ᠴᠠᠭᠠᠨᠬᠠᠳᠠ ᠰᠤᠮᠤ  ︽10.17︾ ᠪᠦᠬᠦ ᠤᠯᠤᠰ ᠤᠨ ᠶᠠᠳᠠᠭᠤ ᠶᠢ ᠲᠡᠳᠬᠦᠬᠦ ᠡᠳᠦᠷ ᠤᠨ ᠤᠬᠠᠭᠤᠯᠭ᠎ᠠ ᠶᠢᠨ ᠠᠵᠢᠯᠯᠠᠭᠠᠨ ᠵᠢᠴᠢ ᠦᠪᠣᠷ ᠵᠤᠤ ᠭᠠᠴᠠᠭ᠎ᠠ ᠶᠢᠨ ᠤᠯᠠᠭᠠᠨᠮᠥ᠋ᠴᠢᠷ ᠪᠠᠶᠢᠭᠤᠯᠣᠭᠳᠠᠭᠰᠠᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ  ᠶᠠᠪᠣᠭᠤᠯᠪᠠ
ᠨᠡᠶᠢᠲᠡᠯᠡᠭᠰᠡᠨ ᠴᠠᠭ᠄
2019/10/23
     ᠪᠦᠬᠦ ᠤᠯᠤᠰ ᠤᠨ ᠶᠠᠳᠠᠭᠤ ᠶᠢ ᠲᠡᠳᠬᠦᠬᠦ ᠡᠳᠦᠷ ᠬᠦᠷᠴᠦ ᠢᠷᠡᠬᠦ ᠲᠠᠰᠢᠷᠠᠮ ᠢᠶᠠᠷ᠂ ᠴᠠᠭᠠᠨᠬᠠᠳᠠ ᠰᠤᠮᠤ ᠨᠢ ᠰᠣᠶᠣᠯ ᠢᠶᠠᠷ ᠶᠠᠳᠠᠭᠤ ᠶᠢ ᠲᠡᠳᠬᠦᠬᠦ ᠪᠠᠷ ᠭᠤᠤᠯ ᠪᠣᠯᠭᠠᠵᠤ᠂  ᠦᠪᠣᠷ ᠭᠠᠴᠠᠭ᠎ᠠ ᠳᠤ ᠤᠯᠠᠭᠠᠨᠮᠥ᠋ᠴᠢᠷ ᠢ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠣ᠂ ᠤᠷᠠᠨ ᠰᠠᠶᠢᠬᠠᠨ ᠤ ᠲᠣᠭᠯᠠᠯᠲᠠ ᠶᠢᠨ ᠠᠷᠭ᠎ᠠ ᠵᠠᠮ ᠢᠶᠠᠷ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠᠷ ᠡᠬᠢᠯᠡᠯᠲᠡ ᠪᠣᠯᠭᠠᠨ᠎ᠠ᠃᠂ ᠰᠤᠮᠤᠨ ᠤ ᠮᠣᠩᠭᠤᠯ ᠭᠡᠷ ᠲᠤ ᠤᠷᠠᠨ ᠰᠠᠶᠢᠬᠠᠨ ᠤ ᠠᠵᠢᠯᠯᠠᠭ᠎ᠠ ᠥᠷᠨᠢᠭᠦᠯᠵᠦ᠂  ᠲᠡᠭᠦᠰ ᠠᠮᠵᠢᠯᠲᠠ ᠣᠯᠵᠠᠶ᠃
    ᠴᠠᠭᠠᠨᠬᠠᠳᠠ ᠰᠤᠮᠤ ᠶᠢᠨ ᠦᠪᠣᠷ ᠵᠤᠤ ᠭᠠᠴᠠᠭᠠᠨ ᠤ ᠤᠯᠠᠭᠠᠨᠮᠥ᠋ᠴᠢᠷ ᠤᠨ ᠡᠩᠨᠡᠭᠡ ᠶᠢ ᠥᠪᠡᠷᠲᠡᠭᠡᠨ ᠵᠠᠰᠠᠬᠤ ᠣᠷᠣᠨ ᠤ ᠲᠣᠰᠬᠤᠨ ᠳᠤ ᠰᠠᠭᠤᠭ᠎ᠠ ᠺᠠᠳ᠋ᠷ ᠭᠠᠷᠪᠤ ᠪᠠᠭᠰᠢ ᠲᠦᠷᠦᠭᠦᠯᠡᠨ ᠳᠤᠷᠠᠳᠤᠯᠭ᠎ᠠ ᠭᠠᠷᠭᠠᠵᠤ᠂ ᠭᠠᠴᠠᠭᠠᠨ ᠤ ︽ᠬᠤᠶᠠᠷ ᠵᠥᠪᠯᠡᠯ︾ ᠲᠠᠢ ᠵᠦᠪᠳᠡᠨ ᠵᠣᠬᠢᠶᠠᠨ ᠪᠠᠶᠢᠭᠤᠯᠪᠠ᠃  ᠨᠠᠮ ᠤᠨ ᠲᠥᠷᠥ ᠶᠢᠨ ᠪᠣᠳᠣᠯᠭ᠎ᠠ ᠶᠢ ᠤᠬᠠᠭᠤᠯᠬᠤ ᠪᠠᠷ ᠭᠤᠣᠯ ᠪᠣᠯᠭᠠᠨ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠮᠠᠯᠴᠢᠳ ᠤᠨ ᠰᠢᠨ᠎ᠡ ᠠᠮᠢᠳᠤᠷᠠᠯ ᠢ ᠮᠠᠭᠲᠠᠨ ᠳᠠᠭᠤᠯᠠᠵᠤ᠂ ᠰᠣᠶᠣᠯ ᠢᠶᠠᠷ ᠶᠠᠳᠠᠭᠤ ᠶᠢ ᠲᠡᠳᠬᠦᠬᠦ ᠪᠠᠷ ᠠᠵᠢᠯᠯᠠᠭ᠎ᠠ ᠶᠢᠨ ᠭᠤᠣᠯ ᠠᠭᠤᠯᠭ᠎ᠠ  ᠪᠣᠯᠭᠠᠨ᠎ᠠ᠃ ᠡᠨᠡ ᠪᠣᠯ ᠬᠠᠮᠤᠭ ᠤᠨ ᠥᠷᠭᠡᠨ ᠣᠯᠠᠨ ᠮᠠᠯᠴᠢᠨ ᠲᠦᠮᠡᠨ ᠤ ᠰᠠᠶᠢᠨ ᠳᠤᠷ᠎ᠠ ᠠᠴᠠ ᠪᠠᠨ ᠣᠷᠣᠯᠴᠠᠭᠰᠠᠨ ᠨᠢᠭᠡᠨ ᠡᠩᠨᠡᠭᠡ ᠪᠣᠯᠤᠨ᠎ᠠ᠂ ᠡᠭᠦᠨ ᠳᠤ ᠡᠯ᠎ᠡ ᠨᠠᠰᠤᠨ ᠤ ᠱᠠᠲᠤ ᠦᠶ᠎ᠡ ᠶᠢ ᠬᠠᠮᠤᠷᠴᠤ᠂ ᠭᠠᠷᠪᠤ ᠪᠠᠭᠰᠢ ᠦᠪᠡᠷᠲᠡᠭᠡᠨ ᠠᠩᠭᠢ ᠳᠠᠭᠠᠭᠤᠯᠣᠨ ᠲᠣᠭᠯᠠᠯᠲᠠ ᠶᠢ ᠨᠠᠶᠢᠷᠠᠭᠤᠯᠤᠨ ᠵᠢᠭᠰᠠᠭᠠᠵᠤ᠂ ᠪᠥᠵᠢᠭ ᠤᠨ ᠲᠥᠯᠥᠪᠯᠡᠭᠡ᠂ ᠡᠳᠦᠷ ᠲᠤᠲᠤᠮ ᠤᠨ ᠪᠣᠯᠪᠠᠰᠤᠷᠠᠯ᠂ ᠳᠠᠭᠤᠯᠠᠬᠤ ᠵᠢᠯᠣᠭᠤᠳᠤᠯᠭ᠎ᠠ᠂ ᠨᠠᠶᠢᠷᠠᠯ ᠳᠠᠭᠤᠤ ᠶᠢᠨ ᠵᠢᠯᠣᠭᠤᠳᠤᠯᠭ᠎ᠠ᠂ ᠬᠤᠯᠪᠣᠭ᠎ᠠ ᠦᠭᠡ ᠪᠢᠴᠢᠬᠦ᠂ ᠲᠠᠶᠢᠰᠠ ᠤ ᠪᠣᠯᠪᠠᠰᠤᠷᠠᠯ᠂ ᠤᠳᠤᠷᠢᠳᠤᠭᠠᠴᠢ ᠵᠡᠷᠭᠡ ᠶᠢ ᠬᠠᠷᠢᠭᠤᠴᠠᠨ ᠳᠠᠭᠠᠭᠤᠯᠵᠣ᠃ ᠲᠣᠭᠯᠠᠯᠲᠠ ᠶᠢᠨ ᠠᠭᠤᠯᠭ᠎ᠠ ᠳᠤ ᠬᠤᠯᠪᠣᠭ᠎ᠠ᠂ ᠬᠥᠭᠵᠢᠮ ᠬᠠᠪᠰᠣᠷᠭᠠᠬᠤ ᠦᠭᠡᠢ ᠨᠠᠶᠢᠷᠠᠯ ᠳᠠᠭᠤᠤ᠂ ᠬᠤᠤᠰᠯᠠᠯ ᠳᠠᠭᠤᠤ᠂ ᠭᠤᠴᠣᠯᠠᠯ ᠪᠥᠵᠢᠭ᠂ ᠭᠤᠴᠣᠯᠠᠯ ᠳᠠᠭᠤᠤ᠂ ᠮᠣᠷᠢᠨ ᠬᠤᠭᠤᠷ ᠤᠨ ᠬᠥᠭᠵᠢᠮ᠂ ᠳᠥᠷᠪᠡᠨ ᠤᠲᠠᠰᠤᠲᠤ ᠬᠤᠭᠤᠷ᠂ ᠳᠥᠷᠪᠡᠯᠡᠯ ᠳᠠᠭᠤᠤ ᠵᠡᠷᠭᠡ ᠪᠣᠢ᠃ ᠣᠳᠣᠬᠠᠨ ᠳᠤ ᠨᠡᠶᠢᠲᠡ 29 ᠲᠣᠭᠯᠠᠭᠴᠢ ᠡᠯᠰᠡᠵᠦ᠂ ᠶᠢᠰᠦᠨ ᠬᠤᠪᠢ ᠠᠴᠠ ᠳᠡᠭᠡᠭᠰᠢᠬᠢ ᠨᠢ ᠭᠠᠴᠠᠭᠠᠨ ᠠᠴᠠ ᠢᠷᠡᠵᠡᠢ᠂ ᠣᠨᠴᠠ ᠵᠠᠷᠢᠮ ᠨᠢ ᠪᠤᠰᠤᠳ ᠭᠠᠵᠠᠷ ᠠᠴᠠ ᠢᠷᠡᠵᠡᠢ᠃ ᠵᠠᠷᠤᠳᠠᠯ ᠮᠥᠩᠭᠦ᠂ ᠬᠤᠪᠴᠠᠰᠤ ᠬᠤᠨᠠᠷ᠂ ᠬᠤᠳᠠᠯᠳᠤᠭᠠᠨ ᠤ ᠲᠣᠭᠯᠠᠯᠲᠠ ᠦᠭᠡᠢ᠂ ᠡᠯ᠎ᠡ ᠵᠣᠶᠢᠯ ᠤᠨ ᠬᠥᠭᠵᠢᠮᠳᠡᠭᠦᠷ ᠂ ᠬᠥᠭᠵᠢᠮᠳᠡᠭᠦᠷ ᠤᠨ ᠲᠥᠬᠦᠭᠡᠷᠦᠮᠵᠢ᠂ ᠲᠠᠶᠢᠰᠠᠨ ᠤ ᠪᠠᠭᠠᠵᠢ ᠬᠡᠷᠡᠭᠰᠡᠯ ᠵᠡᠷᠭᠡ ᠶᠢ ᠪᠦᠷ ᠦᠪᠡᠷᠲᠡᠭᠡᠨ ᠪᠡᠯᠡᠳᠭᠡᠵᠦ᠃ ᠣᠯᠠᠨ ᠲᠦᠮᠡᠨ ᠳᠤ ᠦᠢᠯᠡᠴᠢᠯᠡᠵᠦ᠂  ᠭᠠᠴᠠᠭᠠᠨ ᠤ ᠬᠥᠷ ᠬᠥᠭᠵᠢᠶᠡᠨ ᠲᠠᠢ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠤᠨ᠎ᠠ᠃ ᠰᠤᠮᠤᠨ ᠤ ᠰᠣᠶᠣᠯ ᠢᠶᠠᠷ ᠶᠠᠳᠠᠭᠤ ᠶᠢ ᠲᠡᠳᠬᠦᠬᠦ ᠳᠤ ᠬᠦᠴᠦ ᠨᠡᠮᠡᠵᠦ᠂ ᠨᠡᠶᠢᠭᠡᠮ ᠤᠨ ᠡᠭᠡᠯ ᠪᠣᠷᠣᠭᠵᠢᠭᠤᠨ ᠠᠷᠠᠳ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃    
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号