2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠲᠠᠪᠤ︶
ᠨᠡᠶᠢᠲᠡᠯᠡᠭᠰᠡᠨ ᠴᠠᠭ᠄
2019/3/19
——  ᠳᠠᠷᠢᠶᠠᠯᠠᠩ ᠮᠠᠯ ᠠᠵᠤ ᠠᠬᠤᠢ ᠶᠢᠨ ᠦᠨᠳᠦᠰᠦᠨ ᠪᠠᠶᠢᠷᠢ ᠰᠠᠭᠤᠷᠢ ᠶᠢ ᠪᠦᠬᠦ ᠳᠠᠯ᠎ᠠ ᠪᠠᠷ ᠪᠠᠳᠣᠳᠬᠠᠨ᠎ᠠ᠃ ᠳᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠠᠯᠳᠠ ᠶᠢ ᠭᠦᠨᠵᠡᠭᠡᠶᠢᠷᠡᠭᠦᠯᠵᠦ᠂ ︽ᠠᠮᠤ ᠪᠤᠳᠠᠭᠠᠨ ᠤ ᠲᠠᠷᠢᠮᠠᠯ ᠢ ᠲᠣᠭᠲᠠᠪᠦᠷᠢᠵᠢᠭᠤᠯᠵᠤ ᠠᠵᠤ ᠠᠬᠤᠢ  ᠶᠢᠨ ᠲᠠᠷᠢᠮᠠᠯ ᠢ ᠰᠢᠯᠢᠳᠡᠭᠵᠢᠭᠦᠯᠦᠨ ᠲᠡᠵᠢᠭᠡᠯ ᠪᠣᠷᠳᠤᠭ᠎ᠠ ᠶᠢ ᠦᠷᠭᠡᠳᠬᠡᠬᠦ︾ ᠶᠡᠷᠣᠩᠬᠡᠢ ᠱᠠᠭᠠᠷᠳᠠᠯᠭ᠎ᠠ ᠶᠢ ᠪᠠᠳᠣᠳᠠᠢ ᠡᠵᠡᠮᠳᠡᠵᠤ᠂ ᠳᠠᠷᠢᠶᠠᠯᠠᠩ ᠮᠠᠯ ᠠᠵᠤ ᠠᠬᠤᠢ ᠶᠢᠨ ᠪᠦᠳᠦᠴᠠ ᠶᠢ ᠰᠢᠯᠢᠳᠡᠭᠵᠢᠭᠦᠯᠦᠨ᠎ᠠ᠃ ︽ᠲᠡᠵᠢᠬᠡᠬᠦ ᠶᠢᠨ ᠳᠦᠯᠦᠬᠡ ᠳᠠᠷᠢᠬᠤ᠂ ᠳᠠᠷᠢᠬᠤ ᠪᠠᠷ ᠳᠡᠵᠢᠬᠡᠬᠦ ᠶᠢ ᠠᠬᠢᠭᠤᠯᠬᠤ︾  ᠪᠠ ᠪᠤᠭ ᠮᠠᠯ ᠠᠴᠠ ᠪᠤᠳᠠ ᠮᠠᠯ ᠵᠦᠭ ᠬᠦᠭᠵᠢᠬᠦ ᠮᠠᠯ ᠠᠵᠤ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠶᠢᠨ ᠴᠢᠭᠯᠡᠯ ᠢ ᠪᠠᠷᠢᠮᠳᠠᠯᠠᠵᠤ᠂ ᠨᠤᠭᠤᠭᠠᠨ ᠳᠠᠷᠣᠰᠢ  ᠶᠢᠨ ᠡᠷᠳᠡᠨᠢ ᠰᠢᠰᠢ   ᠶᠢ 7.5 ᠳᠦᠮᠡᠨ ᠮᠦ᠂ ᠳᠠᠷᠢᠶᠠᠯᠠᠬᠤ ᠶᠢ ᠵᠤᠬᠰᠣᠭᠠᠵᠤ ᠪᠡᠯᠴᠢᠬᠡᠷ ᠢ ᠰᠡᠷᠬᠦᠬᠡᠬᠦ ᠳᠦᠷᠦᠯ ᠵᠦᠢᠯ ᠢ 1.3 ᠳᠦᠮᠡᠨ ᠮᠦ᠂ ᠦᠨᠳᠦᠷ ᠠᠰᠢᠬᠳᠣ ᠣᠰᠣ ᠠᠷᠪᠢᠯᠠᠵᠤ ᠳᠣᠰᠣᠯᠭᠠᠨ ᠣᠰᠣᠯᠠᠬᠤ ᠳᠠᠷᠢᠶᠠᠯᠠᠩ ᠢ 20 ᠳᠦᠮᠡᠨ ᠮᠦ ᠨᠠᠶᠢᠳᠠᠪᠤᠷᠢᠵᠢᠭᠤᠯᠵᠤ᠂ ᠬᠠᠭᠤᠷᠠᠢ ᠭᠠᠵᠠᠷ ᠤᠨ ᠬᠦᠷᠡᠩ ᠴᠠᠷᠭᠠᠰᠣ ᠶᠢ 2 ᠳᠦᠮᠡᠨ ᠮᠦ ᠦᠷᠬᠡᠳᠬᠡᠨ ᠳᠠᠷᠢᠨ᠎ᠠ᠃ ᠰᠢᠨ᠎ᠠ ᠬᠡᠯᠪᠡᠷᠢ ᠶᠢᠨ ᠡᠵᠡᠩᠨᠡᠯᠳᠡ ᠶᠢᠨ ᠭᠤᠣᠯ ᠴᠣᠬᠴᠠ ᠶᠢ ᠢᠳᠡᠪᠬᠢᠳᠠᠢ ᠪᠣᠢ ᠪᠣᠯᠭᠠᠵᠤ᠂ ᠠᠵᠢᠯ ᠳᠦᠷᠦᠯ ᠤᠨ ᠬᠤᠯᠪᠣᠭ᠎ᠠ ᠶᠢ ᠵᠢᠯᠤᠭᠤᠳᠣᠨ ᠬᠦᠭᠵᠢᠭᠦᠯᠵᠤ᠂ ᠵᠢᠯ ᠤᠨ ᠳᠣᠳᠣᠷ᠎ᠠ ᠬᠤᠳᠠ ᠶᠢᠨ ᠳᠡᠰ ᠤᠨ ᠬᠠᠮᠳᠣᠷᠠᠬᠰᠠᠨ ᠵᠣᠬᠢᠶᠠᠨ ᠪᠠᠶᠢᠭᠤᠯᠤᠯᠳᠠ ᠶᠢ 5 ᠠᠴᠠ ᠳᠡᠭᠡᠭᠰᠢ ᠰᠢᠨ᠎ᠠ ᠪᠠᠷ ᠪᠠᠶᠢᠭᠤᠯᠵᠤ᠂ ᠭᠠᠵᠠᠷ ᠰᠢᠷᠤᠢ ᠶᠢ 80 ᠳᠦᠮᠡᠨ ᠮᠦ ᠰᠢᠯᠵᠢᠭᠦᠯᠦᠨ᠂ ᠳᠠᠷᠢᠮᠠᠯ ᠤᠨ ᠵᠦᠢᠯ ᠢ ᠳᠠᠷᠢᠵᠤ ᠬᠤᠷᠢᠶᠠᠬᠤ ᠶᠡᠷᠦᠩᠬᠡᠢ ᠮᠠᠰᠢᠨᠴᠢᠯᠠᠯᠳᠠ ᠶᠢᠨ ᠬᠡᠮᠵᠢᠶ᠎ᠡ  ᠶᠢ 72 % ᠳᠤ ᠬᠦᠷᠭᠡᠨ᠎ᠠ᠃ ᠱᠦᠬᠦᠷ ᠡᠪᠡᠰᠦ᠂ ᠠᠯᠠᠰᠢᠨ ᠡᠯᠵᠢᠬᠡ᠂ ᠠᠯᠠᠰᠢᠨ ᠦᠬᠡᠷ ᠤᠨ ᠠᠵᠤ ᠦᠢᠯᠡᠰ ᠢ ᠭᠤᠣᠯᠳᠠᠯᠭ᠎ᠠ ᠲᠠᠢ ᠬᠦᠭᠵᠢᠭᠦᠯᠵᠤ᠂ ᠱᠦᠭᠦᠷ ᠡᠪᠡᠰᠣ ᠶᠢᠨ ᠪᠦᠲᠦᠭᠡᠭᠳᠡᠬᠦᠨ ᠦᠢᠯᠡᠳᠪᠦᠷᠢᠯᠡᠬᠦ ᠴᠢᠳᠠᠪᠦᠷᠢ ᠶᠢ 7500 ᠳᠦᠮᠡᠨ ᠵᠦᠢᠯ ᠳᠤ ᠬᠦᠷᠬᠡᠨ᠂ ᠠᠯᠠᠰᠢᠨ ᠡᠯᠵᠢᠬᠡ ᠵᠢᠴᠢ ᠠᠯᠠᠰᠢᠨ ᠦᠬᠡᠷ ᠤᠨ ᠵᠢᠯ ᠤᠨ ᠪᠣᠷᠳᠣᠵᠤ ᠳᠡᠵᠢᠭᠡᠬᠦ ᠶᠡᠷᠦᠩᠬᠡᠢ ᠬᠡᠮᠵᠢᠶ᠎ᠠ ᠶᠢ  ᠳᠣᠰ ᠳᠣᠰ 20 ᠲᠦᠮᠡ ᠪᠠ 18 ᠲᠦᠮᠡ ᠳᠤ ᠬᠦᠷᠬᠡᠨ᠎ᠠ᠃ ᠠᠷᠠᠳ ᠢ ᠪᠠᠶᠠᠵᠢᠭᠤᠯᠬᠤ ᠠᠵᠤ ᠦᠢᠯᠡᠰ ᠢ ᠵᠣᠷᠢᠬᠵᠢᠭᠤᠯᠤᠨ ᠳᠡᠮᠵᠢᠵᠤ᠂ ᠵᠢᠯ ᠳᠤ ᠬᠢᠲᠠᠳ ᠡᠮ ᠤᠨ ᠮᠠᠲ᠋ᠧᠷᠢᠶᠠᠯ ᠪᠠ ᠰᠢᠬᠢᠷ ᠯᠤᠤᠪᠠᠩ ᠳᠠᠷᠢᠬᠤ ᠳᠠᠯᠠᠪᠠᠢ ᠶᠢ ᠳᠣᠰ ᠪᠦᠷᠢ 5 ᠳᠦᠮᠡᠨ ᠮᠦ ᠳᠤ ᠬᠦᠷᠬᠡᠵᠤ᠂ ᠪᠦᠳᠦᠭᠦᠯᠢᠭ ᠠᠮᠤ ᠪᠠ ᠪᠣᠷᠴᠠᠭ ᠤᠨ ᠳᠦᠷᠦᠯ ᠢ ᠳᠠᠷᠢᠬᠤ ᠳᠠᠯᠠᠪᠠᠢ ᠶᠢ 60 ᠳᠦᠮᠡᠨ ᠮᠦ ᠳᠤ ᠬᠦᠷᠭᠡᠨ᠎ᠠ᠃ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠤ ᠦᠢᠯᠡᠰ ᠤᠨ ᠵᠣᠬᠢᠴᠠᠩᠭᠤᠢ ᠬᠦᠭᠵᠢᠯᠳᠡ ᠶᠢ ᠦᠷᠭᠦᠯᠵᠢᠯᠡᠨ ᠠᠬᠢᠭᠤᠯᠵᠤ᠂ ᠵᠢᠶᠠ ᠬᠤᠸᠠ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠵᠢᠱᠢᠶ᠎ᠠ ᠦᠵᠡᠭᠦᠯᠬᠦ ᠳᠣᠭᠤᠷᠢᠭ ᠪᠠ ᠹᠦ᠋ ᠴᠧᠩ ᠰᠢᠶᠠᠩ ᠠᠯᠠᠰᠢᠨ ᠬᠤᠨᠢᠨ ᠤ ᠣᠷᠴᠢᠯᠲᠤ ᠠᠵᠤ ᠠᠬᠤᠢ ᠶᠢᠨ ᠬᠦᠷᠢᠶᠠᠯᠠᠩ ᠵᠡᠷᠬᠡ ᠳᠦᠷᠦᠯ ᠵᠦᠢᠯ ᠢ ᠳᠣᠬᠳᠠᠭᠤᠨ ᠢᠶᠠᠷ ᠨᠠᠶᠢᠳᠠᠪᠦᠷᠢᠵᠢᠭᠤᠯᠤᠨ᠂ ᠠᠮᠢᠳᠣ ᠮᠠᠯ ᠤᠨ ᠰᠣᠯᠢᠯᠴᠠᠭᠠᠨ ᠤ ᠵᠠᠬ᠎ᠠ ᠶᠢᠨ ᠪᠦᠲᠦᠭᠡᠨ ᠪᠠᠶᠢᠭᠤᠯᠤᠯᠲᠠ ᠳᠤ ᠲᠦᠰᠢᠭᠯᠡᠵᠦ᠂ ᠨᠢᠭᠡ ᠪᠦᠯᠦᠭ ᠨᠢᠬᠳᠠ ᠬᠠᠷᠢᠴᠠᠭ᠎ᠠ ᠲᠠᠢ ᠠᠵᠤ ᠠᠬᠤᠶᠢᠯᠠᠯ ᠢ ᠪᠠᠶᠢᠭᠤᠯᠬᠤ ᠪᠠ ᠲᠠᠲᠠᠨ ᠣᠷᠤᠭᠤᠯᠵᠤ᠂ ᠳᠣᠯᠣᠭᠠᠶᠢᠯᠠᠬᠴᠢ ᠠᠵᠤ ᠠᠬᠤᠶᠢᠯᠠᠯ ᠢ ᠬᠦᠴᠦᠷᠬᠡᠭᠵᠢᠭᠦᠯᠬᠦ ᠶᠠᠪᠤᠴᠠ ᠳᠤ᠂ ᠮᠠᠯᠵᠢᠬᠤ ᠳᠠᠷᠢᠶᠠᠯᠠᠬᠤ ᠡᠷᠦᠬᠡ ᠶᠢ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠲᠠᠢ ᠤᠷᠭᠠᠨᠢᠭ ᠤᠶᠠᠯᠳᠤᠭᠤᠯᠤᠨ᠂ ᠠᠵᠤ ᠦᠢᠯᠡᠰ ᠤᠨ ᠬᠡᠯᠬᠢᠶ᠎ᠠ ᠶᠢ ᠣᠯᠠᠮ ᠨᠢᠬᠡ ᠠᠯᠬᠤᠮ ᠦᠷᠭᠡᠳᠬᠡᠵᠦ᠂ ᠦᠷᠳᠡᠭ ᠤᠨ ᠬᠡᠯᠬᠢᠶ᠎ᠠ ᠶᠢ ᠳᠡᠭᠡᠭᠰᠢᠯᠡᠭᠦᠯᠦᠨ᠎ᠠ᠃—— ᠦᠢᠯᠡᠴᠢᠯᠡᠭᠡᠨ ᠤᠨ ᠦᠢᠯᠡᠰ ᠤᠨ ᠰᠢᠨ᠎ᠠ ᠶᠢ ᠡᠭᠦᠳᠬᠦ ᠬᠦᠭᠵᠢᠯᠳᠡ ᠶᠢ ᠲᠦᠷᠭᠡᠳᠬᠡᠨ᠎ᠡ᠃ ᠳᠠᠪᠠᠭᠤᠯᠢᠭ  ᠢᠶᠠᠨ ᠪᠠᠳᠠᠷᠠᠭᠤᠯᠤᠨ ᠭᠤᠣᠯᠳᠠᠯᠭ᠎ᠠ ᠪᠠᠨ ᠳᠣᠪᠣᠶᠢᠯᠭᠠᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠳᠠᠭᠠᠭᠤᠯᠤᠨ᠂ ᠬᠤᠷᠳᠤᠴᠠ ᠶᠢ ᠨᠢ ᠲᠦᠷᠭᠡᠳᠬᠡᠵᠦ᠂ ᠬᠤᠪᠢ ᠶᠢᠨ ᠬᠠᠷᠢᠴᠠᠯ ᠢ ᠨᠢ ᠨᠡᠮᠡᠭᠳᠡᠭᠦᠯᠦᠨ᠂ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠦᠨ᠎ᠠ᠃ ᠬᠢᠳᠠᠨ ᠯᠢᠶᠣᠣ ᠶᠢᠨ ᠰᠣᠶᠣᠯ ᠤᠨ ᠣᠯᠠᠨ ᠤᠯᠤᠰ ᠤᠨ ᠵᠢᠭᠤᠯᠴᠢᠯᠠᠯ ᠤᠨ ᠣᠷᠤᠨ ᠢ ᠪᠦᠳᠦᠬᠡᠨ ᠪᠠᠶᠢᠭᠤᠯᠬᠤ ᠬᠠᠷᠠᠯᠳᠠ ᠶᠢᠨ ᠳᠣᠭᠤᠷᠢᠨ ᠳᠤ᠂ ᠰᠤᠶᠤᠯ ᠪᠠ ᠵᠢᠭᠤᠯᠴᠢᠯᠠᠯ ᠠᠭᠤᠰᠤᠯᠴᠠᠭᠰᠠᠨ ᠵᠢᠭᠤᠯᠴᠢᠯᠠᠯ ᠤᠨ ᠵᠠᠮ ᠱᠣᠭᠤᠮ ᠢ ᠪᠦᠬᠦ ᠬᠦᠴᠦ ᠪᠠᠷ ᠪᠠᠶᠢᠭᠤᠯᠵᠤ᠂ ᠯᠢᠶᠤᠤ ᠶᠢᠨ ᠳᠡᠭᠡᠳᠦ ᠨᠡᠶᠢᠰᠯᠡᠯ ᠤᠨ ᠣᠯᠣᠰ ᠤᠨ ᠬᠠᠭᠤᠴᠢ ᠰᠣᠳᠣᠯᠣᠯ ᠤᠨ ᠦᠯᠡᠳᠡᠭᠳᠡᠯ ᠴᠡᠴᠡᠷᠯᠢᠭ ᠪᠠ ᠭᠢᠯᠦᠪᠡᠷ ᠵᠤᠤ ᠶᠢᠨ ᠭᠤᠣᠯ ᠦᠵᠡᠮᠵᠢ ᠶᠢᠨ ᠣᠷᠣᠨ ᠵᠡᠷᠬᠡ ᠳᠦᠷᠦᠯ ᠵᠦᠢᠯ ᠢ ᠲᠦᠷᠭᠡᠳᠬᠡᠨ᠂ ᠬᠢᠳᠠᠨ ᠯᠢᠶᠤᠤ ᠶᠢᠨ ᠰᠣᠶᠣᠯ ᠵᠢᠭᠤᠯᠴᠢᠯᠠᠯ ᠤᠨ ᠣᠨᠴᠠᠯᠢᠬᠳᠣ ᠵᠢᠵᠢᠭ ᠪᠠᠯᠭᠠᠰᠣ ᠶᠢᠨ ᠳᠦᠷᠦᠯ ᠵᠦᠢᠯ ᠢ ᠳᠦᠯᠦᠪᠵᠢᠭᠦᠯᠦᠨ ᠬᠡᠷᠡᠭᠵᠢᠭᠦᠯᠵᠤ᠂ ᠯᠢᠶᠤᠤ ᠶᠢᠨ ᠳᠡᠭᠡᠳᠣ ᠨᠡᠶᠢᠰᠯᠡᠯ ᠤᠨ ᠰᠢᠨ᠎ᠠ ᠮᠦᠽᠸᠢ   ᠶᠢ ᠨᠡᠬᠡᠬᠡᠨ᠂ ᠬᠢᠳᠠᠨ ᠯᠢᠶᠤᠤ ᠶᠢᠨ ᠰᠣᠶᠣᠯ ᠤᠨ ᠵᠢᠭᠤᠯᠴᠢᠯᠠᠯ ᠤᠨ ᠨᠡᠷᠡᠳᠦ ᠳᠡᠮᠳᠡᠭᠳᠦ ᠶᠢ ᠳᠠᠰᠣᠷᠠᠯᠳᠠ ᠦᠬᠡᠢ ᠪᠠᠶᠠᠯᠢᠬᠵᠢᠭᠤᠯᠤᠨ᠎ᠠ᠃ ᠳᠡᠭᠡᠳᠦ ᠨᠡᠶᠢᠰᠯᠡᠯ ᠤᠨ ᠬᠢᠳᠠᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠪᠦᠳᠦᠭᠡᠨ ᠪᠠᠶᠢᠭᠤᠯᠤᠯᠳᠠ ᠶᠢ ᠪᠡᠶᠡᠯᠡᠭᠦᠯᠵᠤ᠂ ᠯᠢᠶᠤᠤ ᠶᠢᠨ ᠳᠡᠭᠡᠳᠦᠰ ᠤᠨ ᠪᠠᠭᠤᠷᠢ ᠶᠢᠨ ᠵᠢᠭᠤᠯᠴᠢᠯᠠᠬᠰᠠᠳ ᠢ ᠣᠬᠳᠣᠬᠤ ᠳᠦᠪ ᠪᠠ ᠦᠪᠦᠷ ᠵᠤᠤ ᠭᠠᠴᠠᠭ᠎ᠠ ᠠᠴᠠ ᠳᠣᠯᠣᠭᠠᠨ ᠳᠣᠭᠤᠭᠠᠨ ᠠᠭᠤᠯᠠ ᠬᠦᠷᠬᠦ ᠵᠢᠴᠢ ᠪᠠᠨ ᠯᠠ ᠭᠸᠦ ᠠᠴᠠ ᠶᠡᠭᠡ ᠬᠠᠯᠴᠠᠮ ᠠᠭᠤᠯᠠ ᠬᠦᠷᠬᠦ ᠵᠢᠭᠤᠯᠴᠢᠯᠠᠯ ᠤᠨ ᠵᠠᠮ ᠱᠣᠭᠤᠮ ᠵᠡᠷᠬᠡ ᠳᠦᠷᠦᠯ ᠵᠦᠢᠯ ᠢ ᠡᠬᠢᠯᠡᠨ ᠪᠠᠶᠢᠭᠤᠯᠵᠤ᠂ ᠲᠦᠬᠦᠷᠵᠢᠭᠰᠡᠨ ᠦᠢᠯᠡᠴᠢᠯᠡᠭᠡᠨ ᠤ ᠴᠢᠳᠠᠪᠦᠷᠢ ᠶᠢ ᠦᠨᠡᠨᠬᠦ ᠳᠡᠭᠡᠭᠰᠢᠯᠡᠭᠦᠯᠦᠨ᠎ᠠ᠃ ᠯᠢᠶᠤᠤ ᠶᠢᠨ ᠳᠡᠭᠡᠳᠦ ᠨᠡᠶᠢᠰᠯᠡᠯ ᠤᠨ ᠬᠤᠶᠠᠳᠣᠭᠠᠷ ᠬᠤᠭᠤᠴᠠᠭᠠᠨ ᠤ ᠮᠦᠩᠭᠦᠨ ᠡᠪᠦᠯ ᠤᠨ ᠨᠠᠶᠢᠷ᠂ ᠭᠢᠯᠦᠪᠡᠷ ᠵᠤᠤ ᠰᠦᠮ᠎ᠠ ᠶᠢᠨ ᠬᠤᠷᠠᠯ ᠵᠢᠴᠢ ᠭᠤᠷᠪᠠᠳᠣᠭᠠᠷ ᠬᠤᠭᠤᠴᠠᠭᠠᠨ ᠤ ᠳᠣᠮᠳᠠᠳᠣ ᠣᠯᠣᠰ ᠤᠨ ᠬᠢᠳᠠᠨ ᠯᠢᠶᠤᠤ ᠶᠢᠨ ᠰᠣᠶᠣᠯ ᠤᠨ ᠨᠠᠶᠢᠷ ᠵᠡᠷᠬᠡ ᠴᠢᠬᠤᠯᠠ ᠪᠤᠯᠬᠤ ᠪᠠᠶᠠᠷ ᠳᠤᠷᠠᠰᠬᠠᠯ ᠤᠨ ᠡᠳᠦᠷ ᠤᠨ ᠠᠵᠢᠯᠯᠠᠭᠠᠨ  ᠢ ᠦᠷᠭᠦᠯᠵᠢᠯᠡᠨ ᠡᠷᠬᠢᠯᠡᠨ ᠶᠠᠪᠤᠬᠳᠠᠭᠤᠯᠵᠤ᠂ ︽ᠬᠢᠳᠠᠨ ᠸᠠᠩᠳᠣ ᠳᠦᠷᠦ︾ ᠵᠦᠴᠦᠬᠡ ᠶᠢᠨ ᠭᠠᠳᠠᠭᠠᠳᠣ ᠳᠠᠬᠢ ᠨᠦᠯᠦᠭᠡᠯᠡᠬᠦ ᠬᠦᠴᠦᠨ ᠢ ᠠᠰᠢᠬᠯᠠᠨ᠂ ᠨᠡᠷ᠎ᠡ ᠠᠯᠳᠠᠷ ᠪᠠ ᠳᠠᠳᠠᠬᠤ ᠬᠦᠴᠦᠨ ᠢᠶᠠᠨ  ᠦᠷᠭᠡᠳᠬᠡᠵᠦ᠂ ︽ᠦᠩᠬᠡᠷᠡᠨ ᠭᠠᠷᠬᠤ ᠵᠢᠭᠤᠯᠴᠢᠯᠠᠯ︾ ᠤᠨ ᠬᠡᠯᠪᠡᠷᠢ ᠠᠴᠠ ︽ᠵᠣᠷᠢᠯᠭ᠎ᠠ ᠲᠠᠢ ᠬᠦᠷᠦᠯᠴᠡᠨ ᠢᠷᠡᠬᠦ ᠬᠡᠯᠪᠡᠷᠢ ᠶᠢᠨ ᠵᠢᠭᠤᠯᠴᠢᠯᠠᠯ︾  ᠪᠤᠯᠭᠠᠨ ᠬᠤᠪᠢᠷᠠᠭᠤᠯᠤᠨ᠎ᠠ᠃ ᠠᠷᠠᠯᠵᠢᠶ᠎ᠠ ᠬᠤᠳᠠᠯᠳᠤᠭ᠎ᠠ ᠪᠠ ᠡᠳ᠋ ᠪᠠᠷᠠᠭ᠎ᠠ ᠶᠢᠨ ᠭᠦᠢᠯᠭᠡᠭᠡ ᠶᠢ ᠶᠡᠬᠡᠪᠡᠷ ᠬᠦᠭᠵᠢᠭᠦᠯᠵᠤ᠂ ᠴᠧᠨ ᠰᠢᠦᠢ ᠴᠠᠬᠢᠯᠭᠠᠨ ᠬᠦᠴᠦ᠂ ᠶᠢᠨ ᠰᠢᠦ ᠡᠾᠧᠩ ᠶᠤᠸᠠᠨ ᠬᠦᠢᠳᠡᠨ ᠬᠦᠮᠦᠷᠬᠡ ᠶᠢᠨ ᠰᠠᠭᠤᠷᠢᠨ ᠭᠠᠵᠠᠷ ᠵᠡᠷᠬᠡ  ᠳᠦᠷᠦᠯ ᠵᠦᠢᠯ ᠢ ᠠᠰᠢᠭᠯᠠᠯᠲᠠ ᠳᠤ ᠣᠷᠤᠭᠤᠯᠤᠨ᠂ ᠳᠡᠮᠦᠷᠯᠢᠭ ᠮᠠᠰᠢᠨ ᠴᠠᠬᠢᠯᠭᠠᠨ᠂ ᠳᠠᠷᠢᠶᠠᠯᠠᠩ ᠤᠨ ᠡᠳ᠋ ᠪᠠᠷᠠᠭ᠎ᠠ ᠪᠠ ᠠᠷᠠᠯᠵᠢᠶ᠎ᠠ ᠵᠡᠷᠬᠡ ᠠᠵᠤ ᠠᠬᠤᠶᠢᠯᠠᠯ ᠢ ᠪᠣᠳᠠᠰ ᠤᠨ ᠭᠦᠢᠯᠭᠡᠭᠡᠨ ᠤ ᠬᠦᠷᠢᠶᠡᠯᠡᠩ  ᠳᠤ ᠣᠷᠤᠭᠤᠯᠬᠤ ᠶᠢ ᠠᠯᠬᠤᠮ ᠳᠠᠷᠠᠭ᠎ᠠ ᠲᠠᠢ ᠵᠢᠯᠤᠭᠤᠳᠣᠨ ᠳᠠᠭᠠᠭᠤᠯᠣᠨ᠎ᠠ᠃ ᠣᠨᠴᠠᠯᠢᠬᠳᠣ ᠳᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠲᠣᠭᠲᠠᠯᠴᠠᠭ᠎ᠠ ᠶᠢ ᠬᠦᠴᠦᠯᠡᠨ ᠪᠣᠢ ᠪᠣᠯᠭᠠᠵᠤ᠂ ᠠᠯᠢ ᠪᠠ ᠪᠠ ᠪᠤᠯᠤᠨ ᠵᠢᠩ ᠳ᠋ᠦᠩ ᠵᠡᠷᠬᠡ ᠡᠯᠧᠺᠲᠷᠤᠨ ᠬᠤᠳᠠᠯᠳᠣᠭᠠᠨ ᠤ ᠳᠠᠪᠴᠠᠩ ᠤᠨ ᠰᠢᠭᠤᠳ ᠪᠣᠷᠣᠯᠠᠭᠤᠯᠭ᠎ᠠ  ᠶᠢᠨ ᠰᠠᠭᠤᠷᠢᠨ ᠭᠠᠵᠠᠷ ᠢ ᠪᠠᠶᠢᠭᠤᠯᠤᠨ᠂ ᠰᠦᠯᠵᠢᠶᠡᠨ ᠳᠡᠭᠡᠷᠡᠬᠢ ᠪᠠ ᠪᠤᠳᠠᠳᠣ ᠳᠡᠯᠭᠡᠬᠦᠷ ᠤᠨ ᠵᠣᠬᠢᠴᠠᠩᠭᠤᠢ ᠬᠦᠭᠵᠢᠯᠳᠡ ᠶᠢ ᠪᠠᠶᠠᠯᠠᠭᠦᠯᠦᠨ᠎ᠠ᠃ ᠢᠳᠡᠭᠡᠮᠵᠢᠳᠣ ᠳᠣᠬᠳᠠᠯᠴᠠᠭ᠎ᠠ ᠶᠢᠨ ᠪᠠᠶᠢᠭᠤᠯᠤᠯᠳᠠ ᠶᠢ ᠪᠦᠬᠦ ᠳᠠᠯ᠎ᠠ ᠪᠠᠷ ᠴᠢᠩᠭᠠᠳᠬᠠᠨ᠂ ᠬᠦᠳᠡᠭᠡ ᠳᠣᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ ᠶᠢᠨ ᠳᠦᠷᠢᠮ ᠤᠨ ᠦᠭᠡᠷᠡᠴᠢᠯᠠᠯᠳᠠ ᠶᠢ ᠯᠠᠪᠳᠠᠭᠤᠨ ᠠᠬᠢᠭᠤᠯᠵᠤ᠂ ᠭᠠᠴᠠᠭ᠎ᠠ ᠳᠣᠰᠬᠤᠨ᠂ ᠰᠢᠶᠠᠩ ᠪᠠᠯᠭᠠᠰᠣ ᠳᠤ ᠪᠠᠩᠬᠢ ᠶᠢ ᠢᠳᠡᠪᠬᠢᠳᠠᠢ ᠳᠠᠳᠠᠨ ᠣᠷᠣᠭᠤᠯᠵᠤ᠂ 6 ᠠᠴᠠ ᠳᠡᠭᠡᠭᠰᠢᠬᠢ ᠠᠵᠤ ᠠᠬᠤᠶᠢᠯᠠᠯ ᠢ ᠣᠷᠣᠨ ᠳᠣᠭᠤᠷᠢᠭ ᠤᠨ ᠰᠲ᠋ᠣᠺ  ᠤᠨ ᠠᠷᠠᠯᠵᠢᠶ᠎ᠠ ᠶᠢᠨ ᠳᠦᠪ ᠲᠤ ᠫᠠᠶᠢᠰᠠ ᠡᠯᠭᠦᠬᠦ ᠶᠢ ᠵᠣᠷᠢᠬᠵᠢᠭᠤᠯᠤᠨ ᠳᠡᠮᠵᠢᠵᠤ᠂ ᠮᠦᠩᠬᠦᠨ ᠭᠦᠢᠯᠭᠡᠭᠡᠨ ᠤ ᠦᠢᠯᠡᠴᠢᠯᠡᠬᠡᠨ ᠤ ᠪᠣᠳᠠᠳᠣ ᠴᠣᠭᠴᠠ ᠶᠢᠨ ᠠᠵᠤ ᠠᠬᠤᠢ ᠶᠢᠨ ᠴᠢᠳᠠᠪᠦᠷᠢ ᠪᠠ ᠬᠢᠷᠢ ᠳᠦᠪᠰᠢᠨ ᠢ ᠦᠨᠡᠨᠬᠦ ᠳᠡᠭᠡᠭᠰᠢᠯᠡᠭᠦᠯᠦᠨ᠎ᠠ᠃ ︵ᠭᠤᠷᠪᠠ︶ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢ ᠨᠢᠭᠡᠳᠦᠯᠳᠠᠢ ᠲᠦᠯᠦᠪᠯᠡᠵᠦ᠂ ᠣᠷᠤᠰᠢᠨ ᠰᠠᠭᠤᠷᠢᠰᠢᠬᠤ ᠳᠤ ᠳᠣᠬᠢᠷᠠᠮᠵᠢᠲᠠᠢ ᠦᠵᠡᠮᠵᠢᠳᠣ ᠰᠠᠶᠢᠬᠠᠨ ᠰᠢᠨ᠎ᠠ ᠳᠦᠷᠬᠦ ᠶᠢ ᠪᠤᠢ ᠪᠣᠯᠭᠠᠨ᠎ᠠᠪᠢᠳᠡ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢ ᠦᠭᠡᠢ ᠪᠠᠶᠢᠬᠤ ᠪᠣᠳᠠᠳᠤ ᠠᠰᠠᠭᠤᠳᠠᠯ ᠳᠤ ᠬᠠᠨᠳᠣᠭᠤᠯᠵᠦ᠂ ᠣᠷᠣᠨ ᠬᠡᠪᠴᠢᠶ᠎ᠡ ᠪᠠᠷ ᠬᠠᠮᠲᠤᠷᠠᠨ ᠠᠵᠢᠯᠯᠠᠬᠤ ᠪᠠ ᠳᠤᠲᠠᠭᠤᠳᠠᠯ ᠢᠶᠠᠨ ᠨᠦᠬᠦᠬᠦ ᠶᠢ ᠪᠠᠷᠢᠮᠲᠠᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠᠲᠣ ᠪᠠᠬᠢ ᠰᠠᠭᠤᠷᠢ ᠶᠢ ᠬᠦᠴᠦᠯᠡᠨ ᠪᠠᠶᠢᠭᠤᠯᠤᠨ᠎ᠠ᠃—— ᠬᠦᠳᠡᠭᠡ ᠲᠤᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢ ᠯᠠᠪᠳᠠᠭᠤᠨ ᠠᠬᠢᠭᠤᠯᠤᠨ᠎ᠠ᠃ ︽ᠨᠡᠶᠢᠳᠡᠯᠢᠭ ᠵᠢᠱᠢᠶ᠎ᠠ ᠶᠢ ᠠᠳᠬᠤᠨ᠂ ᠪᠦᠬᠦ ᠳᠠᠯ᠎ᠠ ᠶᠢ ᠨᠦᠯᠦᠭᠡᠯᠡᠬᠦ︾ ᠰᠡᠳᠬᠢᠮᠵᠢ ᠶᠢ ᠦᠨᠳᠦᠰᠦᠯᠡᠨ᠂ ᠵᠢᠱᠢᠶ᠎ᠠ ᠦᠵᠡᠭᠦᠯᠬᠦ ᠪᠦᠰᠡ ᠪᠠ ᠴᠡᠭ ᠤᠨ ᠪᠠᠶᠢᠭᠤᠯᠤᠯᠳᠠ ᠶᠢ ᠳᠣᠪᠤᠶᠢᠯᠭᠠᠨ ᠠᠳᠬᠤᠵᠤ᠂ ᠮᠠᠯᠴᠢᠨ ᠳᠠᠷᠢᠶᠠᠴᠢᠳ ᠢ ᠠᠵᠤ ᠠᠬᠤᠶᠢᠯᠠᠯ ᠳᠤ ᠭᠦᠨᠵᠡᠭᠡᠶᠢᠷᠡᠭᠦᠯᠦᠨ᠂ ᠠᠵᠤ ᠠᠬᠤᠶᠢᠯᠠᠯ ᠢᠶᠠᠷ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠵᠦ᠂ ᠬᠠᠭᠤᠯᠠᠪᠦᠷᠢᠯᠠᠵᠤ ᠪᠣᠯᠬᠤᠶᠢᠴᠠ ᠵᠢᠱᠢᠶᠡᠴᠢ ᠬᠡᠪ ᠵᠠᠬᠪᠤᠷ ᠢ ᠪᠣᠢ ᠪᠣᠯᠭᠠᠨ᠎ᠠ ᠃ ᠵᠠᠮ ᠬᠠᠷᠢᠯᠴᠠᠭ᠎ᠠ᠂ ᠣᠰᠣᠨ ᠠᠰᠢᠬᠯᠠᠯᠳᠠ᠂ ᠴᠠᠬᠢᠯᠭᠠᠨ ᠬᠦᠴᠦ ᠪᠠ ᠴᠢᠮᠡᠭᠡ ᠨᠡᠪᠲᠡᠷᠡᠯᠭᠡ ᠪᠠᠷ ᠭᠤᠣᠯᠳᠠᠯᠭ᠎ᠠ ᠪᠤᠯᠭᠠᠵᠤ᠂ ᠬᠡᠪᠴᠢᠶ᠎ᠠ ᠶᠢ ᠦᠷᠭᠡᠳᠬᠡᠨ ᠳᠡᠰ ᠳᠡᠪᠰᠢᠭᠦᠯᠬᠦ ᠬᠦᠴᠦᠯᠡᠴᠠ ᠪᠠᠨ ᠠᠬᠢᠭᠤᠯᠵᠤ᠂ ᠬᠤᠳᠠ ᠬᠦᠳᠡᠭᠡ ᠶᠢᠨ ᠰᠠᠭᠤᠷᠢ ᠪᠦᠳᠦᠭᠡᠨ ᠪᠠᠶᠢᠭᠤᠯᠤᠯᠳᠠ ᠶᠢᠨ ᠬᠠᠷᠢᠯᠴᠠᠨ ᠨᠡᠪᠳᠡᠷᠡᠯᠴᠡᠵᠤ᠂ ᠬᠠᠷᠢᠯᠴᠠᠨ ᠬᠤᠯᠪᠣᠯᠳᠣᠵᠣ᠂ ᠬᠠᠮᠳᠣ ᠪᠠᠷ ᠪᠠᠶᠢᠭᠤᠯᠬᠤ᠂ ᠬᠠᠮᠳᠣ ᠪᠠᠷ ᠡᠳ᠋ᠯᠡᠬᠦ ᠶᠢ ᠳᠦᠯᠬᠢᠨ ᠠᠬᠢᠭᠤᠯᠤᠨ᠎ᠠ᠃ ᠭᠠᠴᠠᠭ᠎ᠠ ᠳᠣᠰᠬᠤᠨ ᠤ ᠳᠦᠷᠢ ᠳᠦᠷᠬᠦ᠂ ᠬᠤᠭ ᠨᠤᠪᠰᠢ ᠪᠠ ᠪᠣᠬᠢᠷ ᠣᠰᠣ ᠶᠢᠨ ᠵᠠᠰᠠᠨ ᠴᠡᠭᠴᠡᠯᠡᠯᠲᠡ ᠵᠢᠴᠢ ︽ᠵᠣᠷᠯᠤᠩ ᠤᠨ ᠦᠬᠡᠷᠡᠴᠢᠯᠡᠯᠳᠡ︾ ᠢᠶᠠᠷ ᠭᠤᠣᠯᠳᠠᠯᠭ᠎ᠠ ᠪᠤᠯᠭᠠᠵᠤ᠂ ᠣᠷᠴᠢᠨ ᠳᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠨ ᠴᠡᠭᠴᠡᠯᠡᠯᠳᠡ ᠶᠢᠨ ᠪᠠᠶᠢᠩᠭᠤ  ᠶᠢᠨ ᠵᠤᠬᠢᠴᠠᠮᠵᠢ ᠶᠢ ᠪᠠᠶᠢᠭᠤᠯᠤᠨ ᠳᠡᠭᠦᠯᠳᠡᠷᠵᠢᠭᠦᠯᠵᠤ᠂ ᠬᠦᠳᠡᠭᠡ ᠲᠤᠰᠬᠤᠨ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠠᠯ ᠢ ᠢᠳᠡᠭ ᠢᠳᠡᠭ ᠢᠶᠠᠷ ᠰᠠᠶᠢᠵᠢᠷᠠᠭᠤᠯᠤᠨ᠎ᠠ᠃ ᠰᠢᠯᠢᠳᠡᠭ ᠣᠯᠠᠮᠵᠢᠯᠠᠯᠳᠣ ᠰᠣᠶᠣᠯ ᠢ ᠮᠠᠨᠳᠤᠭᠤᠯᠬᠤ ᠪᠠ ᠣᠳᠣ ᠦᠶ᠎ᠡ ᠶᠢᠨ ᠪᠤᠯᠪᠠᠰᠣᠨ ᠬᠡᠪ ᠰᠣᠷᠳᠠᠯ ᠢ ᠡᠷᠬᠢᠮᠯᠡᠬᠦ ᠪᠠᠷ ᠭᠤᠣᠯᠳᠠᠯᠭ᠎ᠠ ᠪᠣᠯᠭᠠᠵᠤ᠂ ᠰᠣᠷᠭᠠᠨ ᠬᠦᠮᠦᠵᠢᠯ ᠢᠶᠠᠷ ᠳᠠᠭᠠᠭᠤᠯᠬᠤ᠂ ᠦᠢᠯᠡᠳᠦᠯᠭᠡᠵᠢᠭᠦᠯᠬᠦ ᠵᠢᠴᠢ ᠳᠦᠷᠢᠮ ᠢᠶᠠᠷ ᠪᠠᠲᠤᠯᠠᠬᠤ ᠶᠢ ᠪᠠᠷᠢᠮᠲᠠᠯᠠᠨ᠂ ᠣᠯᠠᠨ ᠳᠦᠮᠡᠨ ᠢ ᠪᠣᠳᠠᠰ ᠤᠨ ᠲᠠᠯ᠎ᠠ ᠪᠠᠷ ᠪᠠᠶᠠᠨ ᠴᠢᠨᠡᠭᠡᠯᠢᠭ ᠪᠠᠶᠢᠯᠭᠠᠬᠤ ᠶᠢᠨ ᠵᠡᠷᠭᠡᠴᠡᠭᠡ ᠪᠠᠷ ᠣᠶᠤᠨ ᠰᠠᠨᠠᠭᠠᠨ ᠤ ᠲᠠᠯ᠎ᠠ ᠪᠠᠷ ᠴᠦ ᠣᠯᠠᠮ ᠪᠠᠶᠠᠯᠢᠬᠵᠢᠭᠤᠯᠤᠨ᠎ᠠ᠃ ᠦᠨᠳᠦᠰᠦᠨ ᠱᠠᠳᠣᠨ ᠤ ᠨᠡᠶᠢᠭᠡᠮ ᠤᠨ ᠴᠡᠭᠴᠡᠯᠡᠯᠲᠡ ᠶᠢᠨ ᠣᠳᠤᠬᠢᠴᠢᠯᠠᠯᠲᠠ ᠶᠢᠨ ᠬᠢᠷᠢ ᠳᠦᠪᠰᠢᠨ ᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠣᠯᠭᠠᠵᠤ᠂ ᠦᠪᠡᠷᠳᠡᠭᠡᠨ ᠵᠠᠰᠠᠬᠤ᠂ ᠬᠠᠣᠯᠢ ᠪᠠᠷ ᠵᠠᠰᠠᠬᠤ ᠵᠢᠴᠢ ᠮᠤᠷᠠᠯ ᠢᠶᠠᠷ ᠵᠠᠰᠠᠬᠤ ᠶᠢ ᠣᠷᠭᠠᠨᠢᠭ ᠢᠶᠠᠷ ᠣᠶᠠᠯᠳᠣᠭᠤᠯᠣᠨ᠂ ᠬᠦᠳᠡᠭᠡ ᠲᠤᠰᠬᠤᠨ ᠮᠠᠯᠵᠢᠬᠤ ᠣᠷᠣᠨ ᠤ ᠴᠡᠭᠴᠡᠯᠡᠯᠲᠡ ᠶᠢᠨ ᠳᠣᠬᠳᠠᠯᠴᠠᠭ᠎ᠠ ᠶᠢ ᠪᠠᠶᠢᠭᠤᠯᠤᠨ ᠳᠡᠭᠦᠯᠳᠡᠷᠵᠢᠭᠦᠯᠦᠨ᠎ᠠ᠃ ᠳᠠᠷᠢᠶᠠᠯᠠᠩ ᠮᠠᠯ ᠠᠵᠣ ᠠᠬᠤᠢ ᠶᠢᠨ ᠭᠠᠷᠤᠯᠲᠠ ᠶᠢᠨ ᠨᠡᠮᠡᠭᠳᠡᠯ ᠵᠢᠴᠢ ᠮᠠᠯᠴᠢᠨ ᠳᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢᠶᠠᠷ ᠭᠤᠤᠯᠳᠠᠯᠭ᠎ᠠ ᠪᠣᠯᠭᠠᠵᠤ᠂ ᠬᠠᠰᠢᠶᠠᠨ ᠤ ᠠᠵᠤ ᠠᠬᠤᠢ ᠪᠠ ᠬᠠᠮᠲᠤ ᠶᠢᠨ ᠠᠵᠤ ᠠᠬᠤᠢ ᠶᠢ ᠢᠳᠡᠪᠬᠢᠳᠠᠢ ᠬᠦᠭᠵᠢᠭᠦᠯᠦᠨ᠂ ᠦᠢᠯᠡᠰ ᠪᠦᠲᠦᠭᠡᠬᠦ ᠠᠵᠢᠯ ᠣᠯᠭᠤᠬᠤ ᠪᠠ ᠦᠢᠯᠡᠳᠪᠦᠷᠢᠯᠡᠯ ᠤᠨ ᠮᠡᠷᠭᠡᠵᠢᠯ ᠤᠨ ᠪᠣᠯᠪᠠᠰᠣᠷᠠᠯ ᠤᠨ ᠬᠦᠴᠦᠯᠡᠴᠠ ᠪᠠᠨ ᠴᠢᠩᠭᠠᠳᠬᠠᠵᠤ᠂ ᠠᠯᠢᠪᠠ ᠠᠷᠭ᠎ᠠ ᠠᠪᠴᠢᠯ ᠢᠶᠠᠷ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃—— ᠰᠠᠭᠤᠷᠢ ᠳᠦᠬᠦᠭᠡᠷᠣᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠎ᠠ᠃ ᠰᠠᠭᠤᠷᠢ ᠪᠦᠳᠦᠭᠡᠨ ᠪᠠᠶᠢᠭᠤᠯᠤᠯᠳᠠ ᠨᠢ ᠠᠵᠤ ᠠᠬᠤᠢ ᠶᠢᠨ ᠬᠦᠭᠵᠢᠯᠳᠡ ᠳᠤ  ᠭᠤᠣᠯᠯᠠᠬᠴᠢ ᠦᠢᠯᠡᠳᠣᠯ ᠦᠵᠡᠭᠦᠯᠳᠡᠭ ᠰᠡᠳᠬᠢᠮᠵᠢ ᠶᠢ ᠪᠠᠷᠢᠮᠳᠠᠯᠠᠨ᠂ ᠠᠴᠢᠶᠠᠯᠠᠬᠴᠢ ᠦᠢᠯᠡᠴᠢᠯᠡᠬᠡᠨ ᠤ ᠴᠢᠳᠠᠪᠬᠢ ᠶᠢ ᠳᠠᠰᠣᠷᠠᠯᠳᠠ ᠦᠬᠡᠢ ᠴᠢᠩᠭᠠᠳᠬᠠᠵᠤ᠂ ᠬᠦᠭᠵᠢᠯᠳᠡ  ᠶᠢᠨ ᠪᠠᠲᠤᠯᠠᠭ᠎ᠠ ᠶᠢᠨ ᠴᠢᠳᠠᠪᠦᠷᠢ ᠶᠢ ᠳᠡᠭᠡᠭᠰᠢᠯᠡᠭᠦᠯᠦᠨ᠎ᠠ᠃ ᠮᠤᠵᠢ ᠶᠢᠨ ᠳᠡᠰ ᠤᠨ ᠵᠠᠮ ᠱᠣᠭᠤᠮ ᠤᠨ ᠪᠠᠭᠠᠷᠢᠨ ᠵᠡᠬᠦᠨ ᠬᠤᠰᠢᠭᠤᠨ ᠳᠠᠬᠢ ᠬᠡᠰᠡᠭ ᠤᠨ ᠳᠡᠰ ᠳᠡᠪᠰᠢᠬᠤ ᠠᠵᠢᠯ ᠢ ᠡᠬᠢᠯᠡᠭᠦᠯᠦᠨ ᠪᠠᠶᠢᠭᠤᠯᠵᠤ᠂ ᠣᠯᠣᠰ ᠤᠨ 305 ᠵᠠᠮ ᠱᠣᠭᠤᠮ ᠤᠨ ᠯᠢᠨᠳᠦ᠋ᠩ ᠠᠴᠠ ᠪᠢᠯᠡᠭᠦᠳᠠᠢ ᠬᠦᠷᠬᠦ ᠨᠢᠭᠡᠳᠦᠭᠡᠷ ᠳᠡᠰ ᠤᠨ ᠵᠠᠮ ᠱᠣᠭᠤᠮ ᠢ ᠪᠠᠶᠢᠭᠤᠯᠬᠤ ᠨᠦᠭᠦᠴᠡᠯ ᠢ ᠪᠦᠷᠢᠯᠳᠦᠭᠦᠯᠦᠨ᠂ ᠵᠢᠨᠢᠩ ᠠᠴᠠ ᠳᠦᠩᠯᠢᠶᠣᠣ ᠬᠦᠷᠬᠦ ᠳᠡᠮᠦᠷ ᠵᠠᠮ ᠤᠨ ᠪᠠᠭᠠᠷᠢᠨ ᠵᠡᠬᠦᠨ ᠬᠤᠰᠢᠭᠤᠨ  ᠳᠠᠬᠢ ᠬᠡᠰᠡᠭ ᠤᠨ ᠴᠠᠬᠢᠯᠭᠠᠨᠵᠢᠵᠤ ᠬᠡᠶᠢᠵᠢᠭᠦᠯᠬᠦ ᠦᠭᠡᠷᠡᠴᠢᠯᠠᠯᠳᠠ ᠶᠢᠨ ᠠᠵᠢᠯ ᠢ ᠡᠬᠢᠯᠡᠭᠦᠯᠵᠦ᠂ ᠱᠠᠩ ᠵᠢᠩ ᠨᠢᠰᠭᠡᠯ  ᠤᠨ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠰᠢᠨ᠎ᠠ ᠠᠬᠢᠯᠳᠠ ᠲᠠᠢ ᠪᠣᠯᠭᠠᠨ᠂ ᠪᠡᠶᠡᠳᠣ ᠵᠠᠮ ᠱᠣᠭᠤᠮ ᠤᠨ ᠳᠣᠣᠷ ᠢ ᠠᠭᠠᠵᠢᠮ ᠢᠶᠠᠷ ᠪᠦᠷᠢᠯᠳᠦᠭᠦᠯᠦᠨ᠎ᠠ᠃ ︽ᠳᠦᠷᠪᠡᠨ ᠰᠠᠶᠢᠨᠳᠠᠢ︾ ᠬᠦᠳᠡᠭᠡ ᠳᠣᠰᠬᠤᠨ ᠤ ᠵᠠᠮ ᠤᠨ ᠪᠦᠳᠦᠭᠡᠨ ᠪᠠᠶᠢᠭᠤᠯᠤᠯᠳᠠ ᠶᠢ ᠦᠷᠭᠦᠯᠵᠢᠯᠡᠨ ᠴᠢᠩᠭᠠᠳᠬᠠᠵᠤ᠂ ᠬᠦᠳᠡᠭᠡ ᠳᠣᠰᠬᠤᠨ ᠤ ᠵᠠᠮ ᠱᠣᠭᠤᠮ ᠢ 324 ᠺᠢᠯᠤᠮᠧᠲᠷ᠂ ᠡᠪᠳᠡᠷᠭᠡᠢ ᠠᠶᠤᠯᠳᠠᠢ ᠬᠦᠭᠦᠷᠭᠡ ᠶᠢ 3 ᠰᠠᠭᠤᠷᠢ ᠵᠠᠰᠠᠨ ᠰᠢᠨᠡᠳᠬᠡᠭᠰᠡᠨ ᠪᠠ ᠰᠢᠨ᠎ᠠ ᠪᠠᠷ ᠪᠠᠶᠢᠭᠤᠯᠵᠤ᠂ ᠵᠠᠰᠠᠮᠠᠯ ᠵᠠᠮ ᠤᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠬᠡᠷᠡᠭᠰᠡᠯ ᠲᠦᠬᠦᠭᠡᠷᠦᠮᠵᠢ ᠶᠢᠨ ᠬᠦᠮᠦᠷᠭᠡ ᠶᠢ ᠪᠠᠶᠢᠭᠤᠯᠤᠨ᠎ᠠ᠃ ᠬᠦᠪ ᠤᠨ ᠭᠤᠤ ᠣᠰᠣᠨ ᠠᠰᠢᠬᠯᠠᠯᠳᠠ ᠶᠢᠨ ᠵᠠᠩᠬᠢᠯᠠᠭ᠎ᠠ ᠶᠢᠨ ᠢᠨᠵᠧᠨᠧᠷᠢᠩ ᠢ ᠲᠦᠷᠭᠡᠳᠬᠡᠨ᠂ ᠴᠢᠨᠳᠠᠮᠦᠨᠢ ᠬᠠᠳᠠᠨ ᠤ ᠣᠰᠣᠨ ᠴᠦᠭᠦᠷᠦᠮ ᠪᠠ ᠬᠠᠯᠢᠭᠤᠲᠤ ᠣᠰᠣᠨ ᠴᠦᠭᠦᠷᠦᠮ ᠤᠨ ᠪᠦᠳᠦᠭᠡᠨ ᠪᠠᠶᠢᠭᠤᠯᠤᠯᠳᠠ ᠶᠢ ᠳᠦᠯᠦᠪᠵᠢᠭᠦᠯᠦᠨ ᠡᠬᠢᠯᠡᠭᠦᠯᠵᠤ᠂ 220 ᠰᠠᠭᠤᠷᠢ ᠣᠣᠭᠤᠬᠤ ᠣᠰᠣᠨ ᠤ ᠠᠮᠤᠷ ᠳᠦᠪᠰᠢᠨ ᠢ ᠪᠠᠳᠣᠯᠠᠬᠤ ᠢᠨᠵᠧᠨᠧᠷᠢᠩ ᠢ ᠨᠠᠶᠢᠳᠠᠪᠦᠷᠢᠵᠢᠭᠤᠯᠤᠨ᠂ ᠠᠮᠢ ᠠᠬᠤᠢ ᠪᠠᠷ ᠶᠠᠳᠠᠭᠤ ᠶᠢ ᠳᠡᠳᠬᠦᠬᠦ ᠵᠢᠵᠢᠭ ᠣᠷᠣᠰᠬᠠᠯ 62 ᠶᠢ ᠵᠠᠰᠠᠨ ᠰᠡᠯᠪᠢᠵᠦ᠂ ᠣᠰᠣᠨ ᠠᠰᠢᠬᠯᠠᠯᠳᠠ ᠶᠢᠨ ᠳᠣᠯᠭᠠᠭᠤᠷᠢᠯᠠᠬᠤ ᠴᠢᠳᠠᠪᠦᠷᠢ ᠶᠢ ᠦᠨᠡᠨᠬᠦ ᠳᠡᠭᠡᠭᠰᠢᠯᠡᠭᠦᠯᠦᠨ᠎ᠠ᠃ ︽ᠬᠦᠯᠡᠮᠵᠢᠲᠦ ᠭᠡᠷ ᠪᠠᠶᠢᠰᠢᠩ︾ ᠢ ᠵᠠᠰᠠᠨ ᠰᠠᠶᠢᠵᠢᠷᠠᠭᠤᠯᠬᠤ ᠠᠵᠢᠯᠯᠠᠭᠠᠨ ᠢ ᠬᠦᠨᠵᠡᠬᠡᠢ ᠦᠷᠨᠢᠭᠦᠯᠵᠦ᠂ ᠲᠠᠷᠢᠶᠠᠨ ᠭᠠᠵᠠᠷ ᠢ ᠲᠠᠷᠢᠶᠠᠯᠠᠩ ᠤᠨ ᠪᠣᠰᠤ ᠵᠦᠢᠯ ᠳᠤ ᠬᠡᠷᠡᠭᠯᠡᠬᠦ ᠡᠷᠦᠢ ᠬᠤᠷᠦᠢ ᠦᠬᠡᠢ ᠦᠵᠡᠭᠳᠡᠯ  ᠢ ᠪᠦᠳᠦᠮᠵᠢᠳᠡᠢ ᠬᠤᠷᠢᠭᠯᠠᠨ᠂ ᠭᠠᠵᠠᠷ ᠰᠢᠷᠦᠢ ᠶᠢᠨ ᠶᠡᠷᠣᠩᠬᠡᠶᠢᠯᠡᠨ ᠵᠠᠰᠠᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠳᠠᠷᠢᠶᠠᠨ ᠭᠠᠵᠠᠷ ᠢ ᠬᠠᠮᠠᠭᠠᠯᠠᠬᠤ ᠦᠨᠳᠦᠰᠦᠨ ᠱᠣᠭᠤᠮ ᠢ ᠡᠷᠡᠰ ᠪᠠᠷᠢᠮᠳᠠᠯᠠᠨ᠎ᠠ᠃ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠪᠦᠳᠦᠭᠡᠨ ᠪᠠᠶᠢᠭᠤᠯᠤᠯᠳᠠ ᠶᠢ ᠲᠡᠭᠦᠯᠳᠡᠷᠵᠢᠭᠦᠯᠵᠦ᠂ ᠭᠤᠣᠯ ᠵᠠᠮ ᠱᠣᠭᠤᠮ ᠪᠣᠯᠤᠨ ᠦᠶᠡᠷ ᠢ ᠰᠡᠷᠭᠡᠶᠢᠯᠡᠬᠦ ᠢᠨᠵᠧᠨᠧᠷᠢᠩ ᠢ ᠡᠬᠢᠯᠡᠨ ᠪᠠᠶᠢᠭᠤᠯᠵᠤ᠂ ᠠᠵᠤ ᠦᠢᠯᠡᠰ ᠤᠨ ᠬᠦᠭᠵᠢᠯᠳᠠ ᠶᠢᠨ ᠡᠯᠧᠮᠧᠨ᠋ᠲ ᠢ ᠲᠦᠷᠭᠡᠨ ᠨᠢᠭᠡᠲᠦᠭᠦᠯᠦᠨ᠎ᠡ᠃ ᠲᠠᠷᠢᠶᠠᠯᠠᠩ ᠤᠨ ᠳᠣᠣᠷ ᠰᠦᠯᠵᠢᠶ᠎ᠠ ᠶᠢᠨ ᠰᠢᠨ᠎ᠠ ᠨᠢᠬᠡ ᠡᠭᠡᠯᠵᠢ ᠶᠢᠨ ᠳᠡᠰ ᠳᠡᠪᠰᠢᠭᠦᠯᠵᠦ ᠦᠭᠡᠷᠡᠴᠢᠯᠠᠨ ᠵᠠᠰᠠᠬᠤ ᠢᠨᠵᠧᠨᠧᠷᠢᠩ ᠢ ᠡᠬᠢᠯᠡᠭᠦᠯᠵᠦ᠂ ᠯᠢᠨᠳᠦ᠋ᠩ ᠤᠨ 220 ᠺᠢᠯᠦᠸᠣᠯᠲ ᠴᠠᠬᠢᠯᠭᠠᠨ ᠬᠤᠪᠢᠰᠬᠠᠭᠤᠷ ᠤᠨ ᠦᠷᠳᠡᠭᠡ ᠶᠢ ᠭᠠᠵᠠᠷ ᠰᠢᠯᠵᠢᠭᠦᠯᠦᠨ ᠪᠠᠶᠢᠭᠤᠯᠵᠤ᠂ ᠴᠠᠬᠢᠯᠭᠠᠨ ᠬᠦᠴᠦᠨ ᠤ ᠪᠠᠳᠤᠯᠠᠭ᠎ᠠ ᠶᠢᠨ ᠦᠢᠯᠡᠳᠦᠯ ᠢ ᠲᠠᠰᠤᠷᠠᠯᠲᠠ ᠦᠭᠡᠢ ᠳᠡᠭᠡᠭᠰᠢᠯᠡᠭᠦᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号