2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2019/3/19
ᠦᠷᠭᠦᠯᠵᠢᠯᠡᠨ ᠲᠤᠭᠲᠠᠭᠤᠨ ᠪᠠᠶᠢᠬᠤ ᠶᠢ ᠪᠠᠲᠤᠯᠠᠪᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠴᠡᠪᠡᠷᠯᠡᠨ ᠠᠷᠢᠯᠭᠠᠬᠤ ᠲᠤᠰᠬᠠᠢ ᠲᠡᠮᠡᠴᠡᠯ ᠦᠷᠨᠢᠭᠦᠯᠵᠦ᠂ ᠬᠦᠮᠦᠨ ᠤ ᠬᠦᠴᠦ ᠪᠠ ᠵᠠᠷᠤᠳᠠᠯ ᠢ ᠪᠠᠲᠤᠯᠠᠨ᠂ ᠵᠢᠯ ᠤᠨ ᠳᠤᠲᠤᠷ᠎ᠠ ᠬᠠᠷᠬᠢᠰ ᠬᠦᠴᠦᠨ ᠲᠠᠢ ᠬᠤᠯᠪᠤᠭᠳᠠᠭᠰᠠᠨ 5 ᠪᠦᠯᠦᠭᠯᠡᠯ ᠢ ᠠᠷᠢᠯᠭᠠᠵᠤ᠂ ᠬᠤᠯᠪᠤᠭᠳᠠᠭᠰᠠᠨ 85 ᠬᠦᠮᠦᠨ ᠳᠤ ᠴᠣᠬᠢᠯᠲᠠ ᠦᠭᠪᠡ᠃ ᠵᠠᠬᠢᠳᠠᠯ ᠰᠣᠷᠪᠤᠯᠵᠢᠯᠠᠯ ᠪᠠ ᠲᠣᠭᠲᠠᠭᠤᠨ ᠤ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠥᠩᠭᠡᠷᠡᠭᠰᠡᠨ ᠤ ᠳᠠᠷᠤᠭᠳᠠᠭᠰᠠᠨ ᠬᠡᠷᠡᠭ 39 ᠶᠢ ᠰᠢᠢᠳᠪᠦᠷᠢᠯᠡᠪᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠢ ᠴᠡᠭᠴᠡᠯᠡᠯᠲᠡ ᠶᠢᠨ ᠠᠵᠢᠯᠯᠠᠭ᠎ᠠ ᠦᠷᠨᠢᠭᠦᠯᠵᠦ᠂ ᠤᠯᠤᠰ ᠤᠨ ᠢᠳᠡᠭᠡᠨ ᠤ ᠠᠮᠤᠷ ᠲᠦᠪᠰᠢᠨ  ᠤ ᠵᠢᠱᠢᠶ᠎ᠡ ᠦᠵᠡᠭᠦᠯᠬᠦ ᠬᠤᠲᠠ ᠶᠢ ᠪᠦᠲᠦᠭᠡᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠡᠬᠢᠯᠡᠬᠦᠯᠦᠨ᠂ ᠪᠦᠬᠦ ᠵᠢᠯ  ᠳᠤ ᠣᠷᠤᠨ ᠬᠡᠪᠴᠢᠶᠡᠨ ᠤ ᠴᠢᠨᠠᠷᠲᠠᠢ ᠪᠠ ᠰᠢᠰᠲ᠋ᠧᠮᠲᠦ ᠴᠢᠨᠠᠷᠲᠠᠢ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠡᠷᠡᠭ ᠡᠭᠦᠰᠦᠭᠰᠡᠨ ᠦᠭᠡᠢ᠃—— ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ︽ᠳᠦᠷᠪᠡᠨ ᠤᠬᠠᠮᠰᠠᠷ︾ ᠢ ᠪᠠᠲᠤ ᠪᠠᠬᠢ ᠪᠣᠢ ᠪᠣᠯᠭᠠᠵᠤ᠂ ︽ᠳᠦᠷᠪᠡᠨ ᠢᠲᠡᠭᠡᠯ︾ ᠢ ᠢᠮᠠᠭᠲᠠ ᠪᠠᠷᠢᠮᠲᠠᠯᠠᠨ᠂ ︽ᠬᠤᠶᠠᠷ ᠢ ᠬᠠᠮᠠᠭᠠᠯᠠᠬᠤ︾ ᠶᠢ ᠭᠦᠢᠴᠡᠳᠬᠡᠵᠦ᠂ ᠲᠦᠪ ᠰᠤᠷᠲᠠᠯ ᠴᠢᠩᠭ᠎ᠠ ᠰᠠᠬᠢᠯᠭ᠎ᠠ ᠶᠢ ᠡᠭᠦᠷᠢᠳᠡ ᠪᠠᠷᠢᠮᠲᠠᠯᠠᠪᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ ᠪᠠ ᠠᠵᠢᠯ  ᠢᠶᠠᠷ ᠬᠢᠨᠠᠯᠳᠠ ᠲᠠᠯᠪᠢᠬᠤ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ 105 ᠬᠤᠪᠢ ᠰᠠᠨᠠᠭᠤᠯᠭ᠎ᠠ ᠪᠣᠯᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ 66 ᠬᠤᠪᠢ ᠳᠤᠷᠠᠳᠤᠯᠭ᠎ᠠ ᠶᠢ ᠰᠢᠢᠳᠪᠦᠷᠢᠯᠡᠨ᠂ ᠬᠠᠷᠢᠭᠤ ᠲᠤᠰᠬᠠᠬᠤ ᠨᠣᠷᠮ᠎ᠠ ᠨᠢ 100% ᠳᠤ ᠬᠦᠷᠴᠠᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠪᠠᠭᠠᠷᠢᠨ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠡᠷᠡᠭ ᠵᠦᠪᠳᠡᠯᠴᠡᠨ ᠪᠣᠳᠤᠯᠭ᠎ᠠ ᠲᠣᠭᠲᠠᠭᠠᠬᠤ ᠳᠦᠷᠢᠮ︾ ᠢ ᠲᠣᠭᠲᠠᠭᠠᠵᠤ᠂ ᠬᠠᠤᠯᠢ ᠶᠣᠰᠤᠨ ᠤ ᠰᠢᠨᠵᠢᠯᠡᠬᠦ ᠤᠬᠠᠭᠠᠨᠴᠢ ᠠᠷᠠᠳᠴᠢᠯᠠᠯᠲᠤ ᠪᠣᠳᠤᠯᠭ᠎ᠠ ᠲᠣᠭᠲᠠᠭᠠᠬᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠳ᠋ ᠤᠨ ᠵᠠᠰᠠᠭ ᠤᠨ ᠬᠢᠨᠠᠨ ᠲᠣᠭᠲᠠᠭᠠᠯᠲᠠ ᠪᠠ ᠬᠢᠨᠠᠨ ᠪᠣᠳᠤᠯᠲᠠ ᠶᠢᠨ ᠬᠢᠨᠠᠯᠲᠠ ᠲᠠᠯᠪᠢᠬᠤ ᠶᠢ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠲᠦᠷᠦᠯ ᠵᠦᠢᠯ ᠤᠨ ᠪᠡᠯᠡ ᠮᠦᠩᠭᠦ ᠶᠢᠨ ᠬᠢᠨᠠᠨ ᠪᠣᠳᠤᠯᠲᠠ  ᠶᠢᠨ ᠨᠣᠷᠮ᠎ᠠ ᠨᠢ 13.6% ᠬᠦᠷᠴᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠠᠪᠴᠠᠩ ᠤᠨ ᠰᠣᠯᠢᠯᠴᠠᠭ᠎ᠠ ᠶᠢ ᠦᠷᠭᠦᠯᠵᠢᠯᠡᠨ ᠳᠦᠷᠢᠮᠵᠢᠭᠦᠯᠵᠦ᠂ ᠪᠡᠯᠡ ᠮᠦᠩᠭᠦ ᠶᠢ ᠠᠷᠪᠢᠯᠠᠭᠰᠠᠨ ᠨᠣᠷᠮ᠎ᠠ ᠨᠢ 10.4% ᠳᠤ ᠬᠦᠷᠪᠡ᠃       ᠡᠭᠦᠨ ᠤ ᠬᠠᠮᠲᠤ᠂ ᠴᠢᠬᠤᠯᠠ ᠶᠡᠭᠡ ᠠᠵᠢᠯᠯᠠᠭᠠᠨ ᠤ ᠠᠮᠤᠷ ᠲᠣᠭᠲᠠᠭᠤᠨ ᠢ ᠬᠠᠮᠠᠭᠠᠯᠠᠵᠤ᠂ ᠪᠤᠳᠠᠰ ᠤᠨ ᠦᠨ᠎ᠡ ᠶᠡᠷᠦᠩᠬᠡᠢ ᠳᠡᠭᠡᠨ ᠲᠣᠭᠲᠠᠪᠦᠷᠢᠲᠠᠢ ᠪᠠᠶᠢᠵᠤ᠂ ᠦᠨᠳᠦᠰᠦᠲᠡᠨ ᠱᠠᠰᠢᠨ ᠰᠤᠷᠲᠠᠬᠤᠨ ᠤ ᠬᠦᠷᠢᠶᠡᠨ ᠤ ᠡᠶ᠎ᠡ ᠵᠣᠬᠢᠴᠠᠯ ᠢ ᠪᠠᠲᠤᠯᠠᠨ᠂ ᠴᠠᠭ ᠠᠭᠠᠷ ᠤᠨ ᠦᠢᠯᠡᠴᠢᠯᠡᠭᠡᠨ ᠤ ᠴᠢᠳᠠᠪᠦᠷᠢ ᠢᠯᠡᠳᠲᠡ ᠳᠡᠭᠡᠭᠰᠢᠯᠡᠵᠦ᠂ ᠤᠯᠤᠰ ᠤᠨ ᠬᠠᠮᠠᠭᠠᠯᠠᠯᠲᠠ ᠶᠢᠨ ᠳᠠᠶᠢᠴᠢᠯᠠᠬᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠵᠢᠴᠢ ᠭᠠᠳᠠᠭᠠᠳᠤ ᠶᠢᠨ ᠬᠠᠷᠢᠶᠠᠲᠤ ᠶᠢᠨ ᠶᠠᠪᠤᠳᠠᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠳᠠᠩᠰᠠ ᠡᠪᠬᠡᠮᠡᠯ᠂ ᠬᠤᠰᠢᠭᠤᠨ ᠤ ᠣᠶᠢᠯᠠᠯᠭ᠎ᠠ᠂ ᠨᠠᠰᠤᠲᠠᠶᠢᠴᠤᠳ᠂ ᠨᠢᠭᠦᠯᠡᠰᠦᠩᠭᠦᠢ ᠦᠢᠯᠡᠰ᠂ ᠵᠡᠮᠳᠡᠭᠴᠦᠳ ᠤᠨ ᠬᠤᠯᠪᠤᠭ᠎ᠠ᠂ ᠤᠯᠠᠭᠠᠨ ᠵᠠᠭᠠᠯᠮᠠᠶᠢᠲᠠᠨ᠂ ᠡᠮᠡᠭᠲᠡᠶᠢᠴᠦᠳ ᠪᠠ ᠬᠡᠥᠬᠡᠳ ᠪᠠᠭᠠᠴᠤᠳ ᠵᠢᠴᠢ ᠠᠵᠢᠯᠴᠢᠨ ᠤ ᠡᠷᠭᠡ ᠠᠰᠢᠭ ᠤᠨ ᠪᠠᠲᠤᠯᠠᠭ᠎ᠠ ᠵᠡᠷᠭᠡ ᠠᠵᠢᠯ ᠦᠢᠯᠡᠰ ᠤᠨ ᠲᠠᠯ᠎ᠠ ᠪᠠᠷ ᠢᠯᠡᠳᠲᠡ ᠠᠮᠵᠢᠯᠲᠠ ᠣᠯᠵᠤ᠂ ᠪᠦᠬᠦ ᠬᠤᠰᠢᠭᠤᠨ  ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠦᠭᠰᠡᠨ ᠪᠠᠶᠢᠨ᠎ᠠ᠃       ᠨᠢᠭᠡ ᠵᠢᠯ ᠤᠨ ᠲᠤᠷᠰᠢ᠂ ᠪᠢᠳᠡ ᠨᠡᠭᠡᠭᠡᠯᠲᠡ ᠲᠠᠢ ᠪᠠᠷ ᠤᠷᠤᠭᠰᠢᠯᠠᠬᠤ ᠶᠢ ᠪᠠᠷᠢᠮᠲᠠᠯᠠᠵᠤ᠂ ᠣᠯᠠᠨ ᠲᠠᠯ᠎ᠠ  ᠶᠢᠨ ᠠᠵᠢᠯ ᠪᠦᠬᠦ ᠬᠤᠳᠠ ᠶᠢᠨ ᠡᠮᠤᠨ᠎ᠡ ᠡᠩᠨᠡᠬᠡᠨ ᠳᠤ ᠵᠢᠬᠰᠠᠪᠠ       ᠮᠠᠨ ᠤ ᠬᠤᠰᠢᠭᠤ ︽ᠳᠤᠮᠳᠠᠳᠤ ᠤᠯᠤᠰ ᠤᠨ ᠱᠦᠭᠦᠷ ᠡᠪᠡᠰᠦᠨ ᠤ ᠨᠤᠲᠤᠭ︾ ᠢᠶᠠᠷ ᠵᠢᠩᠬᠢᠨᠢ ᠪᠠᠷ ᠦᠨᠡᠯᠡᠭᠳᠡᠵᠦ᠂ ᠠᠷᠪᠠᠨ ᠭᠤᠷᠪᠠᠨ ᠣᠪᠤᠭ᠎ᠠ ᠪᠠᠯᠭᠠᠰᠤ ᠨᠢ ᠤᠯᠤᠰ ᠤᠨ ︽ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠶᠠᠯᠳᠤᠨ ᠬᠦᠭᠵᠢᠭᠰᠡᠨ︾ ᠵᠢᠱᠢᠶ᠎ᠡ ᠦᠵᠡᠭᠦᠯᠬᠦ ᠬᠦᠴᠦᠷᠬᠡᠭ ᠪᠠᠯᠭᠠᠰᠤ ᠪᠠᠷ ᠵᠢᠭᠰᠠᠭᠠᠭᠳᠠᠪᠠ᠃ ᠳᠣᠣᠷ᠎ᠠ ᠪᠠᠲᠤᠯᠠᠭ᠎ᠠ ᠶᠢ ᠣᠨᠤᠪᠴᠢᠲᠠᠢ ᠪᠠᠷ ᠢᠯᠭᠠᠨ ᠲᠣᠭᠲᠠᠭᠠᠬᠤ ᠪᠠᠷᠢᠮᠵᠢᠶᠠᠲᠤ ᠵᠠᠭᠪᠤᠷ ᠢ ᠨᠡᠭᠡᠭᠡᠭᠰᠡᠨ ᠤᠯᠤᠰ ᠤᠨ ᠳᠣᠲᠤᠭᠠᠳᠤ ᠶᠢᠨ ᠦᠯᠢᠭᠡᠷ ᠵᠢᠱᠢᠶ᠎ᠡ ᠪᠣᠯᠵᠤ᠂ ᠪᠦᠬᠦ ᠣᠷᠣᠨ ᠤ ︽ᠬᠠᠮᠤᠭ ᠤᠨ ᠳᠣᠣᠷ᠎ᠠ ᠠᠮᠢᠳᠤᠷᠠᠯ ᠤᠨ ᠪᠠᠲᠤᠯᠠᠭ᠎ᠠ ᠶᠢᠨ ᠳᠦᠷᠢᠮᠵᠢᠭᠰᠡᠨ ᠬᠠᠮᠢᠶᠠᠷᠤᠯᠲᠠ ᠶᠢᠨ ᠠᠩᠬᠠᠳᠤᠭᠠᠷ ᠪᠦᠯᠦᠭ ᠵᠢᠱᠢᠶ᠎ᠡ ᠦᠵᠡᠭᠦᠯᠬᠦ ᠬᠤᠰᠢᠭᠤ︾ ᠪᠠᠷ ᠦᠨᠡᠯᠡᠭᠳᠡᠪᠡ᠃ ᠤᠯᠠᠭᠠᠨᠮᠦ᠋ᠴᠢᠷ ᠳᠡᠰ ᠳᠡᠪᠰᠢᠭᠡᠳ ᠦᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠳᠡᠰ ᠲᠤ ᠣᠷᠤᠵᠤ ᠂ ᠭᠢᠳᠠᠨ· ᠯᠢᠶᠤᠤ ᠶᠢᠨ ᠰᠤᠶᠤᠯ ᠵᠢᠭᠤᠯᠴᠢᠯᠠᠯ ᠤᠨ ᠣᠨᠴᠠᠯᠢᠭᠲᠤ ᠵᠢᠵᠢᠭ ᠪᠠᠯᠭᠠᠰᠤ ᠨᠢ ᠦᠪᠡᠷᠲᠡᠭᠡᠨ ᠵᠠᠰᠠᠬᠤ ᠣᠷᠣᠨ ᠤ ᠬᠦᠭᠵᠢᠭᠦᠯᠬᠦ ᠨᠡᠷᠡᠰ ᠲᠤ ᠵᠢᠭᠰᠠᠭᠠᠭᠳᠠᠪᠠ᠃ ︽ᠳᠤᠮᠳᠠᠳᠤ ᠵᠠᠭᠤᠨ ᠤ ᠦᠶ᠎ᠡ ᠶᠢᠨ ᠨᠡᠶᠢᠰᠯᠡᠯ ᠬᠤᠲᠠ ᠪᠠ ᠲᠠᠯ᠎ᠠ ᠨᠤᠲᠤᠭ ᠤᠨ ᠲᠣᠷᠭᠠᠨ ᠵᠠᠮ ᠵᠢᠴᠢ ᠭᠢᠳᠠᠨ ᠯᠢᠶᠤᠤ ᠶᠢᠨ ᠰᠤᠶᠤᠯ ᠤᠨ ᠣᠯᠠᠨ ᠤᠯᠤᠰ ᠤᠨ ᠡᠷᠳᠡᠮ ᠰᠢᠨᠵᠢᠯᠡᠭᠡᠨ ᠤ  ᠰᠤᠳᠤᠯᠤᠨ ᠶᠠᠷᠢᠯᠴᠠᠬᠤ ᠬᠤᠷᠠᠯ︾᠂ ᠠᠩᠬᠠᠳᠤᠭᠠᠷ ᠬᠤᠭᠤᠴᠠᠭᠠᠨ ᠤ ︽ᠮᠣᠩᠭᠤᠯ ᠤᠨ ᠨᠢᠭᠤᠴᠠ ᠲᠣᠪᠴᠢᠶᠠᠨ︾ ᠤ ᠣᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ᠂ ︽ᠳᠤᠮᠳᠠᠳᠤ ᠤᠯᠤᠰ ᠤᠨ ᠠᠭᠤᠯᠠᠷᠬᠠᠭ ᠭᠠᠵᠠᠷ ᠤᠨ ᠳᠤᠭᠤᠢ ᠲᠡᠷᠭᠡ ᠶᠢᠨ ᠤᠷᠤᠯᠳᠤᠭᠠᠨ︾ ᠵᠢᠴᠢ ᠪᠦᠬᠦ ᠤᠯᠤᠰ ᠤᠨ ᠨᠠᠢᠮᠠᠨ ᠮᠣᠵᠢ ᠣᠷᠣᠨ ᠤ ᠮᠣᠩᠭᠤᠯ ᠬᠡᠯᠡᠨ ᠤ ᠷᠠᠳᠢᠤ᠋ ᠲᠧᠯᠸᠢᠰ ᠤᠨ ᠰᠢᠯᠢᠳᠡᠭ ᠪᠦᠲᠦᠭᠡᠯ ᠤᠨ ᠬᠢᠨᠠᠨ ᠰᠢᠯᠭᠠᠷᠠᠭᠤᠯᠬᠤ ᠬᠤᠷᠠᠯ ᠵᠡᠷᠭᠡ ᠨᠦᠯᠦᠭᠡᠯᠡᠬᠦ ᠬᠦᠴᠦᠨ ᠲᠠᠢ ᠠᠵᠢᠯᠯᠠᠭᠠᠨ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠪᠠ᠃ᠲᠦᠯᠦᠭᠡᠯᠡᠭᠴᠢᠳ ᠡ᠂ ᠡᠳᠡᠭᠡᠷ ᠬᠢᠷᠢ ᠪᠦᠲᠦᠮᠵᠢ ᠨᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠰᠢᠭᠤᠨ ᠤ ᠨᠠᠮ ᠤᠨ ᠬᠤᠷᠢᠶᠠᠨ ᠤ ᠬᠠᠯᠠᠮᠵᠢᠯᠠᠯ ᠪᠠ ᠵᠣᠷᠢᠭᠵᠢᠭᠤᠯᠤᠯ ᠢ ᠲᠤᠰᠬᠠᠵᠤ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠭᠡᠨ ᠤ ᠢᠳᠡᠭᠡᠯ ᠪᠠ ᠳᠡᠮᠵᠢᠯᠭᠡ ᠶᠢ ᠠᠴᠢᠶᠠᠯᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠶᠤᠨ ᠤᠬᠠᠭᠠᠨ ᠪᠠ ᠬᠦᠴᠦᠨ ᠴᠢᠳᠠᠯ  ᠢ ᠨᠢᠭᠲᠠᠷᠠᠭᠤᠯᠵᠤ᠂ ᠺᠠᠳ᠋ᠷ ᠣᠯᠠᠨ ᠲᠦᠮᠡᠨ ᠤ ᠰᠠᠨᠠᠭ᠎ᠠ ᠰᠡᠳᠬᠢᠯ ᠪᠠ ᠬᠦᠴᠦ ᠬᠦᠯᠦᠰᠦ ᠶᠢ ᠲᠦᠪᠯᠡᠷᠡᠭᠦᠯᠵᠡᠢ᠃ ᠬᠦᠴᠢᠷ ᠪᠡᠷᠬᠡᠰᠢᠶᠡᠯ ᠢ ᠳᠠᠪᠠᠨ ᠰᠢᠷᠭᠠᠭᠤ ᠬᠠᠳᠠᠭᠤᠵᠢᠯᠲᠠᠢ ᠲᠡᠮᠡᠴᠡᠵᠦ᠂ ᠦᠨᠦᠳᠦᠷ ᠤᠨ ᠣᠯᠤᠭᠰᠠᠨ ᠠᠮᠵᠢᠯᠲᠠ ᠬᠢᠯᠪᠡᠷ ᠪᠣᠰᠤ ᠶᠤᠮ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠭᠤᠣᠯ ᠲᠠᠯᠠᠪᠤᠷ ᠲᠤ᠂ ᠦᠨᠳᠦᠰᠦᠨ ᠱᠠᠲᠤᠨ ᠤ ᠦᠷᠭᠡᠨ ᠣᠯᠠᠨ ᠺᠠᠳ᠋ᠷᠴᠤᠳ ᠪᠠ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠬᠠᠯᠠᠭᠤᠨ ᠬᠠᠶᠢᠷ᠎ᠠ ᠪᠠᠨ ᠬᠠᠷᠠᠮ ᠦᠭᠡᠢ ᠵᠣᠷᠢᠭᠤᠯᠤᠨ᠂ ᠶᠠᠳᠠᠭᠤ ᠬᠦᠴᠢᠷᠲᠡᠢ ᠣᠯᠠᠨ ᠲᠦᠮᠡᠨ ᠤ ᠳᠡᠭᠡᠳᠦ ᠬᠡᠮᠵᠢᠶᠡᠨ ᠤ ᠦᠨᠡᠯᠡᠯᠲᠡ ᠶᠢ ᠣᠯᠤᠭᠰᠠᠨ ᠪᠠᠶᠢᠨ᠎ᠠ︔ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠮᠦᠨ᠎ᠡ ᠹᠷᠤᠨᠲ ᠲᠤ᠂ ᠪᠦᠬᠦ ᠬᠤᠰᠢᠭᠤᠨ ᠤ ᠡᠯ᠎ᠡ ᠬᠦᠷᠢᠶ᠎ᠡ ᠴᠠᠷᠠᠭ᠎ᠠ ᠪᠠ ᠬᠠᠮᠢᠶ᠎ᠠ ᠪᠦᠬᠦᠢ ᠠᠵᠤ ᠠᠬᠤᠶᠢᠯᠠᠯ ᠤᠳ ᠶᠡᠭᠡ ᠲᠠᠯ᠎ᠠ ᠠᠴᠠ ᠣᠴᠢᠵᠤ᠂ ᠴᠠᠭ ᠬᠤᠭᠤᠴᠠᠭᠠᠨ ᠤ ᠬᠢᠵᠠᠭᠠᠷᠯᠠᠯ ᠢ ᠬᠠᠮᠲᠤ ᠪᠠᠷ ᠲᠡᠪᠴᠢᠨ᠂ ᠴᠢᠩᠭ᠎ᠠ ᠨᠢᠮᠪᠠᠢ ᠵᠠᠰᠠᠨ ᠴᠡᠭᠴᠡᠯᠡᠬᠦ ᠠᠵᠢᠯᠯᠠᠭᠠᠨ ᠤ ᠤᠬᠠᠮᠰᠠᠷ ᠢ ᠢᠯᠡᠷᠡᠭᠦᠯᠪᠡ︔ ᠠᠹᠷᠢᠺᠠ ᠶᠢᠨ ᠭᠠᠭ᠋ᠠᠢ ᠶᠢᠨ ᠬᠢᠵᠢᠭ ᠢ ᠰᠡᠷᠭᠡᠶᠢᠯᠡᠨ ᠬᠤᠷᠢᠭᠯᠠᠬᠤ ᠵᠠᠩᠭᠢᠯᠠᠭ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠣᠷᠣᠨ ᠪᠠ ᠰᠠᠯᠠᠭ᠎ᠠ ᠮᠦᠴᠢᠷ ᠤᠨ ᠬᠢᠨ ᠨᠢᠭᠲᠠ ᠬᠠᠮᠵᠢᠯᠴᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠨ᠂ ᠨᠢᠭᠡᠳᠦᠭᠡᠷ ᠹᠷᠤᠨᠲ ᠲᠠᠬᠢ ᠺᠠᠳ᠋ᠷ ᠠᠵᠢᠯᠲᠠᠳ ᠡᠳᠦᠷᠵᠢᠨ ᠰᠦᠨᠢᠵᠢᠨ ᠴᠢᠩᠭ᠎ᠠ ᠰᠡᠷᠭᠡᠶᠢᠯᠡᠨ ᠰᠠᠬᠢᠭᠰᠠᠨ ᠠᠴᠠ ᠪᠦᠬᠦ ᠬᠤᠰᠢᠭᠤᠨ ᠳᠤ  ᠠᠮᠢᠲᠠᠨ ᠤ ᠣᠨᠴᠠ ᠶᠡᠭᠡ ᠬᠢᠵᠢᠭ ᠤᠨ ᠪᠠᠶᠢᠳᠠᠯ ᠡᠭᠦᠰᠦᠭᠰᠡᠨ ᠦᠭᠡᠢ ᠪᠦᠬᠡᠳ ᠵᠠᠬ᠎ᠠ ᠳᠡᠯᠬᠡᠭᠦᠷ ᠤᠨ ᠬᠠᠩᠭᠠᠯᠭ᠎ᠠ ᠶᠢᠨ ᠲᠣᠭᠲᠠᠭᠤᠨ ᠢ ᠪᠠᠲᠤᠯᠠᠪᠠ᠃ ᠡᠳᠡᠭᠡᠷ ᠲᠤᠭ᠎ᠠ ᠲᠣᠮᠰᠢ ᠦᠭᠡᠢ ᠣᠯᠠᠨ ᠰᠡᠳᠬᠢᠯ ᠢ ᠬᠦᠳᠡᠯᠭᠡᠮ᠎ᠡ ᠦᠢᠯᠡ ᠠᠵᠢᠯᠯᠠᠭ᠎ᠠ ᠤᠳ ᠨᠢ ᠬᠦᠭᠵᠢᠯᠲᠡ ᠶᠢ ᠲᠦᠷᠭᠡᠳᠬᠡᠬᠦ ᠵᠦᠪ ᠡᠨᠧᠷᠭᠢ ᠶᠢ ᠨᠢᠭᠲᠠᠷᠠᠭᠤᠯᠵᠤ᠂ ᠰᠢᠷᠭᠠᠭᠤ ᠬᠠᠲᠠᠭᠤᠵᠢᠯᠲᠠᠢ ᠤᠷᠤᠭᠰᠢᠯᠠᠬᠤ ᠬᠦᠳᠡᠯᠭᠡᠭᠴᠢ ᠬᠦᠴᠦᠨ ᠢ ᠤᠷᠮᠠᠰᠢᠭᠤᠯᠤᠨ᠂ ᠪᠠᠭᠠᠷᠢᠨ ᠵᠡᠭᠦᠨ ᠬᠤᠰᠢᠭᠤ ᠴᠣ ᠰᠢᠨ᠎ᠡ ᠤᠶᠤᠨ ᠰᠠᠨᠠᠭᠠᠨ ᠤ ᠪᠠᠶᠢᠳᠠᠯ ᠪᠠ ᠰᠢᠷᠭᠠᠭᠤ ᠲᠡᠮᠡᠴᠡᠬᠦ ᠳᠦᠷᠢ ᠪᠠᠷ ᠰᠢᠨ᠎ᠡ ᠠᠶᠠᠨ ᠳᠠᠭᠠᠨ ᠮᠣᠷᠳᠠᠬᠤ ᠶᠢ ᠠᠬᠢᠭᠤᠯᠪᠠ᠃ ᠠᠳᠡ᠂ ᠪᠢ ᠬᠤᠰᠢᠭᠤᠨ ᠤ ᠠᠷᠠᠳ ᠤᠨ ᠵᠠᠰᠠᠭ  ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠡᠯ᠎ᠡ ᠠᠵᠢᠯ ᠤᠨ ᠹᠷᠤᠨᠲ ᠳᠡᠭᠡᠷ᠎ᠡ ᠬᠠᠳᠠᠭᠤᠵᠢᠯᠲᠠᠢ ᠠᠵᠢᠯᠯᠠᠵᠤ᠂ ᠰᠢᠨᠲᠠᠷᠠᠰᠢ ᠦᠭᠡᠢ ᠵᠢᠳᠬᠦᠵᠦ ᠪᠠᠶᠢᠭ᠎ᠠ ᠨᠦᠬᠦᠳ ᠪᠠ ᠪᠠᠭᠠᠷᠢᠨ ᠵᠡᠭᠦᠨ ᠬᠤᠰᠢᠭᠤᠨ ᠤ ᠬᠦᠭᠵᠢᠯᠳᠡ  ᠶᠢ ᠬᠠᠯᠠᠮᠵᠢᠯᠠᠨ ᠳᠡᠮᠵᠢᠵᠦ ᠪᠠᠶᠢᠭ᠎ᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ᠲᠦᠯᠦᠭᠡᠯᠡᠭᠴᠢᠳ ᠡ᠂ ᠠᠮᠤᠭᠤᠯᠠᠩ ᠴᠠᠭ ᠲᠤ ᠠᠶᠤᠯ ᠢ ᠰᠠᠨᠠᠨ᠂ ᠲᠤᠭᠲᠠᠭᠤᠨ ᠦᠶᠡᠰ ᠵᠣᠪᠠᠯᠠᠩ ᠢᠶᠠᠨ ᠪᠣᠳᠤᠬᠤ ᠬᠡᠷᠡᠭᠲᠡᠢ᠃ ᠮᠠᠨ ᠤ ᠬᠤᠰᠢᠭᠤᠨ ᠤ ᠬᠦᠭᠵᠢᠯᠲᠡ ᠲᠡᠩᠴᠡᠭᠦᠷᠢ ᠦᠭᠡᠢ ᠪᠦᠭᠡᠳ ᠪᠦᠷᠢᠨ ᠲᠡᠭᠦᠯᠳᠡᠷ ᠪᠣᠰᠤ ᠪᠠᠶᠢᠬᠤ ᠠᠰᠠᠭᠤᠳᠠᠯ ᠮᠦᠨ ᠦᠨᠳᠦᠰᠦᠨ ᠠᠴᠠ ᠪᠠᠨ ᠰᠢᠢᠳᠪᠦᠷᠢᠯᠡᠭᠳᠡᠭᠡᠳᠦᠢ ᠭᠡᠳᠡᠭ ᠢ ᠪᠢᠳᠡ ᠰᠡᠷᠭᠡᠭ ᠢᠶᠠᠷ ᠣᠯᠵᠤ ᠲᠠᠨᠢᠭᠰᠠᠨ ᠪᠠᠶᠢᠨ᠎ᠠ᠃ ᠭᠤᠣᠯᠳᠠᠭᠤ᠄ ᠰᠢᠨ᠎ᠡ ᠬᠠᠭᠤᠴᠢᠨ ᠬᠦᠳᠡᠯᠭᠡᠭᠡᠨ ᠤ ᠡᠨᠧᠷᠭᠢ ᠶᠢᠨ ᠵᠠᠯᠭᠠᠮᠵᠢ ᠪᠠ ᠰᠤᠯᠢᠯᠴᠠᠭ᠎ᠠ ᠬᠦᠷᠦᠯᠴᠡᠬᠦ ᠦᠭᠡᠢ᠂ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢᠨ ᠡᠯᠧᠮᠧᠨ᠋ᠲ ᠪᠦᠷᠢᠮᠦᠰᠦᠨ ᠲᠦᠪᠯᠡᠷᠡᠭᠡᠳᠦᠢ︔ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠭᠦᠨᠴᠡ ᠪᠡ ᠦᠷᠭᠡᠴᠡ ᠶᠢ ᠪᠠᠰᠠ ᠦᠷᠭᠡᠳᠬᠡᠬᠦ ᠴᠢᠬᠤᠯᠠᠲᠠᠢ ᠪᠠᠶᠢᠵᠤ᠂ ᠴᠢᠨᠠᠷᠯᠢᠭ ᠲᠦᠷᠦᠯ ᠵᠦᠢᠯ ᠤᠨ ᠬᠦᠭᠵᠢᠯᠲᠡ ᠶᠢ ᠲᠤᠯᠭᠠᠭᠤᠷᠢᠯᠠᠬᠤ ᠵᠠᠯᠭᠠᠮᠵᠢ ᠬᠦᠴᠦᠨ ᠬᠦᠷᠦᠯᠴᠡᠬᠦ ᠦᠭᠡᠢ︔ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠰᠠᠴᠤ ᠳᠤᠲᠠᠭᠤᠳᠠᠯ ᠣᠷᠤᠰᠢᠵᠤ ᠨᠦᠬᠦᠬᠦ ᠴᠢᠬᠤᠯᠠᠲᠠᠢ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠵᠤ ᠰᠡᠷᠭᠦᠭᠡᠬᠦ ᠠᠵᠢᠯ ᠢ ᠦᠷᠭᠦᠯᠵᠢ ᠶᠢᠨ ᠴᠢᠨᠠᠷᠲᠠᠢ ᠪᠠᠷᠢᠮᠲᠠᠯᠠᠬᠤ ᠬᠡᠷᠡᠭᠲᠡᠢ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠦᠷᠢ ᠶᠢ ᠦᠷᠭᠦᠯᠵᠢᠯᠡᠨ ᠴᠢᠩᠭᠠᠳᠬᠠᠬᠤ ᠴᠢᠬᠤᠯᠠᠲᠠᠢ ᠪᠠᠶᠢᠵᠤ᠂ ᠠᠶᠤᠯ ᠦᠭᠡᠢ ᠦᠢᠯᠡᠳᠪᠦᠷᠢᠯᠡᠯ ᠪᠠ ᠨᠡᠶᠢᠭᠡᠮ ᠤᠨ ᠲᠣᠭᠲᠠᠭᠤᠨ ᠵᠡᠷᠭᠡ ᠲᠠᠯ᠎ᠠ ᠶᠢᠨ ᠠᠰᠠᠭᠤᠳᠠᠯ ᠢ ᠤᠮᠳᠤᠭᠠᠶᠢᠯᠠᠵᠤ ᠪᠣᠯᠤᠰᠢ ᠦᠭᠡᠢ︔ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠪᠠᠰᠠ ᠲᠣᠶᠢᠯᠪᠦᠷᠢᠲᠠᠢ ᠪᠣᠰᠤ᠂ ᠨᠢᠭᠡ ᠪᠦᠯᠦᠭ ᠺᠠᠳ᠋ᠷᠴᠤᠳ ᠠᠵᠢᠯᠯᠠᠵᠤ ᠴᠢᠳᠠᠬᠤ ᠦᠭᠡᠢ ᠪᠣᠶᠤ ᠠᠵᠢᠯᠯᠠᠬᠤ ᠵᠣᠷᠢᠭ ᠦᠭᠡᠢ ᠦᠵᠡᠭᠳᠡᠯ ᠪᠠᠰᠠᠴᠤ ᠣᠷᠤᠰᠢᠭᠰᠠᠭᠠᠷ᠂ ᠠᠵᠤ ᠠᠬᠤᠢ ᠶᠢᠨ ᠬᠦᠭᠵᠢᠯᠲᠡ ᠶᠢᠨ ᠪᠠᠭᠤᠷᠠᠢ ᠣᠷᠴᠢᠨ ᠢ ᠪᠠᠰᠠ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠡᠭᠦᠨ ᠳᠤ᠂ ᠪᠢᠳ᠋ᠨ ᠬᠠᠷᠠᠯᠲᠠ ᠴᠢᠭᠯᠡᠯ ᠪᠠ ᠠᠰᠠᠭᠤᠳᠠᠯ ᠤᠨ ᠣᠨᠢ ᠶᠢ ᠠᠳᠬᠤᠨ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠠᠴᠠ ᠭᠠᠷ ᠣᠷᠤᠵᠤ᠂ ᠵᠠᠰᠠᠭ ᠤᠨ ᠣᠷᠳᠤᠨ ᠤ ᠡᠯ᠎ᠡ ᠲᠠᠯ᠎ᠠ ᠶᠢᠨ ᠠᠵᠢᠯ ᠤᠨ ᠨᠡᠩ ᠯᠠᠪᠳᠠᠭᠤᠨ ᠪᠦᠭᠡᠳ ᠪᠦᠲᠦᠮᠵᠢᠲᠡᠢ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ᠬᠤᠶᠠᠷ᠂ 2019 ᠣᠨ ᠤ ᠠᠵᠢᠯ ᠤᠨ ᠳᠣᠬᠢᠷᠠᠭᠤᠯᠤᠯᠲᠠ        2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ  ᠪᠠᠶᠢᠭᠤᠯᠬᠤ ᠪᠠ  ᠨᠢᠭᠡᠳᠦᠭᠡᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ  ᠶᠢᠨ ᠨᠢᠭᠡ ᠵᠢᠯ᠂ ᠮᠦᠨ ᠴᠦ ᠮᠠᠨ ᠤ ᠬᠤᠰᠢᠭᠤ ᠶᠠᠳᠠᠭᠤ ᠠᠴᠠ ᠠᠩᠭᠢᠵᠢᠷᠠᠬᠤ ᠰᠢᠢᠳᠪᠦᠷᠢᠲᠦ ᠢᠯᠠᠯᠲᠠ ᠣᠯᠬᠤ ᠨᠢᠭᠡ ᠵᠢᠯ ᠪᠣᠯᠤᠨ᠎ᠠ᠃ ᠪᠢᠳᠡ ᠡᠷᠬᠡᠪᠰᠢ ᠪᠦᠬᠦ ᠲᠠᠯ᠎ᠠ ᠠᠴᠠ ᠣᠴᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠶᠠᠪᠤᠴᠠ ᠳᠤ ᠡᠨᠧᠷᠭᠢ ᠬᠤᠷᠠᠮᠳᠤᠭᠤᠯᠤᠨ᠂ ᠪᠤᠭᠤᠮᠲᠠ ᠰᠢᠪᠲᠤᠯᠵᠤ ᠬᠦᠴᠢᠷ ᠪᠡᠷᠬᠡᠰᠢᠶᠡᠯ ᠢ ᠲᠡᠪᠴᠢᠬᠦ ᠳᠤᠮᠳᠠ ᠦᠷᠭᠡᠳᠬᠡᠵᠦ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃ᠦᠨᠦ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠦᠪ ᠬᠤᠷᠢᠶᠠᠨ ᠤ ᠠᠵᠤ ᠠᠬᠤᠢ  ᠶᠢᠨ ᠠᠵᠢᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠥᠪᠥᠷ ᠮᠣᠩᠭᠤᠯ ᠤᠨ ᠠᠵᠢᠯ ᠤᠨ ︽ᠳᠦᠷᠪᠡᠨ ᠬᠦᠴᠦᠲᠡᠢ ᠭᠤᠷᠪᠠᠨ ᠯᠠᠪᠳᠠᠭᠤᠨ ᠪᠠᠲᠤᠲᠠᠢ︾ ᠪᠠᠶᠢᠬᠤ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠤᠨ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠴᠢᠩᠭ᠎ᠠ ᠭᠦᠢᠴᠡᠳᠭᠡᠵᠦ᠂ ᠲᠣᠭᠲᠠᠭᠤᠨ ᠤ ᠳᠤᠮᠳᠠ ᠠᠬᠢᠭᠤᠯᠬᠤ ᠠᠵᠢᠯ ᠤᠨ ᠭᠤᠣᠯ ᠰᠠᠨᠠᠭ᠎ᠠ ᠪᠠ ᠪᠦᠬᠦ ᠲᠠᠯ᠎ᠠ ᠪᠠᠷ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠨ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠣᠯᠵᠤ᠂ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢ ᠬᠦᠴᠦᠯᠡᠨ ᠠᠬᠢᠭᠤᠯᠵᠤ᠂ ᠠᠷᠠᠯᠵᠢᠶᠠᠴᠢᠨ ᠤᠷᠢᠵᠤ ᠪᠡᠯᠡ ᠲᠠᠲᠠᠬᠤ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠪᠣᠲᠠᠲᠠᠶᠢᠵᠢᠭᠤᠯᠵᠤ᠂ ︽ᠨᠡᠮᠡᠭᠳᠡᠯ ᠢ ᠲᠣᠭᠲᠠᠪᠦᠷᠢᠵᠢᠭᠤᠯᠬᠤ᠂ ᠦᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠬᠢᠷᠠᠭᠤᠯᠬᠤ᠂ ᠠᠷᠠᠳ  ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ︾ ᠡᠯ᠎ᠡ ᠲᠠᠯ᠎ᠠ ᠶᠢᠨ ᠠᠵᠢᠯ ᠢ ᠨᠢᠭᠡᠲᠦᠯᠲᠡᠢ ᠲᠦᠯᠦᠪᠯᠡᠨ ᠰᠠᠶᠢᠲᠤᠷ ᠪᠡᠶᠡᠯᠡᠬᠦᠯᠵᠤ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠬᠤᠶᠢᠲᠤ ᠬᠡᠰᠡᠭ ᠤᠨ ᠬᠤᠰᠢᠭᠤ ᠰᠢᠶᠠᠨ ᠤ ︽ᠵᠢᠭᠰᠠᠭᠠᠯ ᠤᠨ ᠲᠦᠷᠦᠭᠦᠦ ᠴᠡᠷᠢᠭ︾ ᠪᠣᠯᠬᠤ ᠪᠠᠷ ᠴᠢᠷᠮᠠᠶᠢᠵᠤ᠂ ᠤᠯᠠᠭᠠᠨᠬᠠᠳᠠ ᠶᠢᠨ ︽ᠲᠠᠪᠤ ᠶᠢ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号