2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2019/3/19
ᠴᠡᠴᠡᠷᠯᠢᠭ ᠤᠨ ᠲᠦᠷᠦᠯ ᠵᠦᠢᠯ ᠢ ᠠᠬᠢᠭᠤᠯᠵᠤ᠂ ᠭᠢᠳᠠᠨ ᠰᠤᠶᠤᠯ ᠤᠨ ᠰᠣᠳᠤᠨ ᠵᠢᠭᠤᠯᠴᠢᠯᠠᠯ ᠤᠨ ᠱᠤᠭᠤᠮ ᠢ ᠦᠨᠳᠦᠰᠦᠨ ᠳᠡᠭᠡᠨ ᠪᠦᠷᠢᠯᠳᠦᠭᠦᠯᠦᠨ᠂ ᠯᠢᠶᠤᠤ ᠶᠢᠨ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ ᠡᠵᠡᠩᠨᠡᠭᠦᠯᠵᠦ᠂ ᠭᠢᠳᠠᠨ ᠤ ᠵᠠᠩ ᠵᠠᠩᠰᠢᠯ ᠢ ᠲᠤᠰᠬᠠᠭᠰᠠᠨ ᠲᠣᠮᠤ ᠬᠡᠪᠴᠢᠶᠡᠨ ᠤ ᠳᠠᠭᠤᠤ ᠪᠦᠵᠢᠭ ᠤᠨ ᠲᠣᠭᠯᠠᠯᠲᠠ ︽ᠭᠢᠳᠠᠨ ᠸᠠᠩᠲᠤ ᠲᠦᠷᠦ︾ ᠶᠢ ᠠᠮᠵᠢᠯᠲᠠ ᠲᠠᠢ ᠠᠩᠬ᠎ᠠ ᠲᠣᠭᠯᠠᠵᠤ᠂ ᠲᠣᠮᠣ ᠬᠡᠪᠴᠢᠶᠡᠨ ᠤ ᠰᠤᠶᠤᠯ ᠵᠢᠭᠤᠯᠴᠢᠯᠠᠯ ᠤᠨ ᠨᠠᠶᠢᠷ ᠢ ᠪᠡᠯᠭᠡᠯᠡᠬᠦ ᠠᠵᠢᠯᠯᠠᠭ᠎ᠠ 12 ᠲᠠᠯᠠᠪᠤᠷ ᠡᠷᠬᠢᠯᠡᠨ᠂ 113.7 ᠲᠦᠮᠡᠨ ᠵᠢᠭᠤᠯᠴᠢᠯᠠᠭᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠤᠯᠭ᠎ᠠ ᠨᠢ 16.6 ᠳ᠋ᠦᠩᠰᠢᠭᠤᠷ ᠲᠦᠭᠦᠷᠢᠭ ᠬᠦᠷᠦᠭᠰᠡᠨ ᠪᠠᠶᠢᠨ᠎ᠠ᠃ ᠪᠤᠳᠠᠰ ᠤᠨ ᠭᠦᠢᠯᠭᠡᠭᠡᠨ ᠤ ᠲᠣᠭᠤᠷᠢᠭ ᠤᠨ ᠮᠠᠰᠢᠨ ᠲᠡᠷᠭᠡᠨ ᠤ ᠠᠷᠠᠯᠵᠢᠶ᠎ᠠ ᠶᠢᠨ ᠠᠵᠤ ᠦᠢᠯᠡᠰ ᠤᠨ ᠬᠡᠯᠬᠢᠶ᠎ᠡ ᠶᠢ ᠢᠳᠡᠭ ᠢᠳᠡᠭ ᠢᠶᠠᠷ ᠪᠦᠷᠢᠯᠳᠦᠭᠦᠯᠵᠦ᠂ ᠪᠦᠬᠦ ᠣᠷᠣᠨ ᠤ ᠠᠩᠬᠠᠳᠤᠭᠠᠷ ᠪᠦᠯᠦᠭ ᠠᠯᠢ ᠪᠠ ᠪᠠ ︽ᠡᠯᠧᠺᠲᠷᠣᠨ ᠬᠤᠳᠠᠯᠳᠤᠭ᠎ᠠ ᠪᠠᠷ ᠲᠠᠷᠢᠶᠠᠯᠠᠩ ᠢ ᠬᠦᠭᠵᠢᠭᠦᠯᠬᠦ︾ ᠲᠦᠷᠦᠯ ᠵᠦᠢᠯ ᠢ ᠠᠮᠵᠢᠯᠲᠠ ᠲᠠᠢ ᠣᠷᠤᠭᠤᠯᠤᠨ᠂ ᠬᠠᠩᠭᠠᠨ ᠪᠣᠷᠤᠯᠠᠭᠤᠯᠬᠤ ᠬᠤᠷᠰᠢᠶ᠎ᠠ ᠶᠢᠨ ᠭᠠᠵᠠᠷ ᠰᠢᠷᠤᠢ ᠶᠢ ᠨᠠᠶᠢᠳᠠᠨ ᠬᠠᠮᠢᠶᠠᠷᠤᠭᠤᠯᠤᠭᠰᠠᠨ ᠲᠠᠯᠠᠪᠠᠢ ᠨᠢ 12 ᠲᠦᠮᠡᠨ ᠮᠤ᠋ ᠶᠢ ᠳᠠᠪᠠᠵᠠᠢ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ ᠲᠤᠰ ᠲᠤᠰ 99.6 ᠳ᠋ᠦᠩᠰᠢᠭᠤᠷ ᠲᠦᠭᠦᠷᠢᠭ ᠪᠠ 87.5 ᠳ᠋ᠦᠩᠰᠢᠭᠤᠷ ᠲᠦᠭᠦᠷᠢᠭ ᠲᠤ ᠬᠦᠷᠴᠦ᠂ ᠵᠢᠭᠡᠯᠡᠯᠭᠡ ᠨᠢ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠨ᠂ ᠵᠢᠭᠡᠯᠡᠯᠭᠡ ᠪᠠ ᠬᠠᠳᠠᠭᠠᠯᠠᠮᠵᠢ ᠶᠢᠨ ᠬᠠᠷᠢᠴᠠᠯ ᠨᠢ 87.8% ᠬᠦᠷᠴᠦ᠂ ᠢ ᠾᠧᠩ ᠶᠤᠸᠠᠨ ᠡᠪᠡᠰᠦᠨ ᠭᠦᠷᠦᠮᠡᠯ ᠪᠦᠲᠦᠭᠡᠭᠳᠡᠭᠦᠨ ᠤ ᠬᠢᠵᠠᠭᠠᠷᠲᠤ ᠺᠤᠮᠫᠠᠨᠢ ᠵᠡᠷᠭᠡ 12 ᠠᠵᠤ ᠠᠬᠤᠶᠢᠯᠠᠯ ᠥᠪᠥᠷ ᠮᠣᠩᠭᠤᠯ ᠤᠨ ᠰᠲ᠋ᠤᠺ ᠤᠨ ᠰᠣᠯᠢᠯᠴᠠᠭᠠᠨ ᠤ ᠲᠦᠪ ᠲᠤ ᠫᠠᠶᠢᠰᠠ ᠡᠯᠭᠦᠪᠡ᠃ᠨᠢᠭᠡ ᠵᠢᠯ ᠤᠨ ᠲᠤᠷᠰᠢ᠂ ᠪᠢᠳᠡ ᠪᠦᠬᠦ ᠬᠤᠰᠢᠭᠤᠨ ᠤ ᠬᠡᠪᠴᠢᠶᠡᠨ ᠳᠤ ᠨᠢᠭᠡᠲᠦᠯᠲᠡᠢ ᠲᠦᠯᠦᠪᠯᠡᠬᠦ ᠶᠢ ᠪᠠᠷᠢᠮᠲᠠᠯᠠᠵᠤ᠂ ᠬᠤᠲᠠ ᠬᠦᠳᠡᠭᠡ ᠶᠢᠨ ᠵᠣᠬᠢᠴᠠᠩᠭᠤᠢ ᠬᠦᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠤᠷᠳᠣᠴᠠ ᠶᠢ ᠲᠦᠷᠭᠡᠳᠬᠡᠪᠡ—— ᠬᠤᠲᠠ ᠬᠦᠳᠡᠭᠡ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠲᠠᠰᠤᠷᠠᠯᠲᠠ ᠦᠭᠡᠢ ᠲᠡᠭᠦᠯᠳᠡᠷᠵᠢᠪᠡ᠃ ᠬᠦᠳᠡᠭᠡ ᠲᠤᠰᠬᠤᠨ ᠮᠠᠯᠵᠢᠬᠤ ᠣᠷᠣᠨ ᠤ ᠵᠠᠰᠠᠮᠠᠯ ᠵᠠᠮ 197 ᠺᠢᠯᠦᠮᠧᠲᠷ᠂ ᠵᠢᠭᠤᠯᠴᠢᠯᠠᠯ ᠤᠨ ᠵᠠᠰᠠᠮᠠᠯ ᠵᠠᠮ 25.1 ᠺᠢᠯᠦᠮᠧᠲᠷ ᠵᠢᠴᠢ ᠬᠦᠭᠦᠷᠭᠡ 9 ᠰᠠᠤᠷᠢ ᠰᠢᠨ᠎ᠡ ᠪᠠᠷ ᠪᠠᠶᠢᠭᠤᠯᠤᠭᠰᠠᠨ ᠪᠠ ᠰᠢᠨᠡᠳᠬᠡᠨ ᠵᠠᠰᠠᠵᠤ ᠂ ᠬᠦᠪ ᠤᠨ ᠭᠤᠤ ᠤᠰᠤᠨ ᠠᠰᠢᠭᠯᠠᠯᠲᠠ ᠶᠢᠨ ᠭᠤᠣᠯ ᠢᠨᠵᠧᠨᠧᠷᠢᠩ   ᠢ ᠡᠬᠢᠯᠡᠨ ᠪᠠᠶᠢᠭᠤᠯᠵᠤ᠂  ᠱᠢᠨᠠ ᠤᠰᠤᠨ ᠴᠦᠭᠦᠷᠦᠮ ᠤᠨ ᠪᠠᠬᠢᠵᠢᠭᠦᠯᠦᠯᠲᠡ ᠨᠢ ᠱᠠᠲᠤᠴᠢ ᠴᠢᠨᠠᠷᠲᠠᠢ ᠬᠢᠨᠠᠨ ᠰᠢᠯᠭᠠᠭᠤᠯᠵᠤ᠂ ᠤᠯᠠᠭᠠᠨᠳᠠᠪᠠᠭ᠎ᠠ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠤ ᠢᠨᠵᠧᠨᠧᠷᠢᠩ ᠪᠠ ᠦᠯᠵᠡᠶᠢᠮᠦ᠋ᠷᠡᠨ ᠭᠤᠣᠯ ᠤᠨ ᠤᠯᠤᠰ  ᠤᠨ ᠨᠠᠮᠤᠭᠲᠤ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠠᠮᠵᠢᠯᠲᠠ ᠲᠠᠢ ᠠᠬᠢᠭᠤᠯᠪᠠ᠃ ᠭᠠᠵᠠᠷ ᠰᠢᠷᠤᠢ ᠶᠢ ᠴᠡᠭᠴᠡᠯᠡᠬᠦ ᠲᠦᠷᠦᠯ ᠵᠦᠢᠯ 9381 ᠮᠤ᠋ ᠬᠡᠷᠡᠭᠵᠢᠭᠦᠯᠵᠦ᠂ 1235 ᠮᠣ᠋ ᠭᠠᠵᠠᠷ ᠰᠢᠷᠤᠢ ᠶᠢ ᠮᠡᠳᠡᠭᠦᠯᠦᠨ ᠵᠦᠪᠰᠢᠶᠡᠷᠡᠭᠦᠯᠵᠦ᠂ ᠭᠠᠵᠠᠷ ᠰᠢᠷᠤᠢ ᠶᠢ ᠬᠠᠮᠠᠭᠠᠯᠠᠬᠤ ᠪᠠ ᠪᠠᠲᠤᠯᠠᠬᠤ ᠦᠢᠯᠡᠳᠦᠯ ᠢᠯᠡᠳᠲᠡ ᠳᠡᠭᠡᠭᠰᠢᠯᠡᠪᠡ᠃ ᠹᠦ᠋ ᠾᠧ ᠠᠴᠠ ᠬᠠᠯᠢᠭᠤᠲᠤ ᠬᠦᠷᠬᠦ 220 ᠺᠢᠯᠦᠸᠣᠯᠲ ᠤᠨ ᠴᠠᠬᠢᠯᠭᠠᠨ ᠬᠤᠪᠢᠰᠬᠠᠭᠤᠷ ᠤᠨ ᠦᠷᠲᠡᠭᠡ ᠶᠢ ᠠᠰᠢᠭᠯᠠᠯᠲᠠ ᠳᠤ ᠣᠷᠤᠭᠤᠯᠵᠤ᠂ ᠳᠣᠣᠷ᠎ᠠ ᠬᠦᠴᠦᠳᠡᠯᠲᠦ ᠴᠠᠬᠢᠯᠭᠠᠨ ᠰᠦᠯᠵᠢᠶ᠎ᠡ ᠶᠢᠨ ᠦᠭᠡᠷᠡᠴᠢᠯᠡᠯᠲᠡ ᠶᠢᠨ ᠢᠨᠵᠧᠨᠧᠷᠢᠩ ᠢ ᠲᠣᠭᠲᠠᠭᠤᠨ ᠠᠬᠢᠭᠤᠯᠤᠨ᠂ ᠪᠦᠬᠦ ᠬᠤᠰᠢᠭᠤᠨ ᠤ ᠴᠠᠬᠢᠯᠭᠠᠨ ᠬᠦᠴᠦᠨ ᠤ ᠰᠢᠰᠲ᠋ᠧᠮ ᠤᠨ ᠲᠣᠣᠷᠵᠢᠯ ᠤᠨ ᠪᠦᠲᠦᠴᠡ ᠶᠢ ᠦᠷᠭᠦᠯᠵᠢᠯᠡᠨ ᠰᠠᠶᠢᠵᠢᠷᠠᠭᠤᠯᠪᠠ᠃—— ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠯᠠᠪᠳᠠᠭᠤᠨ ᠬᠡᠷᠡᠭᠵᠢᠭᠦᠯᠪᠡ᠃ ︽ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢᠨ ᠲᠣᠬᠠᠢ ᠰᠠᠨᠠᠯ︾ ᠢ ᠲᠣᠭᠲᠠᠭᠠᠵᠤ᠂ ᠶᠠᠪᠤᠭᠤᠷᠢᠲᠠᠢ ᠠᠷᠭ᠎ᠠ ᠬᠡᠮᠵᠢᠶ᠎ᠡ ᠪᠠᠷ ᠬᠦᠳᠡᠭᠡ ᠲᠤᠰᠬᠤᠨ ᠤ ᠬᠦᠭᠵᠢᠯᠲᠡ ᠮᠠᠨᠳᠤᠯᠲᠠ  ᠶᠢ ᠲᠣᠭᠲᠠᠭᠤᠨ ᠤᠷᠤᠭᠰᠢᠯᠠᠬᠤ ᠶᠢ ᠠᠬᠢᠭᠤᠯᠪᠠ᠃ ᠭᠤᠣᠯᠯᠠᠬᠤ ᠠᠵᠤ ᠦᠢᠯᠡᠰ ᠤᠨ ᠳᠠᠶᠢᠴᠢᠯᠠᠯᠲᠠ ᠶᠢ ᠳᠣᠪᠤᠶᠢᠯᠭᠠᠵᠤ᠂ ᠱᠦᠭᠦᠷ ᠡᠪᠡᠰᠦ ᠲᠠᠷᠢᠵᠤ ᠤᠷᠭᠤᠭᠤᠯᠬᠤ ᠲᠤᠰᠬᠠᠢ ᠲᠤᠰᠬᠤᠨ 20᠂ ᠠᠯᠠᠰᠢᠨ ᠡᠯᠵᠢᠭᠡ ᠲᠡᠵᠢᠭᠡᠬᠦ ᠲᠤᠰᠬᠠᠢ ᠲᠤᠰᠬᠤᠨ 22 ᠵᠢᠴᠢ ᠬᠡᠪᠴᠢᠶᠡᠵᠢᠭᠰᠡᠨ ᠠᠯᠠᠰᠢᠨ ᠦᠬᠡᠷ ᠲᠡᠵᠢᠭᠡᠬᠦ ᠲᠠᠯᠠᠪᠠᠢ 56 ᠶᠢ ᠪᠠᠶᠢᠭᠤᠯᠪᠠ᠃ ᠭᠠᠵᠠᠷ ᠣᠷᠣᠨ ᠤ ᠪᠠᠶᠢᠳᠠᠯ ᠳᠠᠭᠠᠨ ᠳᠣᠬᠢᠷᠠᠭᠤᠯᠤᠨ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠭᠵᠢᠭᠦᠯᠵᠦ᠂ ᠣᠷᠣᠨ ᠪᠠ ᠬᠤᠲᠠ ᠶᠢᠨ ᠳᠡᠰ ᠤᠨ ᠰᠡᠯᠡᠭᠦᠴᠡᠯ ᠲᠠᠷᠢᠶᠠᠯᠠᠩ ᠮᠠᠯ ᠠᠵᠤ ᠠᠬᠤᠢ ᠪᠣᠯᠤᠨ ᠬᠦᠳᠡᠭᠡ ᠲᠤᠰᠬᠤᠨ ᠮᠠᠯᠵᠢᠬᠤ ᠣᠷᠣᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠡᠭ 5 ᠪᠠᠶᠢᠭᠤᠯᠪᠠ᠃ ᠣᠷᠣᠨ ᠰᠠᠭᠤᠴᠠ  ᠶᠢᠨ ᠣᠷᠴᠢᠨ ᠲᠣᠭᠤᠷᠢᠨ ᠤ ᠴᠡᠭᠴᠡᠯᠡᠯᠲᠡ ᠶᠢ ᠶᠡᠬᠡᠪᠡᠷ ᠠᠬᠢᠭᠤᠯᠵᠤ᠂ ᠵᠠᠷᠤᠳᠠᠯ ᠪᠠ ᠲᠦᠬᠦᠭᠡᠷᠦᠮᠵᠢ ᠶᠢ ᠪᠠᠲᠤᠯᠠᠨ᠂ ᠭᠠᠴᠠᠭ᠎ᠠ ᠲᠤᠰᠬᠤᠨ ᠢᠶᠠᠷ ᠭᠤᠣᠯ ᠴᠣᠭᠴᠠ ᠪᠣᠯᠭᠠᠭᠰᠠᠨ ᠤᠷᠳᠤᠮᠵᠢ ᠶᠢᠨ ᠴᠢᠨᠠᠷᠲᠠᠢ ᠵᠣᠬᠢᠴᠠᠮᠵᠢ ᠶᠢ ᠦᠨᠳᠦᠰᠦᠨ  ᠳᠡᠭᠡᠨ ᠪᠠᠶᠢᠭᠤᠯᠪᠠ᠃—— ᠯᠢᠨᠳᠦ᠋ᠩ ᠬᠤᠲᠠ ᠲᠣᠭᠤᠷᠢᠭ ᠤᠨ ᠰᠠᠭᠤᠷᠢᠰᠢᠬᠤ ᠳᠤ ᠳᠣᠬᠢᠷᠠᠮᠵᠢᠲᠠᠢ ᠬᠢᠷᠢ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠹᠦ᠋ ᠱᠠᠨ ᠴᠡᠴᠡᠷᠯᠢᠭ ᠢ ᠪᠠᠶᠢᠭᠤᠯᠤᠨ᠂ ᠪᠸᠢ ᠱᠠᠨ ᠴᠡᠴᠡᠷᠯᠢᠭ ᠪᠠ ᠸᠠᠩ ᠵᠢᠩ ᠭᠧ ᠴᠡᠴᠡᠷᠯᠢᠭ ᠢ ᠦᠭᠡᠷᠡᠴᠢᠯᠡᠨ ᠵᠠᠰᠠᠵᠤ ᠠᠰᠢᠭᠯᠠᠯᠲᠠ ᠳᠤ ᠣᠷᠤᠭᠤᠯᠵᠤ  ᠂ ᠰᠢᠨ᠎ᠡ ᠪᠠᠷ 29.6 ᠲᠦᠮᠡᠨ ᠬᠠᠪᠲᠠᠭᠠᠢ ᠳᠦᠷᠪᠡᠯᠵᠢᠨ ᠮᠧᠲᠷ ᠨᠣᠭᠤᠭᠠᠷᠠᠭᠤᠯᠪᠠ᠃ ᠲᠣᠣ ᠬᠤᠸᠠ ᠠᠷᠠᠯ ᠪᠠ ᠬᠤᠶᠢᠲᠤ ᠰᠣᠪᠤᠷᠭ᠎ᠠ ᠶᠢᠨ ᠡᠷᠬᠢᠨ ᠲᠣᠭᠤᠷᠢᠨ ᠤ ᠳᠦᠭᠦᠮ ᠪᠦᠲᠦᠴᠡᠲᠦ ᠣᠷᠣᠨ ᠰᠠᠭᠤᠴᠠ ᠶᠢᠨ ᠦᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠬᠤᠳᠠᠯᠳᠤᠭ᠎ᠠ ᠪᠠ ᠣᠷᠣᠨ ᠰᠠᠭᠤᠴᠠ ᠶᠢᠨ ᠲᠦᠷᠦᠯ ᠵᠦᠢᠯ 80 ᠲᠦᠮᠡᠨ ᠬᠠᠪᠲᠠᠭᠠᠢ ᠳᠦᠷᠪᠡᠯᠵᠢᠨ ᠮᠧᠲᠷ ᠨᠠᠶᠢᠳᠠᠪᠦᠷᠢᠵᠢᠭᠤᠯᠵᠤ᠂ ᠤᠰᠤ᠂ ᠳᠤᠯᠠᠭᠠᠯᠠᠮᠵᠢ ᠵᠢᠴᠢ ᠬᠡᠢ ᠳᠠᠮᠵᠢᠭᠤᠯᠬᠤ ᠬᠤᠭᠤᠯᠠᠢ 26.8 ᠺᠢᠯᠦᠮᠧᠲᠷ ᠰᠢᠨ᠎ᠡ ᠪᠠᠷ ᠪᠠᠶᠢᠭᠤᠯᠪᠠ᠃ ᠬᠤᠲᠠ ᠲᠣᠭᠤᠷᠢᠭ ᠤᠨ ᠵᠣᠷᠯᠤᠩ 64 ᠶᠢ ᠦᠭᠡᠷᠡᠴᠢᠯᠡᠵᠦ᠂ ᠠᠷᠠᠳ ᠲᠤ ᠦᠢᠯᠡᠴᠢᠯᠡᠬᠦ ᠲᠡᠷᠭᠡ 100 ᠶᠢ ᠦᠨ᠎ᠡ ᠲᠦᠯᠦᠪᠦᠷᠢ ᠦᠭᠡᠢ ᠰᠣᠯᠢᠵᠤ᠂ ᠲᠦᠷ ᠴᠠᠭ ᠤᠨ ᠲᠡᠷᠭᠡᠨ ᠵᠣᠭᠰᠤᠭᠠᠯ 1.2 ᠲᠦᠮᠡ ᠰᠢᠨ᠎ᠡ ᠪᠠᠷ ᠨᠡᠮᠡᠪᠡ᠃ ᠵᠢᠩ ᠮᠧᠩ ᠵᠣᠴᠢᠳ ᠤᠨ ᠪᠠᠭᠤᠳᠠᠯ᠂ ᠵᠦ ᠣᠪᠤᠭᠲᠤ ᠶᠢᠨ ᠵᠣᠴᠢᠳ ᠤᠨ ᠪᠠᠭᠤᠳᠠᠯ᠂ ᠭᠤᠣᠯᠳᠠᠯᠭ᠎ᠠ ᠲᠠᠢ ᠵᠠᠮ ᠤᠨ ᠬᠡᠰᠡᠭ  ᠤᠨ ᠭᠤᠸᠠᠯᠢᠭᠵᠢᠯ ᠵᠢᠴᠢ ᠲᠣᠭᠠᠴᠢᠯᠠᠭᠰᠠᠨ ᠬᠤᠲᠠ ᠵᠡᠷᠭᠡ ᠢᠨᠵᠧᠨᠧᠷᠢᠩ ᠢ ᠠᠮᠵᠢᠯᠲᠠ ᠲᠠᠢ ᠠᠬᠢᠭᠤᠯᠵᠤ᠂ ᠬᠤᠲᠠ ᠲᠣᠭᠤᠷᠢᠭ ᠤᠨ ᠶᠡᠷᠦᠩᠬᠡᠶᠢᠯᠡᠭᠰᠡᠨ ᠠᠴᠢᠶᠠᠯᠠᠬᠤ ᠴᠢᠳᠠᠪᠦᠷᠢ ᠶᠢ ᠦᠷᠭᠦᠯᠵᠢᠯᠡᠨ ᠳᠡᠭᠡᠭᠰᠢᠯᠡᠭᠦᠯᠪᠡ᠃ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠣᠯᠠᠨ ᠲᠦᠮᠡᠨ ᠤ ᠵᠣᠯ ᠵᠢᠷᠭᠠᠯ ᠤᠨ ᠬᠡᠮᠵᠢᠶ᠎ᠡ ᠢᠯᠡᠳᠲᠡ ᠳᠡᠭᠡᠭᠰᠢᠯᠡᠪᠡ—— ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠨᠡᠩ ᠰᠠᠶᠢᠵᠢᠷᠠᠪᠠ᠃ ᠰᠤᠷᠭᠠᠨ ᠬᠦᠮᠦᠵᠢᠯ ᠤᠨ ᠮᠡᠳᠡᠭᠡ ᠵᠠᠩᠬᠢᠴᠢᠯᠠᠯᠲᠠ ᠶᠢᠨ ︽ᠭᠤᠷᠪᠠᠨ ᠨᠡᠪᠲᠡᠷᠡᠯᠴᠡᠯ ᠬᠤᠶᠠᠷ ᠲᠠᠪᠴᠠᠩ︾᠂ ᠬᠤᠸᠠᠵᠢᠯᠠᠭ᠎ᠠ ᠪᠠᠶᠢᠷᠢᠯᠠᠬᠤ ᠳᠦᠷᠢᠮᠲᠦ ᠰᠤᠷᠭᠠᠭᠤᠯᠢ ᠶᠢᠨ ᠬᠢᠴᠢᠶᠡᠯᠯᠡᠭᠡ ᠶᠢᠨ ᠠᠰᠠᠷ ᠵᠡᠷᠭᠡ 11 ᠲᠦᠷᠦᠯ ᠵᠦᠢᠯ ᠢ ᠠᠰᠢᠭᠯᠠᠯᠲᠠ ᠳᠤ ᠣᠷᠤᠭᠤᠯᠵᠤ᠂ ᠯᠢᠨᠳᠦ᠋ᠩ ᠤᠨ ᠨᠠᠢᠮᠠᠳᠤᠭᠠᠷ ᠪᠠᠭ᠎ᠠ ᠰᠤᠷᠭᠠᠭᠤᠯᠢ᠂ ᠰᠠᠨ ᠰᠢᠶᠠ ᠬᠡᠥᠬᠡᠳ ᠤᠨ ᠴᠡᠴᠡᠷᠯᠢᠭ ᠵᠡᠷᠭᠡ 6 ᠲᠦᠷᠦᠯ ᠵᠦᠢᠯ ᠢ ᠡᠬᠢᠯᠡᠨ ᠪᠠᠶᠢᠭᠤᠯᠵᠤ᠂ ᠬᠦᠳᠡᠭᠡ ᠲᠤᠰᠬᠤᠨ ᠮᠠᠯᠵᠢᠬᠤ ᠣᠷᠣᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ ᠰᠢᠮ᠎ᠡ ᠲᠡᠵᠢᠭᠡᠯᠲᠦ ᠢᠳᠡᠭᠡᠨ ᠤᠮᠳᠠᠭᠠᠨ ᠤ ᠲᠦᠯᠦᠪᠯᠡᠭᠡ ᠨᠢ 8800 ᠢᠯᠡᠭᠦᠦ ᠰᠤᠷᠤᠭᠴᠢ ᠳᠤ ᠠᠰᠢᠭ ᠬᠦᠷᠲᠡᠭᠡᠵᠦ᠂ ᠮᠠᠨ ᠤ ᠬᠤᠰᠢᠭᠤ ᠨᠢ ︽ᠤᠯᠤᠰ ᠤᠨ ᠳᠡᠰ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠦᠨᠳᠦᠰᠦᠨ ᠳᠡᠭᠡᠨ ᠲᠡᠩᠴᠡᠭᠦᠷᠢᠲᠡᠢ  ᠬᠤᠰᠢᠭᠤ︾ ᠪᠠᠷ ᠦᠨᠡᠯᠡᠭᠳᠡᠪᠡ᠃ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠡᠪᠡᠳᠴᠢᠲᠡᠨ ᠤ ᠶᠡᠷᠦᠩᠬᠡᠶᠢᠯᠡᠭᠰᠡᠨ ᠠᠰᠠᠷ᠂ ᠪᠠᠷᠠᠭᠤᠨ ᠬᠤᠲᠠ ᠵᠡᠭᠡᠯᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠵᠡᠷᠭᠡ 5 ᠲᠦᠷᠦᠯ ᠵᠦᠢᠯ  ᠢ ᠠᠰᠢᠭᠯᠠᠯᠲᠠ ᠳᠤ ᠣᠷᠤᠭᠤᠯᠵᠤ᠂ ᠦᠨᠳᠦᠰᠦᠨ ᠱᠠᠲᠤᠨ ᠤ ᠡᠮᠨᠡᠯᠭᠡ ᠶᠢᠨ ᠪᠠᠶᠢᠭᠤᠯᠤᠮᠵᠢ ᠶᠢᠨ ᠡᠮ ᠤᠨ ᠵᠦᠢᠯ ᠢ ᠴᠦᠮ ᠰᠦᠯᠵᠢᠶ᠎ᠡ ᠪᠠᠷ ᠬᠤᠳᠠᠯᠳᠤᠨ ᠣᠷᠤᠭᠤᠯᠬᠤ ᠪᠣᠯᠭᠠᠵᠤ᠂ ᠱᠠᠲᠤ ᠬᠤᠪᠢᠶᠠᠭᠰᠠᠨ ᠣᠨᠤᠰᠢᠯᠠᠯ ᠪᠠ ᠭᠡᠷ ᠤᠨ ᠡᠮᠴᠢ ᠶᠢᠨ ᠭᠡᠷᠡᠲᠦ ᠦᠢᠯᠡᠴᠢᠯᠡᠭᠡ ᠶᠢ ᠪᠦᠬᠦ ᠲᠠᠯ᠎ᠠ ᠪᠠᠷ ᠠᠬᠢᠭᠤᠯᠤᠨ᠂ ᠴᠢᠨᠠᠷᠯᠢᠭ ᠡᠮ ᠡᠮᠨᠡᠯᠭᠡ ᠡᠷᠡᠭᠦᠯ ᠬᠠᠮᠠᠭᠠᠯᠠᠯ  ᠤᠨ ᠡᠭᠢ ᠰᠣᠷᠪᠤᠯᠵᠢ ᠶᠢ ᠨᠡᠩ ᠣᠯᠠᠨ ᠠᠷᠠᠳ ᠲᠤ ᠬᠦᠷᠲᠡᠭᠡᠪᠡ᠃—— ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠯᠠᠮ ᠲᠡᠭᠦᠯᠳᠡᠷᠵᠢᠪᠡ᠃ ᠡᠯ᠎ᠡ ᠵᠦᠢᠯ ᠤᠨ ᠦᠢᠯᠡᠰ ᠪᠣᠰᠬᠠᠬᠤ ᠪᠣᠯᠪᠠᠰᠤᠷᠠᠯ ᠪᠠ ᠮᠡᠷᠭᠡᠵᠢᠯ ᠤᠨ ᠪᠣᠯᠪᠠᠰᠤᠷᠠᠯ 4340 ᠬᠦᠮᠦᠨ ᠤᠳᠠᠭ᠎ᠠ ᠡᠷᠬᠢᠯᠡᠵᠦ᠂ ᠬᠤᠲᠠ ᠪᠠᠯᠭᠠᠰᠤᠨ ᠳᠤ ᠰᠢᠨ᠎ᠡ ᠪᠠᠷ 1560 ᠬᠦᠮᠦᠨ ᠳᠤ ᠠᠵᠢᠯ ᠣᠯᠭᠤᠨ᠂ ᠮᠠᠯᠴᠢᠨ ᠲᠠᠷᠢᠶᠠᠴᠢᠳ ᠤᠨ ᠬᠦᠳᠡᠯᠮᠦᠷᠢ ᠬᠦᠴᠦ ᠶᠢ ᠰᠢᠯᠵᠢᠭᠦᠯᠦᠨ 5.2 ᠲᠦᠮᠡᠨ ᠬᠦᠮᠦᠨ ᠤᠳᠠᠭ᠎ᠠ ᠳᠤ ᠠᠵᠢᠯ ᠣᠯᠭᠤᠵᠤ᠂ ᠬᠤᠰᠢᠭᠤᠨ ᠤ ᠣᠯᠠᠨ ᠨᠡᠶᠢᠲᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠪᠠ᠃ ᠠᠯᠪᠠᠨ ᠪᠠᠶᠢᠭᠤᠯᠭ᠎ᠠ ᠪᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠪᠠ ᠡᠮᠨᠡᠯᠭᠡ ᠶᠢᠨ ᠳᠠᠭᠠᠳᠬᠠᠯ ᠳᠤ ᠣᠷᠤᠭᠰᠠᠨ ᠨᠣᠷᠮ᠎ᠠ ᠨᠢ ᠲᠤᠰ ᠲᠤᠰ 96% ᠪᠠ 95% ᠬᠦᠷᠴᠦ᠂ ᠡᠮᠨᠡᠯᠭᠡ ᠶᠢᠨ ᠰᠠᠭᠤᠷᠢ ᠮᠦᠩᠭᠦᠨ ᠤ ᠶᠡᠷᠦᠩᠬᠡᠢ ᠲᠤᠭ᠎ᠠ ᠶᠢᠨ ᠵᠠᠷᠤᠳᠠᠯ ᠢ ᠬᠢᠵᠠᠭᠠᠷᠯᠠᠬᠤ ᠬᠠᠮᠢᠶᠠᠷᠤᠯᠲᠠ ᠶᠢᠨ ᠵᠠᠭᠪᠤᠷ ᠢ ᠵᠢᠩᠬᠢᠨᠢ ᠪᠠᠷ ᠬᠡᠷᠡᠭᠵᠢᠭᠦᠯᠪᠡ᠃ ︽ᠳᠣᠯᠤᠭ᠎ᠠ ᠶᠢ ᠨᠢᠭᠡ ᠴᠣᠭᠴᠠᠵᠢᠭᠤᠯᠬᠤ︾ ᠨᠡᠶᠢᠭᠡᠮ ᠤᠨ ᠲᠤᠰᠠᠯᠠᠮᠵᠢ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠢᠨᠡᠴᠢᠯᠡᠵᠦ᠂ ᠪᠦᠬᠦ ᠵᠢᠯ ᠳᠤ ᠡᠯ᠎ᠡ ᠵᠦᠢᠯ ᠤᠨ ᠲᠤᠰᠠᠯᠠᠮᠵᠢ ᠶᠢᠨ ᠮᠦᠩᠭᠦ ᠨᠡᠶᠢᠲᠡ 1.99 ᠳ᠋ᠦᠩᠰᠢᠭᠤᠷ ᠲᠦᠭᠦᠷᠢᠭ ᠲᠠᠷᠬᠠᠭᠠᠨ᠂ 9 ᠲᠦᠮᠡ ᠢᠯᠡᠭᠦᠦ ᠶᠠᠳᠠᠭᠤ ᠬᠦᠴᠢᠷᠲᠡᠢ ᠣᠯᠠᠨ ᠲᠦᠮᠡᠨ ᠳᠤ ᠠᠰᠢᠭ ᠬᠦᠷᠲᠡᠭᠡᠪᠡ᠃—— ᠣᠯᠠᠨ ᠲᠦᠮᠡᠨᠴᠢ ᠰᠤᠶᠤᠯ ᠤᠨ ᠠᠮᠢᠳᠤᠷᠠᠯ ᠨᠡᠩ ᠪᠠᠶᠠᠯᠢᠭᠵᠢᠪᠠ᠃ ᠤᠯᠠᠭᠠᠨᠮᠦ᠋ᠴᠢᠷ ᠤᠨ ᠠᠵᠢᠯ ᠦᠢᠯᠡᠰ  ᠤᠨ ᠲᠤᠬᠠᠢ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠦᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠪᠣᠯᠪᠠᠰᠤᠷᠠᠯ ᠲᠣᠭᠯᠠᠯᠲᠠ ᠶᠢᠨ ᠭᠡᠷᠡᠭᠴᠡᠭᠡ ᠶᠢ ᠪᠦᠬᠦ ᠬᠦᠴᠦᠨ ᠢᠶᠠᠷ ᠪᠠᠲᠤᠯᠠᠨ᠂ ᠵᠢᠯ ᠤᠨ ᠳᠤᠲᠤᠷ᠎ᠠ ᠰᠢᠯᠢᠳᠡᠭ ᠵᠦᠴᠦᠭᠡ 11 ᠶᠢ ᠨᠠᠶᠢᠷᠠᠭᠤᠯᠵᠤ᠂ ᠠᠷᠠᠳ ᠢ ᠲᠣᠬᠤᠨᠢᠭᠤᠯᠬᠤ ᠲᠣᠭᠯᠠᠯᠲᠠ 116 ᠲᠠᠯᠠᠪᠤᠷ ᠡᠷᠬᠢᠯᠡᠪᠡ᠃ ᠯᠢᠶᠤᠤ ᠶᠢᠨ ᠳᠡᠭᠡᠳᠦ ᠨᠡᠶᠢᠰᠯᠡᠯ ᠤᠨ ᠠᠩᠬᠠᠳᠤᠭᠠᠷ ᠤᠳᠠᠭᠠᠨ ᠤ ᠮᠦᠩᠭᠦᠨ ᠡᠪᠦᠯ ᠤᠨ ᠨᠠᠶᠢᠷ᠂  ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠭᠢᠳᠠᠨ ᠰᠤᠶᠤᠯ ᠤᠨ ᠨᠠᠶᠢᠷ ᠵᠢᠴᠢ ᠭᠢᠯᠦᠪᠡᠷ ᠵᠤᠤ ᠰᠦᠮ᠎ᠡ  ᠶᠢᠨ ᠬᠤᠷᠠᠯ ᠵᠡᠷᠭᠡ ᠪᠦᠬᠦ ᠠᠷᠠᠳᠴᠢ ᠴᠢᠨᠠᠷᠲᠠᠢ ᠰᠤᠶᠤᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠤ᠂ ᠣᠯᠠᠨ ᠲᠦᠮᠡᠨ ᠤ ᠤᠶᠤᠨ ᠤ ᠰᠤᠶᠤᠯ ᠤᠨ ᠠᠮᠢᠳᠤᠷᠠᠯ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃ ᠰᠤᠶᠤᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 88 ᠭᠠᠴᠠᠭ᠎ᠠ ᠲᠤᠰᠬᠤᠨ ᠳᠤ  ᠠᠵᠢᠯᠯᠠᠭᠠᠨ ᠤ ᠲᠦᠬᠦᠭᠡᠷᠦᠮᠵᠢ 5246 ᠢᠵᠢ ᠳᠤᠬᠢᠷᠠᠭᠤᠯᠤᠨ᠂ ᠠᠭᠤᠳᠠᠮ ᠲᠠᠯᠠᠪᠠᠢ ᠶᠢᠨ ᠪᠦᠵᠢᠭ ᠪᠠ ᠪᠡᠶ᠎ᠡ ᠪᠣᠯᠪᠠᠰᠤᠷᠠᠭᠤᠯᠬᠤ ᠲᠠᠮᠢᠷ ᠤᠨ ᠡᠩᠨᠡᠭᠡ 428 ᠭᠠᠷᠭᠠᠵᠤ᠂ ᠪᠦᠬᠦ ᠠᠷᠠᠳ ᠢᠶᠠᠷ ᠢᠶᠠᠨ ᠪᠡᠶ᠎ᠡ ᠪᠣᠯᠪᠠᠰᠤᠷᠠᠭᠤᠯᠬᠤ ᠠᠵᠢᠯᠯᠠᠭ᠎ᠠ ᠶᠢ ᠲᠦᠭᠡᠮᠡᠯᠵᠢᠭᠦᠯᠪᠡ᠃       ᠨᠢᠭᠡ ᠵᠢᠯ ᠤᠨ ᠲᠤᠷᠰᠢ᠂ ᠨᠢᠭᠡᠲᠦᠯᠲᠡᠢ ᠲᠦᠯᠦᠪᠯᠡᠨ ᠨᠡᠶᠢᠳᠡᠮ ᠬᠠᠷᠠᠭᠠᠯᠵᠠᠬᠤ ᠶᠢ ᠪᠠᠷᠢᠮᠲᠠᠯᠠᠵᠤ᠂ ᠬᠦᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠪᠡ—— ᠬᠦᠭᠵᠢᠯᠲᠡ ᠶᠢᠨ ᠠᠮᠢᠵᠢᠷᠠᠯ ᠤᠨ ᠬᠦᠴᠦᠨ ᠤ ᠰᠢᠨᠡᠴᠢᠯᠡᠯᠲᠡ ᠦᠨᠡᠨᠬᠦ ᠴᠢᠩᠭᠠᠳᠪᠠ᠃ ᠤᠯᠤᠰ ᠪᠠ ᠣᠷᠣᠨ ᠨᠤᠲᠤᠭ ᠤᠨ ᠭᠠᠶᠢᠯᠢ ᠲᠠᠲᠠᠪᠦᠷᠢᠯᠠᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠮᠵᠢᠯᠲᠠ  ᠲᠠᠢ ᠶᠠᠪᠤᠭᠳᠠᠭᠤᠯᠵᠤ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢ ᠵᠠᠯᠭ᠎ᠠ ᠪᠠᠷ ᠪᠠᠶᠢᠭᠤᠯᠤᠨ᠂ ᠣᠯᠤᠰ ᠤᠨ ᠦᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠲᠡ ᠪᠠ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠷᠬᠡ ᠶᠢ ᠲᠣᠳᠤᠷᠬᠠᠶᠢᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠢ ᠤᠷᠤᠭᠰᠢᠲᠠᠢ ᠪᠡᠶᠡᠯᠡᠭᠦᠯᠵᠦ᠂ ︽ᠬᠤᠶᠠᠷ ᠲᠣᠭᠤᠷᠢᠭ︾ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ᠂ ᠬᠦᠳᠡᠭᠡ ᠲᠤᠰᠬᠤᠨ ᠮᠠᠯᠵᠢᠬᠤ ᠣᠷᠣᠨ ᠤ ᠬᠠᠮᠲᠤ ᠶᠢᠨ ᠠᠵᠤ ᠠᠬᠤᠢ ᠶᠢᠨ ᠦᠮᠴᠢᠯᠡᠬᠦ ᠡᠷᠭᠡ ᠶᠢᠨ ᠳᠦᠷᠢᠮ ᠤᠨ ᠤᠯᠤᠰ ᠤᠨ ᠳᠡᠰ ᠤᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠡᠮᠬᠢ ᠴᠡᠭᠴᠡ ᠲᠠᠢ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠪᠠ ᠬᠦᠷᠦᠩᠭᠡ ᠶᠢᠨ ᠬᠢᠨᠠᠨ ᠪᠣᠳᠤᠯᠲᠠ ᠶᠢ ᠡᠬᠢᠯᠡᠨ ᠬᠡᠷᠡᠭᠵᠢᠭᠦᠯᠪᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠬᠦᠴᠦᠲᠡᠢ ᠠᠬᠢᠭᠤᠯᠵᠤ᠂ ︽ᠨᠠᠢᠮᠠᠨ ᠨᠠᠷᠢᠨ ᠳᠠᠩᠰᠠ︾ ᠶᠢ ᠲᠢᠭᠯᠡᠨ᠂ ᠬᠤᠰᠢᠭᠤ ᠰᠤᠮᠤ ᠪᠠᠯᠭᠠᠰᠤ ᠭᠠᠴᠠᠭ᠎ᠠ ᠲᠤᠰᠬᠤᠨ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠤᠷᠵᠢᠯ ᠢ ᠪᠠᠶᠢᠭᠤᠯᠵᠤ᠂ ᠬᠢᠨᠠᠨ ᠵᠦᠪᠰᠢᠶᠡᠷᠡᠯ ᠤᠨ ᠬᠠᠭᠤᠳᠠᠰᠤ ᠶᠢ ᠦᠨ᠎ᠡ ᠲᠦᠯᠦᠪᠦᠷᠢ ᠦᠭᠡᠢ ᠢᠯᠡᠭᠡᠬᠦ ᠠᠵᠢᠯ ᠢ ᠪᠦᠬᠦ ᠲᠠᠯ᠎ᠠ ᠪᠠᠷ ᠨᠡᠭᠡᠭᠡᠪᠡ᠃ ᠭᠤᠣᠯᠳᠠᠯᠭ᠎ᠠ ᠲᠠᠢ ᠲᠦᠷᠦᠯ ᠵᠦᠢᠯ ᠢ ᠬᠢᠨᠠᠨ ᠵᠦᠪᠰᠢᠶᠡᠷᠡᠬᠦ ︽ᠣᠷᠤᠯᠠᠨ ᠭᠦᠢᠴᠡᠳᠬᠡᠬᠦ ᠳᠦᠷᠢᠮ︾ ᠢ ᠠᠩᠬ᠎ᠠ ᠬᠡᠷᠡᠭᠵᠢᠭᠦᠯᠦᠨ᠂ ᠬᠤᠳᠠᠯᠳᠤᠭᠠᠴᠢᠳ ᠤᠨ ᠡᠪᠯᠡᠯ ᠪᠠ ᠨᠤᠲᠤᠭ ᠤᠨ ᠬᠨᠢᠳᠠᠳ ᠤᠨ ᠬᠤᠯᠪᠤᠭ᠎ᠠ ᠠᠪᠬᠤ ᠵᠣᠬᠢᠴᠠᠮᠵᠢ  ᠶᠢ ᠪᠠᠶᠢᠭᠤᠯᠤᠨ ᠲᠡᠭᠦᠯᠳᠡᠷᠵᠢᠭᠦᠯᠵᠦ᠂ ᠵᠢᠯ ᠤᠨ ᠳᠣᠲᠤᠷ᠎ᠠ 13 ᠲᠦᠷᠦᠯ ᠵᠦᠢᠯ ᠤᠨ ᠭᠡᠷ᠎ᠡ ᠲᠣᠭᠲᠠᠨ᠂ 70.8 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠬᠤ ᠪᠠᠷ ᠲᠣᠭᠲᠠᠪᠠ᠃—— ᠨᠡᠶᠢᠭᠡᠮ ᠤᠨ ᠵᠠᠰᠠᠨ ᠴᠡᠭᠴᠡᠯᠡᠯᠲᠡ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ 186 ᠭᠠᠴᠠᠭ᠎ᠠ ᠲᠤᠰᠬᠤᠨ ᠪᠠ ᠨᠡᠶᠢᠬᠡᠮ ᠲᠤᠭᠤᠷᠢᠭ ᠤᠨ ︽ᠡᠬᠦᠷ ᠵᠦᠪᠯᠡᠯ︾ ᠤᠨ ᠬᠤᠭᠤᠴᠠᠭ᠎ᠠ ᠰᠤᠯᠢᠬᠤ ᠠᠵᠢᠯ ᠢ ᠴᠢᠨᠠᠷᠯᠢᠭ ᠪᠡᠶᠡᠯᠡᠬᠦᠯᠵᠤ᠂ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠤᠯᠬᠤ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠳᠤ ᠪᠠᠳᠤ ᠴᠢᠩᠭ᠎ᠠ ᠵᠤᠬᠢᠶᠠᠨ ᠪᠠᠶᠢᠭᠤᠯᠤᠯᠳᠠ ᠶᠢᠨ ᠰᠠᠭᠤᠷᠢ ᠶᠢ ᠲᠠᠯᠪᠢᠭᠰᠠᠨ ᠪᠠᠶᠢᠨ᠎ᠠ᠃ ᠶᠡᠬᠡᠪᠡᠷ ᠪᠠᠶᠢᠴᠠᠭᠠᠨ ᠵᠠᠰᠠᠨ ᠴᠡᠭᠴᠡᠯᠡᠬᠦ ᠬᠠᠤᠯᠢ ᠬᠡᠷᠡᠭᠵᠢᠭᠦᠯᠬᠦ ᠪᠠᠶᠢᠴᠠᠭᠠᠯᠲᠠ 54 ᠤᠳᠠᠭ᠎ᠠ ᠦᠷᠨᠢᠭᠦᠯᠵᠦ᠂ 857 ᠳᠠᠯᠳᠠ ᠭᠡᠮ ᠢ ᠵᠠᠰᠠᠨ᠂ ᠪᠠᠴᠢᠮ ᠪᠠᠶᠢᠳᠠᠯ ᠢ ᠠᠷᠭᠠᠴᠠᠭᠠᠬᠤ ᠰᠣᠷᠢᠭ᠎ᠠ ᠪᠣᠯᠪᠠᠰᠤᠷᠠᠯ 42 ᠤᠳᠠᠭ᠎ᠠ ᠦᠷᠨᠢᠭᠦᠯᠵᠦ᠂ ᠠᠶᠤᠯ ᠦᠭᠡᠢ ᠦᠢᠯᠡᠳᠪᠦᠷᠢᠯᠡᠯ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号