2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ( ᠨᠢᠭᠡ )
ᠨᠡᠶᠢᠲᠡᠯᠡᠭᠰᠡᠨ ᠴᠠᠭ᠄
2019/3/22
                 ᠵᠠᠰᠠᠭ ᠤᠨ ᠣᠷᠳᠣᠨ ᠤ ᠠᠵᠢᠯ ᠤᠨ ᠢᠯᠡᠳᠬᠡᠯ                            —— 2019 ᠣᠨ ᠤ 2 ᠰᠠᠷ᠎ᠠ ᠶᠢᠨ15 ᠤ ᠡᠳᠦᠷ ᠪᠠᠭᠠᠷᠢᠨ ᠵᠡᠭᠦᠨ ᠬᠤᠰᠢᠭᠤᠨ ᠤ ᠠᠷᠪᠠᠨ  ᠳᠣᠯᠣᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠳᠡᠭᠡᠷ᠎ᠡ                               ᠬᠤᠰᠢᠭᠤᠨ ᠳᠠᠷᠤᠭ᠎ᠠ             ᠮᠦᠩᠬᠡᠳᠠᠯᠠᠢᠲᠦᠯᠦᠭᠡᠯᠡᠭᠴᠢᠳ ᠡ᠄       ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ  ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠤ︕ ᠬᠤᠷᠠᠯ ᠳᠤ ᠰᠤᠯᠠ ᠣᠷᠤᠯᠴᠠᠭᠰᠠᠨ ᠬᠤᠰᠢᠭᠤᠨ ᠤ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠪᠣᠯᠤᠨ ᠪᠣᠰᠤᠳ ᠨᠦᠬᠦᠳ ᠰᠠᠨᠠᠯ ᠢᠶᠠᠨ ᠳᠤᠷᠠᠳᠬᠤ ᠶᠢ ᠬᠦᠰᠡᠵᠦ ᠪᠠᠶᠢᠨ᠎ᠠ᠃ᠨᠢᠭᠡ᠂ 2018 ᠣᠨ ᠤ ᠠᠵᠢᠯ ᠤᠨ ᠡᠷᠭᠢᠴᠡᠭᠦᠯᠦᠯ       2018 ᠣᠨ ᠳᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠲᠣᠣᠷ᠎ᠠ᠂ ᠬᠤᠰᠢᠭᠤᠨ ᠤ ᠵᠠᠰᠠᠭ ᠤᠨ ᠣᠷᠳᠣᠨ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠣᠭᠲᠠᠭᠤᠨ ᠤ ᠳᠤᠮᠳᠠ ᠠᠬᠢᠭᠤᠯᠬᠤ ᠠᠵᠢᠯ ᠤᠨ ᠭᠤᠣᠯ ᠰᠠᠨᠠᠭ᠎ᠠ ᠶᠢ ᠴᠢᠩᠭ᠎ᠠ ᠠᠳᠬᠤᠨ᠂ ᠪᠣᠳᠠᠲᠠᠢ ᠶᠢ ᠡᠷᠬᠢᠮᠯᠡᠨ ᠴᠢᠷᠮᠠᠶᠢᠨ ᠤᠷᠤᠭᠰᠢᠯᠠᠵᠤ᠂ ᠢᠳᠡᠪᠬᠢᠲᠡᠢ ᠠᠵᠢᠯᠯᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠲᠤᠭᠳᠠᠭᠤᠨ ᠤ ᠳᠤᠮᠳᠠ ᠰᠠᠶᠢᠵᠢᠷᠠᠬᠤ ᠪᠠᠶᠢᠳᠠᠯ ᠢ ᠦᠷᠬᠦᠯᠵᠢᠯᠡᠨ ᠪᠠᠷᠢᠮᠲᠠᠯᠠᠭᠰᠠᠨ ᠪᠠᠶᠢᠨ᠎ᠠ᠃ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ 96 ᠳ᠋ᠦᠩᠰᠢᠭᠤᠷ ᠲᠦᠭᠦᠷᠢᠭ ᠬᠦᠷᠴᠦ᠂ ᠣᠯᠠᠨ ᠨᠡᠶᠢᠲᠡ ᠶᠢᠨ ᠡᠩ ᠤᠨ ᠲᠦᠰᠦᠪ ᠤᠨ ᠣᠷᠤᠯᠭ᠎ᠠ 5.4 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ ᠬᠡᠪᠴᠢᠶᠡᠵᠢᠭᠰᠡᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ 31.8 ᠳ᠋ᠦᠩᠰᠢᠭᠤᠷ ᠲᠦᠭᠦᠷᠢᠭ ᠬᠦᠷᠴᠦ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 49.6 ᠳ᠋ᠦᠩᠰᠢᠭᠤᠷ ᠲᠦᠭᠦᠷᠢᠭ ᠬᠦᠷᠴᠦ᠂ ᠬᠤᠲᠠ ᠬᠦᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠤᠯᠭ᠎ᠠ ᠨᠢ ᠲᠤᠰ ᠲᠤᠰ 28401 ᠪᠠ10181 ᠲᠦᠭᠦᠷᠢᠭ ᠬᠦᠷᠪᠡ᠃ ᠨᠢᠭᠡ ᠵᠢᠯ ᠤᠨ ᠲᠤᠷᠰᠢ᠂ ᠪᠢᠳᠡ ᠲᠦᠷᠦ ᠶᠢᠨ ᠪᠣᠳᠤᠯᠭ᠎ᠠ ᠶᠢ ᠣᠨᠤᠪᠴᠢᠲᠠᠢ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠦᠷ᠎ᠡ ᠠᠰᠢᠭ ᠢᠯᠡᠳᠲᠡ ᠰᠠᠶᠢᠨ—— ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠬᠦᠴᠦᠲᠡᠢ ᠠᠷᠭ᠎ᠠ ᠪᠣᠳᠤᠯᠭ᠎ᠠ ᠠᠪᠤᠪᠠ ᠃ ᠦᠷᠢ ᠦᠭᠴᠡᠭᠡ ᠶᠢ ᠢᠯᠭᠠᠨ ᠲᠣᠳᠤᠯᠠᠵᠤ ᠬᠢᠨᠠᠨ ᠵᠦᠪᠰᠢᠶᠡᠷᠡᠬᠦ ᠠᠵᠢᠯ ᠢ ᠯᠠᠪᠳᠠᠭᠤᠨ ᠦᠷᠨᠢᠭᠦᠯᠵᠦ᠂ ᠦᠷᠢ ᠦᠭᠴᠡᠭᠡ ᠶᠢ ᠠᠷᠢᠯᠭᠠᠬᠤ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠵᠠᠰᠠᠭ ᠤᠨ ᠣᠷᠳᠣᠨ ᠤ ᠦᠷᠢ ᠦᠭᠴᠡᠭᠡ ᠶᠢ ᠪᠠᠭᠠᠰᠬᠠᠬᠤ ᠠᠵᠢᠯ ᠢ ᠠᠮᠵᠢᠯᠲᠠ ᠲᠠᠢ ᠠᠬᠢᠭᠤᠯᠪᠠ᠃ ︽ᠴᠠᠯᠢᠩ ᠤᠨ ᠪᠠᠲᠤᠯᠠᠭ᠎ᠠ᠂ ᠡᠷᠭᠢᠯᠲᠡ  ᠶᠢᠨ ᠪᠠᠲᠤᠯᠠᠭ᠎ᠠ᠂ ᠠᠷᠠᠳ ᠤᠨ ᠠᠮᠢᠳᠤᠷᠠᠯ ᠤᠨ ᠪᠠᠲᠤᠯᠠᠭ᠎ᠠ︾ ᠶᠢᠨ ᠵᠠᠷᠤᠯᠭ᠎ᠠ ᠶᠢᠨ ᠳᠠᠷᠤᠭᠠᠰᠤ ᠶᠢ ᠢᠯᠠᠵᠤ᠂ ᠬᠠᠳᠠᠭᠠᠯᠠᠮᠵᠢ ᠶᠢᠨ ᠪᠡᠯᠡ ᠮᠦᠩᠭᠦ ᠶᠢ ᠴᠢᠯᠦᠭᠡᠲᠡᠢ ᠪᠣᠯᠭᠠᠬᠤ᠂ ᠰᠤᠯᠠ ᠪᠠᠶᠢᠬᠤ ᠬᠦᠷᠦᠩᠭᠡ ᠶᠢ ᠰᠢᠢᠳᠪᠦᠷᠢᠯᠡᠬᠦ ᠵᠢᠴᠢ ᠦᠷᠢ ᠦᠭᠴᠡᠭᠡ ᠶᠢ ᠳᠠᠬᠢᠨ ᠪᠦᠯᠦᠭᠯᠡᠭᠦᠯᠬᠦ ᠵᠡᠷᠭᠡ ᠪᠦᠲᠦᠮᠵᠢᠲᠡᠢ ᠠᠷᠭ᠎ᠠ ᠬᠡᠮᠵᠢᠶ᠎ᠡ ᠶᠢ ᠠᠪᠴᠤ᠂ ᠪᠦᠬᠦ ᠵᠢᠯ ᠳᠤ ᠨᠡᠶᠢᠲᠡ ᠵᠠᠰᠠᠭ ᠤᠨ ᠣᠷᠳᠣᠨ ᠤ ᠦᠷᠢ ᠦᠭᠴᠡᠭᠡ 13.9 ᠳ᠋ᠦᠩᠰᠢᠭᠤᠷ ᠲᠦᠭᠦᠷᠢᠭ ᠰᠢᠢᠳᠪᠦᠷᠢᠯᠡᠨ᠂ ᠥᠪᠡᠷᠲᠡᠭᠡᠨ ᠵᠠᠰᠠᠬᠤ ᠣᠷᠣᠨ ᠤ ᠲᠤᠰᠬᠠᠢ ᠱᠠᠩᠨᠠᠯ ᠤᠨ ᠮᠦᠩᠭᠦ ᠶᠢ 8835 ᠲᠦᠮᠡᠨ ᠲᠦᠭᠦᠷᠢᠭ ᠬᠦᠷᠲᠡᠪᠡ᠃ ᠬᠠᠤᠯᠢ ᠪᠣᠰᠤ ᠪᠠᠷ ᠪᠡᠯᠡ ᠬᠤᠷᠠᠮᠳᠤᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠬᠦᠳᠡᠭᠡ ᠲᠤᠰᠬᠤᠨ ᠮᠠᠯᠵᠢᠬᠤ ᠣᠷᠣᠨ ᠤ ᠦᠨᠳᠦᠷ ᠬᠦᠦ ᠲᠠᠢ ᠵᠢᠭᠡᠯᠡᠯᠭᠡ ᠶᠢᠨ ᠪᠠᠶᠢᠴᠠᠭᠠᠯᠲᠠ ᠪᠠ ᠢᠨᠲ᠋ᠧᠷᠨ᠋ᠲ ᠰᠦᠯᠵᠢᠶᠡᠨ ᠤ ᠮᠦᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠲᠤᠰᠬᠠᠢ ᠴᠡᠭᠴᠡᠯᠡᠯᠲᠡ ᠦᠷᠨᠢᠭᠦᠯᠦᠨ᠂ ᠣᠯᠠᠨ ᠲᠦᠮᠡᠨ ᠤ ᠠᠵᠤ ᠠᠬᠤᠢ  ᠶᠢᠨ ᠬᠤᠬᠢᠷᠠᠯ ᠢ 397 ᠲᠦᠮᠡᠨ ᠲᠦᠭᠦᠷᠢᠭ ᠡᠭᠡᠭᠦᠯᠵᠦ ᠠᠪᠴᠢᠷᠠᠵᠤ ᠦᠭᠪᠡ᠃ —— ᠣᠨᠤᠪᠴᠢᠲᠠᠢ ᠪᠠᠷ ᠶᠠᠳᠠᠭᠤ ᠶᠢ ᠲᠡᠳᠬᠦᠬᠦ ᠶᠠᠰᠤ ᠴᠢᠨᠠᠷ ᠪᠠ ᠦᠷ᠎ᠡ ᠠᠰᠢᠭ ᠢᠯᠡᠳᠲᠡ ᠳᠡᠭᠡᠭᠰᠢᠯᠡᠪᠡ᠃ ︽ᠶᠠᠳᠠᠭᠤ ᠠᠴᠠ ᠠᠩᠬᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠬᠡᠷᠡᠭᠵᠢᠭᠦᠯᠬᠦ ᠲᠦᠰᠦᠯ︾ ᠪᠠ 27 ᠲᠤᠰᠬᠠᠢ ᠲᠦᠰᠦᠯ ᠲᠣᠭᠲᠠᠭᠠᠭᠰᠠᠨ ᠪᠠ 19 ᠲᠤᠰᠬᠠᠢ ᠠᠬᠢᠭᠤᠯᠬᠤ ᠳᠤᠭᠤᠶᠢᠯᠠᠩ ᠪᠠᠶᠢᠭᠤᠯᠤᠨ᠂ ᠡᠳ᠋ ᠤᠨ ᠵᠠᠰᠠᠭ ᠤᠨ ᠡᠯ᠎ᠡ ᠵᠦᠢᠯ ᠤᠨ ᠲᠡᠳᠬᠦᠮᠵᠢ ᠶᠢᠨ ᠪᠡᠯᠡ ᠮᠦᠩᠭᠦ 4.2 ᠳ᠋ᠦᠩᠰᠢᠭᠤᠷ ᠲᠦᠭᠦᠷᠢᠭ ᠵᠠᠷᠤᠴᠠᠭᠤᠯᠵᠤ᠂ ᠶᠠᠳᠠᠭᠤ ᠬᠦᠴᠢᠷᠲᠡᠢ 16762 ᠡᠷᠦᠬᠡ ᠶᠢᠨ 34763 ᠬᠦᠮᠦᠨ ᠳᠤ ᠠᠰᠢᠭ ᠬᠦᠷᠲᠡᠭᠡᠭᠰᠡᠨ ᠪᠠᠶᠢᠨ᠎ᠠ᠃ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯᠯᠠᠭᠠᠨ ᠢ ᠦᠷᠭᠡᠨ ᠢᠶᠠᠷ ᠦᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠲᠤᠷᠠᠨ ᠠᠵᠢᠯᠯᠠᠬᠤ ᠬᠡᠪ ᠵᠠᠭᠪᠤᠷ ᠢ ᠰᠢᠨᠡᠴᠢᠯᠡᠨ᠂ ᠭᠤᠷᠪᠠᠨ ᠬᠠᠪᠴᠢᠯ ᠤᠨ ᠪᠦᠯᠦᠭᠯᠡᠯ ᠤᠨ ᠲᠣᠭᠲᠠᠭᠰᠠᠨ ᠴᠡᠭᠲᠦ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠵᠦ᠂ ᠱᠦᠨ ᠢ ᠲᠣᠭᠤᠷᠢᠭ ᠤᠨ ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠴᠢᠩᠭᠠᠳᠬᠠᠨ᠂ 1 ᠳ᠋ᠦᠩᠰᠢᠭᠤᠷ ᠲᠦᠭᠦᠷᠢᠭ ᠤᠨ ᠦᠷᠳᠡᠭ ᠪᠦᠬᠦᠢ ᠬᠠᠪᠰᠤᠷᠤᠨ ᠲᠡᠳᠬᠦᠬᠦ ᠪᠡᠯᠡ ᠮᠦᠩᠭᠦ ᠪᠣᠯᠤᠨ ᠡᠳ᠋ ᠪᠤᠳᠠᠰ ᠢ ᠣᠯᠠᠨ ᠲᠦᠮᠡᠨ ᠳᠤ ᠬᠦᠷᠲᠡᠭᠡᠵᠦ᠂ ᠣᠯᠠᠨ ᠲᠠᠯ᠎ᠠ ᠠᠴᠠ ᠬᠠᠮᠳᠤᠷᠠᠨ ᠬᠦᠳᠡᠯᠦᠯᠴᠡᠭᠰᠡᠨ ᠶᠠᠳᠠᠭᠤ ᠶᠢ ᠲᠡᠳᠬᠦᠬᠦ ᠪᠠᠶᠢᠳᠠᠯ ᠢ ᠦᠨᠳᠦᠰᠦᠨ ᠳᠡᠭᠡᠨ ᠪᠦᠷᠢᠯᠳᠦᠭᠦᠯᠪᠡ᠃ ᠡᠷᠴᠢ ᠵᠣᠷᠢᠭ ᠤᠶᠤᠨ ᠤᠬᠠᠭᠠᠨ ᠬᠤᠣᠰᠯᠠᠭᠰᠠᠨ ᠲᠡᠳᠬᠦᠮᠵᠢ ᠶᠢ ᠴᠢᠬᠤᠯᠠᠴᠢᠯᠠᠵᠤ᠂ ᠠᠵᠤ ᠦᠢᠯᠡᠰ᠂ ᠡᠷᠡᠭᠦᠯ ᠮᠡᠨᠳᠦ᠂ ᠰᠤᠷᠭᠠᠨ ᠬᠦᠮᠦᠵᠢᠯ ᠵᠢᠴᠢ ᠠᠮᠢ ᠠᠬᠤᠢ ᠵᠡᠷᠭᠡ ᠠᠵᠢᠯ ᠲᠦᠷᠦᠯ ᠪᠠ ᠰᠠᠯᠠᠭ᠎ᠠ ᠮᠦᠴᠢᠷ ᠤᠨ ᠶᠠᠳᠠᠭᠤ ᠶᠢ ᠲᠡᠳᠬᠦᠬᠦ ᠠᠵᠢᠯ ᠢ ᠡᠮᠬᠢ ᠳᠠᠷᠠᠭ᠎ᠠ ᠲᠠᠢ ᠠᠬᠢᠭᠤᠯᠤᠨ᠂ ᠭᠠᠳᠠᠭᠠᠳᠤ ᠬᠦᠴᠦᠨ ᠤ ᠣᠯᠠᠨ ᠡᠰᠢᠲᠦ ᠶᠠᠳᠠᠭᠤ ᠶᠢ ᠲᠡᠳᠬᠦᠬᠦ ᠪᠣᠯᠤᠨ ᠳᠣᠲᠤᠭᠠᠳᠤ ᠳᠤ ᠪᠠᠨ ᠦᠪᠡᠷᠲᠡᠭᠡᠨ ᠶᠠᠳᠠᠭᠤ ᠠᠴᠠ ᠠᠩᠭᠢᠵᠢᠷᠠᠬᠤ ᠶᠢ ᠬᠠᠷᠢᠯᠴᠠᠨ ᠤᠶᠠᠯᠳᠤᠭᠤᠯᠤᠭᠰᠠᠨ ᠵᠣᠬᠢᠴᠠᠮᠵᠢ  ᠶᠢ ᠪᠣᠢ ᠪᠣᠯᠭᠠᠪᠠ᠃ ᠵᠢᠯ ᠤᠨ ᠳᠤᠲᠤᠷ᠎ᠠ 40 ᠶᠠᠳᠠᠭᠤ ᠬᠦᠴᠢᠷᠲᠡᠢ ᠭᠠᠴᠠᠭ᠎ᠠ ᠲᠤᠰᠬᠤᠨ ᠢ ᠶᠠᠳᠠᠭᠤ ᠬᠦᠴᠢᠷᠲᠡᠢ ᠡᠩᠨᠡᠭᠡᠨ ᠠᠴᠠ ᠭᠠᠷᠭᠠᠵᠤ᠂ 15526 ᠬᠦᠮᠦᠨ ᠢ ᠶᠠᠳᠠᠭᠤ ᠠᠴᠠ ᠠᠩᠭᠢᠵᠢᠷᠠᠭᠤᠯᠤᠨ᠂ ᠶᠠᠳᠠᠭᠤ ᠬᠦᠴᠢᠷᠳᠡᠯᠲᠡᠢ ᠨᠣᠷᠮ᠎ᠠ 2017 ᠣᠨ ᠤ ᠵᠢᠯ ᠤᠨ ᠡᠴᠦᠰ ᠤᠨ 8.14% ᠠᠴᠠ ᠪᠠᠭᠠᠰᠤᠭᠠᠳ 2.5% ᠪᠣᠯᠪᠠ᠃——  ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠬᠦᠴᠦᠲᠡᠢ ᠴᠡᠭᠴᠡᠯᠡᠪᠡ᠃ ᠳᠡᠭᠡᠳᠦ ᠭᠤᠷᠪᠠᠨ ᠱᠠᠲᠤᠨ ᠤ ᠣᠷᠴᠢᠨ ᠲᠣᠭᠤᠷᠢᠨ ᠢ ᠬᠠᠮᠠᠭᠠᠯᠠᠬᠤ ᠬᠢᠨᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ 36 ᠶᠢ ᠴᠡᠭᠴᠡᠯᠡᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠳᠤ ᠠᠭᠤᠷᠬᠠᠢ ᠬᠠᠶᠢᠬᠤ ᠪᠠ ᠠᠭᠤᠷᠬᠠᠢ ᠮᠠᠯᠲᠠᠬᠤ ᠡᠷᠬᠡ ᠶᠢ ᠪᠦᠬᠦᠨ ᠢ ᠦᠭᠡᠶᠢᠰᠬᠡᠵᠦ᠂ 48 ᠠᠭᠤᠷᠬᠠᠢ ᠶᠢᠨ ᠠᠵᠤ ᠠᠬᠤᠶᠢᠯᠠᠯ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠴᠡᠭᠴᠡᠯᠡᠬᠦ ᠠᠩᠬᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠦᠨ᠂ ᠳᠤᠮᠳᠠᠳᠤ ᠶᠢᠨ ᠥᠩᠭᠡᠲᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠶᠢᠨ 4 ᠲᠦᠮᠡᠨ ᠬᠠᠪᠲᠠᠭᠠᠢ ᠳᠦᠷᠪᠡᠯᠵᠢᠨ ᠮᠧᠲᠷ ᠬᠦᠷᠦᠰᠦ ᠰᠢᠷᠤᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠲᠦᠷᠦᠯ ᠵᠦᠢᠯ ᠢ ᠠᠮᠵᠢᠯᠲᠠ ᠲᠠᠢ ᠳᠠᠭᠤᠰᠬᠠᠵᠤ᠂ ᠲᠣᠰᠤ ᠨᠡᠮᠡᠬᠦ ᠦᠷᠲᠡᠭᠡ ᠶᠢᠨ ᠰᠢᠲᠠᠮᠠᠬᠠᠢ ᠬᠡᠢ ᠶᠢ ᠬᠤᠷᠢᠶᠠᠨ ᠴᠡᠭᠴᠡᠯᠡᠭᠰᠡᠨ ᠬᠡᠮᠵᠢᠶ᠎ᠡ ᠨᠢ 100% ᠳᠤ ᠬᠦᠷᠪᠡ᠃ ︽ᠭᠤᠣᠯ ᠮᠦᠷᠡᠨ ︵ᠨᠠᠭᠤᠷ︶ ᠤ ᠳᠠᠷᠤᠭ᠎ᠠ ᠶᠢᠨ ᠳᠦᠷᠢᠮ︾ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠣᠯᠳᠠᠯᠭ᠎ᠠ ᠲᠠᠢ ᠣᠷᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠢ ᠨᠠᠶᠢᠳᠠᠪᠦᠷᠢᠵᠢᠭᠤᠯᠤᠨ᠂ ᠠᠮᠢ ᠠᠬᠤᠢ ᠶᠢᠨ ᠦᠨᠳᠦᠰᠦᠨ ᠱᠤᠭᠤᠮ ᠢ ᠠᠩᠬ᠎ᠠ ᠠᠯᠬᠤᠮ ᠲᠣᠭᠲᠠᠭᠠᠵᠤ᠂ ᠪᠦᠬᠦ ᠵᠢᠯ  ᠳᠤ 14.5 ᠲᠦᠮᠡᠨ ᠮᠤ᠋ ᠣᠶᠢᠵᠢᠭᠤᠯᠤᠨ᠂ ᠣᠢ ᠰᠢᠭᠤᠢ ᠶᠢᠨ ᠪᠦᠷᠬᠦᠴᠡ ᠶᠢᠨ ᠬᠡᠮᠵᠢᠶ᠎ᠡ ᠨᠢ 39.02% ᠬᠦᠷᠴᠦ ᠂ ᠨᠡᠭᠦᠳᠡᠯ ᠤᠨ ᠰᠢᠪᠠᠭᠤ ᠮᠡᠲᠦ ᠶᠢᠨ ᠬᠡᠭᠡᠷ᠎ᠡ ᠶᠢᠨ ᠠᠮᠢᠲᠠᠨ ᠤ ᠲᠦᠷᠦᠯ ᠵᠦᠢᠯ ᠪᠣᠯᠤᠨ ᠲᠤᠭ᠎ᠠ ᠬᠡᠮᠵᠢᠶ᠎ᠡ ᠨᠢ ᠢᠯᠡᠳᠳᠡ ᠨᠡᠮᠡᠭᠳᠡᠪᠡ᠃ ᠨᠢᠭᠡ ᠵᠢᠯ ᠤᠨ ᠲᠤᠷᠰᠢ᠂ ᠪᠢᠳᠡ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦᠯᠬᠦ ᠶᠢ ᠪᠠᠷᠢᠮᠲᠠᠯᠠᠵᠤ᠂ ᠠᠵᠤ ᠠᠬᠤᠢ  ᠶᠢᠨ ᠨᠡᠮᠡᠭᠳᠡᠯ ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ—— ᠠᠵᠤ ᠦᠢᠯᠡᠳᠪᠦᠷᠢ ᠶᠢᠨ ᠠᠵᠤ ᠠᠬᠤᠢ ᠶᠢᠨ ᠬᠦᠭᠵᠢᠯᠲᠡ ᠶᠢᠨ ᠴᠢᠨᠠᠷ ᠳᠡᠭᠡᠭᠰᠢᠯᠡᠪᠡ᠃ ᠾᠧᠩ ᠲᠦᠩ ᠠᠷᠠᠯᠵᠢᠶ᠎ᠠ ᠬᠤᠳᠠᠯᠳᠤᠭ᠎ᠠ ᠶᠢᠨ ᠡᠳᠦᠷ ᠪᠦᠷᠢ 1000 ᠳᠣᠨ ᠴᠠᠶᠢᠷ ᠲᠤᠭᠤᠯᠭ᠎ᠠ ᠰᠢᠯᠢᠬᠦ ᠲᠦᠷᠦᠯ ᠵᠦᠢᠯ ᠢ ᠳᠠᠭᠤᠰᠬᠠᠵᠤ᠂ ᠹᠦ᠋ ᠯᠢᠩ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠪᠣᠯᠭᠠᠨ ᠤ 200 ᠲᠦᠮᠡᠨ ᠳᠣᠨ ᠨᠠᠨᠦᠮᠧᠲᠷᠲᠤ ᠴᠣᠬᠤᠢ ᠶᠢᠨ ᠴᠢᠯᠠᠭᠤ ᠶᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ ᠢ ᠠᠰᠢᠭᠯᠠᠯᠲᠠ ᠳᠤ ᠣᠷᠤᠭᠤᠯᠤᠨ᠂ ᠢᠦᠢ ᠪᠠᠩ ᠠᠭᠤᠷᠬᠠᠢ ᠶᠢᠨ ᠡᠳᠦᠷ ᠪᠦᠷᠢ 25000 ᠳᠣᠨ ᠤ ᠣᠯᠠᠨ ᠵᠦᠢᠯ  ᠤᠨ ᠥᠩᠭᠡᠲᠦ ᠲᠡᠮᠦᠷᠯᠢᠭ ᠰᠢᠯᠢᠬᠦ ᠲᠦᠷᠦᠯ ᠵᠦᠢᠯ ᠢ ᠬᠤᠲᠠ ᠶᠢᠨ ᠳᠡᠰ ᠲᠤ ᠬᠦᠷᠭᠡᠵᠦ᠂ ᠱᠠᠨᠳᠦ᠋ᠩ ᠤᠨ ᠠᠯᠲᠠ ᠮᠦᠩᠭᠦ ᠲᠤᠭᠤᠯᠭ᠎ᠠ ᠶᠢᠨ ᠬᠢᠵᠠᠭᠠᠷᠲᠤ ᠺᠤᠮᠫᠠᠨᠢ ᠨᠢ ᠥᠪᠡᠷᠲᠡᠭᠡᠨ ᠵᠠᠰᠠᠬᠤ ᠣᠷᠤᠨ ᠤ ︽ᠪᠣᠬᠢᠷᠳᠤᠯ ᠦᠭᠡᠢ ᠦᠢᠯᠡᠳᠪᠦᠷᠢ︾ ᠶᠢᠨ ᠵᠢᠱᠢᠶ᠎ᠡ ᠦᠵᠡᠭᠦᠯᠬᠦ ᠨᠡᠷᠡᠰ ᠲᠤ ᠵᠢᠭᠰᠠᠭᠠᠭᠳᠠᠪᠠ᠃ ᠪᠠᠢ ᠾᠦᠢ ᠱᠧᠩ ᠡᠳᠦᠷ ᠪᠣᠯᠭᠠᠨ 6000 ᠳᠣᠨ ᠰᠢᠬᠢᠷ ᠯᠤᠤᠪᠠᠩ ᠨᠠᠷᠢᠯᠢᠭ ᠪᠣᠯᠪᠠᠰᠤᠷᠠᠭᠤᠯᠬᠤ ᠪᠠ ᠺᠧ ᠷᠠᠨ ᠠᠮᠢᠳᠤ ᠪᠤᠳᠠᠰ ᠤᠨ ᠵᠢᠯ ᠳᠤ 2000 ᠳᠣᠨ ᠰᠢᠷ᠎ᠠ ᠪᠣᠷᠴᠠᠭ ᠤᠨ ᠨᠣᠨᠳᠠᠭ ᠤᠨ ᠦᠢᠯᠡᠳᠪᠦᠷᠢᠯᠡᠯ ᠤᠨ ᠱᠤᠭᠤᠮ ᠢ ᠦᠷᠭᠡᠳᠬᠡᠨ ᠪᠠᠶᠢᠭᠤᠯᠬᠤ ᠵᠡᠷᠭᠡ ᠲᠦᠷᠦᠯ ᠵᠦᠢᠯ ᠢ ᠠᠮᠵᠢᠯᠲᠠ ᠲᠠᠢ ᠠᠬᠢᠭᠤᠯᠵᠤ᠂ ᠳᠤᠮᠳᠠᠳᠤ ᠤᠯᠤᠰ ᠤᠨ ᠳᠠᠯᠠᠢ ᠶᠢᠨ ᠴᠢᠯᠠᠭᠤᠨ ᠲᠣᠰᠤᠨ ᠤ ᠲᠣᠭᠤᠷᠢᠭ ᠤᠨ ᠬᠡᠢ ᠨᠡᠮᠡᠬᠦ ᠦᠷᠲᠡᠭᠡ ᠶᠢ ᠪᠠᠶᠢᠭᠤᠯᠤᠨ᠂ ᠳᠤᠮᠳᠠ ᠪᠠᠭ᠎ᠠ ᠠᠵᠤ ᠠᠬᠤᠶᠢᠯᠠᠯ ᠤᠨ ᠲᠣᠭᠤᠷᠢᠭ ᠤᠨ ᠵᠧᠩ ᠴᠦᠨ ᠲᠠᠩ ᠡᠮ ᠨᠠᠶᠢᠷᠠᠭᠤᠯᠬᠤ ᠵᠡᠷᠭᠡ 10 ᠲᠦᠷᠦᠯ ᠵᠦᠢᠯ ᠢ ᠠᠰᠢᠭᠯᠠᠯᠲᠠ ᠳᠤ ᠣᠷᠤᠭᠤᠯᠪᠠ᠃ ᠹᠧᠩ ᠬᠤᠸᠠᠩ ᠱᠠᠨ ᠠᠵᠤ ᠦᠢᠯᠡᠳᠪᠦᠷᠢ ᠶᠢᠨ ᠲᠣᠭᠤᠷᠢᠭ ᠤᠨ ᠬᠤᠣᠷ ᠬᠦᠨᠦᠭᠡᠯ ᠲᠠᠢ ᠬᠠᠶᠠᠭᠳᠠᠮᠠᠯ ᠪᠤᠳᠠᠰ ᠪᠠ ᠰᠢᠭᠠᠷᠤ  ᠶᠢ ᠰᠢᠢᠳᠪᠦᠷᠢᠯᠡᠬᠦ ᠲᠠᠯᠠᠪᠤᠷ ᠢ ᠠᠰᠢᠭᠯᠠᠯᠲᠠ ᠳᠤ ᠣᠷᠤᠭᠤᠯᠵᠤ᠂ ᠴᠠᠶᠢᠷ ᠲᠣᠭᠤᠯᠭ᠎ᠠ ᠬᠠᠶᠢᠯᠤᠭᠤᠯᠤᠭᠰᠠᠨ ᠰᠢᠭᠠᠷᠤ  ᠶᠢ ᠰᠢᠢᠳᠪᠦᠷᠢᠯᠡᠬᠦ ᠬᠢᠷᠢ ᠲᠦᠪᠰᠢᠨ ᠨᠢ ᠤᠯᠠᠮ ᠨᠢᠭᠡ ᠠᠯᠬᠤᠮ ᠰᠠᠶᠢᠵᠢᠷᠠᠪᠠ᠃——  ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠲᠣᠭᠲᠠᠭᠤᠨ ᠳᠣᠬᠢᠷᠠᠭᠤᠯᠪᠠ᠃ ᠪᠦᠬᠦ ᠬᠤᠰᠢᠭᠤᠨ  ᠤ ᠠᠮᠤ ᠪᠤᠳᠠᠭᠠᠨ ᠤ ᠶᠡᠷᠦᠩᠬᠡᠢ ᠤᠨᠠᠯᠲᠠ 11 ᠳ᠋ᠦᠩᠰᠢᠭᠤᠷ ᠵᠢᠩ ᠳᠤ ᠬᠦᠷᠴᠦ᠂ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠬᠤᠪᠢᠷᠠᠭᠠᠬᠤ︾ ᠡᠷᠳᠡᠨᠢ ᠰᠢᠰᠢ ᠶᠢᠨ ᠨᠣᠭᠤᠭᠠᠨ ᠳᠠᠷᠤᠰᠢ 10 ᠲᠦᠮᠡᠨ ᠮᠣ᠋ ᠬᠤᠷᠢᠶᠠᠵᠤ᠂ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ ᠵᠢᠴᠢ ᠲᠡᠵᠢᠭᠡᠯ ᠪᠣᠷᠳᠤᠭᠠᠨ ᠤ ᠬᠤᠪᠢ ᠶᠢᠨ ᠵᠢᠩ ᠢ 73 ᠄16᠄11 ᠪᠣᠯᠭᠠᠪᠠ᠃ ᠱᠦᠭᠦᠷ ᠡᠪᠡᠰᠦ ᠪᠣᠯᠪᠠᠰᠤᠷᠠᠭᠤᠯᠬᠤ ᠦᠢᠯᠡᠳᠪᠦᠷᠢ ᠰᠢᠨ᠎ᠡ ᠪᠠᠷ 40 ᠪᠠᠶᠢᠭᠤᠯᠵᠤ᠂ ᠵᠢᠯ  ᠳᠤ ᠠᠯᠠᠰᠢᠨ ᠡᠯᠵᠢᠭᠡ ᠪᠠ ᠠᠯᠠᠰᠢᠨ ᠦᠬᠡᠷ ᠲᠡᠵᠢᠭᠡᠬᠦ ᠶᠡᠷᠦᠩᠬᠡᠢ ᠲᠤᠭ᠎ᠠ ᠨᠢ ᠲᠤᠰ ᠲᠤᠰ 18 ᠲᠦᠮᠡ ᠪᠠ 15 ᠲᠦᠮᠡ ᠶᠢ ᠳᠠᠪᠠᠨ᠂ ᠵᠢᠯ ᠤᠨ ᠳᠤᠲᠤᠷ᠎ᠠ ᠬᠤᠲᠠ ᠶᠢᠨ ᠳᠡᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠲᠣᠯᠤᠭᠠᠶᠢᠯᠠᠭᠴᠢ ᠠᠵᠤ ᠠᠬᠤᠶᠢᠯᠠᠯ ᠰᠢᠨ᠎ᠡ ᠪᠠᠷ 5 ᠶᠢ ᠪᠠᠶᠢᠭᠤᠯᠤᠭᠰᠠᠨ ᠪᠠ12 ᠵᠦᠢᠯ ‍ᠤᠨ‌‍ᠲ᠋ᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠢ ︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾ ᠢᠶᠠᠷ ᠬᠡᠷᠡᠴᠢᠯᠡᠬᠦᠯᠪᠡ᠃ ᠮᠠᠯᠴᠢᠨ ᠲᠠᠷᠢᠶᠠᠴᠢᠳ ᠤᠨ ᠡᠯ᠎ᠡ ᠵᠦᠢᠯ ᠤᠨ ᠲᠤᠰᠬᠠᠢ ᠬᠤᠷᠰᠢᠶᠠᠵᠢᠯ ᠢ ᠬᠦᠭᠵᠢᠭᠦᠯᠦᠭᠡᠳ 1337 ᠪᠣᠯᠭᠠᠵᠤ᠂ ᠲᠠᠷᠢᠶᠠᠯᠠᠩ ᠤᠨ ᠬᠠᠭᠠᠯᠪᠦᠷᠢᠯᠠᠬᠤ᠂ ᠲᠠᠷᠢᠬᠤ ᠵᠢᠴᠢ ᠬᠤᠷᠢᠶᠠᠬᠤ ᠮᠠᠰᠢᠨᠴᠢᠯᠠᠯᠲᠠ ᠶᠢᠨ ᠬᠡᠮᠵᠢᠶ᠎ᠡ ᠨᠢ 70.4% ᠳᠤ ᠬᠦᠷᠴᠦ᠂ 74.7 ᠲᠦᠮᠡᠨ ᠮᠤ᠋ ᠭᠠᠵᠠᠷ ᠰᠢᠷᠤᠢ ᠶᠢ ᠰᠢᠯᠵᠢᠭᠦᠯᠦᠨ᠂ ᠰᠢᠯᠵᠢᠭᠦᠯᠦᠭᠰᠡᠨ ᠨᠣᠷᠮ᠎ᠠ ᠨᠢ 44.7% ᠬᠦᠷᠪᠡ᠃——  ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠦᠷᠭᠦᠯᠵᠢᠯᠡᠨ ᠬᠦᠭᠵᠢᠪᠡ᠃ ᠯᠢᠶᠤᠤ ᠶᠢᠨ ᠳᠡᠭᠡᠳᠦ ᠨᠡᠶᠢᠰᠯᠡᠯ ᠤᠨ ᠤᠯᠤᠰ ᠤᠨ ᠬᠠᠭᠤᠴᠢ ᠰᠤᠳᠤᠯᠤᠯ ᠤᠨ ᠦᠯᠡᠳᠡᠭᠳᠡᠯ ᠪᠠᠭᠤᠷᠢ ᠶᠢᠨ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号