ᠵᠣᠬᠢᠴᠠᠭᠤᠯᠬᠤ ᠵᠢᠴᠢ ᠰᠠᠭᠤᠭᠠᠯᠢ ᠠᠷᠠᠳ ᠥᠪᠡᠷᠲᠡᠭᠡᠨ ᠵᠠᠰᠠᠬᠤ ᠬᠠᠮᠳᠤᠷᠠᠨ ᠬᠦᠳᠡᠯᠦᠯᠴᠡᠬᠦ ᠰᠠᠶᠢᠨ ᠬᠡᠪ ᠪᠠᠶᠢᠳᠠᠯ | ᠢ ᠪᠣᠢ ᠪᠣᠯᠭᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠦᠷᠬᠦᠯᠵᠢᠯᠡᠨ ᠴᠢᠩᠭᠠᠳᠬᠠᠵᠤ᠂ ᠬᠠᠢ | ᠵᠠᠭᠤᠴᠢᠯᠠᠭᠤᠷ ᠤᠨ ᠲᠦᠪ ᠤᠨ ᠪᠦᠳᠦᠬᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠤᠨ᠂ ᠨᠠᠮ ᠢᠶᠠᠨ ᠬᠠᠶᠢᠷᠠᠯᠠᠵᠤ | ᠤᠯᠤᠰ ᠢᠶᠠᠨ ᠬᠠᠶᠢᠷᠠᠯᠠᠬᠤ ᠰᠤᠷᠭᠠᠨ ᠬᠦᠮᠦᠵᠢᠯ ᠢ ᠶᠡᠬᠡᠪᠡᠷ ᠦᠷᠨᠢᠬᠦᠯᠦᠨ᠎ᠡ᠃ ᠦᠨᠳᠦᠰᠦᠲᠡᠨ ᠤ ᠪᠦᠯᠬᠦᠮᠳᠡᠯ | ᠲᠠᠪᠰᠢᠯᠲᠠ ᠶᠢᠨ ᠠᠵᠢᠯ ᠢ ᠰᠠᠶᠢᠲᠤᠷ ᠬᠢᠵᠦ᠂ ︽ᠱᠠᠰᠢᠨ ᠰᠤᠷᠲᠠᠬᠤᠨ ᠤ ᠶᠠᠪᠤᠳᠠᠯ ᠤᠨ ᠬᠠᠮᠢᠶᠠᠷᠤᠯᠲᠠ ᠶᠢᠨ | ᠳᠦᠷᠢᠮ︾ ᠢ ᠴᠢᠩᠭ᠎ᠠ ᠬᠡᠷᠡᠭᠵᠢᠭᠦᠯᠦᠨ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠤᠭᠠᠷ ᠬᠠᠮᠢᠶᠠᠷᠬᠤ ᠠᠵᠢᠯ | ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠲᠣᠭᠲᠠᠯᠴᠠᠭ᠎ᠠ ᠶᠢᠨ | ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠤᠭ᠎ᠠ ᠪᠠᠷᠢᠮᠲᠠ ᠶᠢᠨ ᠬᠠᠮᠢᠶᠠᠷᠤᠯᠲᠠ ᠪᠠ ᠬᠡᠷᠡᠭᠯᠡᠭᠡ ᠶᠢ | ᠴᠢᠩᠭᠠᠳᠬᠠᠨ᠂ ᠳᠦᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ | ᠱᠠᠲᠤᠴᠢ ᠴᠢᠨᠠᠷᠲᠠᠢ ᠠᠵᠢᠯ ᠢ ᠪᠡᠶᠡᠯᠡᠭᠦᠯᠦᠨ᠎ᠡ᠃ ᠬᠠᠤᠯᠢ ᠪᠠᠷ ᠬᠤᠰᠢᠭᠤ ᠪᠠᠨ ᠵᠠᠰᠠᠬᠤ ᠶᠢ ᠠᠬᠢᠭᠤᠯᠤᠨ᠂ ︽ | ᠳᠣᠯᠤᠳᠤᠭᠠᠷ ᠲᠠᠪᠤᠨ ᠵᠢᠯ︾ ᠤᠨ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠶᠢ ᠦᠷᠬᠡᠨ ᠢᠶᠠᠷ ᠭᠦᠨᠵᠡᠭᠡᠢ | ᠦᠷᠨᠢᠭᠦᠯᠵᠦ᠂ ᠠᠷᠠᠳ ᠤᠨ ᠡᠶᠡᠳᠡᠭᠦᠯᠭᠡ ᠶᠢᠨ ᠠᠵᠢᠯ ᠢ ᠲᠠᠰᠤᠷᠠᠯᠲᠠ ᠦᠭᠡᠢ ᠴᠢᠩᠭᠠᠳᠬᠠᠨ᠂ ᠭᠠᠴᠠᠭ᠎ᠠ ᠲᠤᠰᠬᠤᠨ | ᠪᠠ ᠨᠡᠶᠢᠭᠡᠮ ᠲᠣᠭᠤᠷᠢᠭ ᠤᠨ ᠲᠧᠯᠸᠢᠰ ᠤᠨ ᠰᠦᠯᠵᠢᠶᠡᠨ ᠳᠤ ᠬᠤᠯᠪᠤᠭᠳᠠᠬᠤ ᠢᠨᠵᠧᠨᠧᠷᠢᠩ ᠢ ᠨᠠᠶᠢᠳᠠᠪᠦᠷᠢᠵᠢᠭᠤᠯᠵᠤ | ᠂ ᠣᠯᠠᠨ ᠲᠦᠮᠡᠨ ᠤ ᠬᠠᠤᠯᠢ ᠴᠠᠭᠠᠵᠠ ᠶᠢᠨ ᠠᠰᠠᠭᠤᠨ ᠯᠠᠪᠯᠠᠬᠤ ᠠᠷᠭ᠎ᠠ ᠵᠠᠮ ᠢ ᠰᠢᠯᠤᠭᠤᠳᠬᠠᠨ᠎ᠠ᠃ ᠠᠮᠤᠭᠤᠯᠠᠩ | ᠪᠠᠭᠠᠷᠢᠨ ᠵᠡᠭᠦᠨ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠣᠯᠠᠨ ᠨᠡᠶᠢᠲᠡ | ᠶᠢᠨ ᠠᠮᠤᠷ ᠲᠦᠪᠰᠢᠨ ᠤ ᠲᠦᠭᠰᠢᠭᠦᠷᠢ ᠶᠢᠨ ᠰᠡᠷᠭᠡᠶᠢᠯᠡᠯᠲᠡ ᠪᠠᠨ ᠴᠢᠩᠭᠠᠳᠬᠠᠵᠤ᠂ ᠠᠮᠤᠷ ᠢ ᠬᠠᠮᠠᠭᠠᠯᠠᠬᠤ | ᠰᠡᠷᠭᠡᠶᠢᠯᠡᠯᠲᠡ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠵᠠᠬᠢᠳᠠᠯ ᠰᠣᠷᠪᠤᠯᠵᠢᠯᠠᠯ ᠤᠨ ᠬᠠᠤᠯᠢ ᠪᠠᠷ ᠵᠠᠰᠠᠬᠤ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠭᠤᠷᠪᠠ ᠶᠢ ᠰᠠᠶᠢᠳᠤᠷ ᠬᠢᠵᠤ᠂ ᠨᠢᠭᠡ ᠶᠢ | ᠰᠢᠢᠳᠪᠦᠷᠢᠯᠡᠬᠦ︾ ᠵᠠᠷᠴᠢᠮ ᠢ ᠢᠮᠠᠭᠲᠠ ᠪᠠᠷᠢᠮᠲᠠᠯᠠᠨ᠂ ᠵᠠᠬᠢᠳᠠᠯ ᠰᠣᠷᠪᠤᠯᠵᠢᠯᠠᠯ ᠤᠨ ᠳᠠᠷᠤᠭᠳᠠᠭᠰᠠᠨ ᠬᠡᠷᠡᠭ ᠢ | ᠪᠦᠲᠦᠮᠵᠢᠲᠡᠢ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ | ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ ᠴᠡᠷᠢᠭ ᠢ ᠬᠦᠴᠦᠷᠬᠡᠭᠵᠢᠬᠦᠯᠬᠦ ᠰᠢᠨ᠎ᠡ ᠱᠠᠭᠠᠷᠳᠠᠯᠭ᠎ᠠ ᠲᠠᠢ ᠢᠳᠡᠪᠬᠢᠳᠡᠢ | ᠵᠤᠬᠢᠴᠠᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠪᠡᠯᠡᠳᠬᠡᠯ ᠬᠦᠴᠦᠨ ᠤ ᠪᠦᠳᠦᠬᠡᠨ ᠪᠠᠶᠢᠭᠤᠯᠤᠯᠳᠠ ᠶᠢ ᠪᠦᠬᠦ | ᠲᠠᠯ᠎ᠠ ᠪᠠᠷ ᠴᠢᠩᠭᠠᠳᠬᠠᠨ᠎ᠠ᠃ ᠬᠦᠨᠳᠦ ᠡᠪᠡᠳᠴᠢᠨ ᠪᠠ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠦᠢᠯᠡᠴᠢᠯᠡᠭᠡᠨ | ᠤ ᠬᠠᠮᠢᠶᠠᠷᠤᠯᠲᠠ ᠶᠢ ᠰᠠᠶᠢᠳᠤᠷ ᠬᠢᠬᠦ ᠶᠢ ᠴᠢᠬᠤᠯᠠᠴᠢᠯᠠᠵᠤ᠂ ᠵᠡᠮᠳᠡᠭᠴᠦᠳ ᠤᠨ ︽ᠬᠤᠶᠠᠷ ᠵᠦᠢᠯ ᠤᠨ ᠨᠦᠬᠦᠪᠦᠷᠢ︾ | ᠶᠢᠨ ᠲᠦᠷᠦ ᠶᠢᠨ ᠪᠣᠳᠤᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠭᠡᠷ ᠲᠡᠭᠡᠨ ᠬᠤᠴᠤᠷᠤᠭᠰᠠᠨ ᠬᠡᠥᠬᠡᠳ᠂ | ᠡᠮᠡᠭᠲᠡᠶᠢᠴᠦᠳ ᠵᠢᠴᠢ ᠨᠠᠰᠤᠲᠠᠶᠢᠴᠤᠳ ᠢ ᠬᠠᠶᠢᠷᠠᠯᠠᠵᠤ ᠬᠠᠯᠠᠮᠵᠢᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ | ᠲᠡᠭᠦᠯᠳᠡᠷᠵᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠬᠠᠯᠤᠢ ᠶᠢ ᠵᠦᠷᠢᠴᠡᠵᠦ ᠶᠠᠯ᠎ᠠ ᠬᠢᠬᠦ ᠶᠢ ᠰᠡᠷᠭᠡᠶᠢᠯᠡᠬᠦ | ᠠᠵᠢᠯ ᠢ ᠰᠠᠶᠢᠲᠤᠷ ᠬᠢᠨ᠎ᠡ᠃ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠵᠣᠷᠢᠭᠵᠢᠭᠤᠯᠤᠯ ᠪᠠ ᠵᠠᠯᠬᠠᠭᠠᠯ ᠤᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠯ | ᠢᠶᠠᠨ ᠪᠠᠷᠢᠮᠲᠠᠯᠠᠭᠰᠠᠳ ᠰᠢᠯᠤᠭᠤᠬᠠᠨ ᠠᠶᠠᠯᠠᠵᠤ᠂ ᠢᠲᠡᠭᠡᠯ ᠢᠶᠠᠨ ᠠᠯᠳᠠᠭᠰᠠᠳ ᠢ ᠤᠷᠤᠭᠰᠢᠯᠠᠬᠤ ᠳᠤ ᠪᠡᠷᠭᠡ | ᠪᠣᠯᠭᠠᠨ᠎ᠠ᠃ | ᠡᠭᠦᠨ ᠤ ᠬᠠᠮᠲᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠭᠠᠵᠠᠷ ᠬᠦᠳᠡᠯᠦᠯᠳᠡ ᠶᠢ ᠰᠡᠷᠬᠡᠶᠢᠯᠡᠵᠤ᠂ | ᠭᠠᠮᠰᠢᠭ ᠢ ᠪᠠᠭᠠᠰᠬᠠᠬᠤ ᠲᠤᠭᠳᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠲᠤ ᠬᠤᠷᠠᠯ ᠵᠢᠴᠢ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨᠴᠢ ᠪᠦᠯᠬᠦᠮ ᠤᠨ ᠬᠦᠭᠦᠷᠭᠡ ᠶᠢᠨ ᠦᠢᠯᠡᠳᠦᠯ ᠢ | ᠭᠦᠢᠴᠡᠳ ᠪᠠᠳᠠᠷᠠᠭᠤᠯᠤᠨ᠂ ᠪᠤᠳᠠᠰ ᠤᠨ ᠦᠨ᠎ᠡ ᠬᠠᠩᠰᠢ᠂ ᠴᠢᠮᠡᠭᠡ ᠨᠡᠪᠲᠡᠷᠡᠯᠭᠡ᠂ ᠴᠠᠭ ᠠᠭᠠᠷ᠂ ᠳᠠᠩᠰᠠ ᠡᠪᠬᠡᠮᠡᠯ᠂ | ᠬᠤᠰᠢᠭᠤᠨ ᠤ ᠣᠶᠢᠯᠠᠯᠭ᠎ᠠ᠂ ᠷᠠᠳᠢᠤ᠋ ᠲᠧᠯᠸᠢᠰ᠂ ᠭᠠᠳᠠᠭᠠᠳᠤ ᠶᠢᠨ ᠬᠠᠷᠢᠶᠠᠲᠤ ᠶᠢᠨ ᠶᠠᠪᠤᠳᠠᠯ᠂ ᠠᠯᠪᠠᠨ | ᠪᠠᠶᠢᠭᠤᠯᠭ᠎ᠠ ᠶᠢᠨ ᠶᠠᠪᠤᠳᠠᠯ ᠵᠡᠷᠭᠡ ᠠᠵᠢᠯ ᠢ ᠦᠷᠭᠦᠯᠵᠢᠯᠡᠨ ᠴᠢᠩᠭ᠎ᠠ ᠠᠳᠬᠤᠵᠤ᠂ ᠨᠡᠶᠢᠭᠡᠮ ᠤᠨ ᠡᠯ᠎ᠡ ᠲᠠᠯ᠎ᠠ ᠶᠢᠨ | ᠠᠵᠢᠯ ᠦᠢᠯᠡᠰ ᠤᠨ ᠪᠦᠬᠦ ᠲᠠᠯ᠎ᠠ ᠪᠠᠷ ᠳᠠᠪᠰᠢᠬᠤ ᠶᠢ ᠠᠬᠢᠭᠤᠯᠤᠨ᠎ᠠ᠃ | ︵ᠳᠣᠯᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠵᠠᠰᠠᠭ ᠤᠨ ᠣᠷᠳᠤᠨ ᠤ | ᠰᠢᠨ᠎ᠡ ᠳᠦᠷᠢ ᠳᠦᠷᠬᠦ ᠶᠢ ᠴᠢᠷᠮᠠᠶᠢᠨ ᠪᠦᠲᠦᠭᠡᠨ᠎ᠡ | ᠪᠢᠳᠡ ᠠᠵᠢᠯ ᠤᠨ ᠦᠷ᠎ᠡ ᠪᠦᠲᠦᠮᠵᠢ ᠶᠢᠨ ᠳᠡᠭᠡᠭᠰᠢᠯᠡᠯᠲᠡ ᠶᠢ ᠨᠦᠯᠦᠭᠡᠯᠡᠬᠦ ᠰᠤᠷᠲᠠᠯ ᠤᠨ ᠠᠰᠠᠭᠤᠳᠠᠯ ᠳᠤ | ᠴᠢᠭᠯᠡᠭᠦᠯᠦᠨ᠂ ᠵᠣᠷᠢᠯᠲᠠ ᠶᠢᠨ ᠤᠬᠠᠮᠰᠠᠷ ᠪᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ | ᠵᠠᠰᠠᠭ ᠤᠨ ᠣᠷᠳᠤᠨ ᠤ ᠠᠵᠢᠯ ᠳᠤ ᠣᠯᠠᠨ ᠲᠦᠮᠡᠨ ᠤ ᠨᠡᠩ ᠣᠯᠠᠨ ᠢᠲᠡᠭᠡᠯ ᠪᠠ ᠳᠡᠮᠵᠢᠯᠭᠡ ᠶᠢ ᠣᠯᠬᠤ ᠪᠠᠷ | ᠴᠢᠷᠮᠠᠶᠢᠨ᠎ᠠ᠃ | —— ᠤᠯᠤᠰ ᠲᠦᠷᠦ ᠶᠢᠨ ᠵᠣᠭᠰᠤᠴᠠ ᠪᠠᠨ ᠦᠨᠡᠨᠬᠦ ᠳᠡᠭᠡᠭᠰᠢᠯᠡᠭᠦᠯᠦᠨ᠎ᠡ᠃ ᠤᠬᠠᠮᠰᠠᠷ ᠠᠴᠠ ᠪᠠᠨ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ︽ᠳᠦᠷᠪᠡᠨ ᠤᠬᠠᠮᠰᠠᠷ︾ ᠢ ᠪᠣᠢ ᠪᠣᠯᠭᠠᠨ᠂ ︽ᠳᠦᠷᠪᠡᠨ ᠢᠲᠡᠭᠡᠯ︾ | ᠢ ᠲᠠᠰᠤᠷᠠᠯᠲᠠ ᠦᠭᠡᠢ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠦᠪ ᠬᠤᠰᠢᠶ᠎ᠠ ᠪᠠ | ᠪᠦᠬᠦ ᠨᠠᠮ ᠤᠨ ᠲᠤᠮᠳᠠᠬᠢ ᠭᠤᠤᠯ ᠪᠤᠯᠭᠠᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠬᠤ ᠪᠤᠯᠤᠨ ᠨᠠᠮ ᠤᠨ ᠲᠦᠪ | ᠬᠤᠷᠢᠶᠠᠨ ᠤ ᠡᠷᠭᠡ ᠰᠦᠷ ᠢ ᠬᠠᠮᠠᠭᠠᠯᠠᠬᠤ ᠵᠢᠴᠢ ᠲᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠪᠠᠷ ᠤᠯᠤᠰ | ᠲᠦᠷᠦ ᠶᠢᠨ ᠬᠠᠮᠤᠭ ᠤᠨ ᠶᠡᠭᠡ ᠵᠠᠷᠴᠢᠮ ᠪᠠ ᠤᠯᠤᠰ ᠲᠦᠷᠦ ᠶᠢᠨ ᠦᠨᠳᠦᠰᠦᠨ ᠶᠣᠰᠤ ᠪᠣᠯᠭᠠᠬᠤ ᠶᠢ ᠪᠠᠷᠢᠮᠲᠠᠯᠠᠵᠤ᠂ | ᠤᠯᠤᠰ ᠲᠦᠷᠦ ᠶᠢᠨ ᠵᠣᠭᠰᠤᠯᠲᠠ ᠪᠠᠨ ᠢᠮᠠᠭᠲᠠ ᠪᠠᠲᠤᠳᠬᠠᠨ᠂ ᠤᠯᠤᠰ ᠲᠦᠷᠦ ᠶᠢᠨ ᠴᠢᠭᠯᠡᠯ ᠢᠶᠠᠨ ᠪᠠᠲᠤ | ᠪᠣᠯᠭᠠᠵᠤ᠂ ᠬᠦᠭᠵᠢᠯᠲᠡ ᠶᠢᠨ ᠬᠦᠴᠦᠨ ᠢ ᠪᠠᠷᠢᠮᠲᠠᠯᠠᠨ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠠ | ᠴᠢᠩᠭᠠᠳᠬᠠᠬᠤ ᠶᠢ ᠵᠠᠰᠠᠭ ᠤᠨ ᠣᠷᠳᠤᠨ ᠤ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠲᠤᠤᠱᠯᠠᠭᠤᠯᠤᠨ᠂ | ᠡᠯ᠎ᠡ ᠱᠠᠲᠤᠨ ᠤ ᠰᠢᠢᠳᠪᠦᠷᠢ ᠪᠠᠶᠢᠷᠢᠯᠠᠭᠤᠯᠤᠯᠲᠠ ᠶᠢ ᠲᠡᠷᠡ ᠶᠣᠰᠤᠭᠠᠷ ᠭᠦᠢᠴᠡᠳᠬᠡᠵᠦ᠂ ᠵᠠᠰᠠᠭ ᠤᠨ ᠵᠠᠷᠯᠢᠭ ᠢ | ᠰᠢᠯᠤᠭᠤᠬᠠᠨ ᠶᠠᠪᠤᠭᠳᠠᠭᠤᠯᠵᠤ᠂ ᠵᠠᠷᠯᠢᠭ ᠴᠠᠭᠠᠵᠠ ᠶᠢ ᠳᠠᠭᠠᠨ᠎ᠠ᠃ ᠲᠤᠭᠤᠷᠢᠨ ᠪᠠᠶᠢᠴᠠᠭᠠᠯᠳᠠ ᠶᠢᠨ ᠬᠠᠷᠢᠭᠤ | ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠵᠠᠰᠠᠨ ᠴᠡᠭᠴᠡᠯᠡᠵᠤ᠂ ᠵᠠᠰᠠᠨ ᠴᠡᠭᠴᠡᠯᠡᠭᠰᠡᠨ ᠦᠷ᠎ᠡ ᠪᠦᠳᠦᠮᠵᠢ ᠪᠠᠨ | ᠦᠷᠬᠦᠯᠵᠢᠯᠡᠨ ᠪᠠᠳᠤᠳᠬᠠᠨ᠎ᠠ᠃ | —— ᠬᠠᠤᠯᠢ ᠪᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠎ᠠ᠃ ᠬᠠᠤᠯᠢ ᠳᠤ ᠲᠣᠭᠲᠠᠭᠰᠠᠨ ᠡᠷᠬᠡ ᠶᠢᠨ | ᠬᠢᠵᠠᠭᠠᠷᠯᠠᠯ ᠪᠠ ᠳᠡᠰ ᠲᠠᠷᠠᠭᠠᠯᠠᠯ ᠢ ᠴᠢᠩᠭ᠎ᠠ ᠦᠨᠳᠦᠰᠦᠯᠡᠵᠦ᠂ ᠡᠷᠭᠡ ᠪᠠᠨ ᠬᠡᠷᠡᠭᠵᠢᠭᠦᠯᠬᠦ ᠪᠠ ᠡᠭᠦᠷᠭᠡ ᠪᠠᠨ | ᠪᠡᠶᠡᠯᠡᠭᠦᠯᠵᠦ᠂ ᠵᠠᠰᠠᠭ ᠤᠨ ᠣᠷᠳᠤᠨ ᠤ ᠠᠵᠢᠯ ᠤᠨ ᠳᠦᠷᠢᠮᠵᠢᠯ ᠪᠠ ᠬᠠᠤᠯᠢᠵᠢᠯ ᠢ ᠠᠬᠢᠭᠤᠯᠤᠨ᠎ᠠ᠃ ᠬᠤᠰᠢᠭᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠲᠠ ᠲᠠᠯᠪᠢᠬᠤ ᠪᠠ ᠠᠵᠢᠯ ᠢᠶᠠᠷ ᠬᠢᠨᠠᠯᠳᠠ | ᠲᠠᠯᠪᠢᠬᠤ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠢᠴᠢ | ᠨᠡᠶᠢᠭᠡᠮ ᠤᠨ ᠶᠠᠷᠢᠶ᠎ᠠ ᠬᠡᠯᠡᠯᠴᠡᠬᠡᠨ ᠤ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠬᠡᠯᠡᠭᠴᠢᠳ ᠪᠠ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ | ᠤᠨ ᠵᠠᠰᠠᠭ ᠲᠤ ᠤᠷᠤᠯᠴᠠᠨ ᠵᠠᠰᠠᠭ ᠢ ᠵᠦᠪᠯᠡᠨ᠂ ᠰᠠᠨᠠᠯ ᠲᠤᠷᠠᠳᠤᠯᠭ᠎ᠠ ᠲᠤᠷᠠᠳᠤᠨ ᠡᠬᠦᠷᠬᠡ ᠬᠠᠷᠢᠭᠤᠴᠠᠯᠭ᠎ᠠ ᠪᠠᠨ | ᠬᠦᠢᠴᠡᠳᠬᠡᠬᠦ ᠶᠢ ᠢᠳᠡᠪᠬᠢᠳᠡᠢ ᠳᠡᠮᠵᠢᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ | ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠠᠷᠢᠨ ᠬᠢᠨᠠᠮᠠᠭᠠᠢ | ᠭᠦᠢᠴᠡᠳᠬᠡᠨ᠎ᠡ᠃ ᠴᠢᠬᠤᠯᠠ ᠶᠡᠭᠡ ᠶᠠᠪᠤᠳᠠᠯ ᠢ ᠬᠠᠮᠲᠤ ᠪᠠᠷ ᠰᠢᠢᠳᠪᠦᠷᠢ ᠲᠣᠭᠲᠠᠭᠠᠬᠤ ᠳᠦᠷᠢᠮ ᠢ | ᠲᠡᠭᠦᠯᠳᠡᠷᠵᠢᠭᠦᠯᠵᠦ᠂ ᠴᠢᠬᠤᠯᠠ ᠶᠡᠭᠡ ᠰᠢᠢᠳᠪᠦᠷᠢ ᠶᠢᠨ ᠬᠠᠤᠯᠢ ᠳᠤ ᠲᠣᠭᠲᠠᠭᠰᠠᠨ ᠠᠯᠬᠤᠮ ᠳᠠᠷᠠᠭ᠎ᠠ ᠶᠢ | ᠨᠠᠶᠢᠳᠠᠪᠦᠷᠢᠵᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠦᠨᠡᠨᠬᠦ | ᠴᠢᠩᠭᠠᠳᠬᠠᠨ᠂ ᠣᠯᠠᠨ ᠲᠦᠮᠡᠨ ᠤ ᠬᠠᠤᠯᠢ ᠶᠣᠰᠤᠨ ᠤ ᠡᠷᠬᠡ ᠠᠰᠢᠭ ᠢ ᠪᠦᠲᠦᠮᠵᠢᠲᠡᠢ ᠪᠠᠲᠤᠯᠠᠨ᠎ᠠ᠃ ᠵᠠᠰᠠᠭ | ᠵᠠᠬᠢᠷᠭᠠᠨ ᠤ ᠡᠷᠬᠡ ᠶᠢᠨ ᠬᠢᠵᠠᠭᠠᠷᠯᠠᠯ ᠤᠨ ᠬᠢᠨᠠᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠳᠣᠬᠢᠷᠠᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠤᠨ ᠶᠠᠪᠤᠳᠠᠯ ᠪᠠ ᠲᠤᠰᠬᠤᠨ ᠤ ᠶᠠᠪᠤᠳᠠᠯ ᠢ | ᠢᠯᠡ ᠪᠣᠯᠭᠠᠬᠤ ᠶᠢ ᠠᠬᠢᠭᠤᠯᠵᠤ᠂ ᠵᠠᠰᠠᠭ ᠪᠠ ᠠᠷᠠᠳ ᠤᠨ ᠬᠠᠮᠳᠤᠷᠠᠨ ᠬᠦᠳᠡᠯᠦᠯᠴᠡᠬᠦ ᠵᠠᠮ ᠢ ᠰᠢᠯᠤᠭᠤᠳᠬᠠᠨ᠂ | ᠵᠠᠰᠠᠭ ᠤᠨ ᠣᠷᠳᠤᠨ ᠤ ᠠᠵᠢᠯ ᠤᠨ ᠢᠯᠡ ᠲᠣᠳᠤ ᠬᠡᠮᠵᠢᠶ᠎ᠡ ᠪᠠ ᠣᠯᠠᠨ ᠤ ᠢᠳᠡᠭᠡᠯ ᠤᠨ ᠬᠦᠴᠦᠨ ᠢ | ᠳᠡᠭᠡᠭᠰᠢᠯᠡᠭᠦᠯᠦᠨ᠎ᠡ᠃ | —— ᠵᠠᠰᠠᠭ ᠤᠨ ᠣᠷᠳᠤᠨ ᠤ ᠴᠢᠳᠠᠪᠬᠢ ᠶᠢ ᠶᠡᠬᠡᠪᠡᠷ ᠳᠡᠭᠡᠭᠰᠢᠯᠡᠭᠦᠯᠦᠨ᠎ᠡ᠃ ᠪᠤᠳᠠᠲᠠᠢ ᠠᠵᠢᠯᠯᠠᠬᠤ ᠪᠠᠷ | ᠣᠷᠢᠳᠠᠯ ᠪᠣᠯᠭᠠᠬᠤ ᠪᠠ ᠨᠠᠶᠢᠳᠠᠪᠦᠷᠢᠵᠢᠭᠤᠯᠬᠤ ᠪᠠᠷ ᠭᠤᠣᠯ ᠪᠣᠯᠭᠠᠬᠤ ᠶᠢ ᠳᠣᠪᠤᠶᠢᠯᠭᠠᠵᠤ᠂ ︽ᠣᠷᠤ ᠮᠦᠷ | ᠦᠯᠡᠳᠡᠭᠡᠬᠦ︾ ᠶᠢ ᠴᠢᠩᠭᠠᠳᠬᠠᠨ᠂ ᠵᠠᠰᠠᠭ ᠤᠨ ᠣᠷᠳᠤᠨ ᠤ ᠠᠵᠢᠯ ᠤᠨ ᠡᠭᠦᠷᠭᠡ ᠶᠢᠨ ᠨᠠᠷᠢᠨ ᠳᠠᠩᠰᠠ ᠶᠢᠨ | ᠬᠡᠯᠪᠡᠷᠢᠲᠦ ᠬᠠᠮᠢᠶᠠᠷᠤᠯᠲᠠ ᠪᠠ ᠡᠬᠡ ᠳᠠᠩᠰᠠ ᠶᠢᠨ ᠬᠡᠯᠪᠡᠷᠢᠲᠦ ᠭᠦᠢᠴᠡᠳᠬᠡᠯ ᠢ ᠠᠬᠢᠭᠤᠯᠤᠨ᠎ᠠ᠃ ᠪᠤᠰᠢᠭᠤ ᠱᠠᠯᠠᠮᠠᠭᠠᠢ | ᠂ ᠬᠡᠯᠡᠪᠡᠯ ᠬᠢᠬᠦ᠂ ᠬᠦᠴᠢᠷᠳᠡᠯ ᠠᠴᠠ ᠵᠠᠶᠢᠯᠠᠬᠤ ᠦᠭᠡᠢ᠂ ᠵᠦᠷᠢᠴᠡᠯ ᠢ ᠳᠡᠭᠡᠭᠰᠢ ᠮᠡᠳᠡᠭᠦᠯᠬᠦ ᠦᠭᠡᠢ ᠪᠠᠶᠢᠬᠤ ᠶᠢ | ᠶᠡᠬᠡᠪᠡᠷ ᠰᠠᠨᠠᠭᠠᠴᠢᠯᠠᠵᠤ᠂ ᠡᠯ᠎ᠡ ᠲᠠᠯ᠎ᠠ ᠶᠢᠨ ᠠᠵᠢᠯ ᠤᠨ ᠣᠯᠤᠯᠲᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ | ᠪᠠᠲᠤᠯᠠᠨ᠎ᠠ᠃ ᠠᠵᠢᠯ ᠤᠨ ᠴᠢᠳᠠᠪᠦᠷᠢ ᠪᠠᠨ ᠦᠨᠡᠨᠬᠦ ᠴᠢᠩᠭᠠᠳᠬᠠᠵᠤ᠂ ᠮᠡᠳᠡᠯᠭᠡ ᠶᠢᠨ ᠳᠠᠪᠬᠤᠷᠭ᠎ᠠ ᠪᠠ ᠰᠡᠳᠬᠢᠬᠦ | ᠬᠡᠯᠪᠡᠷᠢ ᠪᠠᠨ ᠰᠢᠨᠡᠴᠢᠯᠡᠬᠦ ᠶᠢ ᠴᠢᠬᠤᠯᠠᠴᠢᠯᠠᠨ᠂ ᠨᠢᠭᠡᠳᠦᠭᠡᠷ ᠹᠷᠤᠨᠲ ᠲᠤ ᠭᠦᠨᠵᠡᠭᠡᠶᠢᠷᠡᠨ ᠪᠣᠳᠠᠲᠠᠢ ᠪᠠᠶᠢᠳᠠᠯ ᠢ | ᠪᠠᠶᠢᠴᠠᠭᠠᠨ᠂ ᠠᠷᠠᠳ ᠤᠨ ᠵᠣᠪᠠᠨᠢᠯ ᠢ ᠣᠶᠢᠯᠠᠭᠠᠵᠤ᠂ ᠬᠦᠴᠢᠷᠳᠡᠯ ᠢ ᠰᠢᠢᠳᠪᠦᠷᠢᠯᠡᠨ᠂ ᠰᠢᠢᠳᠪᠦᠷᠢ ᠶᠢᠨ | ᠣᠨᠤᠪᠴᠢᠲᠠᠢ ᠬᠡᠮᠵᠢᠶ᠎ᠡ ᠪᠠ ᠪᠦᠲᠦᠮᠵᠢᠲᠦ ᠴᠢᠨᠠᠷ ᠢ ᠳᠡᠭᠡᠭᠰᠢᠯᠡᠬᠦᠯᠦᠨ᠎ᠡ᠃ ᠬᠢᠨᠠᠨ ᠪᠠᠶᠢᠴᠠᠭᠠᠵᠤ ᠬᠠᠷᠢᠭᠤᠴᠠᠯᠭ᠎ᠠ | ᠠᠰᠠᠭᠤᠬᠤ ᠶᠢ ᠴᠢᠩᠭᠠᠳᠬᠠᠨ᠂ ᠨᠡᠩ ᠴᠢᠩᠭ᠎ᠠ ᠱᠠᠭᠠᠷᠳᠠᠯᠭ᠎ᠠ ᠪᠠ ᠨᠡᠩ ᠦᠨᠳᠦᠷ ᠪᠠᠷᠢᠮᠵᠢᠶ᠎ᠠ ᠪᠠᠷ ᠡᠯ᠎ᠡ ᠲᠠᠯ᠎ᠠ ᠶᠢᠨ | ᠠᠵᠢᠯ ᠦᠢᠯᠡᠰ ᠤᠨ ᠬᠦᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃ | —— ᠵᠠᠰᠠᠭ ᠢ ᠴᠢᠩᠭ᠎ᠠ ᠵᠠᠰᠠᠬᠤ ᠶᠢ ᠦᠷᠭᠦᠯᠵᠢᠯᠡᠨ ᠪᠠᠷᠢᠮᠲᠠᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠰᠢᠨ᠎ᠡ ᠳᠣᠬᠢᠷᠠᠭᠤᠯᠤᠯᠲᠠ ᠰᠢᠨ᠎ᠡ ᠱᠠᠭᠠᠷᠳᠠᠯᠭ᠎ᠠ ᠶᠢ ᠡᠷᠡᠰ ᠨᠠᠶᠢᠳᠠᠪᠦᠷᠢᠵᠢᠭᠤᠯᠵᠤ᠂ ᠤᠯᠤᠰ ᠲᠦᠷᠦ ᠶᠢᠨ | ᠰᠠᠬᠢᠯᠭ᠎ᠠ ᠪᠠ ᠳᠦᠷᠢᠮ ᠢ ᠴᠢᠩᠭ᠎ᠠ ᠰᠠᠬᠢᠨ᠂ ᠵᠠᠰᠠᠭ ᠤᠨ ᠣᠷᠳᠤᠨ ᠤ ᠰᠢᠰᠲ᠋ᠧᠮ ᠤᠨ ᠨᠠᠮ ᠤᠨ ᠰᠤᠷᠲᠠᠯ ᠴᠢᠭᠡᠴᠢ | ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ | ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠴᠢᠭᠡᠴᠢ ᠵᠠᠰᠠᠭ ᠤᠨ ᠠᠶᠤᠯ | ᠲᠦᠭᠰᠢᠭᠦᠷᠢ ᠶᠢᠨ ᠰᠡᠷᠭᠡᠶᠢᠯᠡᠯᠲᠡ ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠠ ᠬᠢᠨᠠᠨ | ᠪᠠᠶᠢᠴᠠᠭᠠᠬᠤ ᠵᠦᠪᠯᠡᠯ ᠤᠨ ᠰᠠᠬᠢᠯᠭ᠎ᠠ ᠪᠠᠲᠤ ᠶᠢ ᠭᠡᠷᠡᠭᠵᠢᠭᠦᠯᠵᠦ ᠬᠢᠨᠠᠯᠲᠠ ᠲᠠᠯᠪᠢᠬᠤ ᠶᠢ ᠪᠦᠬᠦ ᠬᠦᠴᠦᠨ ᠢᠶᠠᠷ | ᠳᠡᠮᠵᠢᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠳᠠᠪᠠᠭᠤᠯᠢᠭ ᠢᠯᠠᠯᠲᠠ ᠶᠢ ᠲᠠᠰᠤᠷᠠᠯᠲᠡ ᠦᠭᠡᠢ ᠪᠠᠬᠢᠵᠢᠭᠦᠯᠦᠨ | ᠬᠦᠭᠵᠢᠭᠦᠯᠦᠨ᠎ᠡ᠃ ᠲᠦᠪ ᠬᠤᠷᠢᠶᠠᠨ ᠤ ᠨᠠᠢᠮᠠᠨ ᠵᠣᠷᠪᠤᠰ ᠲᠣᠭᠲᠠᠭᠠᠯ ᠪᠠ ᠬᠡᠷᠡᠭᠵᠢᠭᠦᠯᠬᠦ ᠨᠠᠷᠢᠨ ᠳᠦᠷᠢᠮ ᠢ | ᠴᠢᠩᠭ᠎ᠠ ᠨᠠᠶᠢᠳᠠᠪᠦᠷᠢᠵᠢᠭᠤᠯᠵᠤ᠂ ᠵᠠᠰᠠᠭ ᠤᠨ ᠬᠤᠶᠢᠷᠭᠤᠰᠢᠯ᠂ ᠪᠦᠳᠦᠭᠦᠯᠢᠭ᠂ ᠴᠠᠯᠠᠭᠠᠶᠢᠳᠠᠯ ᠤᠨ ᠦᠢᠯᠡ | ᠠᠵᠢᠯᠯᠠᠭ᠎ᠠ ᠶᠢ ᠴᠢᠩᠭ᠎ᠠ ᠴᠡᠭᠴᠡᠯᠡᠵᠦ᠂ ︽ᠳᠦᠷᠪᠡᠨ ᠰᠤᠷᠲᠠᠯ︾ ᠤᠨ ᠳᠠᠬᠢᠵᠤ ᠡᠭᠦᠰᠬᠦ ᠶᠢ ᠪᠦᠲᠦᠮᠵᠢᠲᠡᠢ | ᠬᠤᠷᠢᠭᠯᠠᠨ᠎ᠠ᠃ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠭᠦᠢᠴᠡᠳᠬᠡᠯ ᠢ ᠢᠯᠡ ᠪᠣᠯᠭᠠᠬᠤ ᠶᠢ ᠪᠦᠬᠦ | ᠲᠠᠯ᠎ᠠ ᠪᠠᠷ ᠠᠬᠢᠭᠤᠯᠵᠤ᠂ ᠬᠢᠨᠠᠨ ᠪᠣᠳᠤᠯᠲᠠ ᠶᠢᠨ ᠬᠢᠨᠠᠯᠲᠠ ᠲᠠᠯᠪᠢᠬᠤ ᠪᠠ ᠪᠠᠶᠢᠴᠠᠭᠠᠨ ᠰᠢᠢᠳᠪᠦᠷᠢᠯᠡᠬᠦ ᠬᠦᠴᠦᠯᠡᠴᠡ | ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠪᠡᠯᠡ ᠮᠦᠩᠭᠦᠨ ᠤ ᠬᠢᠨᠠᠨ ᠬᠠᠮᠢᠶᠠᠷᠤᠯᠲᠠ ᠨᠡᠩ ᠪᠦᠲᠦᠮᠵᠢᠲᠡᠢ | ᠪᠠᠶᠢᠬᠤ ᠪᠠ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠨᠠᠶᠢᠳᠠᠪᠦᠷᠢᠵᠢᠭᠤᠯᠤᠯᠲᠠ ᠨᠡᠩ ᠳᠦᠷᠢᠮᠵᠢᠬᠦᠨ | ᠪᠠᠶᠢᠬᠤ ᠶᠢ ᠪᠠᠲᠤᠯᠠᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠭᠡᠴᠢ ᠶᠢ ᠡᠷᠬᠢᠮᠯᠡᠬᠦ ᠵᠣᠷᠢᠭ ᠰᠠᠨᠠᠭ᠎ᠠ ᠪᠠ ᠦᠷ᠎ᠡ | ᠪᠦᠲᠦᠮᠵᠢ ᠪᠠᠷ ᠣᠯᠠᠨ ᠲᠦᠮᠡᠨ ᠤ ᠢᠲᠡᠭᠡᠯ ᠢ ᠣᠯᠵᠤ᠂ ᠣᠯᠠᠨ ᠲᠦᠮᠡᠨ ᠳᠤ ᠦᠢᠯᠡᠴᠢᠯᠡᠨ᠎ᠡ᠃ | ᠲᠦᠯᠦᠭᠡᠯᠡᠭᠴᠢᠳ ᠡ︕ ᠰᠢᠨᠲᠠᠷᠠᠰᠢ ᠦᠭᠡᠢ ᠵᠣᠷᠢᠭ ᠢᠶᠠᠷ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠦ᠂ | ᠰᠢᠷᠭᠠᠭᠤ ᠴᠢᠷᠮᠠᠶᠢᠯᠭ᠎ᠠ ᠪᠠᠷ ᠠᠮᠵᠢᠯᠲᠠ ᠪᠦᠲᠦᠭᠡᠯ ᠢ ᠣᠯᠤᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠣᠯ | ᠪᠣᠯᠭᠠᠭᠰᠠᠨ ᠨᠠᠮ ᠤᠨ ᠲᠦᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ | ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠤᠭ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠮᠤᠭ | ᠲᠡᠭᠦᠯᠳᠡᠷ ᠤᠷᠮ᠎ᠠ ᠵᠣᠷᠢᠭ ᠪᠠ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠵᠤ᠂ ᠤᠯᠠᠭᠠᠨᠬᠠᠳᠠ ᠶᠢᠨ ︽ᠲᠠᠪᠤ ᠶᠢ | ᠲᠣᠮᠤᠵᠢᠭᠤᠯᠤᠭᠰᠠᠨ︾ ᠪᠦᠲᠦᠭᠡᠨ ᠪᠠᠶᠢᠭᠤᠯᠤᠯᠲᠠ ᠶᠢᠨ ᠲᠡᠥᠬᠡᠨ ᠶᠠᠪᠤᠴᠠ ᠳᠤᠮᠳᠠ ᠰᠢᠨ᠎ᠡ ᠬᠠᠭᠤᠳᠠᠰᠤ ᠶᠢ | ᠪᠢᠴᠢᠭᠯᠡᠨ᠂ ᠰᠢᠨ᠎ᠡ ᠭᠢᠯᠠᠯᠵᠠᠮ᠎ᠠ ᠠᠮᠵᠢᠯᠲᠠ ᠭᠠᠷᠭᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 70 ᠵᠢᠯ ᠤᠨ ᠣᠢ ᠳᠤ ᠪᠡᠯᠡᠭ ᠪᠠᠷᠢᠶ᠎ᠠ︕ | | | |