᠨᠤᠲᠠᠯᠠᠭᠤᠯᠬᠤ ᠠᠵᠢᠯ ᠢ ᠰᠠᠶᠢᠲᠤᠷ ᠬᠢᠵᠦ᠂ ᠯᠢᠶᠤᠤ ᠶᠢᠨ ᠳᠡᠭᠡᠳᠦ | ᠨᠡᠶᠢᠰᠯᠡᠯ ᠪᠠ ᠳᠡᠭᠡᠳᠦᠰ ᠤᠨ ᠣᠩᠭᠤᠨ ᠤ ︽ᠳᠡᠯᠡᠬᠡᠢ ᠶᠢᠨ ᠰᠤᠶᠤᠯ ᠤᠨ ᠦᠪ ᠲᠤ ᠭᠤᠶᠤᠴᠢᠯᠠᠬᠤ︾ ᠠᠵᠢᠯ ᠢ | ᠠᠬᠢᠭᠤᠯᠬᠤ ᠪᠠᠷ ᠴᠢᠷᠮᠠᠶᠢᠨ᠎ᠠ︔ ᠱᠠᠩ ᠵᠢᠩ ᠭᠢᠳᠠᠨ ᠰᠤᠶᠤᠯ ᠤᠨ ᠠᠵᠤ ᠦᠢᠯᠡᠰ ᠤᠨ ᠲᠣᠭᠤᠷᠢᠭ ᠤᠨ | ᠠᠷᠠᠯᠵᠢᠶᠠᠴᠢᠨ ᠤᠷᠢᠵᠤ ᠡᠵᠡᠩᠨᠡᠬᠦ ᠴᠢᠳᠠᠪᠦᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠲᠣᠮᠤ ᠬᠡᠯᠪᠡᠷᠢ ᠶᠢᠨ | ᠦᠵᠡᠭᠳᠡᠯᠲᠦ ᠲᠣᠭᠯᠠᠯᠲᠠ ︽ᠭᠢᠳᠠᠨ ᠸᠠᠩᠲᠤ ᠲᠦᠷᠦ︾ ᠪᠣᠯᠤᠨ ᠯᠢᠶᠤᠤ ᠶᠢᠨ ᠳᠡᠭᠡᠳᠦ ᠨᠡᠶᠢᠰᠯᠡᠯ ᠤᠨ ᠮᠦᠽᠸᠢ | ᠶᠢᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠰᠤᠶᠤᠯ ᠤᠨ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠤᠨ ᠡᠩᠨᠡᠭᠡᠨ ᠳᠤ ᠣᠷᠤᠬᠤ ᠶᠢ ᠠᠬᠢᠭᠤᠯᠤᠨ᠎ᠠ︔ ᠬᠦᠳᠡᠭᠡ | ᠲᠤᠰᠬᠤᠨ ᠤ ᠵᠢᠭᠤᠯᠴᠢᠯᠠᠯ ᠢ ᠪᠦᠬᠦ ᠬᠦᠴᠦᠨ ᠢᠶᠠᠷ ᠬᠦᠭᠵᠢᠭᠦᠯᠵᠦ᠂ ᠣᠩᠭᠤᠴᠠ ᠪᠠ ᠳᠠᠯᠠᠩ ᠤᠨ ᠭᠤᠤ — | ᠳ᠋ᠦᠩᠱᠠᠨ ᠬᠦᠷᠬᠦ ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ ᠢ ᠭᠤᠣᠯᠳᠠᠯᠭ᠎ᠠ ᠲᠠᠢ | ᠡᠭᠦᠳᠴᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢ ᠳᠡᠰ ᠳᠡᠪᠰᠢᠭᠦᠯᠦᠨ᠎ᠡ︔ ᠭᠤᠣᠯᠳᠠᠯᠭ᠎ᠠ ᠲᠠᠢ | ᠦᠵᠡᠮᠵᠢ ᠶᠢᠨ ᠣᠷᠤᠨ ᠤ ᠡᠷᠭᠢᠨ ᠲᠣᠭᠤᠷᠢᠨ ᠤ ᠰᠠᠭᠤᠷᠢ ᠲᠦᠬᠦᠭᠡᠷᠦᠮᠵᠢ ᠶᠢ ᠦᠷᠭᠦᠯᠵᠢᠯᠡᠨ ᠰᠠᠶᠢᠵᠢᠷᠠᠭᠤᠯᠵᠤ᠂ | ᠠᠷᠣ ᠵᠣᠣ ᠠᠴᠠ ᠭᠡᠷ ᠴᠢᠯᠠᠭᠤ ᠬᠦᠷᠬᠦ ᠪᠠ ᠳᠣᠯᠤᠭᠠᠨ ᠲᠣᠭᠤᠭ᠎ᠠ ᠠᠭᠤᠯᠠ ᠶᠢᠨ ᠭᠠᠵᠠᠷ ᠰᠢᠨᠵᠢᠯᠡᠭᠡᠨ ᠤ ᠴᠡᠴᠡᠷᠯᠢᠭ | ᠤᠨ ᠬᠦᠭᠦᠷᠭᠡᠨ ᠵᠠᠮ ᠤᠨ ᠲᠦᠷᠦᠯ ᠵᠦᠢᠯ ᠢ ᠡᠬᠢᠯᠡᠭᠦᠯᠵᠦ᠂ ᠦᠵᠡᠮᠵᠢ ᠶᠢᠨ ᠣᠷᠣᠨ ᠤ ᠦᠢᠯᠡᠴᠢᠯᠡᠭᠡᠨ ᠤ | ᠴᠢᠳᠠᠪᠦᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠳᠤᠮᠳᠠᠳᠤ ᠤᠯᠤᠰ ᠤᠨ ᠯᠢᠶᠤᠤ ᠶᠢᠨ ᠳᠡᠭᠡᠳᠦ ᠨᠡᠶᠢᠰᠯᠡᠯ ᠤᠨ | ᠣᠯᠠᠨ ᠤᠯᠤᠰ ᠤᠨ ᠬᠠᠭᠤᠴᠢ ᠰᠤᠳᠤᠯᠤᠯ ᠤᠨ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠬᠤ ᠪᠠᠷ ᠪᠡᠯᠡᠳᠬᠡᠵᠦ᠂ | ᠳᠤᠮᠳᠠᠳᠤ ᠤᠯᠤᠰ ᠤᠨ ᠭᠢᠳᠠᠨ ᠦᠰᠦᠭ ᠪᠢᠴᠢᠭ ᠤᠨ ᠰᠤᠳᠤᠯᠭᠠᠨ ᠤ ᠲᠦᠪ ᠢ ᠪᠠᠶᠢᠭᠤᠯᠤᠨ᠂ ᠳᠡᠭᠡᠳᠦ ᠳᠡᠰ | ᠳᠠᠪᠬᠤᠷᠭ᠎ᠠ ᠪᠠ ᠦᠨᠳᠦᠷ ᠬᠢᠷᠢ ᠲᠦᠪᠰᠢᠨ ᠲᠠᠢ ᠡᠷᠳᠡᠮ ᠰᠢᠨᠵᠢᠯᠡᠭᠡᠨ ᠤ ᠰᠤᠳᠤᠯᠤᠯ ᠪᠠ ᠦᠷ᠎ᠡ ᠪᠦᠲᠦᠮᠵᠢ ᠶᠢ | ᠬᠤᠪᠢᠷᠠᠭᠠᠬᠤ ᠲᠠᠪᠴᠠᠩ ᠢ ᠴᠢᠷᠮᠠᠶᠢᠨ ᠡᠭᠦᠳᠦᠨ᠎ᠡ︔ ᠤᠬᠠᠭᠤᠯᠭ᠎ᠠ ᠲᠠᠨᠢᠯᠴᠠᠭᠤᠯᠭ᠎ᠠ ᠶᠢ ᠪᠦᠬᠦ ᠲᠠᠯ᠎ᠠ ᠪᠠᠷ | ᠦᠷᠨᠢᠭᠦᠯᠵᠦ᠂ ᠯᠢᠶᠤᠤ ᠶᠢᠨ ᠳᠡᠭᠡᠳᠦ ᠨᠡᠶᠢᠰᠯᠡᠯ ᠤᠨ ᠠᠩᠬᠠᠳᠤᠭᠠᠷ ᠤᠳᠠᠭᠠᠨ ᠤ ᠮᠦᠩᠭᠦᠨ ᠡᠪᠦᠯ ᠤᠨ ᠨᠠᠭᠠᠳᠤᠮ ᠢ | ᠡᠷᠬᠢᠯᠡᠵᠦ᠂ ᠭᠢᠳᠠᠨ ᠰᠤᠶᠤᠯ ᠤᠨ ᠨᠡᠷᠡᠲᠦ ᠲᠡᠮᠳᠡᠭ ᠤᠨ ᠨᠦᠯᠦᠭᠡᠯᠡᠬᠦ ᠬᠦᠴᠦᠨ ᠢ ᠦᠷᠭᠦᠯᠵᠢᠯᠡᠨ ᠦᠷᠭᠡᠳᠬᠡᠨ᠎ᠡ᠃ | ᠠᠷᠠᠯᠵᠢᠶ᠎ᠠ ᠬᠤᠳᠠᠯᠳᠤᠭ᠎ᠠ ᠪᠤᠳᠠᠰ ᠤᠨ ᠭᠦᠢᠯᠭᠡᠭᠡᠨ ᠤ ᠠᠵᠤ ᠦᠢᠯᠡᠰ ᠢ ᠬᠦᠴᠦ ᠲᠠᠯᠪᠢᠨ | ᠪᠣᠵᠠᠭᠠᠶᠢᠷᠠᠭᠤᠯᠤᠨ᠎ᠠ᠃ ᠱᠠᠩ ᠵᠢᠩ ᠪᠤᠳᠠᠰ ᠤᠨ ᠭᠦᠢᠯᠭᠡᠭᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠬᠠᠮᠢᠶᠠᠷᠤᠯᠲᠠ ᠶᠢᠨ ᠠᠷᠭ᠎ᠠ ᠶᠢ ᠨᠢ ᠵᠠᠰᠠᠨ᠂ ᠮᠠᠰᠢᠨ ᠲᠡᠷᠭᠡᠨ ᠤ ᠰᠡᠯᠪᠢᠭ ᠲᠣᠨᠤᠭ ᠪᠠ | ᠠᠷᠠᠯᠵᠢᠶ᠎ᠠ᠂ ᠲᠡᠮᠦᠷᠯᠢᠭ ᠮᠠᠰᠢᠨ ᠴᠠᠬᠢᠯᠭᠠᠨ ᠵᠡᠷᠭᠡ ᠠᠵᠢᠯ ᠲᠦᠷᠦᠯ ᠢ ᠰᠠᠭᠤᠷᠢᠰᠢᠭᠤᠯᠵᠤ ᠂ ᠴᠧᠨ ᠰᠢᠦᠢ | ᠴᠠᠬᠢᠯᠭᠠᠨ ᠬᠦᠴᠦᠨ ᠤ ᠬᠦᠴᠦᠳᠡᠯ ᠥᠭᠡᠷᠡᠴᠢᠯᠡᠭᠴᠢ ᠶᠢ ᠤᠭᠰᠠᠷᠠᠬᠤ ᠪᠠ ᠡᠸ᠋ᠨ ᠭᠤᠸᠠᠩ ᠰᠢᠨ᠎ᠡ ᠡᠨᠧᠷᠭᠢ ᠶᠢᠨ | ᠠᠯᠺᠦᠦᠯᠲᠤ ᠰᠢᠲᠠᠭᠠᠯᠭ᠎ᠠ ᠶᠢᠨ ᠲᠦᠷᠦᠯ ᠵᠦᠢᠯ ᠢ ᠡᠵᠡᠩᠨᠡᠭᠦᠯᠦᠨ᠂ ᠵᠠᠰᠠᠮᠠᠯ ᠵᠠᠮ ᠤᠨ ᠶᠡᠷᠦᠩᠬᠡᠶᠢᠯᠡᠭᠰᠡᠨ ᠪᠠᠴᠢᠮ | ᠪᠠᠶᠢᠳᠠᠯ ᠢ ᠠᠷᠭᠠᠴᠠᠭᠠᠬᠤ ᠡᠳ᠋ ᠪᠤᠳᠠᠰ ᠪᠠ ᠲᠦᠬᠦᠭᠡᠷᠦᠮᠵᠢ ᠶᠢᠨ ᠬᠦᠮᠦᠷᠭᠡ ᠶᠢ ᠡᠬᠢᠯᠡᠨ ᠪᠠᠶᠢᠭᠤᠯᠵᠤ᠂ ᠯᠢᠨᠳᠦ᠋ᠩ | ᠤᠨ ᠭᠠᠯᠲᠤ ᠲᠡᠷᠭᠡᠨ ᠦᠷᠲᠡᠭᠡ ᠶᠢ ᠭᠠᠵᠠᠷ ᠰᠢᠯᠵᠢᠭᠦᠯᠦᠨ ᠪᠠᠶᠢᠭᠤᠯᠬᠤ ᠪᠠ ᠨᠡᠶᠢᠲᠡ ᠶᠢᠨ ᠮᠠᠰᠢᠨ ᠲᠡᠷᠭᠡᠨ ᠤ | ᠦᠷᠲᠡᠭᠡ ᠶᠢ ᠪᠠᠶᠢᠭᠤᠯᠬᠤ ᠵᠡᠷᠭᠡ ᠲᠦᠷᠦᠯ ᠵᠦᠢᠯ ᠤᠨ ᠡᠮᠦᠨᠠᠬᠢ ᠱᠠᠲᠤᠨ ᠤ ᠠᠵᠢᠯ ᠢ ᠲᠦᠷᠭᠡᠨ ᠪᠡᠶᠡᠯᠡᠭᠦᠯᠦᠨ᠂ | ᠲᠣᠭᠤᠷᠢᠭ ᠤᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠤᠷᠮᠠᠰᠢᠭᠤᠯᠤᠨ᠎ᠠ᠃ ᠣᠳᠣ | ᠦᠶ᠎ᠡ ᠶᠢᠨ ᠪᠤᠳᠠᠰ ᠤᠨ ᠭᠦᠢᠯᠭᠡᠭᠡᠨ ᠤ ᠦᠢᠯᠡᠰ ᠢ ᠶᠡᠬᠡᠪᠡᠷ ᠬᠦᠭᠵᠢᠭᠦᠯᠵᠦ᠂ ᠡᠯᠧᠺᠲᠷᠤᠨ ᠬᠤᠳᠠᠯᠳᠤᠭ᠎ᠠ ᠶᠢ | ᠬᠦᠳᠡᠭᠡ ᠲᠤᠰᠬᠤᠨ ᠮᠠᠯᠵᠢᠬᠤ ᠣᠷᠣᠨ ᠳᠤ ᠬᠦᠷᠭᠡᠬᠦ ᠵᠢᠱᠢᠶ᠎ᠡ ᠦᠵᠡᠭᠦᠯᠬᠦ ᠲᠦᠷᠦᠯ ᠵᠦᠢᠯ ᠢ ᠠᠬᠢᠭᠤᠯᠵᠤ᠂ ᠬᠤᠲᠠ | ᠬᠦᠳᠡᠭᠡ ᠶᠢ ᠨᠡᠶᠢᠳᠡᠮ ᠪᠦᠷᠬᠦᠭᠰᠡᠨ ᠰᠦᠯᠵᠢᠶᠡᠨ ᠳᠡᠭᠡᠷ᠎ᠡ ᠬᠤᠳᠠᠯᠳᠤᠨ ᠠᠪᠬᠤ ᠪᠠ ᠪᠣᠷᠤᠯᠠᠭᠤᠯᠬᠤ ᠲᠣᠭᠲᠠᠯᠴᠠᠭ᠎ᠠ | ᠶᠢ ᠲᠦᠷᠭᠡᠨ ᠪᠠᠶᠢᠭᠤᠯᠵᠤ᠂ ᠡᠯᠧᠺᠲᠷᠤᠨ ᠬᠤᠳᠠᠯᠳᠤᠭ᠎ᠠ ᠪᠣᠯᠤᠨ ᠪᠤᠳᠠᠳᠤ ᠠᠵᠤ ᠠᠬᠤᠢ ᠶᠢᠨ ᠠᠭᠤᠰᠤᠯᠴᠠᠨ | ᠬᠦᠭᠵᠢᠭᠦ ᠶᠢ ᠠᠬᠢᠭᠤᠯᠤᠨ᠎ᠠ︔ ᠣᠳᠣ ᠦᠶ᠎ᠡ ᠶᠢᠨ ᠪᠤᠳᠠᠰ ᠤᠨ ᠭᠦᠢᠯᠭᠡᠭᠡᠨ ᠤ ᠳᠣᠬᠢᠷᠠᠭᠤᠯᠤᠨ ᠬᠦᠷᠭᠡᠬᠦ ᠲᠦᠪ | ᠪᠣᠯᠤᠨ ᠳᠠᠮᠵᠢᠭᠤᠯᠤᠨ ᠨᠦᠭᠡᠴᠡᠯᠡᠬᠦ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠤᠨ | ᠳᠣᠲᠤᠷ᠎ᠠ ᠨᠡᠶᠢᠲᠡ 100 ᠡᠵᠡᠩᠨᠡᠯᠲᠡ ᠶᠢᠨ ᠴᠡᠭ ᠢ ᠳᠡᠰ ᠳᠡᠪᠰᠢᠭᠦᠯᠦᠨ᠂ ᠬᠤᠶᠠᠷ ᠳᠦᠷᠢᠮᠵᠢᠭᠰᠡᠨ ᠳᠣᠬᠢᠷᠠᠭᠤᠯᠤᠨ | ᠬᠦᠷᠭᠡᠬᠦ ᠲᠦᠪ ᠢ ᠪᠠᠶᠢᠭᠤᠯᠤᠨ᠎ᠠ︔ ᠳᠦᠷᠪᠡᠨ ᠣᠳᠣᠨ ᠳᠡᠰ ᠠᠴᠠ ᠳᠡᠭᠡᠭᠰᠢᠬᠢ ᠵᠣᠴᠢᠳ ᠤᠨ ᠪᠠᠭᠤᠳᠠᠯ ᠬᠤᠶᠠᠷ ᠢ | ᠪᠠᠶᠢᠭᠤᠯᠤᠨ᠎ᠠ︔ ᠪᠠᠷᠢᠮᠵᠢᠶᠠᠵᠢᠭᠰᠠᠨ ᠶᠡᠷᠦᠩᠬᠡᠢ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ 1 ᠶᠢ ᠰᠢᠨ᠎ᠡ ᠪᠠᠷ | ᠪᠠᠶᠢᠭᠤᠯᠤᠨ᠂ ᠬᠤᠲᠠ ᠲᠣᠭᠤᠷᠢᠭ ᠤᠨ ᠰᠠᠭᠤᠭᠠᠯᠢ ᠠᠷᠠᠳ ᠤᠨ ᠡᠳᠦᠷ ᠲᠣᠳᠣᠮ ᠤᠨ ᠠᠮᠢᠳᠤᠷᠠᠯ ᠤᠨ ᠱᠠᠭᠠᠷᠳᠠᠯᠭ᠎ᠠ | ᠶᠢ ᠤᠯᠠᠮ ᠨᠢᠭᠡ ᠠᠯᠬᠤᠮ ᠬᠠᠩᠭᠠᠨ᠎ᠠ᠃ | ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠤ ᠦᠢᠯᠡᠰ ᠢ ᠬᠦᠴᠦ ᠲᠠᠯᠪᠢᠨ ᠬᠦᠭᠵᠢᠭᠦᠯᠦᠨ᠎ᠡ᠃ | ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠭᠲᠠᠯᠴᠠᠭ᠎ᠠ ᠶᠢ ᠴᠢᠩᠭᠠᠳᠬᠠᠵᠤ᠂ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢ ᠣᠷᠤᠭᠤᠯᠬᠤ ᠪᠠ ᠦᠨᠳᠦᠰᠦᠨ ᠱᠠᠲᠤᠨ ᠤ ᠦᠢᠯᠡᠴᠢᠯᠡᠭᠡᠨ ᠤ ᠴᠡᠭ ᠢ ᠪᠠᠶᠢᠭᠤᠯᠬᠤ ᠠᠯᠬᠤᠮ ᠢᠶᠠᠨ | ᠲᠦᠷᠭᠡᠳᠬᠡᠨ᠂ ᠠᠵᠤ ᠠᠬᠤᠶᠢᠯᠠᠯ ᠤᠨ ᠪᠡᠯᠡ ᠮᠦᠩᠭᠦ ᠴᠣᠭᠯᠠᠭᠤᠯᠬᠤ ᠳᠤ ᠬᠦᠴᠢᠷ ᠪᠠ ᠮᠦᠩᠭᠦᠨ ᠭᠦᠢᠯᠭᠡᠭᠡᠨ ᠤ | ᠦᠢᠯᠡᠴᠢᠯᠡᠭᠡᠨ ᠤ ᠣᠯᠠᠨ ᠲᠦᠮᠡᠨ ᠤ ᠬᠠᠮᠤᠭ ᠰᠡᠭᠦᠯᠴᠢ ᠶᠢᠨ ᠨᠢᠭᠡ ᠺᠢᠯᠦᠮᠧᠲᠷ ᠶᠢᠨ ᠠᠰᠠᠭᠤᠳᠠᠯ ᠢ ᠬᠦᠴᠦ | ᠲᠠᠯᠪᠢᠨ ᠰᠢᠢᠳᠪᠦᠷᠢᠯᠡᠨ᠎ᠡ︔ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠤᠨ᠂ ᠢᠲᠡᠭᠡᠮᠵᠢᠲᠦ | ᠵᠢᠭᠡᠯᠡᠯᠭᠡ ᠶᠢᠨ ᠬᠦᠷᠢᠶ᠎ᠡ ᠬᠡᠪᠴᠢᠶ᠎ᠡ ᠶᠢ ᠨᠢ ᠦᠷᠭᠡᠳᠬᠡᠯᠭᠡᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ | ᠪᠤᠳᠠᠲᠤ ᠴᠣᠭᠴᠠᠲᠤ ᠠᠵᠤ ᠠᠬᠤᠢ ᠶᠢᠨ ᠴᠢᠳᠠᠪᠦᠷᠢ ᠶᠢ ᠦᠨᠡᠨᠬᠦ ᠴᠢᠩᠭᠠᠳᠬᠠᠨ᠂ ᠭᠤᠣᠯᠳᠠᠯᠭ᠎ᠠ ᠲᠠᠢ ᠲᠦᠷᠦᠯ | ᠵᠦᠢᠯ ᠪᠠ ᠢᠨᠵᠧᠨᠧᠷᠢᠩ ᠢ ᠠᠮᠵᠢᠯᠲᠠ ᠲᠠᠢ ᠪᠠᠶᠢᠭᠤᠯᠬᠤ ᠶᠢ ᠪᠠᠲᠤᠯᠠᠵᠤ᠂ ᠵᠢᠯ ᠤᠨ ᠳᠣᠲᠤᠷ᠎ᠠ ᠵᠢᠭᠡᠯᠡᠯᠭᠡ ᠶᠢᠨ | ᠦᠯᠡᠳᠡᠪᠦᠷᠢ ᠲᠤᠭ᠎ᠠ ᠶᠢ 80 ᠳ᠋ᠦᠩᠰᠢᠭᠤᠷ ᠲᠦᠭᠦᠷᠢᠭ ᠠᠴᠠ ᠳᠡᠭᠡᠭᠰᠢ ᠪᠣᠯᠭᠠᠨ᠎ᠠ︔ ᠵᠠᠰᠠᠭ ᠤᠨ ᠣᠷᠳᠣᠨ᠂ | ᠪᠠᠩᠬᠢ᠂ ᠦᠨᠡᠮᠯᠡᠯ᠂ ᠠᠵᠤ ᠠᠬᠤᠶᠢᠯᠠᠯ ᠢ ᠵᠣᠯᠭᠠᠭᠤᠯᠬᠤ ᠲᠠᠪᠴᠠᠩ ᠢ ᠰᠢᠯᠢᠳᠡᠭᠵᠢᠭᠦᠯᠦᠨ᠂ ᠰᠢᠯᠤᠭᠤᠬᠠᠨ | ᠵᠣᠯᠭᠠᠭᠤᠯᠵᠤ᠂ ᠬᠠᠷᠢᠯᠴᠠᠨ ᠰᠠᠶᠢᠨ ᠦᠢᠯᠡᠳᠦᠯᠴᠡᠭᠦᠯᠵᠦ᠂ ︽ᠬᠤᠣᠰ ᠢᠯᠠᠯᠲᠠ︾ ᠶᠢᠨ ᠪᠠᠶᠢᠳᠠᠯ ᠢ ᠪᠣᠢ | ᠪᠣᠯᠭᠠᠨ᠎ᠠ︔ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠵᠤ ᠫᠠᠶᠢᠰᠠ ᠡᠯᠭᠦᠬᠦ ᠳᠡᠮᠵᠢᠯᠭᠡ ᠶᠢᠨ ᠬᠦᠴᠦᠨ ᠢ | ᠴᠢᠩᠭᠠᠳᠬᠠᠵᠤ᠂ ᠨᠡᠩ ᠣᠯᠠᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠣ ᠪᠡᠯᠡ ᠬᠤᠷᠠᠮᠳᠤᠭᠤᠯᠬᠤ ᠪᠠ | ᠳᠠᠬᠢᠨ ᠪᠡᠯᠡ ᠬᠤᠷᠠᠮᠳᠤᠭᠤᠯᠬᠤ ᠶᠢ ᠢᠳᠡᠪᠬᠢᠲᠡᠢ ᠠᠬᠢᠭᠤᠯᠤᠨ᠂ ᠵᠢᠯ ᠤᠨ ᠳᠣᠲᠤᠷ᠎ᠠ ᠹᠦ᠋ ᠴᠧᠩ ᠰᠢᠶᠠᠩ ᠮᠠᠯ ᠠᠵᠤ | ᠠᠬᠤᠢ ᠶᠢᠨ ᠰᠢᠨᠵᠢᠯᠡᠭᠡ ᠮᠡᠷᠭᠡᠵᠢᠯ ᠤᠨ ᠬᠦᠭᠵᠢᠯᠲᠡ ᠶᠢᠨ ᠬᠢᠵᠠᠭᠠᠷᠲᠤ ᠺᠤᠮᠫᠠᠨᠢ ᠶᠢ ᠫᠠᠶᠢᠰᠠ ᠡᠯᠭᠦᠭᠦᠯᠵᠦ᠂ | ᠬᠤᠩᠭᠤᠷ ᠵᠢᠭᠤᠯᠴᠢᠯᠠᠯ ᠤᠨ ᠦᠢᠯᠡᠴᠢᠯᠡᠭᠡᠨ ᠤ ᠬᠢᠵᠠᠭᠠᠷᠲᠤ ᠺᠤᠮᠫᠠᠨᠢ ᠪᠣᠯᠤᠨ ᠤᠯᠠᠭᠠᠨᠬᠠᠳᠠ ᠶᠢᠨ ᠮᠢᠩ ᠴᠦᠨ | ᠢᠳᠡᠰᠢᠨ ᠮᠦᠭᠦ ᠶᠢᠨ ᠲᠤᠰᠬᠠᠢ ᠬᠤᠷᠰᠢᠶᠠᠵᠢᠯ ᠵᠡᠷᠭᠡ 6 ᠢᠯᠡᠭᠦᠦ ᠠᠵᠤ ᠠᠬᠤᠶᠢᠯᠠᠯ ᠢ ᠣᠷᠣᠨ ᠬᠡᠴᠡ ᠶᠢᠨ | ᠬᠡᠪᠴᠢᠶᠡᠨ ᠤ ᠰᠲ᠋ᠣᠺ ᠤᠨ ᠡᠷᠬᠡ ᠶᠢᠨ ᠲᠦᠪ ᠲᠤ ᠫᠠᠶᠢᠰᠠ ᠡᠯᠭᠦᠭᠦᠯᠦᠨᠡ᠃ | ︵ᠲᠠᠪᠤ︶ ᠶᠠᠰᠤ ᠴᠢᠨᠠᠷ ᠤᠨ ᠳᠡᠭᠡᠭᠰᠢᠯᠡᠯᠲᠡ ᠶᠢ ᠴᠢᠬᠤᠯᠠᠴᠢᠯᠠᠵᠤ᠂ ᠬᠤᠲᠠ ᠬᠦᠳᠡᠭᠡ ᠶᠢᠨ ᠠᠭᠤᠰᠤᠯᠴᠠᠨ ᠬᠦᠭᠵᠢᠬᠦ | ᠠᠯᠬᠤᠮ ᠢ ᠲᠦᠷᠭᠡᠳᠬᠡᠨ᠎ᠡ᠃ | ᠬᠤᠲᠠ ᠲᠣᠭᠤᠷᠢᠭ ᠢ ᠪᠦᠲᠦᠭᠡᠨ ᠪᠠᠶᠢᠭᠤᠯᠤᠨ ᠬᠠᠮᠢᠶᠠᠷᠬᠤ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠯᠢᠨᠳᠦ᠋ᠩ ᠪᠠᠯᠭᠠᠰᠤ ᠶᠢᠨ ᠶᠡᠷᠦᠩᠬᠡᠢ ᠲᠦᠯᠦᠪᠵᠢᠭᠦᠯᠭᠡ ᠶᠢ ᠵᠠᠰᠠᠨ ᠨᠠᠶᠢᠷᠠᠭᠤᠯᠬᠤ ᠪᠠ ᠭᠢᠳᠠᠨ | ᠬᠠᠭᠤᠴᠢᠨ ᠬᠤᠲᠠ ᠶᠢᠨ ᠲᠦᠯᠦᠪᠵᠢᠭᠦᠯᠭᠡ ᠶᠢ ᠨᠠᠶᠢᠷᠠᠭᠤᠯᠬᠤ ᠠᠵᠢᠯ ᠢ ᠪᠡᠶᠡᠯᠡᠭᠦᠯᠵᠦ᠂ ᠬᠤᠲᠠ ᠲᠣᠭᠤᠷᠢᠭ ᠤᠨ | ᠰᠢᠨᠵᠢᠯᠡᠬᠦ ᠤᠬᠠᠭᠠᠨᠴᠢ ᠡᠮᠬᠢ ᠴᠡᠭᠴᠡ ᠲᠠᠢ ᠬᠦᠭᠵᠢᠯᠲᠡ ᠶᠢ ᠠᠬᠢᠭᠤᠯᠤᠨ᠎ᠠ︔ ᠪᠸᠢ ᠰᠢᠨ ᠵᠡᠭᠡᠯᠢ ᠶᠢᠨ ᠵᠡᠭᠦᠨ | ᠬᠡᠰᠡᠭ ᠪᠠ ᠬᠠᠭᠤᠴᠢᠨ ᠬᠤᠲᠠ ᠶᠢᠨ ᠡᠷᠭᠢᠨ ᠲᠣᠭᠤᠷᠢᠨ ᠤ 1007 ᠡᠷᠦᠬᠡ ︵ᠢᠵᠢ︶ ᠳᠦᠭᠦᠮ ᠪᠦᠲᠦᠴᠡᠲᠦ | ᠭᠡᠷ ᠪᠠᠶᠢᠰᠢᠩ ᠤᠨ ᠲᠣᠭᠤᠷᠢᠭ ᠤᠨ ᠦᠭᠡᠷᠡᠴᠢᠯᠡᠯᠲᠡ ᠶᠢ ᠡᠬᠢᠯᠡᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ | ᠨᠦᠬᠦᠴᠡᠯ ᠢ ᠦᠨᠡᠨᠬᠦ ᠰᠠᠶᠢᠵᠢᠷᠠᠭᠤᠯᠤᠨ᠎ᠠ︔ ᠠᠮᠢ ᠠᠬᠤᠢ ᠶᠢᠨ ᠴᠡᠴᠡᠷᠯᠢᠭᠲᠦ ᠬᠤᠲᠠ ᠶᠢ ᠪᠦᠲᠦᠭᠡᠨ ᠪᠠᠶᠢᠭᠤᠯᠬᠤ | ᠶᠢᠨ ᠲᠣᠭᠤᠷᠢᠨ ᠳᠤ᠂ ᠯᠢᠶᠤᠤ ᠶᠢᠨ ᠳᠡᠭᠡᠳᠦ ᠨᠡᠶᠢᠰᠯᠡᠯ ᠤᠨ ᠦᠯᠡᠳᠡᠭᠳᠡᠯ ᠪᠠᠭᠤᠷᠢ ᠶᠢᠨ ᠪᠦᠰᠡᠯᠢᠭ ᠴᠡᠴᠡᠷᠯᠢᠭ᠂ | ᠪᠦᠸᠧᠬᠠᠢ ᠴᠡᠴᠡᠷᠯᠢᠭ᠂ ᠪᠸᠢ ᠲᠠ ᠴᠡᠴᠡᠷᠯᠢᠭ ᠵᠡᠷᠭᠡ ᠲᠦᠷᠦᠯ ᠵᠦᠢᠯ ᠢ ᠡᠬᠢᠯᠡᠨ ᠪᠠᠶᠢᠭᠤᠯᠵᠤ᠂ ᠹᠦ᠋ ᠱᠠᠨ | ᠴᠡᠴᠡᠷᠯᠢᠭ ᠤᠨ ᠬᠤᠶᠠᠳᠤᠭᠠᠷ ᠬᠤᠭᠤᠴᠠᠭ᠎ᠠ᠂ ᠪᠸᠢ ᠱᠠᠨ ᠴᠡᠴᠡᠷᠯᠢᠭ᠂ ᠸᠠᠩ ᠵᠢᠩ ᠭᠧ ᠴᠡᠴᠡᠷᠯᠢᠭ ᠢ ᠵᠢᠯ ᠤᠨ | ᠳᠣᠲᠤᠷ᠎ᠠ ᠨᠡᠭᠡᠭᠡᠨ᠎ᠡ︔ ᠰᠠᠭᠤᠷᠢᠰᠢᠬᠤ ᠪᠠ ᠠᠵᠢᠯᠯᠠᠬᠤ ᠳᠤ ᠳᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠬᠤ | ᠶᠢᠨ ᠲᠣᠭᠤᠷᠢᠨ ᠳᠤ᠂ ᠨᠣᠭᠤᠭᠠᠷᠠᠭᠤᠯᠵᠤ ᠭᠤᠸᠠᠯᠢᠭᠵᠢᠭᠤᠯᠬᠤ᠂ ᠵᠠᠮ ᠬᠠᠷᠢᠯᠴᠠᠭ᠎ᠠ ᠶᠢ ᠰᠡᠯᠪᠢᠵᠦ ᠵᠠᠰᠠᠬᠤ᠂ | ᠤᠰᠤᠨ ᠬᠤᠭᠤᠯᠠᠢ ᠴᠢᠮᠡᠭᠡ ᠨᠡᠪᠲᠡᠷᠡᠯᠭᠡ ᠶᠢ ᠰᠠᠶᠢᠵᠢᠷᠠᠭᠤᠯᠬᠤ ᠵᠢᠴᠢ ᠬᠠᠭᠤᠴᠢᠨ ᠬᠤᠷᠢᠶᠠᠯᠠᠯ ᠢ ᠥᠭᠡᠷᠡᠴᠢᠯᠡᠬᠦ | ᠵᠡᠷᠭᠡ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠬᠤᠣᠷ | ᠦᠭᠡᠶᠢᠳᠡᠭᠦᠯᠦᠨ ᠰᠢᠢᠳᠪᠦᠷᠢᠯᠡᠬᠦ ᠪᠠ ᠳᠤᠮᠳᠠ ᠶᠢᠨ ᠤᠰᠤ ᠶᠢ ᠡᠭᠡᠭᠦᠯᠦᠨ ᠬᠡᠷᠡᠭᠯᠡᠬᠦ ᠵᠡᠷᠭᠡ ᠲᠦᠷᠦᠯ ᠵᠦᠢᠯ ᠢ | ᠴᠢᠩᠭ᠎ᠠ ᠠᠳᠬᠤᠪᠠ︔ ᠴᠢᠨᠠᠷᠯᠢᠭ ᠠᠵᠤ ᠠᠮᠢᠳᠤᠷᠠᠯ ᠤᠨ ᠬᠤᠲᠠ ᠶᠢ ᠪᠠᠶᠢᠭᠤᠯᠬᠤ ᠶᠢᠨ ᠲᠣᠭᠤᠷᠢᠨ ᠳᠤ᠂ ᠨᠡᠶᠢᠭᠡᠮ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ 3 — 5 ᠰᠠᠶᠢᠨ ᠠᠳᠠᠯ ᠦᠢᠯᠡᠴᠢᠯᠡᠭᠡᠨ ᠤ | ᠺᠣᠮᠫᠠᠨᠢ ᠢ ᠭᠤᠣᠯᠳᠠᠯᠭ᠎ᠠ ᠲᠠᠢ ᠪᠠᠶᠢᠭᠤᠯᠤᠨ᠂ ᠤᠶᠤᠨᠯᠢᠭ ᠠᠳᠠᠯ ᠦᠢᠯᠡᠴᠢᠯᠡᠭᠡ ᠪᠣᠯᠤᠨ ᠲᠣᠭᠠᠴᠢᠯᠠᠭᠰᠠᠨ ᠬᠤᠲᠠ | ᠶᠢᠨ ᠪᠦᠲᠦᠭᠡᠨ ᠪᠠᠶᠢᠭᠤᠯᠤᠯᠲᠠ ᠶᠢᠨ ᠠᠯᠬᠤᠮ ᠢᠶᠠᠨ ᠲᠦᠷᠭᠡᠳᠬᠡᠵᠦ᠂ ᠬᠤᠲᠠ ᠶᠢᠨ ᠦᠩᠭᠡ ᠲᠦᠷᠰᠦ ᠪᠠ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢ ᠦᠷᠨᠢᠭᠦᠯᠦᠨ᠂ ᠬᠤᠲᠠ ᠶᠢᠨ | ᠬᠠᠮᠢᠶᠠᠷᠤᠯᠲᠠ ᠶᠢᠨ ᠨᠠᠷᠢᠯᠢᠭᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠬᠦᠳᠡᠭᠡ ᠲᠤᠰᠬᠤᠨ ᠢ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠤᠨ᠎ᠠ᠃ ᠠᠵᠤ ᠦᠢᠯᠡᠰ ᠤᠨ ᠴᠡᠴᠡᠭᠯᠡᠨ ᠬᠦᠭᠵᠢᠯᠲᠡ ᠶᠢᠨ ᠲᠣᠭᠤᠷᠢᠨ ᠳᠤ᠂ ᠣᠳᠣ ᠦᠶ᠎ᠡ ᠶᠢᠨ | ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ ᠤᠶᠤᠯᠢᠭ ᠲᠠᠷᠢᠶᠠᠯᠠᠩ ᠮᠠᠯ ᠠᠵᠤ ᠠᠬᠤᠢ ᠵᠢᠴᠢ ᠲᠠᠷᠢᠶᠠᠯᠠᠩ | ᠤᠨ ᠶᠡᠷᠦᠩᠬᠡᠢ ᠴᠣᠭᠴᠠ ᠵᠡᠷᠭᠡ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠠᠵᠤ ᠦᠢᠯᠡᠰ ᠰᠢᠨ᠎ᠡ ᠠᠵᠢᠯ ᠲᠦᠷᠦᠯ ᠢ | ᠶᠡᠬᠡᠪᠡᠷ ᠠᠬᠢᠭᠤᠯᠵᠤ᠂ ᠬᠤᠲᠠ ᠬᠦᠳᠡᠭᠡ ᠶᠢᠨ ᠨᠢᠭᠡᠲᠦᠯᠲᠡᠢ ᠲᠦᠯᠦᠪᠯᠡᠭᠡ ᠪᠠ ᠨᠢᠭᠡ ᠬᠤᠶᠠᠷ ᠭᠤᠷᠪᠠᠳᠤᠭᠠᠷ ᠠᠵᠤ | ᠦᠢᠯᠡᠰ ᠤᠨ ᠠᠭᠤᠰᠤᠯᠴᠠᠨ ᠬᠦᠭᠵᠢᠬᠦ ᠶᠢ ᠲᠦᠷᠭᠡᠳᠬᠡᠨ᠎ᠡ︔ ᠠᠮᠢ ᠠᠬᠤᠢ ᠶᠢᠨ ᠣᠷᠤᠰᠢᠨ ᠰᠠᠭᠤᠷᠢᠰᠢᠬᠤ ᠳᠤ | ᠳᠣᠬᠢᠷᠠᠮᠵᠢᠲᠠᠢ ᠪᠠᠶᠢᠬᠤ ᠶᠢᠨ ᠲᠣᠭᠤᠷᠢᠨ ᠳᠤ᠂ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠢ | ᠴᠡᠭᠴᠡᠯᠡᠵᠦ ᠬᠠᠮᠢᠶᠠᠷᠤᠨ ᠬᠠᠮᠠᠭᠠᠯᠠᠬᠤ ᠤᠷᠲᠤᠮᠵᠢ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠮᠠᠯᠵᠢᠬᠤ ᠲᠠᠷᠢᠶᠠᠯᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠬᠠᠶᠠᠭᠳᠠᠮᠠᠯ ᠪᠤᠳᠠᠰ ᠪᠠ ᠬᠤᠭ ᠨᠣᠪᠰᠢ ᠶᠢ | ᠰᠢᠢᠳᠪᠦᠷᠢᠯᠡᠬᠦ ᠰᠢᠨ᠎ᠡ ᠬᠡᠯᠪᠡᠷᠢ ᠶᠢ ᠢᠳᠡᠪᠬᠢᠲᠡᠢ ᠡᠷᠢᠯᠬᠢᠯᠡᠨ᠂ ᠭᠤᠸ᠎ᠠ ᠦᠵᠡᠰᠭᠦᠯᠡᠩ ᠬᠦᠳᠡᠭᠡ ᠲᠤᠰᠬᠤᠨ ᠢ | ᠪᠦᠲᠦᠭᠡᠨ ᠪᠠᠶᠢᠭᠤᠯᠤᠨ᠎ᠠ︔ ᠨᠤᠲᠤᠭ ᠤᠨ ᠵᠠᠩᠰᠢᠯ ᠪᠣᠯᠪᠠᠰᠤᠨ ᠤ ᠲᠣᠭᠤᠷᠢᠨ ᠳᠤ᠂ ︽ᠪᠣᠯᠪᠠᠰᠤᠨ ᠲᠤᠰᠬᠤᠨ | ᠪᠠᠯᠭᠠᠰᠤ︾᠂ ︽ᠪᠣᠯᠪᠠᠰᠤᠨ ᠭᠡᠷ ᠪᠦᠯᠢ︾᠂ ︽ᠶᠣᠰᠤ ᠰᠤᠷᠲᠠᠬᠤᠨ ᠤ ᠵᠢᠱᠢᠶᠡᠴᠢ︾ ᠵᠡᠷᠭᠡ ᠬᠦᠬᠢᠭᠦᠯᠦᠨ | ᠱᠠᠩᠨᠠᠬᠤ ᠠᠵᠢᠯᠯᠠᠭ᠎ᠠ ᠦᠷᠨᠢᠭᠦᠯᠦᠨ᠂ ᠪᠣᠯᠪᠠᠰᠤᠨ ᠳᠠᠪᠰᠢᠯᠲᠠ ᠲᠠᠢ ᠪᠦᠭᠡᠳ ᠡᠷᠬᠢᠮ ᠳᠡᠭᠡᠳᠦ ᠡᠶ᠎ᠡ ᠨᠠᠶᠢᠷᠰᠠᠭ | ᠨᠤᠲᠤᠭ ᠤᠨ ᠵᠠᠩᠰᠢᠯ ᠢ ᠪᠣᠢ ᠪᠣᠯᠭᠠᠨ᠎ᠠ︔ ᠪᠦᠲᠦᠮᠵᠢᠲᠡᠢ ᠵᠠᠰᠠᠨ ᠴᠡᠭᠴᠡᠯᠡᠯᠲᠡ ᠶᠢᠨ ᠲᠣᠭᠤᠷᠢᠨ ᠳᠤ᠂ ᠬᠠᠤᠯᠢ | ᠳᠦᠷᠢᠮ ᠤᠨ ᠤᠬᠠᠭᠤᠯᠭ᠎ᠠ ᠬᠦᠮᠦᠵᠢᠯ ᠤᠨ ᠡᠷᠴᠢᠮ ᠢᠶᠠᠨ ᠴᠢᠩᠭᠠᠳᠬᠠᠨ᠂ ᠲᠤᠰᠬᠤᠨ ᠤ ᠶᠠᠪᠤᠳᠠᠯ ᠪᠠ ᠡᠳ᠋ ᠤᠨ | ᠶᠠᠪᠤᠳᠠᠯ ᠢ ᠢᠯᠡ ᠪᠣᠯᠭᠠᠬᠤ ᠶᠢ ᠢᠳᠡᠪᠬᠢᠲᠡᠢ ᠬᠡᠷᠡᠭᠵᠢᠭᠦᠯᠵᠦ᠂ ᠠᠷᠪᠠᠳᠤᠭᠠᠷ ᠬᠤᠭᠤᠴᠠᠭᠠᠨ ᠤ ᠭᠠᠴᠠᠭ᠎ᠠ ᠲᠤᠰᠬᠤᠨ | ᠤ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠨ᠂ ᠮᠠᠯᠵᠢᠬᠤ | ᠲᠠᠷᠢᠶᠠᠯᠠᠬᠤ ᠣᠷᠣᠨ ᠤ ᠡᠶ᠎ᠡ ᠨᠠᠶᠢᠷᠠᠮᠳᠠᠭᠤ ᠠᠮᠤᠷ ᠲᠣᠭᠲᠠᠭᠤᠨ ᠬᠦᠭᠵᠢᠯᠲᠡ ᠶᠢᠨ ᠣᠷᠴᠢᠨ ᠲᠣᠭᠤᠷᠢᠨ ᠢ ᠪᠣᠢ | ᠪᠣᠯᠭᠠᠨ᠎ᠠ︔ ᠪᠠᠶᠠᠨ ᠴᠢᠨᠡᠭᠡᠯᠢᠭ ᠠᠮᠢᠳᠤᠷᠠᠯ ᠤᠨ ᠲᠣᠭᠤᠷᠢᠨ ᠳᠤ᠂ ᠲᠦᠷᠦ ᠶᠢᠨ ᠪᠣᠳᠤᠯᠭ᠎ᠠ ᠶᠢᠨ ᠳᠡᠮᠵᠢᠯᠭᠡ ᠶᠢᠨ | ᠰᠢᠰᠲ᠋ᠧᠮ ᠢ ᠦᠷᠭᠦᠯᠵᠢᠯᠡᠨ ᠳᠡᠭᠦᠯᠳᠡᠷᠵᠢᠭᠦᠯᠵᠦ᠂ ᠬᠤᠲᠠ ᠬᠦᠳᠡᠭᠡ ᠶᠢᠨ ︽ᠡᠬᠢ ᠰᠤᠷᠪᠤᠯᠵᠢ ᠶᠢ ᠡᠳ᠋ ᠬᠦᠷᠦᠩᠭᠡ | ᠪᠣᠯᠭᠠᠬᠤ᠂ ᠪᠡᠯᠡ ᠮᠦᠩᠭᠦ ᠶᠢ ᠬᠤᠪᠢ ᠣᠷᠤᠭᠤᠯᠤᠭᠰᠠᠨ ᠮᠦᠩᠭᠦ ᠪᠣᠯᠭᠠᠬᠤ᠂ ᠲᠠᠷᠢᠶᠠᠴᠢᠳ ᠢ ᠬᠤᠪᠢ | ᠣᠷᠤᠭᠤᠯᠤᠭᠴᠢ ᠪᠣᠯᠭᠠᠬᠤ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠭᠠᠴᠠᠭ᠎ᠠ ᠲᠤᠰᠬᠤᠨ ᠤ ᠬᠠᠮᠲᠤ ᠶᠢᠨ | ᠠᠵᠤ ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠳᠬᠠᠨ᠂ ᠮᠠᠯᠴᠢᠨ ᠲᠠᠷᠢᠶᠠᠴᠢᠳ ᠤᠨ | ᠦᠢᠯᠡᠰ ᠪᠦᠲᠦᠭᠡᠵᠦ ᠠᠵᠢᠯ ᠣᠯᠬᠤ ᠶᠢ ᠵᠣᠷᠢᠭᠵᠢᠭᠤᠯᠤᠨ ᠳᠡᠮᠵᠢᠵᠦ᠂ ᠣᠯᠠᠨ ᠠᠷᠭ᠎ᠠ ᠵᠠᠮ ᠢᠶᠠᠷ ᠮᠠᠯᠴᠢᠨ | ᠲᠠᠷᠢᠶᠠᠴᠢᠳ ᠤᠨ ᠣᠷᠤᠯᠭ᠎ᠠ ᠶᠢ ᠨᠡᠮᠡᠭᠳᠡᠭᠦᠯᠦᠨ᠎ᠡ᠃ | ᠬᠤᠲᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠯᠢᠨᠳᠦ᠋ᠩ | ᠤᠨ ᠲᠣᠭᠤᠷᠢᠯ ᠵᠠᠮ᠂ ᠪᠸᠢ ᠰᠢᠨ ᠵᠡᠭᠡᠯᠢ ᠶᠢᠨ ᠪᠠᠷᠠᠭᠤᠨ ᠬᠡᠰᠡᠭ ᠵᠢᠴᠢ ᠶᠢᠨ ᠾᠧ ᠬᠤᠷᠢᠶᠠᠯᠠᠯ ᠤᠨ ᠲᠦᠬᠦᠷᠵᠢᠭᠰᠡᠨ | ᠵᠠᠮ ᠵᠡᠷᠭᠡ ᠵᠠᠮ ᠱᠤᠭᠤᠮ ᠤᠨ ᠲᠦᠷᠦᠯ ᠵᠦᠢᠯ ᠢ ᠪᠦᠲᠦᠭᠡᠨ ᠪᠠᠶᠢᠭᠤᠯᠵᠤ᠂ ᠵᠡᠭᠦᠨ ᠭᠠᠳᠠᠷ ᠲᠣᠭᠤᠷᠢᠯ ᠵᠠᠮ ᠤᠨ | ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ᠂ ᠬᠤᠲᠠ ᠲᠣᠭᠤᠷᠢᠭ ᠤᠨ ᠵᠠᠮ ᠱᠤᠭᠤᠮ ᠢ | ᠰᠠᠶᠢᠵᠢᠷᠠᠭᠤᠯᠵᠤ᠂ ᠵᠠᠮ ᠬᠠᠷᠢᠯᠴᠠᠭᠠᠨ ᠤ ᠳᠠᠷᠤᠭᠠᠰᠤ ᠶᠢ ᠬᠦᠩᠭᠡᠯᠡᠨ᠎ᠡ︔ ︽ᠭᠤᠷᠪᠠᠨ ᠬᠦᠨᠳᠡᠯᠡᠨ ᠭᠤᠷᠪᠠᠨ | ᠭᠤᠯᠳᠤ ᠬᠤᠶᠠᠷ ᠲᠣᠭᠤᠷᠢᠯ︾ ᠵᠠᠮ ᠱᠤᠭᠤᠮ ᠢ ᠪᠠᠶᠢᠭᠤᠯᠵᠤ᠂ ᠤᠯᠤᠰ ᠤᠨ ᠵᠠᠮ 305 ᠱᠤᠭᠤᠮ ᠤᠨ ᠮᠣᠵᠢ ᠳᠤ | ᠨᠡᠪᠲᠡᠷᠡᠬᠦ ᠵᠠᠮ ᠠᠴᠠ ᠰᠢᠶᠠ ᠾᠦᠸᠧ ᠹᠠᠩ ᠬᠦᠷᠬᠦ ᠨᠢᠭᠡᠳᠦᠭᠡᠷ ᠳᠡᠰ ᠤᠨ ᠵᠠᠮ ᠤᠨ ᠡᠮᠦᠨᠡᠬᠢ ᠬᠤᠭᠤᠴᠠᠭᠠᠨ ᠤ | ᠠᠵᠢᠯ ᠢ ᠠᠬᠢᠭᠤᠯᠵᠤ᠂ ᠮᠠᠨ ᠤ ᠬᠤᠰᠢᠭᠤᠨ ᠤ ᠬᠦᠳᠡᠭᠡ ᠲᠤᠰᠬᠤᠨ ᠤ ᠵᠠᠮ ᠬᠠᠷᠢᠯᠴᠠᠭ᠎ᠠ ᠶᠢ ᠳᠡᠰ ᠳᠡᠪᠰᠢᠭᠦᠯᠦᠨ | ᠥᠭᠡᠷᠡᠴᠢᠯᠡᠬᠦ ᠢᠨᠵᠧᠨᠧᠷᠢᠩ ᠢ ᠨᠠᠶᠢᠳᠠᠪᠦᠷᠢᠵᠢᠭᠤᠯᠵᠤ᠂ ᠵᠠᠭᠤᠨ ᠺᠢᠯᠦᠮᠧᠲᠷ ᠤᠨ ᠳᠣᠲᠤᠷ᠎ᠠ ᠨᠡᠶᠢᠲᠡ ᠶᠢᠨ ᠮᠠᠰᠢᠨ | ᠲᠡᠷᠭᠡ ᠶᠢ ᠨᠡᠪᠲᠡᠷᠡᠭᠦᠯᠦᠨ᠎ᠡ︔ ᠯᠢᠨ ᠪᠠᠢ ᠲᠡᠮᠦᠷ ᠵᠠᠮ ᠳᠤ ᠳᠣᠬᠢᠷᠠᠭᠤᠯᠤᠯᠲᠠ ᠬᠢᠬᠦ ᠪᠠ ᠱᠠᠩ ᠵᠢᠩ ᠨᠢᠰᠭᠡᠯ ᠤᠨ | ᠲᠠᠯᠠᠪᠠᠢ ᠵᠡᠷᠭᠡ ᠲᠦᠷᠦᠯ ᠵᠦᠢᠯ ᠢ ᠠᠬᠢᠭᠤᠯᠤᠨ᠂ ᠲᠡᠭᠡᠭᠡᠪᠦᠷᠢ ᠶᠢᠨ ᠪᠠᠲᠤᠯᠠᠭ᠎ᠠ ᠶᠢᠨ ᠴᠢᠳᠠᠪᠦᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ︔ ᠬᠦᠪ ᠤᠨ ᠭᠤᠤ ᠤᠰᠤᠨ ᠠᠰᠢᠭᠯᠠᠯᠲᠠ ᠶᠢᠨ ᠭᠤᠣᠯ ᠢᠨᠵᠧᠨᠧᠷᠢᠩ᠂ ᠦᠯᠵᠡᠶᠢᠮᠦ᠋ᠷᠡᠨ | ᠭᠤᠣᠯ ᠢ ᠵᠠᠰᠠᠬᠤ ᠵᠢᠴᠢ ᠴᠢᠨᠳᠠᠮᠦᠨᠢ ᠬᠠᠳᠠᠨ ᠤ ᠤᠰᠤᠨ ᠴᠦᠭᠦᠷᠦᠮ ᠵᠡᠷᠭᠡ ᠢᠨᠵᠧᠨᠧᠷᠢᠩ ᠢ ᠪᠠᠶᠢᠭᠤᠯᠵᠤ᠂ | ᠤᠤᠭᠤᠬᠤ ᠤᠰᠤᠨ ᠤ ᠠᠮᠤᠷ ᠲᠦᠪᠰᠢᠨ ᠤ ᠳᠡᠰ ᠳᠡᠪᠰᠢᠭᠦᠯᠬᠦ 28 ᠢᠨᠵᠧᠨᠧᠷᠢᠩ ᠢ ᠪᠡᠶᠡᠯᠡᠭᠦᠯᠦᠨ᠂ ᠤᠰᠤᠨ | ᠠᠰᠢᠭᠯᠠᠯᠲᠠ ᠶᠢᠨ ᠪᠠᠲᠤᠯᠠᠭ᠎ᠠ ᠶᠢᠨ ᠴᠢᠳᠠᠪᠦᠷᠢ ᠶᠢ ᠲᠠᠰᠤᠷᠠᠯᠲᠠ ᠦᠭᠡᠢ ᠴᠢᠩᠭᠠᠳᠬᠠᠨ᠎ᠠ︔ ᠴᠠᠬᠢᠯᠭᠠᠨ ᠰᠦᠯᠵᠢᠶᠡᠨ | ᠤ ᠥᠭᠡᠷᠡᠴᠢᠯᠡᠯᠲᠡ ᠶᠢ ᠠᠬᠢᠭᠤᠯᠵᠤ᠂ ᠬᠤᠭᠤᠯᠲᠤ ᠶᠢᠨ 66 ᠺᠢᠯᠦᠸᠣᠯᠲ ᠶᠢᠨ ᠴᠠᠬᠢᠯᠭᠠᠨ ᠬᠤᠪᠢᠰᠬᠠᠭᠤᠷ ᠤᠨ | ᠦᠷᠲᠡᠭᠡ ᠶᠢᠨ ᠶᠡᠷᠦᠩᠬᠡᠶᠢᠯᠡᠭᠰᠡᠨ ᠠᠦ᠋ᠲᠴᠢᠯᠠᠯᠲᠠ ᠪᠣᠯᠤᠨ 220 ᠺᠢᠯᠦᠸᠣᠯᠲ ᠤᠨ ᠯᠢᠨᠳᠦ᠋ᠩ ᠤᠨ ᠨᠢᠭᠡ ᠯᠡ | ᠤᠳᠠᠭ᠎ᠠ ᠬᠤᠪᠢᠰᠬᠠᠨ ᠰᠢᠯᠵᠢᠭᠦᠯᠦᠨ ᠪᠠᠶᠢᠭᠤᠯᠬᠤ ᠲᠦᠷᠦᠯ ᠵᠦᠢᠯ ᠢ ᠭᠤᠤᠯᠳᠠᠯᠭ᠎ᠠ ᠲᠠᠢ ᠠᠳᠬᠤᠵᠤ᠂ ᠴᠠᠬᠢᠯᠭᠠᠨ | ᠬᠠᠩᠭᠠᠬᠤ ᠦᠢᠯᠡᠴᠢᠯᠡᠭᠡᠨ ᠤ ᠴᠢᠳᠠᠪᠦᠷᠢ ᠶᠢ ᠲᠠᠰᠤᠷᠠᠯᠲᠠ ᠦᠭᠡᠢ ᠴᠢᠩᠭᠠᠳᠬᠠᠨ᠎ᠠ᠃ |