ᠲᠣᠮᠤᠵᠢᠭᠤᠯᠤᠭᠰᠠᠨ︾ ᠪᠦᠲᠦᠭᠡᠨ ᠪᠠᠶᠢᠭᠤᠯᠤᠯᠲᠠ ᠳᠤ ᠪᠠᠭᠠᠷᠢᠨ ᠵᠡᠭᠦᠨ ᠬᠤᠰᠢᠭᠤᠨ ᠤ ᠬᠦᠴᠦᠨ ᠴᠢᠳᠠᠯ ᠢᠶᠠᠨ | ᠡᠷᠭᠦᠨ᠎ᠡ᠃ ᠲᠡᠮᠡᠴᠡᠬᠦ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ | 7% ᠣᠷᠴᠢᠮ ᠨᠡᠮᠡᠭᠳᠡᠬᠦᠯᠵᠤ︔ ᠣᠯᠠᠨ ᠨᠡᠶᠢᠲᠡ ᠶᠢᠨ ᠡᠩ ᠤᠨ ᠲᠦᠰᠦᠪ ᠤᠨ ᠣᠷᠤᠯᠭ᠎ᠠ ᠶᠢ 7% ᠣᠷᠴᠢᠮ | ᠨᠡᠮᠡᠭᠳᠡᠬᠦᠯᠵᠤ︔ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 12% ᠣᠷᠴᠢᠮ ᠨᠡᠮᠡᠭᠳᠡᠭᠦᠯᠦᠨ᠎ᠡ︔ | ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 9% ᠣᠷᠴᠢᠮ | ᠨᠡᠮᠡᠭᠳᠡᠭᠦᠯᠦᠨ᠎ᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ | ᠬᠤᠪᠢᠶᠠᠷᠢᠯᠠᠵᠤ ᠪᠣᠯᠬᠤ ᠣᠷᠤᠯᠭ᠎ᠠ ᠶᠢ ᠲᠤᠰ ᠲᠤᠰ 8% ᠣᠷᠴᠢᠮ ᠪᠠ 10% ᠣᠷᠴᠢᠮ ᠨᠡᠮᠡᠭᠳᠡᠭᠦᠯᠦᠨ᠎ᠡ᠃ | ᠶᠡᠷᠦᠩᠬᠡᠢ ᠱᠠᠭᠠᠷᠳᠠᠯᠭ᠎ᠠ ᠪᠠ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠪᠢᠳᠡ ᠲᠤᠤᠷᠠᠬᠢ ᠳᠣᠯᠤᠭᠠᠨ ᠲᠠᠯ᠎ᠠ ᠶᠢᠨ | ᠠᠵᠢᠯ ᠢ ᠰᠠᠶᠢᠳᠤᠷ ᠬᠢᠬᠦ ᠬᠡᠷᠡᠭᠲᠡᠢ᠄ | ︵ᠨᠢᠭᠡ︶ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠣᠯᠵᠤ᠂ ᠪᠦᠬᠦ ᠲᠠᠯ᠎ᠠ | ᠪᠠᠷ ᠴᠢᠨᠡᠭᠡᠯᠢᠭᠵᠢᠬᠦ ᠰᠢᠨ᠎ᠡ ᠠᠯᠬᠤᠮ ᠢ ᠠᠯᠬᠤᠨ᠎ᠠ | ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠬᠠᠷᠰᠢᠯᠠᠵᠤ ᠪᠠᠶᠢᠭ᠎ᠠ ᠳᠣᠪᠤᠶᠢᠮ᠎ᠠ ᠠᠰᠠᠭᠤᠳᠠᠯ ᠳᠤ | ᠴᠢᠭᠯᠡᠭᠦᠯᠵᠦ᠂ ᠲᠣᠭᠲᠠᠭᠰᠠᠨ ᠬᠠᠷᠠᠯᠲᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠨ᠂ ᠨᠠᠷᠢᠯᠢᠭ | ᠣᠨᠤᠪᠴᠢᠲᠠᠢ ᠪᠠᠷ ᠬᠦᠴᠦᠨ ᠢᠶᠠᠨ ᠭᠠᠷᠭᠠᠵᠤ᠂ ᠢᠯᠠᠯᠲᠠ ᠣᠯᠬᠤ ᠦᠭᠡᠢ ᠪᠣᠯ ᠵᠣᠭᠰᠤᠬᠤ ᠦᠭᠡᠢ ᠵᠣᠷᠢᠭ ᠰᠠᠨᠠᠭ᠎ᠠ | ᠪᠠᠷ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠭᠤᠶᠢᠪᠢᠰᠢ ᠦᠭᠡᠢ ᠬᠢᠨ᠎ᠡ᠃ | —— ᠠᠶᠤᠯ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠬᠦᠴᠦᠨ ᠢᠶᠠᠨ ᠲᠦᠪᠯᠡᠷᠡᠭᠦᠯᠦᠨ᠎ᠡ᠃ ᠰᠡᠷᠭᠡᠶᠢᠯᠡᠬᠦ ᠪᠠ | ᠨᠠᠮᠳᠠᠭᠠᠬᠤ ᠶᠢ ᠵᠡᠷᠭᠡᠪᠡᠷ ᠠᠳᠬᠤᠬᠤ ᠰᠡᠳᠬᠢᠮᠵᠢ ᠶᠢ ᠪᠣᠢ ᠪᠣᠯᠭᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ | ᠵᠠᠰᠠᠭ ᠤᠨ ᠣᠷᠳᠣᠨ ᠤ ᠦᠷᠢ ᠦᠭᠴᠡᠭᠡ ᠶᠢ ᠢᠳᠡᠭ ᠢᠳᠡᠭ ᠢᠶᠠᠷ ᠵᠣᠬᠢᠷᠠᠮᠵᠢᠲᠠᠢ ᠣᠷᠣᠨ ᠵᠠᠢ ᠳᠤ ᠣᠷᠤᠭᠤᠯᠤᠨ᠎ᠠ᠃ | ᠤᠯᠤᠰ ᠤᠨ ᠦᠮᠴᠢᠯᠡᠯᠲᠦ ᠪᠡᠯᠡ ᠮᠦᠩᠭᠦ ᠬᠤᠷᠠᠮᠳᠤᠭᠤᠯᠬᠤ ᠲᠠᠪᠴᠠᠩ ᠢ ᠳᠦᠷᠢᠮᠵᠢᠭᠦᠯᠦᠨ ᠬᠠᠮᠢᠶᠠᠷᠴᠤ᠂ ᠵᠠᠰᠠᠭ | ᠤᠨ ᠣᠷᠳᠣᠨ ᠤ ᠪᠡᠯᠡ ᠮᠦᠩᠭᠦ ᠣᠷᠤᠭᠤᠯᠬᠤ ᠲᠦᠷᠦᠯ ᠵᠦᠢᠯ ᠤᠨ ᠬᠠᠮᠢᠢᠶᠠᠷᠤᠯᠲᠠ ᠶᠢᠨ ᠠᠷᠭ᠎ᠠ ᠶᠢ ᠨᠢᠮᠪᠠᠢ | ᠬᠡᠷᠡᠭᠵᠢᠭᠦᠯᠦᠨ᠂ ᠪᠡᠯᠡ ᠮᠦᠩᠭᠦᠨ ᠤ ᠢᠷᠡᠯᠲᠡ ᠨᠢ ᠲᠣᠳᠤᠷᠬᠠᠢ ᠦᠭᠡᠢ ᠪᠠ ᠪᠡᠯᠡ ᠬᠤᠷᠠᠮᠳᠤᠭᠤᠯᠬᠤ | ᠲᠡᠩᠴᠡᠭᠦᠷᠢᠲᠡᠢ ᠲᠦᠰᠦᠯ ᠲᠣᠭᠲᠠᠭᠠᠭᠰᠠᠨ ᠦᠭᠡᠢ ᠲᠦᠷᠦᠯ ᠵᠦᠢᠯ ᠢ ᠨᠢᠭᠡ ᠶᠢ ᠴᠦ ᠬᠢᠨᠠᠨ ᠵᠦᠪᠰᠢᠶᠡᠷᠡᠬᠦ ᠦᠭᠡᠢ | ᠪᠦᠭᠡᠳ ᠵᠠᠰᠠᠭ ᠤᠨ ᠣᠷᠳᠤᠨ ᠤ ᠦᠷᠢ ᠦᠭᠴᠡᠭᠡ ᠰᠢᠨ᠎ᠡ ᠪᠠᠷ ᠨᠡᠮᠡᠭᠳᠡᠬᠦ ᠶᠢ ᠡᠷᠡᠰ ᠬᠤᠷᠢᠭᠯᠠᠨ᠎ᠠ᠃ ︽ᠲᠤᠭ᠎ᠠ | ᠪᠠᠷᠢᠮᠲᠠ ᠪᠠᠷ ᠦᠨᠳᠦᠰᠦᠯᠡᠯ ᠪᠣᠯᠭᠠᠬᠤ᠂ ᠰᠢᠢᠳᠪᠦᠷᠢ ᠲᠣᠭᠲᠠᠭᠠᠬᠤ ᠵᠢᠴᠢ ᠬᠠᠮᠢᠶᠠᠷᠬᠤ︾ ᠠᠵᠢᠯ ᠤᠨ ᠵᠣᠬᠢᠴᠠᠮᠵᠢ | ᠶᠢ ᠪᠠᠶᠢᠭᠤᠯᠵᠤ᠂ ᠡᠩ ᠤᠨ ᠵᠠᠷᠤᠯᠭ᠎ᠠ ᠶᠢ 5% ᠠᠴᠠ ᠳᠡᠭᠡᠭᠰᠢ ᠪᠠᠭᠠᠰᠬᠠᠨ᠂ ᠵᠢᠭᠡᠯᠡᠯᠭᠡ ᠶᠢᠨ ᠲᠡᠮᠲᠡᠭᠲᠦ ᠶᠢᠨ | ᠰᠣᠯᠢᠯᠴᠠᠭ᠎ᠠ᠂ ᠬᠦᠷᠦᠩᠭᠡ ᠶᠢᠨ ᠰᠢᠢᠳᠪᠦᠷᠢᠯᠡᠯᠲᠡ ᠵᠢᠴᠢ ᠡᠬᠢ ᠰᠤᠷᠪᠤᠯᠵᠢ ᠶᠢ ᠴᠢᠯᠦᠭᠡᠲᠡᠢ ᠪᠣᠯᠭᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠵᠢᠯ ᠤᠨ ᠳᠤᠲᠤᠷ᠎ᠠ ᠵᠠᠰᠠᠭ ᠤᠨ ᠣᠷᠳᠤᠨ ᠤ ᠨᠢᠭᠤᠭᠳᠠᠮᠠᠯ ᠦᠷᠢ ᠦᠭᠴᠡᠭᠡ ᠶᠢ 5. | 9 ᠳ᠋ᠦᠩᠰᠢᠭᠤᠷ ᠲᠦᠭᠦᠷᠢᠭ ᠰᠢᠢᠳᠪᠦᠷᠢᠯᠡᠨ᠎ᠡ᠃ ᠬᠢᠨᠠᠨ ᠪᠣᠳᠤᠯᠲᠠ ᠪᠠᠷ ᠬᠢᠨᠠᠯᠲᠠ ᠲᠠᠯᠪᠢᠬᠤ ᠬᠦᠴᠦᠯᠡᠴᠡ ᠪᠠᠨ | ᠴᠢᠩᠭᠠᠳᠬᠠᠨ᠂ ᠬᠢᠨᠠᠨ ᠪᠣᠳᠤᠯᠲᠠ ᠪᠠᠷ ᠳᠠᠮᠵᠢᠵᠤ ᠢᠯᠡᠷᠡᠭᠦᠯᠦᠭᠰᠡᠨ ᠠᠰᠠᠭᠤᠳᠠᠯ ᠢ ᠨᠠᠷᠢᠨ ᠬᠢᠨᠠᠮᠠᠭᠠᠢ ᠵᠠᠰᠠᠵᠤ᠂ ᠡᠯ᠎ᠡ | ᠲᠦᠷᠦᠯ ᠤᠨ ᠪᠡᠯᠡ ᠮᠦᠩᠭᠦᠨ ᠤ ᠵᠣᠬᠢᠰᠲᠠᠢ ᠬᠡᠷᠡᠭᠯᠡᠭᠡ ᠶᠢ ᠪᠠᠲᠤᠯᠠᠨ᠎ᠠ᠃ ᠬᠠᠤᠯᠢ ᠪᠣᠰᠤ ᠪᠡᠯᠡ ᠬᠤᠷᠠᠮᠳᠤᠭᠤᠯᠭ᠎ᠠ | ᠶᠢ ᠰᠢᠢᠳᠪᠦᠷᠢᠯᠡᠬᠦ ᠠᠵᠢᠯ ᠤᠨ ᠵᠣᠬᠢᠴᠠᠮᠵᠢ ᠶᠢ ᠪᠠᠶᠢᠭᠤᠯᠤᠨ ᠪᠦᠷᠢᠨᠰᠢᠭᠦᠯᠵᠦ᠂ ᠮᠦᠩᠭᠦᠨ ᠭᠦᠢᠯᠭᠡᠭᠡᠨ ᠤ ᠮᠡᠬᠡᠯᠡᠯ | ᠪᠠ ᠵᠣᠷᠢᠭᠤᠳᠠ ᠦᠷᠢ ᠠᠴᠠ ᠪᠠᠨ ᠳᠤᠲᠠᠭᠠᠬᠤ ᠵᠡᠷᠭᠡ ᠶᠠᠯᠠᠲᠤ ᠠᠵᠢᠯᠯᠠᠭ᠎ᠠ ᠳᠤ ᠬᠠᠤᠯᠢ ᠶᠣᠰᠤᠭᠠᠷ ᠴᠣᠬᠢᠯᠲᠠ | ᠦᠭᠴᠦ᠂ ᠬᠦᠳᠡᠭᠡ ᠲᠤᠰᠬᠤᠨ ᠮᠠᠯᠵᠢᠬᠤ ᠣᠷᠣᠨ ᠤ ᠦᠨᠳᠦᠷ ᠬᠦᠦ ᠲᠠᠢ ᠵᠢᠭᠡᠯᠡᠯᠭᠡ ᠶᠢ ᠶᠡᠷᠦᠩᠬᠡᠶᠢᠯᠡᠨ ᠵᠠᠰᠠᠬᠤ | ᠬᠦᠴᠦᠯᠡᠴᠡ ᠪᠠᠨ ᠴᠢᠩᠭᠠᠳᠬᠠᠨ᠂ ᠣᠷᠤᠨ ᠬᠡᠪᠴᠢᠶᠡᠨ ᠤ ᠴᠢᠨᠠᠷᠲᠠᠢ ᠪᠠ ᠰᠢᠰᠲ᠋ᠧᠮᠲᠤ ᠴᠢᠨᠠᠷᠲᠠᠢ ᠮᠦᠩᠭᠦᠨ | ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠦᠭᠡᠢ ᠪᠠᠶᠢᠬᠤ ᠶᠢ ᠪᠠᠲᠤᠯᠠᠨ᠎ᠠ᠃ | —— ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠳᠤ ᠶᠡᠷᠦᠩᠬᠡᠢ ᠳᠠᠭᠠᠷᠢᠯᠲᠠ ᠶᠠᠪᠤᠭᠤᠯᠤᠨ᠎ᠠ | ᠃ ᠠᠰᠠᠭᠤᠳᠠᠯ ᠤᠨ ᠴᠢᠭᠯᠡᠯ ᠪᠠ ᠦᠷ᠎ᠡ ᠳ᠋ᠦᠩ ᠤᠨ ᠬᠠᠨᠳᠤᠰᠢ ᠶᠢ ᠪᠣᠢ ᠪᠣᠯᠭᠠᠵᠤ᠂ ᠡᠯ᠎ᠡ ᠲᠠᠯ᠎ᠠ ᠶᠢᠨ ᠠᠵᠢᠯ ᠢ | ᠪᠤᠳᠠᠲᠠᠶᠢᠵᠢᠭᠤᠯᠤᠨ ᠨᠠᠷᠢᠯᠢᠭᠵᠢᠭᠤᠯᠵᠤ᠂ ᠵᠢᠯ ᠤᠨ ᠳᠣᠲᠤᠷ᠎ᠠ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ | ᠠᠩᠭᠢᠵᠢᠷᠠᠬᠤ ᠶᠢ ᠪᠠᠲᠤᠯᠠᠨ᠎ᠠ᠃ ᠶᠠᠳᠠᠭᠤ ᠶᠢ ᠲᠡᠳᠬᠦᠬᠦ ᠰᠠᠭᠤᠷᠢ ᠠᠵᠢᠯ ᠢ ᠰᠠᠶᠢᠲᠤᠷ ᠬᠢᠵᠦ᠂ ︽ᠬᠤᠶᠠᠷ ᠲᠤ | ᠦᠯᠦ ᠵᠣᠪᠠᠭ᠋ᠤ᠂ ᠭᠤᠷᠪᠠᠨ ᠶᠢ ᠪᠠᠲᠤᠯᠠᠬᠤ︾ ᠶᠢᠨ ᠳᠤᠲᠠᠭᠤᠳᠠᠯ ᠢ ᠨᠦᠬᠦᠨ᠂ ︽ᠬᠤᠸᠠᠷ ᠬᠠᠳᠬᠤᠬᠤ︾ ᠵᠤᠷᠢᠭ | ᠰᠠᠨᠠᠭ᠎ᠠ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠪᠠ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ | ᠶᠢ ᠨᠢᠭᠡᠲᠦᠯᠲᠡᠢ ᠲᠦᠯᠦᠪᠯᠡᠨ ᠵᠣᠯᠭᠠᠭᠤᠯᠵᠤ᠂ ᠵᠢᠯ ᠳᠤ ᠶᠠᠳᠠᠭᠤ ᠶᠢ ᠲᠡᠳᠬᠦᠬᠦ ᠡᠯ᠎ᠡ ᠵᠦᠢᠯ ᠤᠨ ᠪᠡᠯᠡ ᠮᠦᠩᠭᠦ 6 | ᠳ᠋ᠦᠩᠰᠢᠭᠤᠷ ᠲᠦᠭᠦᠷᠢᠭ ᠠᠴᠠ ᠳᠡᠭᠡᠭᠰᠢ ᠣᠷᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠠᠵᠤ | ᠦᠢᠯᠡᠰ ᠢ ᠳᠣᠪᠤᠶᠢᠯᠭᠠᠨ ᠬᠦᠭᠵᠢᠭᠦᠯᠵᠦ᠂ ᠳᠡᠭᠡᠳᠦ ᠱᠠᠲᠤᠨ ᠤ ᠵᠦᠷᠢᠶᠡᠳᠦ ᠲᠡᠳᠬᠦᠮᠵᠢ ᠶᠢᠨ ᠲᠦᠷᠦ ᠶᠢᠨ | ᠪᠣᠳᠤᠯᠭ᠎ᠠ ᠶᠢ ᠭᠦᠨᠵᠡᠭᠡᠢ ᠵᠠᠯᠭᠠᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠪᠠ | ᠬᠠᠰᠢᠶᠠᠨ ᠤ ᠠᠵᠤ ᠠᠬᠤᠢ ᠠᠴᠠ ᠭᠠᠷ ᠣᠷᠤᠵᠤ᠂ ᠪᠦᠬᠦ ᠵᠢᠯ ᠤᠨ ᠶᠠᠳᠠᠭᠤ ᠶᠢ ᠲᠡᠳᠬᠦᠬᠦ ᠲᠦᠷᠦᠯ ᠵᠦᠢᠯ ᠢ | ᠰᠠᠶᠢᠲᠤᠷ ᠨᠠᠶᠢᠳᠠᠪᠦᠷᠢᠵᠢᠭᠤᠯᠤᠨ᠂ ᠠᠰᠢᠭ ᠲᠤᠰᠠ ᠶᠢᠨ ᠬᠤᠯᠪᠤᠭᠠᠨ ᠤ ᠵᠣᠬᠢᠴᠠᠮᠵᠢ ᠶᠢ ᠴᠢᠩᠭᠠᠳᠬᠠᠬᠤ ᠶᠠᠪᠤᠴᠠ | ᠳᠤ ᠶᠠᠳᠠᠭᠤ ᠬᠦᠴᠢᠷᠲᠡᠢ ᠣᠯᠠᠨ ᠲᠦᠮᠡᠨ ᠤ ᠣᠷᠤᠯᠭ᠎ᠠ ᠶᠢᠨ ᠨᠡᠮᠡᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠲᠤᠷᠠᠨ ᠠᠵᠢᠯᠯᠠᠬᠤ ᠪᠠ ᠱᠦᠨ ᠢ ᠲᠣᠭᠤᠷᠢᠭ ᠤᠨ | ᠠᠵᠢᠯ ᠲᠦᠷᠦᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ᠂ ᠰᠠᠨ ᠰᠢᠶᠠ ᠪᠦᠯᠦᠭᠯᠡᠯ ᠤᠨ ᠲᠣᠭᠲᠠᠭᠰᠠᠨ ᠴᠡᠭᠲᠦ | ᠬᠠᠪᠰᠤᠷᠤᠨ ᠲᠡᠳᠬᠦᠬᠦ ᠠᠵᠢᠯ ᠢ ᠭᠦᠨᠵᠡᠭᠡᠢ ᠠᠬᠢᠭᠤᠯᠵᠤ᠂ ᠨᠡᠶᠢᠭᠡᠮ ᠨᠡᠶᠢᠲᠡ ᠠᠴᠠ ᠶᠠᠳᠠᠭᠤ ᠶᠢ ᠲᠡᠳᠬᠦᠬᠦ | ᠠᠵᠢᠯᠯᠠᠭ᠎ᠠ ᠳᠤ ᠣᠷᠤᠯᠴᠠᠬᠤ ᠶᠢ ᠦᠷᠭᠦᠯᠵᠢᠯᠡᠨ ᠦᠷᠭᠡᠳᠬᠡᠵᠦ᠂ ᠳᠠᠩ ᠴᠢᠭᠯᠡᠯ ᠢᠶᠠᠷ ᠬᠠᠪᠰᠤᠷᠤᠨ ᠲᠡᠳᠬᠦᠵᠦ | ᠪᠠᠶᠢᠭᠰᠠᠨ ᠠᠴᠠ ᠬᠠᠮᠲᠤᠷᠠᠨ ᠠᠵᠢᠯᠯᠠᠬᠤ ᠲᠡᠰᠢ ᠲᠠᠰᠤᠷᠠᠯᠲᠠ ᠦᠭᠡᠢ ᠠᠬᠢᠭᠤᠯᠤᠨ᠎ᠠ᠃ ᠬᠠᠯᠠᠮᠵᠢᠲᠤ ᠴᠢᠯᠦᠭᠡᠲᠦ | ᠳᠡᠯᠭᠡᠭᠦᠷ ᠵᠡᠷᠭᠡ ᠲᠡᠷᠢᠭᠦᠨ ᠤ ᠵᠢᠱᠢᠶ᠎ᠡ ᠪᠠ ᠠᠵᠢᠯᠯᠠᠬᠤ ᠠᠷᠭ᠎ᠠ ᠶᠢ ᠳ᠋ᠦᠩᠨᠡᠨ ᠲᠦᠭᠡᠮᠡᠯᠵᠢᠭᠦᠯᠵᠦ᠂ ᠶᠠᠳᠠᠭᠤ | ᠬᠦᠴᠢᠷᠲᠡᠢ ᠭᠠᠵᠠᠷ ᠣᠷᠤᠨ ᠪᠠ ᠣᠯᠠᠨ ᠲᠦᠮᠡᠨ ᠤ ᠳᠤᠲᠤᠭᠠᠳᠤ ᠬᠦᠳᠡᠯᠭᠡᠭᠴᠢ ᠬᠦᠴᠦᠨ ᠪᠣᠯᠤᠨ ᠥᠪᠡᠷ ᠪᠡᠶ᠎ᠡ ᠶᠢᠨ | ᠬᠦᠭᠵᠢᠯᠲᠡ ᠶᠢᠨ ᠴᠢᠳᠠᠪᠦᠷᠢ ᠶᠢ ᠨᠢ ᠦᠨᠡᠨᠬᠦ ᠳᠡᠭᠡᠭᠰᠢᠯᠡᠭᠦᠯᠦᠨ᠂ ᠣᠨᠴᠠᠭᠠᠢ ᠬᠦᠴᠢᠷᠲᠡᠢ ᠭᠠᠵᠠᠷ ᠣᠷᠤᠨ ᠤ | ᠦᠨᠳᠦᠷ ᠪᠠᠷᠢᠮᠵᠢᠶ᠎ᠠ ᠪᠠᠷ ᠶᠠᠳᠠᠭᠤ ᠠᠴᠠ ᠠᠩᠭᠢᠵᠢᠷᠠᠭᠰᠠᠨ ᠦᠯᠢᠭᠡᠷ ᠳᠠᠭᠤᠷᠢᠶᠠᠯ ᠪᠣᠯᠤᠨ᠎ᠠ᠃ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠬᠤ ᠤᠷᠲᠤᠮᠵᠢ ᠶᠢᠨ ᠴᠢᠨᠠᠷᠲᠠᠢ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ | ᠦᠢᠯᠡᠰ ᠢᠶᠠᠷ ᠬᠠᠪᠰᠤᠷᠤᠨ ᠲᠡᠳᠬᠦᠬᠦ ᠪᠠ ᠮᠠᠯᠴᠢᠨ ᠲᠠᠷᠢᠶᠠᠴᠢᠳ ᠤᠨ ᠡᠭᠡᠵᠦ ᠶᠠᠳᠠᠭᠤᠷᠠᠬᠤ ᠦᠭᠡᠢ ᠶᠢ ᠪᠠᠲᠤᠯᠠᠬᠤ | ᠲᠦᠷᠦ ᠶᠢᠨ ᠪᠣᠳᠤᠯᠭ᠎ᠠ ᠲᠣᠭᠲᠠᠭᠠᠨ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ | ᠪᠠᠬᠢᠵᠢᠭᠦᠯᠦᠨ ᠳᠡᠭᠡᠭᠰᠢᠯᠡᠭᠦᠯᠦᠨ᠎ᠡ᠃ | —— ᠠᠮᠢ ᠠᠬᠤᠢ ᠣᠷᠴᠢᠨ ᠳᠣᠭᠤᠷᠢᠨ ᠤ ᠪᠣᠬᠢᠷᠳᠤᠯ ᠳᠤ ᠴᠢᠩᠭ᠎ᠠ ᠴᠣᠬᠢᠯᠳᠠ ᠦᠭᠬᠦᠨ᠎ᠠ᠃ ᠪᠣᠬᠢᠷᠳᠤᠯ | ᠦᠬᠡᠢ ᠬᠦᠭᠵᠢᠯᠳᠠ ᠶᠢᠨ ᠣᠬᠠᠮᠰᠠᠷ ᠢ ᠪᠤᠢ ᠪᠤᠯᠭᠠᠵᠤ᠂ ᠬᠦᠴᠦᠨ ᠢᠶᠠᠨ ᠳᠦᠪᠯᠡᠷᠡᠭᠦᠯᠦᠨ ᠣᠷᠴᠢᠨ ᠳᠣᠭᠤᠷᠢᠨ ᠤ | ᠪᠣᠬᠢᠷᠳᠤᠯ ᠢ ᠵᠠᠰᠠᠨ ᠰᠡᠷᠬᠡᠶᠢᠯᠡᠬᠦ ᠪᠠ ᠠᠮᠢ ᠠᠬᠤᠢ ᠣᠷᠴᠢᠨ ᠳᠣᠭᠤᠷᠢᠨ ᠤ ᠰᠡᠷᠭᠦᠯᠳᠠ ᠶᠢ ᠴᠢᠩᠭ᠎ᠠ ᠠᠳᠬᠤᠵᠤ᠂ | ᠴᠡᠩᠬᠡᠷ ᠬᠦᠬᠡ ᠳᠡᠭᠷᠢ᠂ ᠨᠣᠮᠢᠨ ᠨᠤᠭᠤᠭᠠᠨ ᠣᠰᠣ᠂ ᠪᠣᠬᠢᠷᠳᠤᠯ ᠦᠬᠡᠢ ᠭᠠᠵᠠᠷ ᠰᠢᠷᠦᠢ ᠪᠠᠨ ᠰᠠᠬᠢᠨ ᠬᠠᠮᠠᠭᠠᠯᠠᠨ᠎ᠠ᠃ | ᠳᠡᠮᠦᠷ ᠮᠡᠳᠦ ᠵᠣᠷᠢᠭ ᠰᠦᠰᠦ ᠪᠠ ᠪᠤᠳᠠᠳᠣ ᠠᠷᠭ᠎ᠠ ᠪᠠᠷᠢᠯ ᠢᠶᠠᠷ ᠢᠷᠡᠵᠤ ᠣᠷᠴᠢᠨ ᠳᠣᠭᠤᠷᠢᠨ ᠢ ᠬᠠᠮᠠᠭᠠᠯᠠᠬᠤ | ᠪᠠᠶᠢᠴᠠᠭᠠᠯᠳᠠ ᠶᠢᠨ ᠳᠣᠮᠳᠠ ᠢᠯᠡᠷᠡᠭᠦᠯᠦᠭᠰᠡᠨ ᠠᠰᠠᠭᠤᠳᠠᠯ ᠢ ᠵᠠᠰᠠᠨ ᠴᠡᠭᠴᠡᠯᠡᠵᠤ᠂ ᠣᠷᠴᠢᠨ ᠳᠣᠭᠤᠷᠢᠨ ᠤ ᠬᠠᠤᠯᠢ | ᠬᠡᠷᠡᠭᠵᠢᠬᠦᠯᠦᠯᠳᠡ ᠪᠠ ᠬᠠᠣᠯᠢ ᠴᠠᠭᠠᠵᠠ ᠶᠢᠨ ᠬᠠᠮᠳᠤᠷᠠᠨ ᠬᠦᠳᠡᠯᠦᠯᠴᠡᠭᠰᠡᠨ ᠶᠢ ᠣᠯᠠᠮ ᠨᠢᠬᠡ ᠠᠯᠬᠤᠮ | ᠬᠦᠨᠵᠡᠭᠡᠶᠢᠷᠡᠭᠦᠯᠵᠤ᠂ ᠣᠷᠴᠢᠨ ᠠᠬᠤᠢ ᠶᠢᠨ ᠪᠠᠶᠢᠴᠠᠭᠠᠯᠳᠠ ᠪᠠ ᠬᠠᠣᠯᠢ ᠬᠡᠷᠡᠭᠵᠢᠭᠦᠯᠬᠦ ᠴᠢᠳᠠᠪᠬᠢ ᠶᠢᠨ ᠬᠢᠷᠢ | ᠳᠦᠪᠰᠢᠨ ᠢ ᠣᠯᠠᠮ ᠨᠢᠬᠡ ᠠᠯᠬᠤᠮ ᠳᠡᠭᠡᠭᠰᠢᠯᠡᠭᠦᠯᠦᠨ᠎ᠠ᠃ ᠠᠭᠠᠷ ᠮᠠᠨᠳᠠᠯ ᠤᠨ ᠶᠡᠷᠦᠩᠬᠡᠶᠢᠯᠡᠭᠰᠡᠨ ᠴᠡᠭᠴᠡᠯᠡᠯᠳᠠ ᠶᠢᠨ | ︽ᠡᠷᠭᠢᠨ ᠬᠠᠷᠠᠵᠤ ᠦᠵᠡᠬᠦ︾ ᠠᠵᠢᠯᠯᠠᠭᠠᠨ ᠢ ᠨᠢᠭᠡᠳᠦᠯᠳᠠᠢ ᠵᠣᠬᠢᠶᠠᠨ ᠪᠠᠶᠢᠭᠤᠯᠵᠤ᠂ ᠨᠡᠭᠦᠷᠡᠰᠦ ᠰᠢᠳᠠᠭᠠᠬᠤ | ᠵᠤᠤᠬ᠎ᠠ ᠶᠢ ᠥᠭᠡᠷᠡᠴᠢᠯᠡᠬᠦ ᠪᠠ ᠬᠤᠭ ᠳᠣᠭᠤᠰᠦ ᠶᠢᠨ ᠪᠣᠬᠢᠷᠳᠤᠯ ᠢ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ | ᠴᠡᠪᠡᠷ ᠡᠨᠧᠷᠺᠢ ᠪᠠ ᠳᠠᠬᠢᠨ ᠠᠰᠢᠭᠯᠠᠵᠤ ᠪᠣᠯᠬᠤ ᠡᠨᠧᠷᠬᠢ ᠶᠢ ᠶᠡᠬᠡᠪᠡᠷ ᠲᠦᠭᠡᠮᠡᠯᠵᠢᠭᠦᠯᠦᠨ᠎ᠡ᠃ ︽ᠭᠤᠣᠯ ᠮᠦᠷᠡᠨ ︵ | ᠨᠠᠭᠤᠷ︶ ᠤ ᠳᠠᠷᠤᠭ᠎ᠠ ᠶᠢᠨ ᠳᠦᠷᠢᠮ︾ ᠢ ᠭᠦᠨᠵᠡᠭᠡᠢ ᠨᠠᠶᠢᠳᠠᠪᠦᠷᠢᠵᠢᠭᠤᠯᠤᠨ᠂ ᠣᠰᠣᠨ ᠤ ᠪᠣᠬᠢᠷᠳᠤᠯ ᠢ | ᠰᠡᠷᠬᠡᠶᠢᠯᠡᠨ ᠵᠠᠰᠠᠬᠤ ᠠᠵᠢᠯ ᠢ ᠰᠢᠰᠲ᠋ᠧᠮ ᠲᠠᠢ ᠠᠳᠬᠤᠵᠤ᠂ ᠬᠦᠳᠡᠭᠡ ᠲᠤᠰᠬᠤᠨ ᠮᠠᠯᠵᠢᠬᠤ ᠣᠷᠣᠨ ᠤ ᠨᠢᠭᠡᠲᠦᠯᠲᠡᠢ | ᠣᠣᠭᠤᠬᠤ ᠣᠰᠣᠨ ᠤ ᠡᠬᠢ ᠶᠢᠨ ᠬᠠᠮᠠᠭᠠᠯᠠᠯᠲᠠ ᠶᠢᠨ ᠣᠷᠤᠨ ᠤ ᠪᠦᠳᠦᠬᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠳᠦᠷᠢᠮᠵᠢᠭᠦᠯᠦᠨ᠎ᠡ᠃ ᠬᠦᠷᠦᠰᠦ ᠰᠢᠷᠦᠢ ᠶᠢᠨ ᠪᠣᠬᠢᠷᠳᠤᠯ ᠢ ᠵᠠᠰᠠᠨ ᠴᠡᠭᠴᠡᠯᠡᠬᠦ ᠪᠠ ᠰᠡᠷᠬᠡᠶᠢᠯᠡᠨ ᠬᠠᠮᠠᠭᠠᠯᠠᠬᠤ ᠠᠵᠢᠯ | ᠢ ᠠᠯᠬᠤᠮ ᠳᠠᠷᠠᠭ᠎ᠠ ᠲᠠᠢ ᠦᠷᠨᠢᠭᠦᠯᠵᠦ᠂ ᠳᠣᠬᠠᠢ ᠶᠢᠨ ᠭᠠᠵᠠᠷ ᠲᠤᠨᠢ ᠳᠣᠬᠢᠷᠠᠭᠤᠯᠵᠤ᠂ ᠣᠰᠣ᠂ ᠬᠢᠮᠢ ᠶᠢᠨ | ᠪᠣᠷᠳᠤᠭᠤᠷ᠂ ᠳᠠᠷᠢᠶᠠᠯᠠᠩ ᠤᠨ ᠡᠮ ᠵᠢᠴᠢ ᠰᠦᠯᠢᠶᠤᠤ ᠪᠦᠷᠬᠦᠪᠴᠢ ᠶᠢ ᠴᠢᠩᠭ᠎ᠠ ᠡᠵᠡᠮᠰᠢᠨ᠂ ᠬᠠᠤᠯᠢ ᠪᠤᠰᠣ | ᠬᠤᠣᠷᠠᠳᠣ ᠪᠣᠳᠠᠰ ᠢ ᠬᠠᠳᠠᠭᠠᠯᠠᠬᠤ ᠪᠠ ᠬᠠᠶᠠᠬᠳᠠᠮᠠᠯ ᠡᠳ᠋ ᠢ ᠰᠢᠢᠳᠪᠦᠷᠢᠯᠡᠬᠦ ᠵᠡᠷᠬᠡ ᠳᠣᠪᠣᠶᠢᠮ᠎ᠠ ᠠᠰᠠᠭᠤᠳᠠᠯ ᠢ | ᠴᠢᠩᠭ᠎ᠠ ᠪᠠᠷ ᠰᠢᠢᠳᠬᠡᠨ᠎ᠠ᠃ ︽ᠣᠯᠠᠭᠠᠨᠬᠠᠳᠠ ᠬᠤᠳᠠ ᠶᠢᠨ ᠪᠡᠯᠴᠢᠭᠡᠷᠯᠡᠭᠦᠯᠬᠦ ᠶᠢ ᠵᠣᠭᠰᠤᠭᠠᠵᠤ ᠰᠡᠯᠭᠦᠨ ᠮᠠᠯᠵᠢᠬᠤ | ᠪᠠ ᠡᠪᠡᠰᠦ ᠮᠠᠯ ᠤᠨ ᠲᠡᠩᠴᠡᠭᠦᠷᠢ ᠶᠢ ᠪᠠᠲᠤᠯᠠᠬᠤ ᠳᠦᠷᠢᠮ︾ ᠢ ᠴᠢᠩᠭ᠎ᠠ ᠬᠡᠷᠡᠭᠵᠢᠭᠦᠯᠵᠤ᠂ ᠣᠯᠠᠭᠠᠨᠳᠠᠪᠠᠭ᠎ᠠ | ᠣᠯᠣᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ᠂ ᠦᠯᠵᠡᠶᠢᠮᠦ᠋ᠷᠡᠨ ᠭᠤᠣᠯ ᠤᠨ ᠣᠯᠣᠰ ᠤᠨ | ᠳᠡᠰ ᠤᠨ ᠨᠠᠮᠤᠭᠲᠤ ᠴᠡᠴᠡᠷᠯᠢᠭ ᠪᠠ ᠳᠣᠯᠣᠭᠠᠨ ᠳᠣᠭᠤᠭ᠎ᠠ ᠠᠭᠤᠯᠠ ᠶᠢᠨ ᠣᠯᠣᠰ ᠤᠨ ᠳᠡᠰ ᠤᠨ ᠭᠠᠵᠠᠷ | ᠰᠢᠨᠵᠢᠯᠡᠭᠡᠨ ᠤ ᠴᠡᠴᠡᠷᠯᠢᠭ ᠤᠨ ᠪᠦᠳᠦᠬᠡᠨ ᠪᠠᠶᠢᠭᠤᠯᠤᠯᠳᠠ ᠶᠢ ᠣᠯᠠᠮ ᠨᠢᠬᠡ ᠠᠯᠬᠤᠮ ᠠᠬᠢᠭᠤᠯᠵᠤ᠂ | ᠭᠤᠣᠯᠳᠠᠯᠭᠠᠳᠣ ᠭᠠᠵᠠᠷ ᠣᠷᠣᠨ ᠢ 14.7 ᠺᠢᠯᠦᠮᠧᠲᠷ ᠨᠣᠭᠤᠭᠠᠷᠠᠭᠤᠯᠵᠤ᠂ 13.7 ᠳᠦᠮᠡᠨ ᠮᠦ ᠣᠶᠢᠵᠢᠭᠤᠯᠤᠨ᠂ | ᠠᠮᠢ ᠠᠬᠤᠢ ᠶᠢᠨ ᠪᠠᠭᠳᠠᠭᠠᠮᠵᠢᠳᠣ ᠴᠢᠳᠠᠪᠤᠷᠢ ᠶᠢ ᠴᠢᠩᠭᠠᠳᠬᠠᠨ᠎ᠠ᠃ | ︵ᠬᠤᠶᠠᠷ︶ ᠠᠵᠤ ᠦᠢᠯᠡᠰ ᠤᠨ ᠬᠦᠭᠵᠢᠯᠳᠠ ᠶᠢᠨ ᠴᠢᠨᠠᠷ ᠴᠢᠨᠰᠠᠭ᠎ᠠ ᠪᠠ ᠦᠷ᠎ᠡ ᠪᠦᠳᠦᠮᠵᠢ ᠶᠢ ᠳᠡᠭᠡᠭᠰᠢᠯᠡᠭᠦᠯᠵᠤ᠂ | ᠬᠠᠮᠳᠣ ᠪᠠᠷ ᠬᠦᠭᠵᠢᠬᠦ ᠰᠢᠨ᠎ᠠ ᠳᠣᠬᠳᠠᠯᠴᠠᠭ᠎ᠠ ᠶᠢ ᠪᠠᠶᠢᠭᠤᠯᠤᠨ᠎ᠠ | ᠪᠢᠳᠡ ᠰᠢᠨ᠎ᠡ ᠬᠠᠭᠤᠴᠢᠨ ᠬᠦᠳᠡᠯᠭᠡᠭᠡᠨ ᠤ ᠡᠨᠧᠷᠭᠢ ᠶᠢᠨ ᠰᠤᠯᠢᠯᠴᠠᠭ᠎ᠠ ᠬᠦᠷᠦᠯᠴᠡᠬᠦ ᠦᠭᠡᠢ ᠪᠠᠶᠢᠬᠤ | ᠵᠠᠩᠭᠢᠯᠠᠭ᠎ᠠ ᠶᠢᠨ ᠠᠰᠠᠭᠤᠳᠠᠯ ᠳᠤ ᠬᠠᠨᠳᠣᠭᠤᠯᠣᠨ᠂ ᠨᠢᠭᠤᠬᠳᠠᠮᠠᠯ ᠬᠦᠴᠦᠨ ᠢ ᠢᠯᠡᠷᠡᠬᠦᠯᠬᠦ ᠪᠠ ᠡᠯᠧᠮᠧᠨ᠋ᠲ ᠢ | ᠨᠢᠭᠲᠠᠷᠠᠭᠤᠯᠵᠤ᠂ ᠠᠵᠤ ᠠᠬᠤᠢ ᠶᠢᠨ ᠴᠢᠨᠠᠷᠯᠢᠭ ᠬᠦᠭᠵᠢᠯᠳᠠ ᠶᠢ ᠪᠡᠶᠡᠯᠡᠭᠦᠯᠦᠨ᠎ᠡ᠃ | —— ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠦᠷ᠎ᠡ ᠠᠰᠢᠭ | ᠢ ᠨᠡᠮᠡᠭᠳᠡᠭᠦᠯᠦᠨ᠎ᠠ᠃ ᠣᠯᠠᠭᠠᠨᠬᠠᠳᠠ ᠬᠤᠳᠠ ᠶᠢᠨ ︽ᠠᠵᠤ ᠦᠢᠯᠡᠳᠪᠦᠷᠢ ᠶᠢᠨ ᠠᠵᠤ ᠠᠬᠤᠢ ᠶᠢ ᠳᠠᠬᠢᠨ ᠢᠶᠠᠷ | ᠨᠡᠮᠡᠭᠳᠡᠭᠦᠯᠬᠦ ᠠᠵᠢᠯᠯᠠᠭᠠᠨ︾ ᠢ ᠪᠦᠬᠦ ᠳᠠᠯ᠎ᠠ ᠪᠠᠷ ᠳᠣᠣᠱᠯᠠᠭᠤᠯᠵᠤ᠂ ᠬᠠᠳᠠᠭᠠᠯᠠᠮᠵᠢ ᠶᠢ ᠰᠢᠯᠢᠳᠡᠭᠵᠢᠭᠦᠯᠦᠨ᠂ | ᠨᠡᠮᠡᠭᠳᠡᠯ ᠢ ᠠᠬᠢᠭᠤᠯᠵᠤ᠂ ᠶᠡᠷᠦᠩᠬᠡᠢ ᠬᠡᠮᠵᠢᠶ᠎ᠠ ᠶᠢ ᠨᠡᠮᠡᠭᠳᠡᠭᠦᠯᠦᠨ᠂ ᠭᠤᠣᠯᠯᠠᠬᠴᠢ ᠠᠵᠤ ᠦᠢᠯᠡᠰ ᠤᠨ | ᠰᠢᠪᠳᠤᠯᠤᠯᠳᠠ ᠪᠠ ᠣᠯᠠᠮᠵᠢᠯᠠᠯᠳᠣ ᠠᠵᠤ ᠦᠢᠯᠡᠰ ᠤᠨ ᠦᠭᠡᠷᠡᠴᠢᠯᠠᠯᠳᠠ ᠶᠢᠨ ᠳᠡᠰ ᠳᠠᠪᠰᠢᠬᠤ ᠶᠢ ᠳᠦᠯᠬᠢᠨ | ᠠᠬᠢᠭᠤᠯᠤᠨ᠎ᠠ᠃ ︽ᠡᠮᠬᠢ ᠳᠢᠭᠯᠢᠮ ᠢ ᠴᠡᠭᠴᠡᠯᠡᠨ᠂ ᠡᠬᠢ ᠪᠠᠶᠠᠯᠢᠭ ᠢ ᠨᠢᠭᠡᠳᠬᠡᠵᠦ᠂ ᠠᠭᠤᠷᠬᠠᠢ ᠬᠠᠶᠢᠵᠤ | ᠬᠠᠳᠠᠭᠠᠯᠠᠬᠳᠠᠴᠠ ᠶᠢ ᠨᠡᠮᠡᠭᠳᠡᠬᠦᠯᠦᠨ᠂ ᠨᠢᠭᠤᠬᠳᠠᠮᠠᠯ ᠬᠦᠴᠦᠨ ᠢ ᠢᠯᠡᠷᠡᠭᠦᠯᠵᠤ᠂ ᠴᠢᠳᠠᠮᠵᠢ ᠶᠢ ᠦᠷᠭᠡᠳᠬᠡᠵᠤ᠂ | ᠳᠣᠳᠣᠭᠠᠳᠣ ᠬᠤᠯᠪᠣᠭ᠎ᠠ ᠶᠢ ᠣᠷᠳᠣᠳᠬᠠᠬᠤ︾ ᠱᠠᠭᠠᠷᠳᠠᠯᠭ᠎ᠠ ᠶᠣᠰᠣᠭᠠᠷ᠂ ᠦᠩᠭᠡᠳᠦ ᠳᠡᠮᠦᠷᠯᠢᠭ ᠤᠨ ᠠᠵᠤ | ᠦᠢᠯᠡᠰ ᠤᠨ ᠴᠢᠨᠠᠷᠯᠢᠭ ᠬᠦᠭᠵᠢᠯᠲᠡ ᠶᠢᠨ ᠳᠦᠯᠦᠪᠵᠢᠭᠦᠯᠬᠡ ᠶᠢ ᠳᠣᠬᠳᠠᠭᠠᠨ ᠬᠡᠷᠡᠭᠵᠢᠭᠦᠯᠵᠤ᠂ ᠰᠢᠯᠢᠳᠡᠭ ᠴᠢᠨᠠᠷ | ᠪᠦᠬᠦᠢ ᠡᠬᠢ ᠪᠠᠶᠠᠯᠢᠭ ᠤᠨ ᠳᠣᠬᠢᠷᠠᠭᠤᠯᠬᠤ ᠴᠢᠳᠠᠪᠬᠢ ᠶᠢ ᠨᠡᠮᠡᠭᠳᠡᠭᠦᠯᠦᠨ᠎ᠠ᠃ ᠢᠦᠢ ᠪᠠᠩ ᠠᠭᠤᠷᠬᠠᠢ ᠶᠢᠨ ᠦᠢᠯᠡᠰ | ᠂ ᠢᠦᠢ ᠹᠸᠡᠭ ᠠᠭᠤᠷᠬᠠᠢ ᠶᠢᠨ ᠦᠢᠯᠡᠰ᠂ ᠯᠢᠶᠤᠤ ᠰᠢ ᠠᠭᠤᠷᠬᠠᠢ ᠶᠢᠨ ᠦᠢᠯᠡᠰ ᠤᠨ ᠳᠠᠬᠢᠨ ᠪᠦᠯᠦᠭᠯᠡᠬᠦ ᠠᠬᠢᠴᠠ | ᠶᠢ ᠲᠦᠷᠭᠡᠳᠬᠡᠵᠦ᠂ ᠡᠾᠧᠩ ᠲᠦᠩ ᠠᠷᠠᠯᠵᠢᠶ᠎ᠠ ᠬᠤᠳᠠᠯᠳᠤᠭ᠎ᠠ᠂ ᠰᠠᠨ ᠰᠢᠨ ᠠᠭᠤᠷᠬᠠᠢ ᠶᠢᠨ ᠡᠳᠦᠷ ᠪᠦᠷᠢ | 1000 ᠲᠣᠨ ᠬᠦᠳᠡᠷ ᠰᠢᠯᠢᠵᠦ ᠦᠷᠭᠡᠳᠬᠡᠨ ᠪᠠᠶᠢᠭᠤᠯᠬᠤ ᠳᠦᠷᠦᠯ ᠵᠦᠢᠯ ᠤᠨ ᠪᠠᠷᠢᠮᠵᠢᠶᠠᠵᠢᠯ ᠢ ᠠᠬᠢᠭᠤᠯᠵᠤ᠂ | ᠳᠤᠮᠳᠠᠳᠤ ᠶᠢᠨ ᠦᠩᠭᠡᠳᠦ ᠲᠡᠮᠦᠷᠯᠢᠭ ᠤᠨ ᠪᠠᠶᠠᠨᠨᠢᠷᠤᠭᠤ ᠠᠭᠤᠷᠬᠠᠢ ᠪᠠ ᠢᠦᠢ ᠪᠠᠩ ᠠᠭᠤᠷᠬᠠᠢ ᠶᠢᠨ ᠡᠳᠦᠷ ᠪᠦᠷᠢ | ᠶᠢᠨ 5000 ᠲᠣᠨ ᠬᠦᠳᠡᠷ ᠰᠢᠯᠢᠵᠦ ᠦᠷᠭᠡᠳᠬᠡᠨ ᠪᠠᠶᠢᠭᠤᠯᠬᠤ ᠳᠦᠷᠦᠯ ᠵᠦᠢᠯ ᠢ ᠡᠬᠢᠯᠡᠨ ᠬᠡᠷᠡᠭᠵᠢᠭᠦᠯᠬᠦ ᠶᠢᠨ | ᠬᠠᠮᠲᠤ ᠢᠦᠢ ᠪᠠᠩ ᠠᠭᠤᠷᠬᠠᠢ ᠶᠢᠨ ᠡᠳᠦᠷ ᠪᠦᠷᠢ 20000 ᠳᠣᠨ ᠬᠦᠳᠡᠷ ᠰᠢᠯᠢᠵᠦ ᠰᠢᠨ᠎ᠠ ᠪᠠᠷ ᠪᠠᠶᠢᠭᠤᠯᠬᠤ | ᠳᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠢᠵᠢᠯ ᠠᠯᠬᠤᠮ ᠢᠶᠠᠷ ᠶᠠᠪᠤᠭᠳᠠᠭᠤᠯᠤᠨ᠂ ︽ | ᠪᠠᠶᠠᠨᠨᠢᠷᠤᠭᠤ᠂ ᠹᠦ᠋ ᠡᠾᠧ᠂ ᠣᠯᠠᠭᠠᠨᠳᠠᠪᠠᠭ᠎ᠠ︾ ᠭᠤᠷᠪᠠᠨ ᠶᠡᠭᠡ ᠠᠭᠤᠷᠬᠠᠢ ᠶᠢᠨ ᠣᠷᠣᠨ ᠢ ᠠᠭᠠᠵᠢᠮ ᠢᠶᠠᠷ | ᠪᠦᠳᠦᠬᠡᠨ ᠪᠠᠶᠢᠭᠤᠯᠤᠨ᠎ᠠ᠃ ᠤᠯᠠᠮᠵᠢᠯᠠᠯᠳᠣ ᠠᠵᠤ ᠦᠢᠯᠡᠰ ᠠᠴᠠ ᠠᠵᠤ ᠦᠢᠯᠡᠰ ᠤᠨ ᠬᠡᠯᠬᠢᠶ᠎ᠡ ᠪᠣᠯᠤᠨ ᠦᠷᠳᠡᠭ | ᠤᠨ ᠬᠡᠯᠬᠢᠶ᠎ᠡ ᠵᠦᠭ ᠬᠦᠭᠵᠢᠬᠦ ᠶᠢ ᠯᠠᠪᠳᠠᠭᠤᠨ ᠢᠶᠠᠷ ᠠᠬᠢᠭᠤᠯᠵᠤ᠂ ᠬᠦᠬᠦᠷ ᠬᠦᠴᠢᠯ ᠤᠨ ᠲᠤᠭᠤᠯᠭᠠᠲᠤ ᠴᠠᠬᠢᠯᠭᠠᠨ | ᠬᠤᠷᠢᠶᠠᠭᠤᠷ ᠤᠨ ᠠᠵᠤ ᠦᠢᠯᠡᠰ ᠤᠨ ᠰᠠᠭᠤᠷᠢᠨ ᠭᠠᠵᠠᠷ ᠵᠢᠴᠢ ᠬᠠᠭᠤᠴᠢᠨ ᠬᠠᠶᠠᠬᠳᠠᠮᠠᠯ ᠬᠦᠬᠦᠷ ᠬᠦᠴᠢᠯ ᠤᠨ | ᠲᠤᠭᠤᠯᠭᠠᠲᠤ ᠴᠠᠬᠢᠯᠭᠠᠨ ᠬᠤᠷᠢᠶᠠᠭᠤᠷ ᠢ ᠬᠤᠷᠢᠶᠠᠨ ᠠᠪᠴᠣ ᠳᠠᠬᠢᠨ ᠠᠰᠢᠬᠯᠠᠬᠤ ᠵᠡᠷᠬᠡ ᠳᠦᠷᠦᠯ ᠵᠦᠢᠯ ᠢ | ᠪᠠᠶᠢᠭᠤᠯᠤᠨ᠂ ᠪᠠᠢ ᠡᠾᠦ᠋ᠢ ᠱᠧᠩ ᠰᠢᠬᠢᠷ ᠯᠣᠣᠪᠠᠩ ᠢ ᠨᠠᠷᠢᠯᠢᠭ ᠪᠣᠯᠪᠠᠰᠤᠷᠠᠭᠤᠯᠬᠤ ᠪᠠ ᠺᠧ ᠷᠠᠨ ᠠᠮᠢᠳᠤ ᠪᠤᠳᠠᠰ | ᠤᠨ ᠰᠢᠷ᠎ᠠ ᠪᠣᠷᠴᠠᠭ ᠤᠨ ᠨᠣᠨᠳᠠᠭ ᠤᠨ ᠦᠢᠯᠡᠳᠪᠦᠷᠢᠯᠡᠯ ᠤᠨ ᠱᠤᠭᠤᠮ ᠢ ᠦᠷᠭᠡᠳᠬᠡᠨ ᠪᠠᠶᠢᠭᠤᠯᠬᠤ ᠵᠡᠷᠬᠡ ᠳᠦᠷᠦᠯ | ᠵᠦᠢᠯ ᠢ ᠠᠰᠢᠬᠯᠠᠯᠳᠠ ᠳᠤ ᠣᠷᠤᠭᠤᠯᠤᠨ᠎ᠠ᠃ ︽ᠪᠠᠭ᠎ᠠ ᠮᠦᠷᠳᠡᠭᠡᠨ ᠨᠠᠷᠢᠯᠢᠭ᠂ ᠪᠠᠭ᠎ᠠ ᠮᠦᠷᠳᠡᠬᠡᠨ ᠰᠢᠯᠢᠳᠡᠭ︾ | ᠬᠦᠭᠵᠢᠯᠳᠡ ᠶᠢᠨ ᠰᠡᠳᠬᠢᠮᠵᠢ ᠪᠠᠷ᠂ ᠪᠠᠷᠢᠮᠵᠢᠶᠠᠵᠢᠬᠰᠠᠨ ᠦᠢᠯᠡᠳᠪᠦᠷᠢ ᠶᠢᠨ ᠳᠠᠰᠤᠭ ᠢ ᠪᠠᠶᠢᠭᠤᠯᠵᠤ᠂ ᠨᠢᠭᠡ | ᠪᠦᠯᠦᠭ ᠬᠦᠭᠵᠢᠯᠳᠡ ᠶᠢᠨ ᠨᠢᠭᠤᠬᠳᠠᠮᠠᠯ ᠬᠦᠴᠦᠨ ᠪᠦᠬᠦᠢ ᠪᠠᠭ᠎ᠠ ᠵᠢᠵᠢᠭ ᠠᠵᠦ ᠠᠬᠤᠶᠢᠯᠠᠯ ᠢ ᠠᠵᠤ ᠦᠢᠯᠡᠰ ᠤᠨ | ᠬᠦᠷᠢᠶᠠᠯᠠᠩ ᠳᠤ ᠣᠷᠣᠬᠤ ᠶᠢ ᠵᠢᠯᠤᠭᠤᠳᠣᠨ ᠳᠡᠮᠵᠢᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠣᠯᠠᠨ | ᠡᠰᠢᠳᠣ ᠬᠦᠭᠵᠢᠯᠳᠡ ᠶᠢ ᠴᠢᠷᠮᠠᠶᠢᠨ ᠠᠬᠢᠭᠤᠯᠤᠨ᠎ᠠ᠃ |