︵ᠵᠢᠷᠭᠤᠭ᠎ᠠ︶ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠂ ᠠᠵᠤ ᠠᠬᠤᠢ ᠨᠡᠶᠢᠭᠡᠮ ᠤᠨ | ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠳᠬᠠᠨ᠎ᠠ᠃ | ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠨᠦᠭᠡᠴᠡ | ᠡᠬᠢ ᠰᠣᠷᠪᠤᠯᠵᠢ ᠶᠢᠨ ᠳᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠴᠢᠨᠠᠷᠯᠢᠭ ᠰᠠᠶᠢᠨ ᠨᠡᠮᠡᠭᠳᠡᠯ ᠬᠠᠩᠭᠠᠯᠭ᠎ᠠ ᠶᠢ | ᠦᠷᠭᠡᠳᠬᠡᠵᠦ᠂ ᠦᠷᠢᠰᠦᠯᠳᠦᠬᠦ ᠬᠦᠴᠦᠨ ᠢᠶᠠᠷ ᠳᠠᠪᠠᠭᠤᠯᠢᠭ ᠪᠠ ᠬᠦᠭᠵᠢᠯᠲᠡ ᠶᠢᠨ ᠨᠦᠭᠡᠴᠡ ᠬᠦᠴᠦ ᠶᠢ | ᠨᠡᠮᠡᠭᠳᠡᠭᠦᠯᠦᠨ᠎ᠡ︔ ᠠᠵᠢᠯ ᠦᠢᠯᠡᠰ ᠤᠨ ᠨᠢᠭᠡᠴᠡ ᠶᠢᠨ ᠲᠦᠷᠦᠯ ᠬᠤᠪᠢᠶᠠᠬᠤ ᠥᠭᠡᠷᠡᠴᠢᠯᠡᠯᠲᠡ ᠶᠢ ᠯᠠᠪᠳᠠᠭᠤᠨ | ᠠᠬᠢᠭᠤᠯᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠬᠢ ᠪᠠ ᠠᠵᠢᠯ ᠦᠢᠯᠡᠰ ᠤᠨ ᠨᠢᠭᠡᠴᠡ ᠶᠢᠨ ᠡᠭᠦᠷᠭᠡ | ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠦᠨ᠎ᠡ︔ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠠᠵᠢᠯ ᠲᠦᠷᠦᠯ ᠪᠠ ᠰᠠᠯᠠᠭ᠎ᠠ ᠮᠦᠴᠢᠷ ᠠᠯᠤᠰᠯᠠᠭᠰᠠᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠠᠬᠢᠭᠤᠯᠤᠨ᠎ᠠ︔ ᠮᠠᠯᠵᠢᠬᠤ ᠲᠠᠷᠢᠶᠠᠯᠠᠬᠤ ᠣᠷᠣᠨ ᠤ ᠡᠵᠡᠩᠨᠡᠯᠲᠡ | ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ | ᠪᠠ ᠰᠢᠨ᠎ᠡ ᠶᠢ ᠡᠭᠦᠳᠬᠦ ᠬᠦᠳᠡᠯᠭᠡᠬᠦ ᠬᠦᠴᠦᠨ ᠢ ᠤᠯᠠᠮ ᠨᠢᠭᠡ ᠠᠯᠬᠤᠮ ᠤᠷᠮᠠᠰᠢᠭᠤᠯᠤᠨ᠎ᠠ︔ ᠠᠭᠤᠷᠬᠠᠢ ᠶᠢᠨ ᠡᠷᠬᠡ | ᠶᠢ ᠬᠤᠳᠠᠯᠳᠤᠬᠤ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠠᠮᠢ ᠠᠬᠤᠢ ᠶᠢᠨ ᠨᠡᠭᠡᠭᠡᠯᠲᠡ ᠪᠠ ᠪᠣᠬᠢᠷᠳᠤᠯ | ᠦᠭᠡᠢ ᠬᠦᠭᠵᠢᠯᠲᠡ ᠶᠢ ᠠᠬᠢᠭᠤᠯᠤᠨ᠎ᠠ︔ ᠠᠶᠤᠯ ᠦᠭᠡᠢ ᠦᠢᠯᠡᠳᠪᠦᠷᠢᠯᠡᠯ ᠤᠨ ᠬᠦᠷᠢᠶ᠎ᠡ ᠴᠠᠷᠠᠭᠠᠨ ᠤ | ᠥᠭᠡᠷᠡᠴᠢᠯᠡᠯᠲᠡ ᠶᠢ ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠢᠨᠠᠨ ᠬᠠᠮᠢᠶᠠᠷᠤᠯᠲᠠ ᠶᠢᠨ ᠰᠢᠨᠵᠢᠯᠡᠬᠦ | ᠤᠬᠠᠭᠠᠨᠴᠢᠯᠠᠯᠲᠠ ᠪᠠ ᠲᠦᠷᠢᠮᠵᠢᠯᠡᠯᠲᠡ ᠶᠢ ᠠᠬᠢᠭᠤᠯᠤᠨ᠎ᠠ︔ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠳᠦᠭᠦᠮᠴᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠦᠢᠯᠡᠳᠪᠦᠷᠢ ᠬᠤᠳᠠᠯᠳᠤᠭᠠᠨ ᠤ ᠳᠠᠩᠰᠠᠯᠠᠯ | ᠤᠨ ᠵᠠᠭᠤᠴᠢᠯᠠᠭᠤᠷ ᠤᠨ ᠪᠠ ᠵᠠᠭᠤᠴᠢᠯᠠᠭᠤᠷ ᠤᠨ ᠪᠣᠰᠤ ︽ᠬᠤᠣᠰ ᠵᠠᠮ︾ ᠢ ᠵᠡᠷᠭᠡᠪᠡᠷ ᠶᠠᠪᠤᠭᠳᠠᠭᠤᠯᠬᠤ ᠦᠷ᠎ᠡ | ᠠᠰᠢᠭ ᠢ ᠦᠷᠭᠡᠳᠬᠡᠵᠦ᠂ ︽ᠣᠯᠠᠨ ᠦᠨᠡᠮᠯᠡᠯ ᠢ ᠨᠢᠭᠡᠳᠬᠡᠬᠦ︾ ᠶᠢ ᠢᠳᠡᠪᠬᠢᠲᠡᠢ ᠠᠬᠢᠭᠤᠯᠤᠨ᠎ᠠ︔ ᠪᠡᠯᠡ | ᠣᠷᠤᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠳᠬᠤᠵᠤ᠂ ᠵᠠᠰᠠᠭ ᠤᠨ ᠣᠷᠳᠣᠨ ᠪᠠ | ᠨᠡᠶᠢᠭᠡᠮ ᠤᠨ ᠬᠦᠷᠦᠩᠭᠡ ᠶᠢᠨ ᠬᠤᠷᠰᠢᠯ ᠤᠨ ᠵᠠᠭᠪᠤᠷ ᠢ ᠳᠦᠷᠢᠮᠵᠢᠭᠦᠯᠦᠨ᠂ ᠨᠡᠶᠢᠭᠡᠮ ᠤᠨ ᠪᠦᠲᠦᠮᠵᠢᠲᠡᠢ ᠪᠡᠯᠡ | ᠣᠷᠤᠭᠤᠯᠤᠯᠲᠠ ᠶᠢ ᠲᠠᠰᠤᠷᠠᠯᠲᠠ ᠦᠭᠡᠢ ᠦᠷᠭᠡᠳᠬᠡᠨ᠎ᠡ᠃ | ᠰᠢᠨ᠎ᠡ ᠶᠢ ᠡᠭᠦᠳᠬᠦ ᠬᠦᠳᠡᠯᠭᠡᠭᠴᠢ ᠪᠠᠶᠢᠯᠳᠤᠬᠤ ᠪᠣᠳᠤᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠣᠯᠠᠨ | ᠲᠦᠮᠡᠨ ᠤ ᠦᠢᠯᠡᠰ ᠪᠦᠲᠦᠭᠡᠵᠦ ᠰᠢᠨ᠎ᠡ ᠶᠢ ᠡᠭᠦᠳᠬᠦ ᠶᠢ ᠲᠦᠷᠭᠡᠳᠬᠡᠨ᠂ ᠵᠠᠭᠤᠴᠢᠯᠠᠭᠤᠷ ᠤᠨ ᠪᠠ ᠵᠠᠭᠤᠴᠢᠯᠠᠭᠤᠷ | ᠤᠨ ᠪᠣᠰᠤ ᠶᠢ ᠤᠶᠠᠯᠳᠤᠭᠤᠯᠤᠭᠰᠠᠨ ᠰᠢᠨ᠎ᠡ ᠮᠠᠶ᠋ᠢᠭ ᠤᠨ ᠣᠯᠠᠨ ᠲᠦᠮᠡᠨ ᠦᠢᠯᠡᠰ ᠪᠦᠲᠦᠭᠡᠵᠦ ᠰᠢᠨ᠎ᠡ ᠶᠢ ᠡᠭᠦᠳᠬᠦ | ᠬᠡᠪ ᠵᠠᠭᠪᠤᠷ ᠢ ᠰᠦᠪᠡᠭᠴᠢᠯᠡᠵᠦ᠂ ᠪᠣᠳᠠᠲᠤ ᠦᠷ᠎ᠡ ᠠᠰᠢᠭ ᠢ ᠤᠯᠠᠮ ᠨᠢᠭᠡ ᠠᠯᠬᠤᠮ ᠪᠠᠲᠤᠵᠢᠭᠤᠯᠬᠤ ᠪᠠ | ᠦᠷᠭᠡᠳᠬᠡᠨ᠎ᠡ︔ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠤᠭᠴᠠ ᠶᠢᠨ ᠪᠠᠶᠢᠷᠢ | ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠪᠠ ᠶᠡᠭᠡ ᠳᠡᠭᠡᠳᠦ ᠰᠤᠷᠭᠠᠭᠤᠯᠢ ᠵᠢᠴᠢ ᠰᠤᠳᠤᠯᠭᠠᠨ ᠤ | ᠪᠠᠶᠢᠭᠤᠯᠤᠮᠵᠢ ᠶᠢᠨ ᠬᠤᠭᠤᠷᠤᠨᠳᠤᠬᠢ ᠨᠢᠭᠲᠠ ᠬᠠᠮᠲᠤᠷᠠᠯᠴᠠᠭ᠎ᠠ ᠶᠢ ᠳᠡᠮᠵᠢᠨ᠂ ᠰᠢᠨᠵᠢᠯᠡᠭᠡ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠬᠤᠯᠠᠴᠢᠯᠠᠵᠤ᠂ ᠵᠢᠯ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ | ᠠᠵᠤ ᠠᠬᠤᠶᠢᠯᠠᠯ ᠤᠨ ᠰᠤᠳᠤᠯᠤᠨ ᠡᠭᠦᠳᠬᠦ ᠲᠦᠪ 1 ᠶᠢ ᠰᠢᠨ᠎ᠡ ᠪᠠᠷ ᠨᠡᠮᠡᠭᠳᠡᠭᠦᠯᠦᠨ᠂ ᠰᠢᠨᠵᠢᠯᠡᠭᠡ ᠮᠡᠷᠭᠡᠵᠢᠯ ᠤᠨ | ᠦᠷ᠎ᠡ ᠪᠦᠲᠦᠭᠡᠯ ᠢ ᠣᠷᠤᠭᠤᠯᠬᠤ ᠪᠠ ᠤᠯᠤᠰ ᠤᠨ ᠲᠤᠰᠬᠠᠢ ᠠᠰᠢᠭ ᠢᠶᠠᠷ ᠠᠮᠵᠢᠯᠲᠠ ᠲᠠᠢ ᠭᠤᠶᠤᠴᠢᠯᠠᠬᠤ ᠵᠦᠢᠯᠡᠰ | ᠢ ᠲᠤᠰ ᠲᠤᠰ 5 ᠠᠴᠠ ᠳᠡᠭᠡᠭᠰᠢ ᠪᠣᠯᠭᠠᠨ᠎ᠠ︔ ︽ᠴᠢᠳᠠᠪᠦᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ︾ | ᠪᠠᠶᠢᠯᠳᠤᠬᠤ ᠪᠤᠳᠤᠯᠭ᠎ᠠ ᠶᠢ ᠭᠦᠨᠵᠡᠭᠡᠢ ᠨᠠᠶᠢᠳᠠᠪᠦᠷᠢᠵᠢᠭᠤᠯᠵᠤ᠂ ᠴᠢᠳᠠᠪᠦᠷᠢᠲᠠᠨ ᠢ ᠣᠷᠤᠭᠤᠯᠬᠤ᠂ ᠬᠦᠮᠦᠵᠢᠭᠦᠯᠬᠦ᠂ | ᠤᠷᠮᠠᠰᠢᠭᠤᠯᠬᠤ ᠵᠢᠴᠢ ᠬᠢᠨᠠᠯᠲᠠ ᠲᠠᠯᠪᠢᠬᠤ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠴᠢᠳᠠᠪᠦᠷᠢᠲᠠᠨ | ᠢ ︽ᠣᠷᠤᠭᠤᠯᠵᠤ ᠳᠡᠶᠢᠯᠬᠦ᠂ ᠦᠯᠡᠳᠡᠭᠡᠵᠦ ᠠᠪᠬᠤ᠂ ᠰᠠᠶᠢᠬᠠᠨ ᠬᠡᠷᠡᠭᠯᠡᠬᠦ︾ ᠶᠢ ᠪᠠᠲᠤᠯᠠᠨ᠎ᠠ︔ ᠲᠠᠸᠠᠷ ᠤᠨ ᠲᠡᠮᠳᠡᠭ | ᠪᠠ ᠨᠡᠷᠡᠲᠦ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠠᠬᠢᠭᠤᠯᠵᠤ᠂ ᠵᠢᠯ ᠤᠨ ᠳᠣᠲᠤᠷ᠎ᠠ ᠥᠪᠡᠷᠲᠡᠭᠡᠨ ᠵᠠᠰᠠᠬᠤ | ᠣᠷᠣᠨ ᠤ ᠨᠡᠷᠡᠲᠦ ᠲᠠᠸᠠᠷ ᠤᠨ ᠲᠡᠮᠳᠡᠭ ᠪᠣᠯᠤᠨ ᠤᠷᠭᠠᠨᠢᠭ ᠪᠦᠲᠦᠭᠡᠭᠳᠡᠬᠦᠨ ᠠᠰᠢᠭ ᠰᠢᠮ᠎ᠡ ᠶᠢᠨ ᠭᠡᠷᠡᠴᠢᠯᠡᠭᠡ 10 | ᠶᠢ ᠰᠢᠨ᠎ᠡ ᠪᠠᠷ ᠨᠡᠮᠡᠭᠳᠡᠭᠦᠯᠦᠨ᠂ ᠨᠡᠷᠡᠲᠤ ᠲᠡᠮᠳᠡᠭ ᠢᠶᠠᠷ ᠠᠵᠤ ᠠᠬᠤᠶᠢᠯᠠᠯ ᠢ ᠮᠠᠨᠳᠤᠭᠤᠯᠵᠤ᠂ ᠬᠦᠳᠡᠭᠡ ᠲᠤᠰᠬᠤᠨ ᠢ | ᠪᠠᠶᠠᠵᠢᠭᠤᠯᠬᠤ ᠵᠢᠴᠢ ᠬᠤᠰᠢᠭᠤ ᠪᠠᠨ ᠬᠦᠴᠦᠷᠬᠡᠭᠵᠢᠭᠦᠯᠬᠦ ᠵᠢᠯᠤᠭᠤᠳᠤᠨ ᠳᠠᠭᠠᠭᠤᠯᠬᠤ ᠦᠢᠯᠡᠳᠦᠯ ᠢ | ᠳᠡᠭᠡᠭᠰᠢᠯᠡᠭᠦᠯᠦᠨ᠎ᠡ᠃ | ᠭᠠᠳᠠᠭᠠᠳᠤ ᠨᠡᠭᠡᠭᠡᠯᠲᠡ ᠶᠢᠨ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠦᠨ᠎ᠡ᠃ ᠪᠡᠭᠡᠵᠢᠩ ᠥᠪᠥᠷ | ᠮᠣᠩᠭᠤᠯ ᠤᠨ ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠪᠠ ᠳᠤᠮᠳᠠᠳᠤ ᠶᠢᠨ ᠤᠰᠤ ᠴᠠᠬᠢᠯᠭᠠᠨ | ᠬᠦᠴᠦᠨ ᠤ ᠲᠣᠭᠲᠠᠭᠰᠠᠨ ᠴᠡᠭᠲᠦ ᠬᠠᠪᠰᠤᠷᠤᠨ ᠲᠡᠳᠬᠦᠬᠦ ᠬᠠᠮᠲᠤᠷᠠᠨ ᠠᠵᠢᠯᠯᠠᠬᠤ ᠬᠠᠷᠢᠴᠠᠭ᠎ᠠ ᠶᠢ | ᠭᠦᠨᠵᠡᠭᠡᠶᠢᠷᠡᠭᠦᠯᠵᠦ᠂ ᠪᠡᠭᠡᠵᠢᠩ ᠲᠢᠶᠠᠨᠵᠢᠨ ᠾᠧᠪᠸᠢ ᠶᠢᠨ ᠬᠠᠮᠲᠤᠷᠠᠭᠰᠠᠨ ᠬᠦᠭᠵᠢᠯᠲᠡ᠂ ᠵᠡᠭᠦᠨ ᠬᠤᠶᠢᠲᠤ ᠶᠢ | ᠰᠡᠷᠭᠦᠭᠡᠨ ᠮᠠᠨᠳᠤᠭᠤᠯᠬᠤ ᠰᠢᠨ᠎ᠡ ᠨᠢᠭᠡ ᠡᠭᠡᠯᠵᠢ ᠶᠢᠨ ᠪᠠᠶᠢᠯᠳᠤᠬᠤ ᠪᠣᠳᠤᠯᠭ᠎ᠠ ᠵᠡᠷᠭᠡ ᠠᠰᠢᠭᠲᠠᠢ ᠳᠣᠬᠢᠶᠠᠯ ᠢ | ᠭᠦᠢᠴᠡᠳ ᠠᠰᠢᠭᠯᠠᠨ᠂ ᠵᠠᠯᠭᠠᠮᠵᠢ ᠠᠵᠤ ᠦᠢᠯᠡᠰ ᠢ ᠥᠭᠡᠷᠡᠴᠢᠯᠡᠬᠦ ᠲᠠᠯ᠎ᠠ ᠪᠠᠷ ᠰᠢᠪᠲᠤᠯᠤᠯᠲᠠ ᠭᠠᠷᠭᠠᠨ᠎ᠠ︔ | ᠬᠤᠲᠠ ᠪᠠ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠲᠠᠬᠤ ᠬᠠᠷᠠᠭᠠᠯᠵᠠᠯᠲᠤ ᠲᠦᠷᠦ ᠶᠢᠨ ᠪᠣᠳᠤᠯᠭ᠎ᠠ ᠶᠢ | ᠬᠢᠨᠠᠮᠠᠭᠠᠢ ᠨᠠᠶᠢᠳᠠᠪᠦᠷᠢᠵᠢᠭᠤᠯᠵᠤ᠂ ᠪᠦᠬᠦ ᠨᠡᠶᠢᠭᠡᠮ ᠢᠶᠠᠷ ᠢᠶᠠᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯᠯᠠᠭ᠎ᠠ | ᠳᠤ ᠣᠷᠤᠯᠴᠠᠬᠤ ᠢᠳᠡᠪᠬᠢᠵᠢᠯ ᠢ ᠨᠢ ᠬᠦᠭᠵᠢᠭᠡᠵᠦ᠂ ᠪᠡᠯᠡ ᠣᠷᠤᠭᠤᠯᠤᠭᠴᠢᠳ ᠤᠨ ᠮᠠᠨ ᠤ ᠬᠤᠰᠢᠭᠤᠨ ᠳᠤ | ᠢᠷᠡᠵᠦ ᠪᠡᠯᠡ ᠣᠷᠤᠭᠤᠯᠤᠨ ᠠᠵᠤ ᠠᠬᠤᠶᠢᠯᠠᠯ ᠢᠶᠠᠨ ᠬᠦᠭᠵᠢᠭᠦᠯᠬᠦ ᠶᠢ ᠤᠷᠮᠠᠰᠢᠭᠤᠯᠤᠨ ᠲᠠᠲᠠᠨ᠎ᠠ︔ ᠰᠢᠨ᠎ᠡ | ᠵᠠᠭᠤᠴᠢᠯᠠᠭᠤᠷ᠂ ᠬᠤᠳᠠᠯᠳᠤᠭᠠᠴᠢᠳ ᠤᠨ ᠬᠤᠯᠪᠤᠭ᠎ᠠ᠂ ᠦᠵᠡᠰᠭᠦᠯᠡᠩ᠂ ᠵᠣᠯᠭᠠᠭᠤᠯᠬᠤ ᠬᠤᠷᠠᠯ ᠵᠡᠷᠭᠡ ᠪᠦᠲᠦᠮᠵᠢᠲᠡᠢ | ᠬᠡᠯᠪᠡᠷᠢ ᠶᠢ ᠭᠦᠢᠴᠡᠳ ᠠᠰᠢᠭᠯᠠᠨ᠂ ᠭᠠᠳᠠᠭᠠᠳᠤ ᠳᠤ ᠬᠠᠨᠳᠤᠯᠭᠠᠲᠤ ᠴᠢᠨᠠᠷᠲᠠᠢ ᠤᠬᠠᠭᠤᠯᠭ᠎ᠠ ᠲᠠᠨᠢᠯᠴᠠᠭᠤᠯᠭ᠎ᠠ ᠶᠢᠨ | ᠠᠵᠢᠯᠯᠠᠭ᠎ᠠ ᠦᠷᠨᠢᠭᠦᠯᠵᠦ᠂ ᠮᠠᠨ ᠤ ᠬᠤᠰᠢᠭᠤ ᠶᠢᠨ ᠢᠶᠠᠨ ᠨᠦᠯᠦᠭᠡᠯᠡᠬᠦ ᠬᠦᠴᠦᠨ ᠢ ᠲᠠᠰᠤᠷᠠᠯᠲᠠ ᠦᠭᠡᠢ | ᠦᠷᠭᠡᠳᠬᠡᠨ᠎ᠡ︔ ᠲᠤᠰᠬᠠᠶᠢᠵᠢᠭᠰᠠᠨ ᠪᠦᠯᠬᠦᠮ ᠪᠠᠶᠢᠭᠤᠯᠤᠨ ᠠᠷᠠᠯᠵᠢᠶᠠᠴᠢᠨ ᠤᠷᠢᠬᠤ ᠵᠠᠭᠪᠤᠷ ᠢ ᠦᠷᠭᠦᠯᠵᠢᠯᠡᠨ | ᠬᠡᠷᠡᠭᠵᠢᠭᠦᠯᠵᠦ᠂ ᠠᠷᠠᠯᠵᠢᠶᠠᠴᠢᠨ ᠤᠷᠢᠵᠤ ᠪᠡᠯᠡ ᠲᠠᠲᠠᠬᠤ ︽ᠡᠪᠦᠯ ᠤᠨ ᠤᠯᠠᠷᠢᠯ ᠤᠨ ᠠᠵᠢᠯᠯᠠᠭᠠᠨ︾ ᠢ | ᠢᠳᠡᠪᠬᠢᠲᠡᠢ ᠦᠷᠨᠢᠭᠦᠯᠦᠨ᠂ ᠠᠵᠤ ᠦᠢᠯᠡᠰ ᠤᠨ ᠳᠡᠰ ᠳᠠᠪᠬᠤᠷᠭ᠎ᠠ ᠦᠨᠳᠦᠷ᠂ ᠬᠦᠭᠵᠢᠯᠲᠡ ᠶᠢᠨ ᠢᠷᠡᠭᠡᠳᠦᠢ ᠲᠠᠢ᠂ | ᠠᠵᠢᠯ ᠤᠨ ᠪᠠᠶᠢᠷᠢ ᠣᠯᠠᠨ ᠵᠢᠴᠢ ᠡᠳ᠋ ᠤᠨ ᠵᠠᠰᠠᠭ ᠤᠨ ᠭᠠᠶᠢᠯᠢ ᠶᠢᠨ ᠬᠤᠪᠢ ᠨᠡᠮᠡᠷᠢ ᠶᠡᠭᠡ ᠨᠢᠭᠡ ᠪᠦᠯᠦᠭ | ᠴᠢᠨᠠᠷᠯᠢᠭ ᠲᠦᠷᠦᠯ ᠵᠦᠢᠯ ᠢ ᠣᠷᠤᠭᠤᠯᠵᠤ᠂ ᠬᠦᠭᠵᠢᠯᠲᠡ ᠶᠢᠨ ᠨᠦᠭᠡᠴᠡ ᠬᠦᠴᠦᠨ ᠢ ᠲᠠᠰᠤᠷᠠᠯᠲᠠ ᠦᠭᠡᠢ | ᠴᠢᠩᠭᠠᠳᠬᠠᠨ᠎ᠠ᠃ | ︵ᠳᠣᠯᠤᠭ᠎ᠠ︶ ᠠᠷᠠᠳ ᠤᠨ ᠠᠮᠢᠳᠤᠷᠠᠯ ᠤᠨ ᠲᠦᠭᠡᠮᠡᠯ ᠬᠠᠷᠠᠭᠠᠯᠵᠠᠯ ᠳᠤ ᠰᠠᠭᠤᠷᠢᠯᠠᠵᠤ᠂ ᠣᠯᠠᠨ ᠲᠦᠮᠡᠨ ᠤ ᠵᠤᠯ | ᠵᠢᠷᠭᠠᠯ ᠪᠤᠶᠠᠨ ᠬᠡᠰᠢᠭ ᠢ ᠨᠡᠮᠡᠭᠳᠡᠭᠦᠯᠦᠨ᠎ᠡ᠃ | ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠨᠢᠭᠡᠲᠦᠯᠲᠡᠢ ᠲᠦᠯᠦᠪᠯᠡᠨ ᠠᠳᠬᠤᠨ᠎ᠠ᠃ ᠴᠢᠨᠠᠷᠯᠢᠭ | ᠰᠤᠷᠭᠠᠨ ᠬᠦᠮᠦᠵᠢᠯ ᠢ ᠪᠦᠬᠦ ᠲᠠᠯ᠎ᠠ ᠪᠠᠷ ᠬᠦᠭᠵᠢᠭᠦᠯᠵᠦ᠂ ᠯᠢᠨᠳᠦ᠋ᠩ ᠤᠨ ᠨᠠᠢᠮᠠᠳᠤᠭᠠᠷ ᠪᠠᠭ᠎ᠠ ᠰᠤᠷᠭᠠᠭᠤᠯᠢ᠂ | ᠪᠠᠷᠠᠭᠤᠨ ᠬᠤᠲᠠ ᠶᠢᠨ ᠬᠡᠥᠬᠡᠳ ᠤᠨ ᠴᠡᠴᠡᠷᠯᠢᠭ᠂ ᠮᠣᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ ᠵᠢᠴᠢ ︽ | ᠭᠤᠷᠪᠠᠨ ᠨᠡᠪᠲᠡᠷᠡᠯᠴᠡᠯ ᠬᠤᠶᠠᠷ ᠲᠠᠪᠴᠠᠩ︾ ᠤᠨ ᠰᠤᠷᠭᠠᠨ ᠬᠦᠮᠦᠵᠢᠯ ᠤᠨ ᠰᠤᠷᠠᠭ ᠵᠠᠩᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠯᠦᠩᠴᠠᠩ᠂ ᠠᠷᠪᠠᠨ ᠭᠤᠷᠪᠠᠨ ᠣᠪᠤᠭ᠎ᠠ ᠪᠠᠯᠭᠠᠰᠤ ᠵᠡᠷᠭᠡ 4 | ᠰᠤᠷᠭᠠᠭᠤᠯᠢ ᠶᠢᠨ ᠪᠠᠶᠢᠷᠢ ᠶᠢᠨ ᠠᠰᠠᠷ ᠵᠢᠴᠢ ᠴᠢᠳᠠᠮᠵᠢᠲᠤ ᠲᠠᠰᠤᠭ ᠢ ᠪᠠᠶᠢᠭᠤᠯᠤᠨ᠂ ᠪᠡᠶ᠎ᠡ ᠲᠠᠮᠢᠷ ᠤᠨ ᠬᠦᠳᠡᠯᠭᠡᠭᠡᠨ | ᠤ ᠲᠠᠰᠤᠭ 10 ᠶᠢ ᠰᠢᠨ᠎ᠡ ᠪᠠᠷ ᠪᠠᠶᠢᠭᠤᠯᠤᠨ᠎ᠠ︔ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ︽ᠬᠤᠰᠢᠭᠤ ᠬᠠᠮᠢᠶᠠᠷᠤᠨ ᠰᠤᠷᠭᠠᠭᠤᠯᠢ ᠡᠯᠰᠡᠬᠦ︾ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ | ᠴᠢᠨᠠᠷᠯᠢᠭ ᠰᠤᠷᠭᠠᠨ ᠬᠦᠮᠦᠵᠢᠯ ᠤᠨ ᠡᠬᠢ ᠰᠤᠷᠪᠤᠯᠵᠢ ᠶᠢ ᠲᠡᠩᠴᠡᠭᠦᠷᠢᠲᠡᠢ ᠳᠣᠬᠢᠷᠠᠭᠤᠯᠤᠨ᠎ᠠ︔ ᠰᠤᠷᠬᠤ ᠨᠠᠰᠤᠨ | ᠠᠴᠠ ᠡᠮᠦᠨᠡᠬᠢ ᠬᠡᠥᠬᠡᠳ ᠤᠨ ᠰᠤᠷᠭᠠᠨ ᠬᠦᠮᠦᠵᠢᠯ ᠢ ᠶᠡᠬᠡᠪᠡᠷ ᠬᠦᠭᠵᠢᠭᠦᠯᠵᠦ᠂ ᠲᠦᠭᠡᠮᠡᠯ ᠬᠠᠷᠠᠭᠠᠯᠵᠠᠯ ᠤᠨ | ᠴᠢᠨᠠᠷᠲᠠᠢ ᠬᠡᠥᠬᠡᠳ ᠤᠨ ᠴᠡᠴᠡᠷᠯᠢᠭ ᠢ ᠦᠷᠭᠡᠳᠬᠡᠨ᠂ ᠬᠡᠥᠬᠡᠳ ᠤᠨ ᠴᠡᠴᠡᠷᠯᠢᠭ ᠲᠤ ᠣᠷᠤᠬᠤ ᠬᠡᠥᠬᠡᠳ ᠢ 91% | ᠠᠴᠠ ᠳᠡᠭᠡᠭᠰᠢ ᠪᠠᠶᠢᠬᠤ ᠶᠢ ᠪᠠᠲᠤᠯᠠᠨ᠎ᠠ︔ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ | ᠲᠦᠷᠭᠡᠨ ᠬᠦᠭᠵᠢᠭᠦᠯᠵᠦ᠂ ᠰᠤᠷᠭᠠᠭᠤᠯᠢ ᠪᠠ ᠠᠵᠤ ᠠᠬᠤᠶᠢᠯᠠᠯ ᠬᠠᠮᠲᠤᠷᠠᠨ ᠠᠵᠢᠯᠯᠠᠵᠤ ᠠᠵᠤ ᠦᠢᠯᠡᠰ ᠪᠠ ᠵᠢᠭᠠᠨ | ᠰᠤᠷᠭᠠᠯᠲᠠ ᠶᠢ ᠠᠭᠤᠰᠤᠯᠴᠠᠭᠤᠯᠤᠨ᠂ ᠣᠨᠴᠠᠯᠢᠭᠲᠤ ᠰᠢᠯᠢᠳᠡᠭ ᠲᠤᠰᠬᠠᠢ ᠮᠡᠷᠭᠡᠵᠢᠯ ᠢ ᠦᠷᠭᠦᠯᠵᠢᠯᠡᠨ ᠡᠭᠦᠳᠦᠨ᠎ᠡ︔ | ᠦᠨᠳᠦᠰᠦᠲᠡᠨ ᠤ ᠰᠤᠷᠭᠠᠨ ᠬᠦᠮᠦᠵᠢᠯ ᠪᠠ ᠳᠡᠭᠡᠳᠦ ᠳᠤᠮᠳᠠᠳᠤ ᠶᠢᠨ ᠰᠤᠷᠭᠠᠨ ᠬᠦᠮᠦᠵᠢᠯ ᠢ ᠨᠢᠭᠡᠲᠦᠯᠲᠡᠢ | ᠠᠳᠬᠤᠵᠤ᠂ ᠱᠠᠩ ᠵᠢᠩ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ᠂: ᠯᠢᠨᠳᠦ᠋ᠩ ᠤᠨ ᠶᠢᠰᠦᠳᠦᠭᠡᠷ ᠪᠠᠭ᠎ᠠ | ᠰᠤᠷᠭᠠᠭᠤᠯᠢ ᠵᠢᠴᠢ ᠵᠡᠭᠦᠨ ᠬᠤᠲᠠ ᠶᠢᠨ ᠬᠡᠥᠬᠡᠳ ᠤᠨ ᠴᠡᠴᠡᠷᠯᠢᠭ ᠤᠨ ᠡᠮᠦᠨᠡᠬᠢ ᠬᠤᠭᠤᠴᠠᠭᠠᠨ ᠤ ᠠᠵᠢᠯ ᠢ | ᠡᠬᠢᠯᠡᠭᠦᠯᠵᠦ᠂ ᠡᠯ᠎ᠡ ᠲᠦᠷᠦᠯ ᠤᠨ ᠰᠤᠷᠭᠠᠨ ᠬᠦᠮᠦᠵᠢᠯ ᠤᠨ ᠵᠣᠬᠢᠴᠠᠩᠭᠤᠢ ᠡᠷᠡᠭᠦᠯ ᠬᠦᠭᠵᠢᠯᠲᠡ ᠶᠢ ᠠᠬᠢᠭᠤᠯᠤᠨ᠎ᠠ᠃ | ᠡᠷᠡᠭᠦᠯ ᠬᠠᠮᠠᠭᠠᠯᠠᠯ ᠪᠠ ᠲᠦᠯᠦᠪᠯᠡᠭᠡᠲᠦ ᠦᠷᠡᠵᠢᠯ ᠤᠨ ᠠᠵᠢᠯ ᠦᠢᠯᠡᠰ ᠢ ᠲᠦᠷᠭᠡᠨ ᠬᠦᠭᠵᠢᠭᠦᠯᠵᠦ᠂ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠬᠤᠰᠢᠭᠤ | ᠶᠢᠨ ᠪᠦᠲᠦᠭᠡᠨ ᠪᠠᠶᠢᠭᠤᠯᠤᠯᠲᠠ ᠶᠢ ᠦᠷᠨᠢᠭᠦᠯᠦᠨ᠂ ᠵᠡᠭᠦᠨ ᠬᠤᠲᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ | ᠤᠨ ᠦᠢᠯᠡᠴᠢᠯᠡᠭᠡᠨ ᠤ ᠲᠦᠪ ᠪᠣᠯᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ 4 ᠶᠢ ᠡᠬᠢᠯᠡᠵᠦ | ᠪᠠᠶᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ︔ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ | ᠤᠨ ᠦᠢᠯᠡᠴᠢᠯᠡᠭᠡᠨ ᠤ ᠴᠢᠳᠠᠪᠦᠷᠢ ᠶᠢ ᠳᠡᠭᠡᠭᠰᠢᠯᠡᠬᠦᠯᠵᠦ᠂ ᠬᠦᠮᠦᠨ ᠠᠮᠠ ᠶᠢᠨ ᠰᠤᠷᠠᠭ ᠵᠠᠩᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠬᠡ ᠨᠢᠯᠬᠠᠰ ᠤᠨ ᠡᠷᠡᠭᠦᠯ ᠮᠡᠨᠳᠦ ᠪᠠ ᠲᠦᠯᠦᠪᠯᠡᠭᠡᠲᠦ ᠦᠷᠡᠵᠢᠯ ᠤᠨ | ᠦᠢᠯᠡᠰ ᠤᠨ ᠡᠷᠡᠭᠦᠯ ᠬᠦᠭᠵᠢᠯᠲᠡ ᠶᠢ ᠠᠬᠢᠭᠤᠯᠤᠨ᠎ᠠ᠃ ᠠᠷᠠᠳ ᠲᠤ ᠠᠰᠢᠭ ᠬᠦᠷᠲᠡᠭᠡᠬᠦ ᠰᠤᠶᠤᠯ ᠤᠨ ᠦᠢᠯᠡᠰ ᠢ | ᠶᠡᠬᠡᠪᠡᠷ ᠬᠦᠭᠵᠢᠭᠦᠯᠵᠦ᠂ ᠤᠯᠠᠭᠠᠨᠮᠦ᠋ᠴᠢᠷ ᠤᠨ ᠠᠵᠢᠯ ᠳᠤ ᠲᠠᠯᠪᠢᠭᠰᠠᠨ ᠰᠢ ᠶᠢᠨ ᠫᠢᠩ ᠶᠡᠷᠦᠩᠬᠡᠢ ᠱᠦᠵᠢ ᠶᠢᠨ | ᠵᠢᠭᠠᠪᠦᠷᠢ ᠶᠢᠨ ᠵᠣᠷᠢᠭ ᠰᠠᠨᠠᠭ᠎ᠠ ᠶᠢ ᠨᠠᠶᠢᠳᠠᠪᠦᠷᠢᠵᠢᠭᠤᠯᠤᠨ᠂ ᠡᠩᠨᠡᠭᠡᠨ ᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠰᠤᠶᠤᠯ ᠢ ᠦᠨᠳᠦᠰᠦᠨ ᠱᠠᠲᠤᠨ ᠳᠤ ᠪᠠᠭᠤᠯᠭᠠᠬᠤ ᠠᠵᠢᠯᠯᠠᠭᠠᠨ ᠢ ᠨᠠᠷᠢᠨ ᠬᠢᠨᠠᠮᠠᠭᠠᠢ | ᠦᠷᠨᠢᠭᠦᠯᠦᠨ᠎ᠡ︔ ᠮᠠᠯᠵᠢᠬᠤ ᠲᠠᠷᠢᠶᠠᠯᠠᠬᠤ ᠣᠷᠣᠨ ᠳᠤ ᠷᠠᠳᠢᠤ᠋ ᠲᠧᠯᠸᠢᠰ ᠲᠣᠣᠷ ᠰᠦᠯᠵᠢᠶ᠎ᠡ ᠴᠢᠮᠡᠭᠡ ᠨᠡᠪᠲᠡᠷᠡᠯᠭᠡ ᠢ | ᠲᠦᠭᠡᠮᠡᠯᠵᠢᠭᠦᠯᠬᠦ ᠢᠨᠵᠧᠨᠧᠷᠢᠩ ᠢ ᠪᠡᠶᠡᠯᠡᠭᠦᠯᠵᠦ᠂ ᠵᠠᠭᠤᠴᠢᠯᠠᠭᠤᠷ ᠤᠳ ᠤᠨ ᠠᠭᠤᠰᠤᠯᠴᠠᠯ ᠤᠨ ᠠᠯᠬᠤᠮ ᠢ | ᠲᠦᠷᠭᠡᠳᠬᠡᠨ᠂ ᠷᠠᠳᠢᠤ᠋ ᠲᠧᠯᠸᠢᠰ ᠫᠷᠤᠭ᠍ᠷᠠᠮ ᠤᠨ ᠡᠷᠦᠬᠡ ᠳᠤ ᠨᠡᠪᠲᠡᠷᠡᠬᠦ ᠨᠣᠷᠮ᠎ᠠ ᠶᠢ ᠦᠨᠡᠨᠬᠦ ᠳᠡᠭᠡᠭᠰᠢᠯᠡᠭᠦᠯᠦᠨ᠎ᠡ︔ | ᠪᠠᠲᠤᠯᠠᠭ᠎ᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠵᠦ ᠠᠳᠬᠤᠨ᠎ᠠ᠃ ᠠᠷᠭ᠎ᠠ | ᠪᠦᠬᠦᠨ ᠢ ᠰᠦᠪᠡᠭᠴᠢᠯᠡᠨ ᠠᠵᠢᠯ ᠤᠨ ᠪᠠᠶᠢᠷᠢ ᠨᠡᠭᠡᠭᠡᠵᠦ᠂ ᠬᠤᠰᠢᠭᠤᠨ ᠤ ᠣᠯᠠᠨ ᠨᠡᠶᠢᠲᠡ ᠶᠢᠨ ᠪᠣᠯᠪᠠᠰᠤᠷᠠᠯ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠳᠤ ᠬᠤᠲᠠ ᠪᠠᠯᠭᠠᠰᠤ ᠶᠢᠨ 1600 | ᠬᠦᠮᠦᠨ ᠳᠤ ᠰᠢᠨ᠎ᠡ ᠪᠠᠷ ᠠᠵᠢᠯ ᠣᠯᠭᠤᠨ᠂ 5 ᠲᠦᠮᠡᠨ ᠬᠦᠮᠦᠨ ︵ᠤᠳᠠᠭ᠎ᠠ︶ ᠠᠴᠠ ᠳᠡᠭᠡᠭᠰᠢ ᠬᠦᠳᠡᠯᠮᠦᠷᠢ | ᠬᠦᠴᠦᠨ ᠢ ᠰᠢᠯᠵᠢᠭᠦᠯᠦᠨ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤ ᠳᠤ ᠳᠠᠩᠰᠠᠯᠠᠭᠤᠯᠤᠭᠰᠠᠨ ᠠᠵᠢᠯ | ᠠᠯᠳᠠᠭᠰᠠᠳ ᠤᠨ ᠨᠣᠷᠮ᠎ᠠ ᠶᠢ 3.8% ᠶᠢᠨ ᠳᠣᠲᠤᠷ᠎ᠠ ᠬᠢᠵᠠᠭᠠᠷᠯᠠᠨ᠎ᠠ︔ ᠨᠡᠶᠢᠭᠡᠮ ᠤᠨ ᠳᠠᠭᠠᠭᠳᠬᠠᠯ ᠤᠨ | ᠬᠡᠪᠴᠢᠶ᠎ᠡ ᠶᠢ ᠦᠷᠭᠡᠳᠬᠡᠬᠦ ᠠᠵᠢᠯ ᠢ ᠦᠷᠭᠦᠯᠵᠢᠯᠡᠨ ᠠᠬᠢᠭᠤᠯᠵᠤ᠂ ᠴᠢᠯᠦᠭᠡᠲᠡᠢ ᠠᠵᠢᠯ ᠣᠯᠤᠭᠰᠠᠳ ᠪᠠ ᠮᠠᠯᠴᠢᠨ | ᠲᠠᠷᠢᠶᠠᠴᠢᠨ ᠬᠦᠯᠦᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠣᠯᠠᠨ ᠲᠦᠮᠡᠨ ᠤ ᠳᠠᠭᠠᠳᠬᠠᠯ ᠳᠤ ᠣᠷᠤᠬᠤ ᠶᠢ | ᠢᠳᠡᠪᠬᠢᠲᠡᠢ ᠵᠢᠯᠤᠭᠤᠳᠤᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠪᠠ | ᠦᠨᠳᠦᠰᠦᠨ ᠡᠮᠨᠡᠯᠭᠡ ᠶᠢᠨ ᠳᠠᠭᠠᠳᠬᠠᠯ ᠳᠤ ᠣᠷᠤᠬᠤ ᠨᠣᠷᠮ᠎ᠠ ᠶᠢ 95% ᠠᠴᠠ ᠳᠡᠭᠡᠭᠰᠢ ᠪᠠᠶᠢᠯᠭᠠᠨ᠎ᠠ︔ ᠬᠤᠲᠠ | ᠬᠦᠳᠡᠭᠡ ᠶᠢᠨ ᠬᠠᠮᠤᠭ ᠤᠨ ᠳᠣᠣᠷ᠎ᠠ ᠠᠮᠢᠳᠤᠷᠠᠯ ᠤᠨ ᠪᠠᠲᠤᠯᠠᠭ᠎ᠠ᠂ ᠬᠦᠳᠡᠭᠡ ᠲᠤᠰᠬᠤᠨ ᠤ ᠲᠠᠪᠤᠨ ᠪᠠᠲᠤᠯᠠᠭ᠎ᠠ᠂ | ᠲᠦᠷ ᠴᠠᠭ ᠤᠨ ᠠᠪᠤᠷᠠᠨ ᠲᠤᠰᠠᠯᠠᠯᠲᠠ᠂ ᠡᠮᠨᠡᠯᠭᠡ ᠶᠢᠨ ᠠᠪᠤᠷᠠᠨ ᠲᠤᠰᠠᠯᠠᠯᠲᠠ ᠵᠢᠴᠢ ᠠᠰᠠᠷᠠᠮᠵᠢ ᠬᠠᠷᠠᠭᠠᠯᠵᠠᠯ ᠤᠨ | ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠬᠤᠲᠠ ᠬᠦᠳᠡᠭᠡ ᠶᠢᠨ ᠬᠠᠮᠤᠭ ᠤᠨ ᠳᠣᠣᠷ᠎ᠠ ᠠᠮᠢᠳᠤᠷᠠᠯ ᠤᠨ | ᠪᠠᠲᠤᠯᠠᠭ᠎ᠠ ᠶᠢ ᠲᠤᠰ ᠲᠤᠰ ᠬᠦᠮᠦᠨ ᠪᠦᠷᠢ ᠰᠠᠷ᠎ᠠ ᠪᠣᠯᠭᠠᠨ 635 ᠲᠦᠭᠦᠷᠢᠭ ᠪᠠ ᠬᠦᠮᠦᠨ ᠪᠦᠷᠢ ᠵᠢᠯ ᠪᠣᠯᠭᠠᠨ | 4500 ᠲᠦᠭᠦᠷᠢᠭ ᠪᠣᠯᠭᠠᠨ ᠨᠡᠮᠡᠭᠳᠡᠭᠦᠯᠦᠨ᠎ᠡ︔ ᠡᠮᠡᠭᠲᠡᠶᠢᠴᠦᠳ ᠬᠡᠥᠬᠡᠳ ᠪᠠ ᠬᠦᠳᠡᠭᠡ ᠲᠤᠰᠬᠤᠨ ᠤ ᠭᠡᠷ ᠲᠡᠭᠡᠨ | ᠬᠤᠴᠤᠷᠤᠭᠰᠠᠨ ᠬᠦᠮᠦᠰ ᠢ ᠬᠠᠯᠠᠮᠵᠢᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠴᠢᠷᠮᠠᠶᠢᠨ ᠲᠡᠭᠦᠯᠳᠡᠷᠵᠢᠭᠦᠯᠵᠦ᠂ | ᠵᠡᠮᠳᠡᠭᠴᠦᠳ ᠢ ᠳᠡᠮᠵᠢᠬᠦ ᠪᠠ ᠨᠢᠭᠦᠯᠡᠰᠦᠩᠭᠦᠢ ᠦᠢᠯᠡᠰ ᠢ ᠠᠳᠬᠤᠨ᠂ ᠣᠯᠠᠨ ᠡᠰᠢᠲᠦ ᠪᠠ ᠣᠯᠠᠨ ᠳᠠᠪᠬᠤᠷᠭᠠᠲᠤ | ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠪᠠᠶᠢᠭᠤᠯᠵᠤ᠂ ᠦᠷᠭᠡᠨ ᠣᠯᠠᠨ ᠠᠷᠠᠳ ᠲᠦᠮᠡᠨ ᠤ | ᠠᠮᠢᠳᠤᠷᠠᠯ ᠢ ᠨᠡᠩ ᠰᠠᠶᠢᠨ᠂ ᠨᠡᠩ ᠵᠤᠯ ᠵᠢᠷᠭᠠᠯ ᠲᠠᠢ ᠪᠣᠯᠭᠠᠨ᠎ᠠ᠃ | ᠨᠡᠶᠢᠭᠡᠮ ᠤᠨ ᠶᠡᠷᠦᠩᠬᠡᠶᠢᠯᠡᠨ ᠵᠠᠰᠠᠬᠤ ᠠᠵᠢᠯ ᠢ ᠨᠢᠭᠡᠲᠦᠯᠲᠡᠢ ᠲᠦᠯᠦᠪᠯᠡᠨ ᠠᠳᠬᠤᠨ᠎ᠠ᠃ ︽ᠬᠠᠤᠯᠢ ᠪᠠᠷ | ᠬᠤᠰᠢᠭᠤ ᠪᠠᠨ ᠵᠠᠰᠠᠬᠤ︾ ᠠᠵᠢᠯ ᠢ ᠪᠦᠬᠦ ᠲᠠᠯ᠎ᠠ ᠪᠠᠷ ᠠᠬᠢᠭᠤᠯᠵᠤ᠂ ︽ᠳᠣᠯᠤᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯᠯᠠᠭᠠᠨ ᠢ ᠭᠦᠨᠵᠡᠭᠡᠢ ᠦᠷᠨᠢᠭᠦᠯᠦᠨ᠂ ᠪᠦᠬᠦ ᠨᠡᠶᠢᠭᠡᠮ ᠤᠨ ᠬᠠᠤᠯᠢ ᠪᠠᠷ ᠵᠠᠰᠠᠬᠤ ᠤᠬᠠᠮᠰᠠᠷ ᠢ | ᠴᠢᠷᠮᠠᠶᠢᠨ ᠳᠡᠭᠡᠭᠰᠢᠯᠡᠭᠦᠯᠦᠨ᠎ᠡ︔ ︽ᠠᠮᠤᠭᠤᠯᠠᠩ ᠵᠡᠭᠦᠨ ᠬᠤᠰᠢᠭᠤ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠬᠠᠷᠬᠢᠰ ᠢ ᠠᠷᠢᠯᠭᠠᠵᠤ ᠬᠠᠷ᠎ᠠ ᠶᠢ ᠱᠦᠭᠦᠷᠳᠡᠬᠦ ᠲᠤᠰᠬᠠᠢ ᠲᠡᠮᠡᠴᠡᠯ | ᠶᠠᠪᠤᠭᠤᠯᠤᠨ᠂ ᠨᠡᠶᠢᠭᠡᠮ ᠤᠨ ᠠᠮᠤᠷ ᠢ ᠬᠠᠮᠠᠭᠠᠯᠠᠵᠤ ᠰᠡᠷᠭᠡᠶᠢᠯᠡᠨ ᠬᠤᠷᠢᠭᠯᠠᠬᠤ ᠲᠣᠭᠲᠠᠯᠴᠠᠭ᠎ᠠ ᠶᠢ ᠳᠡᠰ | ᠳᠡᠪᠰᠢᠭᠦᠯᠦᠨ᠎ᠡ︔ ᠣᠯᠠᠨ ᠲᠦᠮᠡᠨ ᠤ ᠵᠦᠢ ᠶᠣᠰᠤᠨ ᠤ ᠭᠤᠶᠤᠴᠢᠯᠠᠯ ᠱᠠᠭᠠᠷᠳᠠᠯᠭ᠎ᠠ ᠶᠢ ᠪᠦᠬᠦ ᠬᠦᠴᠦ ᠪᠠᠷ | ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠢ ᠡᠶᠡᠳᠡᠭᠦᠯᠦᠨ᠂ ᠬᠡᠷᠡᠭ | ᠦᠳᠦᠭᠡᠬᠦ᠂ ᠨᠣᠣᠷᠠᠯᠳᠤᠬᠤ ᠵᠢᠴᠢ ᠰᠣᠷᠪᠤᠯᠵᠢᠯᠠᠭ᠎ᠠ ᠶᠢᠨ ᠪᠣᠰᠤ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ | ᠬᠠᠤᠯᠢ ᠶᠣᠰᠤᠭᠠᠷ ᠴᠢᠩᠭ᠎ᠠ ᠴᠣᠬᠢᠯᠲᠠ ᠦᠭᠭᠦᠨ᠎ᠡ︔ ᠠᠶᠤᠯ ᠦᠭᠡᠢ ᠦᠢᠯᠡᠳᠪᠦᠷᠢᠯᠡᠯ ᠢ ᠲᠡᠮᠦᠷ ᠮᠡᠲᠦ ᠴᠢᠩᠭ᠎ᠠ | ᠠᠷᠭ᠎ᠠ ᠪᠠᠷ ᠰᠠᠶᠢᠲᠤᠷ ᠠᠳᠬᠤᠵᠤ᠂ ᠬᠠᠷᠢᠭᠤᠴᠠᠯᠭ᠎ᠠ ᠶᠢᠨ ᠳᠦᠷᠢᠮ ᠢ ᠨᠢ ᠴᠢᠩᠭ᠎ᠠ ᠬᠡᠷᠡᠭᠵᠢᠭᠦᠯᠦᠨ᠂ ᠭᠠᠯ | ᠰᠡᠷᠭᠡᠶᠢᠯᠡᠯᠲᠡ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠢ ᠰᠢᠭᠤᠢ ᠪᠠ ᠨᠤᠲᠤᠭ | ᠪᠡᠯᠴᠢᠭᠡᠷ ᠤᠨ ᠭᠠᠯ ᠲᠦᠢᠮᠡᠷ ᠤᠨ ᠠᠶᠤᠯ ᠢ ᠰᠡᠷᠭᠡᠶᠢᠯᠡᠨ᠂ ᠠᠮᠤᠷ ᠲᠦᠪᠰᠢᠨ ᠤ ᠡᠯ᠎ᠡ ᠵᠦᠢᠯ ᠤᠨ ᠬᠡᠷᠡᠭ ᠡᠭᠦᠰᠭᠦ | ᠶᠢ ᠡᠷᠡᠰ ᠬᠤᠷᠢᠭᠯᠠᠨ᠎ᠠ︔ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠤᠷᠳᠤᠮᠵᠢ ᠶᠢᠨ ᠴᠢᠨᠠᠷᠲᠠᠢ | ᠬᠢᠨᠠᠨ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ | ᠮᠦᠷᠳᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠲᠦᠮᠡᠨ ᠤ | ᠢᠳᠡᠭᠡᠨ ᠤᠮᠳᠠᠭᠠᠨ ᠪᠠ ᠡᠮ ᠤᠨ ᠠᠮᠤᠷ ᠲᠦᠪᠰᠢᠨ ᠢ ᠪᠠᠲᠤᠯᠠᠨ᠎ᠠ︔ ᠠᠮᠤ ᠪᠤᠳᠠᠭᠠᠨ ᠤ ᠦᠢᠯᠡᠰ ᠤᠨ ᠰᠢᠨ᠎ᠡ | ᠱᠠᠲᠤᠨ ᠤ ᠣᠨᠴᠠᠯᠢᠭ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠠᠮᠤ ᠪᠤᠳᠠᠭ᠎ᠠ ᠬᠤᠳᠠᠯᠳᠤᠨ | ᠠᠪᠬᠤ᠂ ᠬᠠᠩᠭᠠᠬᠤ ᠵᠢᠴᠢ ᠶᠠᠰᠤ ᠴᠢᠨᠠᠷ ᠤᠨ ᠠᠮᠤᠷ ᠲᠦᠪᠰᠢᠨ ᠤ ᠦᠨᠳᠦᠰᠦᠨ ᠪᠠᠲᠤᠯᠠᠭ᠎ᠠ ᠶᠢ ᠠᠳᠬᠤᠨ᠎ᠠ︔ | ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠪᠠ ᠲᠠᠯᠠᠪᠤᠷ ᠢ ᠬᠠᠤᠯᠢ ᠪᠠᠷ ᠬᠠᠮᠢᠶᠠᠷᠴᠤ᠂ ᠦᠨᠳᠦᠰᠦᠲᠡᠨ | ᠤ ᠪᠦᠯᠬᠦᠮᠳᠡᠯ ᠪᠠ ᠱᠠᠰᠢᠨ ᠰᠤᠷᠲᠠᠬᠤᠨ ᠤ ᠡᠶ᠎ᠡ ᠵᠣᠬᠢᠴᠠᠯ ᠢ ᠦᠨᠡᠨᠬᠦ ᠬᠠᠮᠠᠭᠠᠯᠠᠨ᠎ᠠ︔ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠪᠦᠷᠢᠳᠬᠡᠯ ᠢ ᠰᠠᠶᠢᠲᠤᠷ ᠬᠢᠨᠠᠨ ᠰᠢᠯᠭᠠᠵᠤ᠂ ᠳᠦᠷᠪᠡᠳᠦᠭᠡᠷ ᠤᠳᠠᠭᠠᠨ ᠤ ᠪᠦᠬᠦ | ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠪᠣᠯᠤᠨ ᠬᠤᠶᠠᠳᠤᠭᠠᠷ ᠤᠳᠠᠭᠠᠨ ᠤ ᠪᠦᠬᠦ ᠤᠯᠤᠰ ᠤᠨ | ᠪᠣᠬᠢᠷᠳᠤᠯ ᠤᠨ ᠡᠬᠢ ᠶᠢ ᠨᠡᠶᠢᠳᠡᠮ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠪᠡᠶᠡᠯᠡᠭᠦᠯᠦᠨ᠎ᠡ︔ ᠪᠠᠴᠢᠮ ᠪᠠᠶᠢᠳᠠᠯ ᠢ | ᠠᠷᠭᠠᠴᠠᠭᠠᠨ ᠠᠶᠤᠯ ᠲᠦᠭᠰᠢᠭᠦᠷᠢ ᠶᠢ ᠰᠡᠷᠭᠡᠶᠢᠯᠡᠨ ᠬᠤᠷᠢᠭᠯᠠᠵᠤ᠂ ᠰᠢᠢᠳᠪᠦᠷᠢᠯᠡᠬᠦ ᠴᠢᠳᠠᠪᠦᠷᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠡᠶ᠎ᠡ ᠵᠣᠬᠢᠴᠠᠯᠲᠤ ᠠᠮᠤᠷ ᠲᠣᠭᠲᠠᠭᠤᠨ ᠨᠡᠶᠢᠭᠡᠮ ᠤᠨ ᠪᠠᠶᠢᠳᠠᠯ ᠢ ᠪᠠᠲᠤᠯᠠᠨ᠎ᠠ᠃ | ︵ᠨᠠᠢᠮᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠠᠷᠠᠳ ᠲᠦᠮᠡᠨ ᠰᠡᠳᠬᠢᠯ ᠬᠠᠨᠣᠮᠵᠢᠲᠠᠢ | ᠪᠠᠶᠢᠬᠤ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠪᠠᠶᠢᠭᠤᠯᠤᠨ᠎ᠠ᠃ | ᠤᠯᠤᠰ ᠲᠦᠷᠦ ᠶᠢᠨ ᠰᠦᠭ ᠰᠦᠨᠡᠰᠦ ᠶᠢ ᠪᠠᠬᠢᠵᠢᠭᠦᠯᠵᠦ᠂ ᠤᠯᠤᠰ ᠲᠦᠷᠦ ᠶᠢᠨ ᠣᠪᠤᠷ ᠴᠢᠩᠭ᠎ᠠ ᠪᠠᠶᠢᠬᠤ | ᠲᠠᠯ᠎ᠠ ᠪᠠᠷ ᠬᠡᠪ ᠳᠠᠭᠤᠷᠢᠶᠠᠯ ᠦᠵᠡᠭᠦᠯᠦᠨ᠎ᠡ᠃ ᠤᠯᠤᠰ ᠲᠦᠷᠦ ᠶᠢᠨ ᠪᠦᠲᠦᠭᠡᠨ ᠪᠠᠶᠢᠭᠤᠯᠤᠯᠲᠠ ᠶᠢ ᠲᠡᠷᠢᠭᠦᠨ | ᠪᠠᠶᠢᠷᠢᠨ ᠳᠤ ᠲᠠᠯᠪᠢᠵᠤ᠂ ︽ᠳᠦᠷᠪᠡᠨ ᠤᠬᠠᠮᠰᠠᠷ︾ ᠢᠶᠠᠨ ᠴᠢᠩᠭᠠᠳᠬᠠᠨ᠂ ︽ᠳᠦᠷᠪᠡᠨ ᠢᠲᠡᠭᠡᠯ︾ ᠢ | ᠪᠠᠷᠢᠮᠲᠠᠯᠠᠵᠤ᠂ ᠰᠢ ᠶᠢᠨ ᠫᠢᠩ ᠨᠦᠬᠦᠷ ᠢᠶᠠᠷ ᠲᠦᠪ ᠪᠣᠯᠭᠠᠭᠰᠠᠨ ᠨᠠᠮ ᠤᠨ ᠲᠦᠪ ᠬᠤᠷᠢᠶᠠᠨ ᠤ ᠡᠷᠬᠡ ᠰᠦᠷ ᠪᠠ | ᠲᠦᠪᠯᠡᠷᠡᠭᠰᠡᠨ ᠨᠢᠭᠡᠲᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠂ ᠲᠦᠪ ᠬᠤᠷᠢᠶᠠᠨ ᠤ ᠴᠢᠭᠯᠡᠯᠲᠡ ᠪᠠ ᠲᠦᠷᠦ | ᠶᠢᠨ ᠪᠣᠳᠤᠯᠭ᠎ᠠ ᠶᠢ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠪᠣᠯᠤᠨ | ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠱᠠᠭᠠᠷᠳᠠᠯᠭ᠎ᠠ ᠶᠢ ᠡᠷᠡᠰ ᠨᠠᠶᠢᠳᠠᠪᠦᠷᠢᠵᠢᠭᠤᠯᠤᠨ᠎ᠠ︔ | ᠰᠢᠨ᠎ᠡ ᠴᠠᠭ ᠤᠨ ᠪᠠᠶᠢᠳᠠᠯ ᠳᠣᠣᠷᠠᠬᠢ ᠨᠠᠮ ᠤᠨ ᠳᠣᠲᠤᠭᠠᠳᠤᠬᠢ ᠤᠯᠤᠰ ᠲᠦᠷᠦ ᠶᠢᠨ ᠠᠮᠢᠳᠤᠷᠠᠯ ᠤᠨ ᠳᠦᠷᠢᠮ | ᠤᠳ ᠢ ᠴᠢᠩᠭ᠎ᠠ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠡᠷᠡᠭ ᠵᠦᠪᠯᠡᠬᠦ ᠳᠦᠷᠢᠮ ᠪᠠ ᠰᠢᠢᠳᠪᠦᠷᠢ ᠲᠣᠭᠲᠠᠭᠠᠬᠤ | ᠠᠯᠬᠤᠮ ᠳᠠᠷᠠᠭ᠎ᠠ ᠶᠢ ᠲᠡᠭᠦᠯᠳᠡᠷᠵᠢᠭᠦᠯᠦᠨ ᠨᠠᠶᠢᠳᠠᠪᠦᠷᠢᠵᠢᠭᠤᠯᠤᠨ᠎ᠠ︔ ︽ᠤᠭ ᠵᠣᠷᠢᠯᠲᠠ ᠪᠠᠨ ᠦᠯᠦ ᠮᠠᠷᠲᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠤᠣᠯ ᠰᠡᠳᠦᠪᠲᠦ ᠰᠤᠷᠭᠠᠨ ᠬᠦᠮᠦᠵᠢᠯ ᠤᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠦᠷᠨᠢᠭᠦᠯᠵᠦ᠂ ︽ᠬᠤᠶᠠᠷ ᠢ ᠰᠤᠷᠤᠯᠴᠠᠨ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ | ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠬᠡᠪᠰᠢᠯ ᠪᠠ ᠳᠦᠷᠢᠮᠵᠢᠯ ᠢ ᠪᠠᠷᠢᠮᠲᠠᠯᠠᠨ᠎ᠠ᠃ | ᠬᠠᠤᠯᠢ ᠶᠣᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢ ᠪᠠᠷ ᠴᠢᠩᠭ᠎ᠠ ᠵᠠᠰᠠᠬᠤ ᠲᠠᠯ᠎ᠠ ᠪᠠᠷ ᠬᠡᠪ | ᠳᠠᠭᠤᠷᠢᠶᠠᠯ ᠪᠣᠯᠤᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ | ᠶᠢ ᠬᠠᠤᠯᠢ ᠶᠣᠰᠤᠭᠠᠷ ᠬᠦᠯᠢᠶᠡᠵᠦ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠨ᠂ ᠨᠡᠶᠢᠭᠡᠮ ᠤᠨ ᠣᠯᠠᠨ ᠨᠡᠶᠢᠲᠡ ᠶᠢᠨ ᠬᠢᠨᠠᠯᠲᠠ ᠪᠠ ᠶᠠᠷᠢᠶ᠎ᠠ ᠬᠡᠯᠡᠯᠴᠡᠬᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ | ᠤᠨ ᠪᠣᠰᠤ ᠬᠦᠮᠦᠰ ᠪᠣᠯᠤᠨ ᠠᠷᠠᠳ ᠤᠨ ᠪᠦᠯᠬᠦᠮ ᠤᠳ ᠤᠨ ᠰᠠᠨᠠᠯ ᠢ ᠦᠷᠭᠡᠨ ᠢᠶᠠᠷ ᠰᠣᠨᠤᠰᠴᠤ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠨ᠎ᠡ︔ ᠬᠢᠨᠠᠨ ᠪᠠᠶᠢᠴᠠᠭᠠᠬᠤ | ᠪᠠᠶᠢᠭᠤᠯᠤᠯ ᠤᠨ ᠥᠭᠡᠷᠡᠴᠢᠯᠡᠯᠲᠡ ᠶᠢ ᠪᠦᠬᠦ ᠬᠦᠴᠦ ᠪᠠᠷ ᠳᠡᠮᠵᠢᠵᠦ᠂ ᠬᠢᠨᠠᠨ ᠪᠠᠶᠢᠴᠠᠭᠠᠬᠤ ᠵᠦᠪᠯᠡᠯ ᠤᠨ ᠬᠢᠨᠠᠯᠲᠠ | ᠶᠢ ᠤᠬᠠᠮᠰᠠᠷ ᠠᠴᠠ ᠪᠠᠨ ᠬᠦᠯᠢᠶᠡᠨ᠎ᠡ︔ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠣᠯᠠᠨ | ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠪᠠ ᠣᠷᠤᠯᠴᠠᠬᠤ ᠡᠷᠬᠡ ᠶᠢ ᠪᠠᠲᠤᠯᠠᠨ᠎ᠠ︔ ᠬᠠᠤᠯᠢ ᠶᠢᠨ ᠵᠦᠪᠯᠡᠭᠴᠢ ᠶᠢᠨ | ᠳᠦᠷᠢᠮ ᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠰᠡᠳᠬᠢᠬᠦᠢ ᠪᠠ ᠬᠡᠯᠪᠡᠷᠢ ᠶᠢ ᠤᠬᠠᠮᠰᠠᠷ ᠠᠴᠠ ᠪᠠᠨ | ᠬᠡᠷᠡᠭᠯᠡᠵᠦ᠂ ᠥᠭᠡᠷᠡᠴᠢᠯᠡᠯᠲᠡ ᠶᠢ ᠲᠦᠷᠭᠡᠳᠬᠡᠨ᠂ ᠬᠦᠭᠵᠢᠯᠲᠡ ᠶᠢ ᠠᠬᠢᠭᠤᠯᠵᠤ᠂ ᠵᠦᠷᠢᠴᠡᠯ ᠢ ᠨᠠᠮᠳᠠᠭᠠᠨ᠂ ᠵᠠᠰᠠᠭ | ᠤᠨ ᠣᠷᠳᠣᠨ ᠤ ᠠᠵᠢᠯ ᠢ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠵᠠᠮ ᠳᠤ ᠣᠷᠤᠭᠤᠯᠤᠨ᠎ᠠ᠃ | ᠦᠪ ᠦᠨᠡᠨᠬᠦ ᠪᠤᠳᠠᠲᠠᠢ ᠪᠠᠷ ᠠᠵᠢᠯᠯᠠᠵᠤ᠂ ᠬᠠᠷᠢᠭᠤᠴᠠᠯᠭ᠎ᠠ ᠴᠢᠩᠭ᠎ᠠ ᠲᠠᠯ᠎ᠠ ᠪᠠᠷ ᠬᠡᠪ ᠳᠠᠭᠤᠷᠢᠶᠠᠯ | ᠦᠵᠡᠭᠦᠯᠦᠨ᠎ᠡ᠃ ᠦᠨᠡᠨ ᠦᠭᠡ ᠬᠡᠯᠡᠬᠦ᠂ ᠪᠣᠳᠠᠳᠠᠢ ᠠᠵᠢᠯᠯᠠᠬᠤ᠂ ᠠᠷᠭ᠎ᠠ ᠪᠣᠳᠤᠯᠭ᠎ᠠ ᠭᠠᠷᠭᠠᠬᠤ ᠵᠢᠴᠢ ᠪᠣᠳᠠᠳᠤ | ᠠᠮᠵᠢᠯᠲᠠ ᠣᠯᠬᠤ ᠶᠢ ᠪᠠᠷᠢᠮᠲᠠᠯᠠᠵᠤ ᠵᠣᠷᠢᠭᠲᠠᠢ ᠪᠠᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ︽ᠬᠠᠳᠠᠭᠠᠰᠤ | ᠬᠠᠳᠠᠬᠤ︾ ᠵᠣᠷᠢᠭ ᠰᠠᠨᠠᠭ᠎ᠠ ᠪᠠᠷ ᠡᠯ᠎ᠡ ᠲᠠᠯ᠎ᠠ ᠶᠢᠨ ᠠᠵᠢᠯ ᠢᠶᠠᠨ ᠨᠠᠷᠢᠨ ᠬᠢᠨᠠᠮᠠᠭᠠᠢ ᠰᠠᠶᠢᠲᠤᠷ ᠪᠡᠶᠡᠯᠡᠭᠦᠯᠦᠨ᠎ᠡ︔ | ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠦᠷᠢᠵᠢᠭᠤᠯᠵᠤ᠂ ᠲᠣᠳᠤᠷᠬᠠᠢ ᠬᠠᠷᠠᠯᠲᠠ᠂ ᠲᠣᠳᠤᠷᠬᠠᠢ ᠠᠷᠭ᠎ᠠ | ᠠᠪᠴᠠᠯ᠂ ᠲᠣᠳᠤᠷᠬᠠᠢ ᠴᠠᠭ ᠤᠨ ᠬᠢᠵᠠᠭᠠᠷ ᠵᠢᠴᠢ ᠲᠣᠳᠤᠷᠬᠠᠢ ᠬᠠᠷᠢᠭᠤᠴᠠᠯᠭᠠᠲᠠᠨ ᠤ ᠱᠠᠭᠠᠷᠳᠠᠯᠭ᠎ᠠ ᠶᠢ | ᠦᠨᠳᠦᠰᠦᠯᠡᠨ᠂ ᠡᠯ᠎ᠡ ᠲᠠᠯ᠎ᠠ ᠶᠢᠨ ᠠᠵᠢᠯ ᠢ ᠪᠠᠶᠢᠭᠤᠯᠭ᠎ᠠ ᠨᠢᠭᠡᠴᠡ᠂ ᠲᠦᠷᠦᠯ ᠵᠦᠢᠯ ᠵᠢᠴᠢ ᠭᠦᠢᠴᠡᠳᠬᠡᠯ ᠲᠤᠭ᠎ᠠ | ᠬᠦᠷᠲᠡᠯ᠎ᠡ ᠪᠣᠳᠠᠳᠠᠶᠢᠵᠢᠭᠤᠯᠤᠨᠠ︔ ᠠᠰᠠᠭᠤᠳᠠᠯ ᠤᠨ ᠵᠢᠯᠤᠭᠤᠳᠤᠮᠵᠢ ᠶᠢ ᠪᠠᠷᠢᠮᠲᠠᠯᠠᠵᠤ᠂ ᠴᠠᠭ ᠲᠣᠬᠠᠢ ᠳᠤᠨᠢ | ᠠᠰᠠᠭᠤᠳᠠᠯ ᠢ ᠰᠠᠨᠠᠭᠠᠴᠢᠯᠠᠭ᠎ᠠ ᠲᠠᠢ ᠪᠠᠷ ᠢᠯᠡᠷᠡᠭᠦᠯᠦᠨ᠂ ᠰᠠᠨᠠᠭᠠᠴᠢᠯᠠᠭ᠎ᠠ ᠲᠠᠢ ᠪᠠᠷ ᠡᠶᠡᠳᠡᠭᠦᠯᠬᠦ ᠪᠠ ᠰᠢᠢᠳᠪᠦᠷᠢᠯᠡᠨ᠎ᠡ | ︔ ᠴᠢᠳᠠᠮᠵᠢ ᠶᠢᠨ ᠬᠠᠷᠢᠭᠤᠴᠠᠯᠭ᠎ᠠ ᠨᠡᠬᠡᠮᠵᠢᠯᠡᠬᠦ᠂ ᠬᠢᠨᠠᠨ ᠪᠠᠶᠢᠴᠠᠭᠠᠵᠤ ᠰᠢᠢᠳᠪᠦᠷᠢᠯᠡᠬᠦ ᠵᠢᠴᠢ ᠦᠷ᠎ᠡ ᠪᠦᠲᠦᠮᠵᠢ ᠶᠢ | ᠬᠢᠨᠠᠨ ᠦᠨᠡᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠠᠵᠢᠯ ᠤᠨ ᠶᠠᠰᠤ ᠴᠢᠨᠠᠷ ᠤᠨ ᠳᠡᠭᠡᠭᠰᠢᠯᠡᠯᠲᠡ ᠪᠠ | ᠦᠷ᠎ᠡ ᠠᠰᠢᠭ ᠤᠨ ᠨᠡᠮᠡᠭᠳᠡᠯ ᠢ ᠪᠦᠬᠦ ᠲᠠᠯ᠎ᠠ ᠪᠠᠷ ᠠᠬᠢᠭᠤᠯᠤᠨ᠎ᠠ᠃ | ᠠᠷᠢᠭᠤᠨ ᠴᠢᠭᠡᠴᠢ ᠶᠢ ᠬᠢᠴᠢᠶᠡᠩᠭᠦᠶᠢᠯᠡᠨ ᠵᠢᠷᠤᠮᠯᠠᠵᠤ᠂ ᠰᠤᠷᠲᠠᠯ ᠴᠢᠩᠭ᠎ᠠ ᠪᠠᠶᠢᠬᠤ ᠲᠠᠯ᠎ᠠ ᠪᠠᠷ ᠬᠡᠪ | ᠳᠠᠭᠤᠷᠢᠶᠠᠯ ᠦᠵᠡᠭᠦᠯᠦᠨ᠎ᠡ᠃ ᠲᠦᠪ ᠬᠤᠷᠢᠶᠠᠨ ᠤ ᠨᠠᠢᠮᠠᠨ ᠵᠣᠷᠪᠤᠰ ᠲᠣᠭᠲᠠᠭᠠᠯ ᠪᠠ ᠨᠠᠷᠢᠨ ᠳᠦᠷᠢᠮ ᠢ | ᠬᠡᠷᠡᠭᠵᠢᠭᠦᠯᠬᠦ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠨᠠᠮ ᠤᠨ ᠰᠤᠷᠲᠠᠯ ᠴᠢᠭᠡᠴᠢ ᠵᠠᠰᠠᠭ | ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠪᠠ ᠴᠢᠭᠡᠴᠢ ᠵᠠᠰᠠᠭ ᠤᠨ ᠳᠦᠷᠢᠮ ᠢ ᠴᠢᠩᠭ᠎ᠠ | ᠬᠡᠷᠡᠭᠵᠢᠭᠦᠯᠦᠨ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ | ᠶᠢ ᠭᠦᠨᠵᠡᠭᠡᠶᠢᠷᠡᠭᠦᠯᠦᠨ᠎ᠡ︔ ᠨᠡᠶᠢᠲᠡ ᠶᠢᠨ ᠪᠡᠯᠡ ᠮᠦᠩᠭᠦ ᠪᠠ ᠡᠬᠢ ᠰᠣᠷᠪᠤᠯᠵᠢ ᠵᠡᠷᠭᠡ ᠭᠤᠣᠯᠳᠠᠯᠭ᠎ᠠ ᠲᠠᠢ ᠬᠦᠷᠢᠶ᠎ᠡ | ᠴᠠᠷᠠᠭᠠᠨ ᠤ ᠬᠢᠨᠠᠨ ᠬᠠᠮᠢᠶᠠᠷᠤᠯᠲᠠ ᠪᠠᠨ ᠴᠢᠩᠭᠠᠳᠬᠠᠨ᠂ ᠵᠠᠰᠠᠭ ᠤᠨ ᠣᠷᠳᠣᠨ ᠤ ᠠᠵᠢᠯ ᠢ ᠢᠯᠡ ᠪᠣᠯᠭᠠᠬᠤ ᠶᠢ | ᠪᠠᠲᠤᠯᠠᠨ᠎ᠠ︔ ᠶᠡᠭᠡ ᠪᠠᠷ ᠪᠠᠶᠢᠴᠠᠭᠠᠨ ᠰᠤᠳᠤᠯᠤᠯᠲᠠ ᠬᠢᠵᠦ᠂ ᠪᠦᠬᠦ ᠰᠡᠳᠬᠢᠯ ᠪᠦᠬᠦ ᠵᠣᠷᠢᠭ ᠢᠶᠠᠷ ᠠᠵᠢᠯᠯᠠᠨ᠂ | ᠪᠠᠶᠢᠳᠠᠯ ᠢ ᠣᠶᠢᠯᠠᠭᠠᠵᠤ᠂ ᠠᠰᠠᠭᠤᠳᠠᠯ ᠢ ᠰᠤᠳᠤᠯᠤᠨ᠂ ᠠᠵᠢᠯ ᠢᠶᠠᠨ ᠯᠠᠪ ᠯᠠᠪᠳᠠᠭᠤᠨ ᠪᠡᠶᠡᠯᠡᠭᠦᠯᠵᠦ᠂ ᠬᠡᠯᠪᠡᠷᠢᠴᠢ | ᠦᠵᠡᠯ ᠪᠠ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ︔ ᠲᠦᠪ ᠴᠢᠩᠭ᠎ᠠ ᠰᠤᠷᠲᠠᠯ ᠪᠠ ᠰᠠᠬᠢᠯᠭ᠎ᠠ ᠪᠠᠲᠤ ᠶᠢ | ᠴᠢᠩᠭᠠᠳᠬᠠᠨ᠂ ᠠᠵᠢᠯᠯᠠᠬᠤ ᠦᠭᠡᠢ᠂ ᠬᠤᠶᠢᠷᠭᠤᠰᠢᠬᠤ᠂ ᠳᠤᠷ᠎ᠠ ᠪᠠᠷ ᠠᠵᠢᠯᠯᠠᠬᠤ ᠶᠢ ᠴᠢᠩᠭ᠎ᠠ ᠴᠡᠭᠴᠡᠯᠡᠵᠦ᠂ ︽ | ᠳᠦᠷᠪᠡᠨ ᠰᠤᠷᠲᠠᠯ︾ ᠤᠨ ᠠᠰᠠᠭᠤᠳᠠᠯ ᠳᠠᠬᠢᠨ ᠢᠯᠡᠷᠡᠬᠦ ᠶᠢ ᠡᠷᠡᠰ ᠬᠤᠷᠢᠭᠯᠠᠨ᠎ᠠ᠃ | ᠲᠦᠯᠦᠭᠡᠯᠡᠭᠴᠢᠳ ᠡ᠂ ᠰᠢᠨ᠎ᠡ ᠴᠠᠭ ᠡᠷᠡᠨ ᠳᠤ ᠰᠢᠨ᠎ᠡ ᠠᠶᠠᠨ ᠢᠶᠠᠨ ᠡᠬᠢᠯᠡᠭᠦᠯᠵᠦ᠂ ᠰᠢᠨ᠎ᠡ ᠴᠠᠭ ᠡᠷᠡᠨ ᠳᠤ ᠰᠢᠨ᠎ᠡ | ᠠᠮᠵᠢᠯᠲᠠ ᠭᠠᠷᠭᠠᠬᠤ ᠬᠡᠷᠡᠭᠲᠡᠢ᠃ ᠪᠢᠳᠡ ᠰᠢ ᠶᠢᠨ ᠫᠢᠩ ᠨᠦᠬᠦᠷ ᠢᠶᠠᠷ ᠲᠦᠪ ᠪᠣᠯᠭᠠᠭᠰᠠᠨ ᠨᠠᠮ ᠤᠨ ᠲᠦᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠳᠡᠭᠡᠳᠦ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠤᠭ ᠵᠣᠷᠢᠯᠲᠠ ᠪᠠᠨ ᠦᠯᠦ ᠮᠠᠷᠲᠠᠨ᠂ ᠴᠤᠴᠠᠯᠲᠠ ᠦᠭᠡᠢ ᠣᠷᠤᠭᠰᠢᠯᠠᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠲᠡᠮᠡᠴᠡᠨ ᠣᠯᠬᠤ ᠪᠠ ᠪᠦᠬᠦ ᠬᠤᠰᠢᠭᠤᠨ ᠤ | ᠦᠷᠭᠡᠨ ᠣᠯᠠᠨ ᠠᠷᠠᠳ ᠲᠦᠮᠡᠨ ᠤ ᠵᠤᠯ ᠵᠢᠷᠭᠠᠯᠲᠤ ᠠᠮᠢᠳᠤᠷᠠᠯ ᠢ ᠴᠣᠭᠴᠠᠯᠠᠬᠤ ᠶᠢᠨ ᠲᠦᠯᠦᠭᠡ ᠴᠢᠷᠮᠠᠶᠢᠨ | ᠲᠡᠮᠡᠴᠡᠵᠡᠭᠡᠶ᠎ᠡ︕ |