2019 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠵᠢᠷᠭᠤᠭ᠎ᠠ︶
ᠨᠡᠶᠢᠲᠡᠯᠡᠭᠰᠡᠨ ᠴᠠᠭ᠄
2019/3/22
——  ᠬᠤᠲᠠ ᠳᠣᠭᠤᠷᠢᠭ ᠤᠨ ᠪᠦᠳᠦᠭᠡᠨ ᠪᠠᠶᠢᠭᠤᠯᠤᠯᠳᠠ ᠪᠠ ᠬᠠᠮᠢᠶᠠᠷᠣᠯᠳᠠ ᠶᠢ ᠦᠷᠭᠦᠯᠵᠢᠯᠡᠨ ᠴᠢᠩᠭᠠᠳᠬᠠᠨ᠎ᠠ᠃ ᠣᠷᠤᠰᠢᠨ ᠰᠠᠭᠤᠷᠢᠰᠢᠬᠤ ᠳᠤ ᠳᠣᠬᠢᠷᠠᠮᠵᠢᠲᠠᠢ ᠬᠤᠲᠠ ᠳᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠰᠠᠭᠤᠷᠢᠯᠠᠵᠤ᠂ ᠣᠷᠣᠨ ᠵᠠᠢ ᠶᠢᠨ ᠪᠠᠶᠢᠷᠢᠰᠢᠭᠤᠯᠤᠯᠳᠠ ᠶᠢ ᠦᠷᠭᠦᠯᠵᠢᠯᠡᠨ ᠰᠢᠯᠢᠳᠡᠭᠵᠢᠭᠦᠯᠵᠤ᠂ ᠠᠴᠢᠶᠠᠯᠠᠪᠦᠷᠢ ᠶᠢᠨ ᠴᠢᠳᠠᠪᠬᠢ ᠶᠢᠨ ᠳᠣᠬᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠵᠢᠯ ᠤᠨ ᠳᠣᠳᠣᠷ᠎ᠠ ᠹᠦ᠋ ᠱᠠᠨ ᠴᠡᠴᠡᠷᠯᠢᠭ ᠤᠨ ᠬᠤᠶᠠᠳᠤᠭᠠᠷ ᠱᠠᠲᠤᠨ ᠤ ᠪᠠᠷᠢᠯᠭ᠎ᠠ ᠶᠢ ᠪᠠᠶᠢᠭᠤᠯᠵᠤ᠂ ᠯᠢᠶᠤᠤ ᠶᠢᠨ ᠳᠡᠭᠡᠳᠦ ᠨᠡᠶᠢᠰᠯᠡᠯ ᠤᠨ ᠦᠯᠡᠳᠡᠭᠳᠡᠯ ᠪᠠᠭᠤᠷᠢ ᠶᠢᠨ ᠴᠡᠴᠡᠷᠯᠢᠭ ᠵᠡᠷᠬᠡ ᠭᠠᠵᠠᠷ ᠣᠷᠣᠨ ᠤ ᠨᠣᠭᠤᠭᠠᠷᠠᠭᠤᠯᠠᠯᠳᠠ ᠶᠢᠨ ᠢᠨᠵᠧᠨᠧᠷᠢᠩ ᠢ ᠡᠬᠢᠯᠡᠭᠦᠯᠦᠨ᠂ ᠰᠠᠭᠤᠭᠠᠯᠢ ᠠᠷᠠᠳ ᠤᠨ ᠬᠡᠷᠡᠭᠴᠡᠭᠡ ᠶᠢ ᠴᠢᠳᠠᠬᠤ ᠶᠢᠨ ᠬᠢᠷᠢᠨ ᠳᠤ ᠬᠠᠩᠭᠠᠨ᠎ᠠ᠃ ᠰᠠᠭᠤᠭᠠᠯᠢ ᠳᠣᠭᠤᠷᠢᠭ ᠤᠨ ᠡᠨᠧᠷᠭᠢ ᠠᠷᠪᠢᠯᠠᠬᠤ ᠦᠭᠡᠷᠡᠴᠢᠯᠡᠯᠲᠡ᠂ ᠬᠤᠲᠠ ᠲᠣᠭᠤᠷᠢᠭ ᠤᠨ ᠶᠡᠷᠦᠩᠬᠡᠶᠢᠯᠡᠭᠰᠡᠨ ᠤᠰᠤ ᠳᠤᠯᠠᠭᠠᠯᠠᠮᠵᠢ ᠶᠢᠨ ᠬᠤᠭᠤᠯᠠᠢ ᠪᠠ ᠬᠠᠭᠤᠴᠢᠨ ᠬᠤᠷᠢᠶᠠᠯᠠᠯ ᠤᠨ ᠦᠭᠡᠷᠡᠴᠢᠯᠡᠯᠲᠡ ᠶᠢ ᠦᠷᠬᠦᠯᠵᠢᠯᠡᠨ ᠦᠷᠨᠢᠭᠦᠯᠵᠦ᠂ ᠪᠸᠢ ᠰᠢᠨ ᠵᠡᠭᠡᠯᠢ ᠶᠢᠨ ᠪᠠᠷᠠᠭᠤᠨ ᠬᠡᠰᠡᠭ ᠪᠣᠯᠤᠨ ᠹᠦ᠋ ᠡᠾᠧ ᠵᠠᠮ ᠤᠨ ᠬᠤᠶᠢᠳᠣ ᠬᠡᠰᠡᠭ ᠵᠡᠷᠬᠡ ᠬᠤᠲᠠ ᠲᠣᠭᠤᠷᠢᠭ  ᠤᠨ ᠵᠠᠮ ᠱᠣᠭᠤᠮ ᠤᠨ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠤᠨ᠂ ᠪᠠᠷᠢᠮᠵᠢᠶᠠᠵᠢᠬᠰᠠᠨ ᠳᠠᠷᠢᠶᠠᠯᠠᠩ ᠠᠷᠠᠯᠵᠢᠶ᠎ᠠ  ᠶᠢᠨ ᠵᠠᠬ᠎ᠠ ᠳᠡᠯᠭᠡᠭᠦᠷ ᠪᠠ ᠮᠠᠰᠢᠨ ᠳᠡᠷᠬᠡᠨ ᠤ ᠦᠢᠯᠡᠴᠢᠯᠡᠭᠡᠨ ᠤ ᠬᠤᠳᠠ ᠵᠡᠷᠬᠡ ᠳᠦᠷᠦᠯ ᠵᠦᠢᠯ ᠢ ᠡᠬᠢᠯᠡᠭᠦᠯᠦᠨ ᠪᠠᠶᠢᠭᠤᠯᠵᠤ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠪᠦᠬᠦ ᠬᠦᠴᠦ ᠪᠠᠷ ᠰᠠᠶᠢᠵᠢᠷᠠᠭᠤᠯᠤᠨ᠎ᠠ᠃ ᠭᠠᠵᠠᠷ ᠰᠢᠷᠤᠢ ᠶᠢᠨ ᠡᠬᠢ ᠪᠠᠶᠠᠯᠢᠭ ᠢ ᠡᠷᠴᠢᠮᠵᠢᠭᠦᠯᠵᠤ᠂ ᠣᠯᠣᠰ ᠤᠨ ᠦᠮᠴᠢᠯᠡᠯᠲᠦ ᠭᠠᠵᠠᠷ ᠰᠢᠷᠤᠢ ᠶᠢ ᠬᠤᠳᠠᠯᠳᠤᠬᠤ ᠠᠵᠢᠯ ᠢ ᠠᠯᠬᠤᠮ ᠳᠠᠷᠠᠭ᠎ᠠ ᠲᠠᠢ ᠦᠷᠨᠢᠭᠦᠯᠦᠨ᠂ ᠬᠤᠳᠠᠯᠳᠣᠭᠠᠨ ᠤ ᠪᠠ ᠣᠷᠤᠨ ᠰᠠᠭᠤᠴᠠ ᠶᠢᠨ ᠠᠰᠠᠷ ᠢ ᠨᠡᠬᠡᠬᠡᠨ ᠬᠦᠭᠵᠢᠭᠦᠯᠬᠦ ᠳᠦᠷᠦᠯ ᠵᠦᠢᠯ ᠢ ᠯᠠᠪᠳᠠᠭᠤᠨ ᠨᠠᠶᠢᠳᠠᠪᠦᠷᠢᠵᠢᠭᠤᠯᠵᠤ᠂ ᠬᠡᠷ ᠬᠦᠷᠦᠩᠭᠡ ᠶᠢᠨ ᠵᠠᠬ᠎ᠠ ᠳᠡᠯᠭᠡᠬᠦᠷ ᠤᠨ ᠳᠣᠬᠳᠠᠭᠤᠨ ᠡᠷᠬᠢᠯᠳᠡ ᠶᠢ ᠴᠢᠷᠮᠠᠶᠢᠨ ᠪᠠᠷᠢᠮᠳᠠᠯᠠᠨ᠎ᠠ᠃ ᠵᠧᠩ ᠶᠤᠸᠠᠨ ᠪᠤᠬᠢᠷ ᠣᠰᠣ ᠶᠢ ᠰᠢᠢᠳᠪᠦᠷᠢᠯᠡᠬᠦ ᠭᠠᠵᠠᠷ ᠪᠠ ᠴᠢᠩ ᠶᠣᠸᠠᠨ ᠪᠤᠬᠢᠷ ᠤᠰᠤ ᠶᠢ ᠰᠢᠢᠳᠪᠦᠷᠢᠯᠡᠬᠦ ᠭᠠᠵᠠᠷ ᠤᠨ ᠳᠤᠮᠳᠠᠬᠢ ᠤᠰᠤ ᠶᠢ ᠰᠢᠢᠳᠪᠦᠷᠢᠯᠡᠬᠦ ᠦᠷᠭᠡᠳᠬᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠵᠤ᠂ ᠬᠤᠳᠠ ᠳᠣᠭᠤᠷᠢᠭ ᠤᠨ ᠳᠤᠮᠳᠠᠬᠢ ᠤᠰᠤ ᠶᠢ ᠳᠠᠬᠢᠨ ᠠᠰᠢᠬᠯᠠᠬᠤ ᠬᠤᠭᠤᠯᠠᠢ ᠶᠢ ᠪᠦᠬᠦ ᠳᠠᠯ᠎ᠠ ᠪᠠᠷ ᠡᠬᠢᠯᠡᠭᠦᠯᠦᠨ᠂ ᠣᠰᠣᠨ ᠤ ᠡᠬᠢ ᠪᠠᠶᠠᠯᠢᠭ ᠤᠨ ᠦᠨᠳᠦᠷ ᠪᠦᠲᠦᠮᠵᠢᠲᠦ ᠠᠰᠢᠬᠯᠠᠯᠳᠠ ᠶᠢ ᠴᠢᠷᠮᠠᠶᠢᠨ ᠠᠬᠢᠭᠤᠯᠤᠨ᠎ᠠ᠃ ᠬᠤᠳᠠ ᠳᠣᠭᠤᠷᠢᠭ ᠤᠨ ︽ᠲᠣᠣᠷᠵᠢᠯ ᠬᠠᠮᠢᠶᠠᠷᠣᠯᠳᠠ︾ ᠶᠢ ᠬᠦᠨᠵᠡᠬᠡᠢ ᠠᠬᠢᠭᠤᠯᠤᠨ᠂ ︽ᠤᠶᠤᠨᠲᠦ ᠠᠳᠠᠯ ᠦᠢᠯᠡᠴᠢᠯᠡᠭᠡ︾ ᠪᠠ ︽ᠳᠣᠭᠠᠴᠢᠯᠠᠬᠰᠠᠨ ᠬᠤᠳᠠ︾ ᠶᠢ ᠲᠦᠷᠭᠡᠨ ᠪᠠᠶᠢᠭᠤᠯᠵᠤ᠂ ᠬᠤᠳᠠ ᠶᠢᠨ ᠶᠡᠷᠦᠩᠬᠡᠶᠢᠯᠡᠭᠰᠡᠨ ᠬᠠᠣᠯᠢ  ᠬᠡᠷᠡᠭᠵᠢᠭᠦᠯᠵᠦ ᠬᠢᠨᠠᠯᠳᠠ ᠳᠠᠯᠪᠢᠬᠤ ᠪᠠᠨ ᠴᠢᠩᠭᠠᠳᠬᠠᠨ᠂ ᠰᠠᠭᠤᠷᠢ ᠪᠦᠳᠦᠬᠡᠨ ᠪᠠᠶᠢᠭᠤᠯᠤᠯᠳᠠ ᠶᠢ ᠪᠦᠬᠦ ᠲᠠᠯ᠎ᠠ ᠪᠠᠷ ᠰᠠᠶᠢᠵᠢᠷᠠᠭᠤᠯᠬᠤ᠂ ︽ᠬᠤᠳᠠ ᠶᠢᠨ ᠴᠡᠪᠡᠷᠯᠡᠭᠡ︾ ᠶᠢᠨ ᠠᠵᠢᠯᠯᠠᠭᠠᠨ ᠢ ᠦᠷᠬᠦᠯᠵᠢᠯᠡᠨ ᠦᠷᠨᠢᠭᠦᠯᠵᠦ᠂ ᠰᠠᠭᠤᠭᠠᠯᠢ ᠠᠷᠠᠳ ᠲᠤ ᠠᠯᠢ ᠴᠢᠳᠠᠬᠤ ᠪᠠᠷ ᠴᠡᠪᠡᠷ ᠳᠣᠬᠢᠯᠢᠭ ᠣᠷᠤᠰᠢᠨ ᠰᠠᠭᠤᠷᠢᠰᠢᠬᠤ ᠳᠤ ᠳᠣᠬᠢᠷᠠᠮᠵᠢᠲᠠᠢ ᠣᠷᠴᠢᠨ ᠳᠣᠭᠤᠷᠢᠨ ᠢ ᠪᠤᠢ ᠪᠤᠯᠭᠠᠵᠤ ᠦᠭᠭᠦᠨ᠎ᠠ᠃ ︵ᠳᠦᠷᠪᠡ︶ ᠦᠬᠡᠷᠡᠴᠢᠯᠠᠯᠳᠠ ᠨᠡᠭᠡᠭᠡᠯᠳᠡ ᠶᠢ ᠭᠦᠨᠵᠡᠭᠡᠶᠢᠷᠡᠭᠦᠯᠵᠦ᠂ ᠬᠦᠭᠵᠢᠭᠦᠯᠦᠨ ᠮᠠᠨᠳᠤᠭᠤᠯᠬᠤ ᠰᠢᠨ᠎ᠠ ᠬᠦᠳᠡᠯᠭᠡᠭᠴᠢ ᠬᠦᠴᠦᠨ ᠢ ᠨᠡᠮᠡᠭᠳᠡᠭᠦᠯᠦᠨ᠎ᠠ ᠪᠢᠳᠡ ᠬᠦᠭᠵᠢᠯᠳᠡ ᠶᠢ ᠬᠠᠷᠰᠢᠯᠠᠵᠤ ᠪᠠᠶᠢᠭ᠎ᠠ ᠳᠣᠬᠳᠠᠯᠴᠠᠭ᠎ᠠ ᠵᠣᠬᠢᠴᠠᠮᠵᠢ ᠶᠢᠨ ᠠᠰᠠᠭᠤᠳᠠᠯ ᠳᠤ ᠬᠠᠨᠳᠣᠭᠤᠯᠣᠨ᠂ ᠡᠪᠳᠡᠬᠦ ᠪᠠ ᠪᠠᠶᠢᠭᠤᠯᠬᠤ ᠶᠢ ᠤᠶᠠᠯᠳᠤᠭᠤᠯᠤᠨ᠂ ᠪᠠᠬᠢᠯᠡᠯᠳᠡ ᠶᠢ ᠠᠷᠢᠯᠭᠠᠵᠤ᠂ ᠠᠵᠤ ᠠᠬᠤᠢ ᠶᠢᠨ ᠬᠦᠭᠵᠢᠯᠳᠡ ᠶᠢᠨ ᠨᠢᠭᠤᠬᠳᠠᠮᠠᠯ ᠬᠦᠴᠦᠨ ᠪᠠ ᠬᠦᠳᠡᠯᠭᠡᠭᠴᠢ ᠬᠦᠴᠦ ᠶᠢ ᠪᠦᠳᠦᠮᠵᠢᠳᠠᠢ ᠠᠬᠢᠭᠤᠯᠤᠨ᠎ᠠ᠃—— ᠭᠤᠣᠯᠳᠠᠯᠭᠠᠳᠣ ᠬᠦᠷᠢᠶ᠎ᠠ ᠴᠠᠷᠠᠭ᠎ᠠ ᠳᠠᠬᠢ ᠦᠭᠡᠷᠡᠴᠢᠯᠡᠯᠳᠡ ᠶᠢ ᠭᠤᠶᠢᠪᠢᠰᠢ ᠦᠬᠡᠢ ᠪᠠᠷᠢᠮᠳᠠᠯᠠᠨ᠎ᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠪᠡᠶᠡᠯᠡᠭᠦᠯᠵᠤ᠂ ᠦᠭᠡᠷᠡᠴᠢᠯᠠᠯᠳᠠ  ᠳᠤ ᠬᠤᠯᠪᠣᠬᠳᠠᠬᠤ ᠰᠠᠯᠠᠭ᠎ᠠ ᠮᠦᠴᠢᠷ ᠤᠨ ᠡᠭᠦᠷᠬᠡ ᠬᠠᠷᠢᠭᠤᠴᠠᠯᠭ᠎ᠠ ᠶᠢ ᠬᠤᠪᠢᠶᠠᠷᠢᠯᠠᠨ ᠰᠢᠯᠵᠢᠭᠦᠯᠵᠦ᠂ ᠬᠠᠮᠢᠶᠠᠷᠣᠯᠳᠠ ᠶᠢᠨ ᠲᠣᠭᠲᠠᠯᠴᠠᠭ᠎ᠠ ᠶᠢ ᠵᠠᠰᠠᠨ ᠴᠡᠭᠴᠡᠯᠡᠨ᠎ᠠ᠃ ᠰᠣᠮᠣ ᠰᠢᠶᠠᠩ ᠪᠠᠯᠭᠠᠰᠣ᠂ ᠬᠤᠳᠠ ᠳᠣᠭᠤᠷᠢᠭ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠦᠭᠡᠷᠡᠴᠢᠯᠠᠯᠳᠠ ᠶᠢ ᠬᠦᠨᠵᠡᠭᠡᠶᠢᠷᠡᠭᠦᠯᠵᠤ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠪᠠ ᠵᠠᠰᠠᠭ ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠵᠦ ᠪᠦᠬᠦᠢ ᠠᠵᠢᠯ ᠦᠢᠯᠡᠰ ᠤᠨ ᠪᠠᠶᠢᠭᠤᠯᠤᠮᠵᠢ ᠶᠢᠨ ᠦᠭᠡᠷᠡᠴᠢᠯᠠᠯᠳᠠ ᠶᠢ ᠦᠷᠭᠦᠯᠵᠢᠯᠡᠨ ᠠᠬᠢᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠠᠯᠳᠠ ᠶᠢ ᠦᠷᠭᠦᠯᠵᠢᠯᠡᠨ  ᠬᠦᠨᠵᠡᠭᠡᠶᠢᠷᠡᠭᠦᠯᠵᠤ᠂ ᠡᠷᠬᠡ ᠶᠢᠨ ︽ᠬᠠᠰᠣᠬᠤ ᠦᠢᠯᠡᠳᠦᠯ︾ ᠪᠠ ᠦᠢᠯᠡᠴᠢᠯᠡᠭᠡᠨ ᠤ ︽ᠨᠡᠮᠡᠬᠦ ᠦᠢᠯᠡᠳᠦᠯ︾ ᠢ ᠰᠠᠶᠢᠳᠣᠷ ᠬᠢᠵᠤ᠂ ᠳᠦᠷᠦᠯ ᠵᠦᠢᠯ ᠤᠨ ᠬᠢᠨᠠᠨ ᠵᠦᠪᠰᠢᠶᠡᠷᠡᠬᠦ ᠠᠯᠬᠤᠮ ᠳᠠᠷᠠᠭ᠎ᠠ ᠶᠢ ᠰᠢᠯᠢᠳᠡᠭᠵᠢᠭᠦᠯᠬᠦ ᠪᠠ ᠳᠠᠬᠢᠨ ᠡᠭᠦᠳᠴᠦ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾  ᠬᠢᠨᠠᠯᠲᠠ ᠬᠠᠮᠢᠶᠠᠷᠤᠯᠲᠠ ᠶᠢ ᠶᠡᠬᠡᠪᠡᠷ ᠦᠷᠨᠢᠭᠦᠯᠦᠨ᠎ᠡ᠃ ︽ᠭᠤᠷᠪᠠ ᠶᠢ ᠬᠤᠪᠢᠷᠠᠭᠤᠯᠬᠤ︾ ᠦᠬᠡᠷᠡᠴᠢᠯᠡᠯᠳᠡ ᠶᠢᠨ ᠴᠡᠭ ᠢ ᠰᠦᠪᠡᠭᠴᠢᠯᠡᠨ ᠬᠡᠷᠡᠭᠵᠢᠬᠦᠯᠵᠦ᠂ ᠬᠦᠳᠡᠭᠡ ᠳᠣᠰᠬᠤᠨ ᠮᠠᠯᠵᠢᠬᠤ ᠣᠷᠣᠨ ᠤ ᠡᠵᠡᠩᠨᠡᠯᠳᠡ ᠬᠠᠮᠢᠶᠠᠷᠣᠯᠳᠠ ᠶᠢᠨ ᠳᠦᠷᠢᠮ ᠤᠨ ᠶᠡᠷᠦᠩᠬᠡᠶᠢᠯᠡᠭᠰᠡᠨ ᠦᠬᠡᠷᠡᠴᠢᠯᠡᠯᠳᠡ   ᠶᠢ ᠦᠷᠬᠦᠯᠵᠢᠯᠡᠨ ᠠᠬᠢᠭᠤᠯᠵᠤ ᠂ ᠭᠠᠵᠠᠷ ᠰᠢᠷᠣᠢ᠂ ᠪᠡᠯᠴᠢᠬᠡᠷ ᠬᠠᠳᠣᠯᠠᠩ᠂ ᠲᠦᠬᠦᠭᠡᠷᠦᠮᠵᠢᠲᠦ ᠲᠠᠷᠢᠶᠠᠯᠠᠩ ᠵᠡᠷᠭᠡ ᠡᠵᠡᠩᠨᠡᠯᠳᠡ ᠶᠢᠨ ᠡᠷᠬᠡ ᠪᠠᠷ ᠮᠦᠩᠬᠦᠨ ᠬᠦᠢᠯᠬᠡᠬᠡᠨ ᠤ ᠵᠢᠬᠡᠯᠡᠯᠬᠡ ᠶᠢᠨ ᠪᠠᠷᠢᠴᠠᠭᠠᠨ ᠤ ᠪᠠᠳᠣᠯᠠᠭ᠎ᠠ ᠪᠤᠯᠭᠠᠬᠤ ᠶᠢ ᠵᠣᠷᠢᠬᠵᠢᠭᠤᠯᠵᠦ᠂ ᠬᠦᠳᠡᠭᠡ ᠳᠣᠰᠬᠤᠨ ᠮᠠᠯᠵᠢᠬᠤ ᠣᠷᠣᠨ ᠤ ᠬᠠᠮᠳᠣ ᠶᠢᠨ ᠦᠮᠴᠢᠯᠡᠬᠦ ᠡᠷᠭᠡ ᠶᠢᠨ ᠬᠤᠪᠢᠴᠠᠭᠠᠲᠤ ᠳᠦᠷᠢᠮ ᠤᠨ ᠦᠬᠡᠷᠡᠴᠢᠯᠡᠯᠳᠡ ᠪᠠ ᠨᠣᠳᠤᠭ ᠪᠡᠯᠴᠢᠬᠡᠷ ᠤᠨ  ᠳᠠᠭᠠᠭᠠᠴᠢᠯᠠᠯᠲᠠ ᠶᠢᠨ ᠡᠷᠬᠡ ᠶᠢ ᠲᠣᠳᠤᠷᠬᠠᠶᠢᠯᠠᠨ ᠳᠠᠩᠰᠠᠯᠠᠵᠤ ᠦᠨᠡᠮᠯᠡᠯ ᠣᠯᠭᠤᠬᠤ ᠠᠵᠢᠯ ᠢ ᠪᠡᠶᠡᠯᠡᠬᠦᠯᠣᠨ᠎ᠡ᠃ ᠨᠡᠶᠢᠬᠡᠮ ᠤᠨ ᠲᠤᠰᠠᠯᠠᠮᠵᠢ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢᠨ ᠳᠣᠷᠰᠢᠯᠳᠠ  ᠶᠢᠨ ᠴᠡᠭ ᠤᠨ ᠠᠵᠢᠯ ᠢ ᠰᠦᠪᠡᠭᠴᠢᠯᠡᠵᠦ᠂ ᠠᠯᠪᠠᠨ ᠶᠠᠪᠤᠳᠠᠯ ᠤᠨ ᠺᠠᠷᠲ ᠢᠶᠠᠷ ᠳᠠᠩᠰᠠ ᠪᠣᠳᠤᠬᠤ ᠳᠦᠷᠢᠮ ᠢ ᠪᠦᠬᠦ ᠳᠠᠯ᠎ᠠ ᠪᠠᠷ ᠬᠡᠷᠡᠭᠵᠢᠭᠦᠯᠦᠨ᠎ᠡ᠃ ᠰᠣᠷᠭᠠᠨ ᠬᠦᠮᠦᠵᠢᠯ ᠤᠨ ᠶᠡᠷᠦᠩᠬᠡᠶᠢᠯᠡᠭᠰᠡᠨ ᠦᠬᠡᠷᠡᠴᠢᠯᠡᠯᠳᠡ ᠪᠠ ᠣᠯᠣᠰ ᠤᠨ ᠣᠢ ᠰᠢᠭᠤᠢ ᠶᠢᠨ ᠳᠠᠯᠠᠪᠠᠢ᠂ ︽ᠬᠤᠶᠠᠷ ᠬᠤᠪᠢᠷᠠᠭᠠᠯ ᠬᠤᠶᠠᠷ ᠨᠦᠬᠦᠪᠦᠷᠢ︾ ᠵᠢᠴᠢ ᠳᠠᠷᠢᠶᠠᠯᠠᠩ ᠤᠨ ᠶᠡᠷᠦᠩᠬᠡᠶᠢᠯᠡᠭᠰᠡᠨ ᠣᠰᠣᠨ ᠤ ᠦᠨ᠎ᠡ ᠬᠠᠩᠰᠢ ᠶᠢᠨ ᠦᠬᠡᠷᠡᠴᠢᠯᠡᠯᠳᠡ ᠶᠢ ᠦᠷᠬᠦᠯᠵᠢᠯᠡᠨ ᠪᠠᠬᠢᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠵᠠᠩᠬᠢᠯᠠᠭ᠎ᠠ ᠶᠢᠨ ᠳᠠᠯ᠎ᠠ ᠶᠢᠨ ᠦᠬᠡᠷᠡᠴᠢᠯᠡᠯᠳᠡ ᠳᠤ ᠨᠡᠩ ᠶᠡᠭᠡ ᠰᠢᠪᠳᠣᠯᠣᠯᠳᠠ ᠭᠠᠷᠭᠠᠬᠤ ᠶᠢ ᠠᠬᠢᠭᠤᠯᠣᠨ᠎ᠠ᠃  —— ᠰᠢᠨ᠎ᠡ ᠶᠢ ᠡᠬᠦᠳᠬᠦ ᠬᠦᠳᠡᠯᠭᠡᠭᠴᠢ ᠬᠦᠴᠦᠨ ᠤ ᠦᠬᠡᠷᠡᠴᠢᠯᠡᠯᠳᠡ ᠶᠢ ᠰᠢᠨᠳᠠᠷᠠᠰᠢ ᠦᠭᠡᠢ ᠠᠬᠢᠭᠤᠯᠤᠨ᠎ᠠ᠃ ᠣᠯᠠᠨ ᠳᠦᠮᠡᠨ ᠤ ᠦᠢᠯᠡᠰ ᠪᠣᠰᠬᠠᠵᠤ ᠰᠢᠨ᠎ᠡ ᠶᠢ ᠡᠬᠦᠳᠬᠦ ᠠᠵᠢᠯᠯᠠᠭ᠎ᠠ ᠶᠢ ᠬᠦᠨᠵᠡᠬᠡᠢ ᠦᠷᠨᠢᠭᠦᠯᠵᠦ᠂  ᠬᠤᠰᠢᠭᠤᠨ ᠤ ᠳᠡᠰ ᠤᠨ ᠣᠯᠠᠨ ᠳᠦᠮᠡᠨᠴᠢ ᠪᠣᠯᠪᠠᠰᠣᠷᠠᠯ ᠤᠨ ᠰᠠᠭᠤᠷᠢᠨ ᠭᠠᠵᠠᠷ ᠢ ᠠᠰᠢᠭᠯᠠᠯᠲᠠ  ᠳᠤ ᠣᠷᠤᠭᠤᠯᠤᠨ᠂ ᠣᠯᠠᠨ ᠳᠦᠮᠡᠨ ᠤ ᠰᠢᠨ᠎ᠡ ᠮᠠᠶ᠋ᠢᠭ ᠤᠨ ᠡᠬᠦᠳᠣᠨ ᠪᠦᠳᠦᠬᠡᠬᠦ ᠣᠷᠣᠨ ᠵᠠᠢ ᠶᠢ ᠢᠳᠡᠪᠬᠢᠳᠠᠢ ᠴᠣᠬᠴᠠᠯᠠᠨ᠎ᠠ᠃ ᠰᠢᠨᠵᠢᠯᠡᠬᠦ ᠤᠬᠠᠭᠠᠨ ᠮᠡᠷᠬᠡᠵᠢᠯ ᠤᠨ ᠳᠣᠬᠳᠠᠯᠴᠠᠭ᠎ᠠ ᠵᠣᠬᠢᠴᠠᠮᠵᠢ ᠶᠢᠨ ᠰᠢᠨ᠎ᠡ ᠶᠢ ᠡᠭᠦᠳᠴᠦ᠂ ᠪᠡᠭᠡᠵᠢᠩ ᠪᠠ ᠦᠪᠦᠷ ᠮᠣᠩᠭᠤᠯ ᠤᠨ ᠰᠢᠨᠵᠢᠯᠡᠬᠦ ᠤᠬᠠᠭᠠᠨ ᠮᠡᠷᠬᠡᠵᠢᠯ ᠢᠶᠠᠷ ᠬᠠᠪᠰᠤᠷᠤᠨ ᠲᠡᠳᠬᠦᠬᠦ ᠳᠣᠬᠢᠶᠠᠯ ᠢ ᠬᠦᠢᠴᠡᠳ ᠠᠰᠢᠬᠯᠠᠨ᠂ ᠰᠠᠭᠤᠷᠢ ᠮᠡᠷᠬᠡᠵᠢᠯ ᠪᠠ ᠴᠢᠳᠠᠪᠦᠷᠢᠳᠠᠨ ᠤ ᠡᠬᠢ ᠪᠠᠶᠠᠯᠢᠭ ᠢ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠪᠦᠬᠦ ᠶᠠᠪᠣᠴᠠ ᠳᠤ ᠨᠡᠪᠲᠡᠷᠡᠭᠦᠯᠦᠨ᠎ᠡ᠃ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠡ ᠪᠦᠳᠦᠬᠡᠯ ᠢ ᠭᠡᠷᠡᠭᠯᠡᠬᠡᠨ ᠳᠤ ᠣᠷᠣᠭᠤᠯᠬᠤ ᠶᠢ ᠴᠢᠬᠤᠯᠠᠴᠢᠯᠠᠨ᠂ ᠠᠵᠤ ᠦᠢᠯᠡᠰ ᠤᠨ ᠬᠡᠷᠡᠭᠴᠡᠭᠡ ᠪᠠ ᠰᠢᠨᠵᠢᠯᠡᠬᠦ ᠤᠬᠠᠭᠠᠨ ᠮᠡᠷᠬᠡᠵᠢᠯ ᠤᠨ ᠦᠷ᠎ᠡ ᠠᠰᠢᠭ ᠤᠨ ᠪᠦᠲᠦᠮᠵᠢᠲᠡᠢ ᠣᠶᠠᠯᠳᠣᠭᠤᠯᠬᠤ ᠶᠢ ᠠᠬᠢᠭᠤᠯᠣᠨ᠎ᠠ᠃ ᠢᠳᠡᠬᠡᠨ ᠣᠮᠳᠠᠭᠠᠨ ᠡᠮ  ᠤᠨ ᠵᠦᠢᠯ ᠤᠨ ᠠᠮᠣᠷ ᠳᠦᠪᠰᠢᠨ ᠪᠠ ᠠᠮᠣ ᠪᠣᠳᠠᠭᠠᠨ ᠤ ᠠᠮᠣᠷ ᠳᠦᠪᠰᠢᠨ ᠢ ᠳᠡᠬᠡᠳᠣ ᠬᠡᠮᠵᠢᠶ᠎ᠡ ᠪᠠᠷ ᠴᠢᠬᠤᠯᠠᠴᠢᠯᠠᠨ ᠠᠳᠬᠤᠵᠦ᠂ ᠠᠹᠷᠢᠺᠠ ᠶᠢᠨ ᠭᠠᠭ᠋ᠠᠢ ᠶᠢᠨ ᠬᠢᠵᠢᠭ ᠵᠡᠷᠭᠡ ᠠᠮᠢᠲᠠᠨ ᠤ ᠣᠨᠴᠠ ᠶᠡᠭᠡ ᠬᠢᠵᠢᠭ ᠡᠪᠡᠳᠴᠢᠨ ᠢ ᠰᠡᠷᠬᠡᠶᠢᠯᠡᠬᠦ ᠬᠢᠵᠠᠭᠠᠷᠯᠠᠬᠤ ᠣᠷᠳᠣᠮᠵᠢ ᠶᠢᠨ ᠳᠣᠬᠳᠠᠯᠴᠠᠭ᠎ᠠ ᠶᠢ ᠬᠡᠷᠡᠭᠵᠢᠭᠦᠯᠵᠦ᠂ ᠳᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠣ ᠴᠢᠨᠠᠷ ᠤᠨ ᠠᠮᠣᠷ ᠳᠦᠪᠰᠢᠨ ᠤ ᠲᠣᠭᠲᠠᠯᠴᠠᠭ᠎ᠠ ᠶᠢ ᠪᠦᠷᠢᠨᠰᠢᠭᠦᠯᠦᠨ᠂ ︽ᠪᠦᠬᠦ ᠣᠯᠣᠰ ᠤᠨ ᠤᠷᠭᠠᠨᠢᠭ ᠳᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠡᠷᠡᠴᠢᠯᠡᠯ ᠤᠨ ᠵᠢᠱᠢᠶ᠎ᠡ ᠦᠵᠡᠬᠦᠯᠬᠦ ᠬᠤᠰᠢᠭᠤ︾ ᠪᠠ ︽ᠣᠯᠣᠰ ᠤᠨ ᠳᠠᠷᠢᠶᠠᠯᠠᠩ ᠤᠨ ᠪᠦᠳᠦᠭᠡᠭᠳᠡᠬᠦᠨ ᠤ ᠶᠠᠰᠣ ᠴᠢᠨᠠᠷ ᠠᠮᠣᠷ ᠳᠦᠪᠰᠢᠨ ᠬᠤᠰᠢᠭᠤ︾ ᠶᠢ ᠪᠦᠳᠦᠬᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠳᠠᠸᠠᠷ ᠤᠨ ᠨᠡᠷᠡᠳᠣ ᠳᠡᠮᠳᠡᠭ ᠢᠶᠠᠷ ᠳᠠᠶᠢᠴᠢᠯᠠᠨ ᠳᠠᠭᠠᠭᠤᠯᠬᠤ ᠪᠠᠶᠢᠯᠳᠣᠬᠤ ᠪᠣᠳᠣᠯᠭ᠎ᠠ ᠶᠢ ᠦᠷᠬᠦᠯᠵᠢᠯᠡᠨ ᠠᠬᠢᠭᠤᠯᠵᠦ᠂ ᠳᠣᠰ ᠵᠢᠯ ᠳᠤ ︽ᠭᠤᠷᠪᠠᠨ ᠪᠦᠲᠦᠭᠡᠭᠳᠡᠬᠦᠨ ᠨᠢᠬᠡ ᠳᠠᠮᠳᠡᠭ︾ 10 ᠶᠢ ᠰᠢᠨ᠎ᠡ ᠪᠠᠷ ᠨᠡᠮᠡᠭᠳᠡᠬᠦᠯᠣᠨ᠂ ᠳᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢ ︽ᠰᠢᠯᠢᠳᠡᠭ ᠢ ᠳᠠᠷᠢᠨ᠂ ᠰᠠᠶᠢᠨ ᠠᠷᠠᠴᠢᠯᠠᠬᠤ︾ ᠶᠢ ᠪᠡᠶᠡᠯᠡᠬᠦᠯᠵᠦ ᠪᠠᠶᠢᠬᠰᠠᠨ ᠠᠴᠠ ᠪᠠᠨ ︽ᠦᠰᠦᠯᠳᠡ ᠰᠠᠶᠢᠨ ᠪᠣᠷᠣᠯᠠᠭᠤᠯᠣᠯᠳᠠ ᠰᠠᠶᠢᠨ︾ ᠵᠦᠭ ᠦᠷᠬᠦᠯᠵᠢᠯᠡᠬᠦᠯᠵᠦ᠂ ᠳᠠᠷᠢᠶᠠᠯᠠᠩ  ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠡ ᠶᠢᠨ ᠠᠵᠤ ᠦᠢᠯᠡᠰ ᠤᠨ ᠪᠦᠬᠦ ᠬᠡᠯᠬᠢᠶᠡᠨ ᠤ ᠦᠷ᠎ᠡ ᠠᠰᠢᠭ ᠢ ᠳᠡᠭᠡᠭᠰᠢᠯᠡᠬᠦᠯᠣᠨ᠎ᠡ᠃—— ᠭᠠᠳᠠᠭᠠᠳᠣ ᠲᠠᠢ ᠴᠢᠯᠦᠬᠡᠳᠠᠢ ᠶᠠᠪᠤᠯᠴᠠᠬᠤ ᠶᠢ ᠦᠷᠭᠦᠯᠵᠢ ᠶᠢᠨ ᠴᠢᠨᠠᠷᠲᠠᠢ ᠭᠦᠨᠵᠡᠭᠡᠶᠢᠷᠡᠭᠦᠯᠦᠨ᠎ᠡ᠃ ᠠᠷᠠᠯᠵᠢᠶᠠᠴᠢᠨ ᠤᠷᠢᠵᠤ ᠪᠡᠯᠡ ᠳᠠᠳᠠᠬᠤ ᠪᠠ ᠲᠦᠷᠦᠯ ᠵᠦᠢᠯ ᠢ ᠪᠦᠳᠦᠬᠡᠨ ᠪᠠᠶᠢᠭᠤᠯᠬᠤ ︽ᠡᠪᠤᠯ ᠤᠨ ᠣᠯᠠᠷᠢᠯ ᠤᠨ ᠠᠵᠢᠯᠯᠠᠭ᠎ᠠ︾ ᠶᠢ ᠬᠢᠨᠠᠮᠠᠭᠠᠢ ᠠᠳᠬᠤᠵᠤ᠂ ᠪᠠᠭᠠᠷᠢᠨ ᠵᠡᠬᠦᠨ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠲᠠᠳᠠᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠲᠣᠭᠲᠠᠭᠠᠨ ᠨᠠᠶᠢᠳᠠᠪᠦᠷᠢᠵᠢᠭᠤᠯᠵᠤ᠂ ᠳᠣᠰ ᠵᠢᠯ ᠳᠤ ᠪᠠᠨ ᠳ᠋ᠦᠩᠰᠢᠭᠤᠷ ᠲᠦᠬᠦᠷᠢᠭ ᠢ ᠳᠠᠪᠠᠭᠰᠠᠨ ᠪᠡᠯᠡ ᠣᠷᠣᠭᠤᠯᠣᠯᠳᠠ ᠲᠠᠢ ᠲᠦᠷᠦᠯ ᠵᠦᠢᠯ 9 ᠠᠴᠠ ᠳᠡᠭᠡᠭᠰᠢ ᠳᠠᠳᠠᠨ ᠣᠷᠣᠭᠤᠯᠵᠦ᠂ 5000 ᠳᠦᠮᠡᠨ ᠳᠦᠬᠦᠷᠢᠭ ᠠᠴᠠ ᠳᠡᠭᠡᠭᠰᠢ ᠪᠡᠯᠡ ᠣᠷᠣᠭᠤᠯᠣᠯᠳᠠ ᠲᠠᠢ ᠲᠦᠷᠦᠯ ᠵᠦᠢᠯ 50 ᠶᠢ ᠰᠢᠨ᠎ᠡ ᠪᠠᠷ ᠨᠡᠮᠡᠭᠳᠡᠬᠦᠯᠣᠨ᠂ ᠪᠡᠬᠡᠵᠢᠩ᠂ ᠳᠢᠶᠠᠨᠵᠢᠨ᠂ ᠾᠧᠪᠸᠢ᠂ ᠵᠦᠵᠢᠶᠠᠩ ᠤᠨ ᠭᠤᠷᠪᠠᠯᠵᠢᠨ ᠬᠤᠶᠢᠭ ᠵᠢᠴᠢ ᠬᠦᠬᠡ ᠮᠦᠷᠡᠨ ᠤ ᠭᠤᠷᠪᠠᠯᠵᠢᠨ ᠬᠤᠶᠢᠭ ᠠᠴᠠ ᠠᠷᠠᠯᠵᠢᠶᠠᠴᠢᠨ ᠤᠷᠢᠬᠤ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠵᠤ᠂ ᠭᠤᠣᠯᠯᠠᠬᠤ ᠪᠠ ᠣᠨᠴᠠᠯᠢᠭᠳᠣ ᠠᠵᠤ ᠦᠢᠯᠡᠰ ᠤᠨ ᠳᠣᠭᠤᠷᠢᠨ ᠳᠤ ︽ᠬᠠᠷᠠᠯᠲᠠ ᠲᠠᠢ ᠪᠠᠷ ᠰᠤᠮᠤ ᠬᠠᠷᠪᠤᠵᠤ︾᠂ ︽ᠬᠡᠯᠬᠢᠶ᠎ᠡ ᠪᠠᠨ ᠨᠦᠬᠦᠪᠦᠷᠢᠯᠡᠬᠦ᠂ ᠬᠡᠯᠬᠢᠶ᠎ᠡ ᠪᠠᠨ ᠦᠷᠬᠦᠯᠵᠢᠯᠡᠬᠦᠯᠬᠦ᠂ ᠬᠡᠯᠬᠢᠶ᠎ᠡ ᠪᠠᠨ ᠴᠢᠩᠭᠠᠳᠬᠠᠬᠤ ︾ ᠢᠨᠵᠧᠨᠧᠷᠢᠩ ᠢ ᠦᠷᠨᠢᠭᠦᠯᠦᠨ᠂ ᠭᠤᠣᠯᠯᠠᠬᠤ ᠠᠵᠤ ᠦᠢᠯᠡᠰ ᠤᠨ ᠬᠤᠷᠠᠨ ᠴᠤᠭᠯᠠᠷᠠᠯ ᠪᠠ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠦᠷᠭᠡᠨ ᠬᠦᠭᠵᠢᠯᠲᠡ ᠶᠢ ᠠᠬᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠲᠠᠲᠠᠬᠤ ᠲᠦᠷᠦᠯ ᠵᠦᠢᠯ ᠤᠨ ᠭᠠᠷ ᠬᠦᠢᠴᠡᠳᠬᠡᠯ ᠤᠨ ︽ᠣᠷᠣᠯᠠᠨ ᠬᠦᠢᠴᠡᠳᠬᠡᠬᠦ ᠳᠦᠷᠢᠮ︾ ᠢ ᠳᠡᠬᠦᠯᠳᠡᠷᠵᠢᠬᠦᠯᠣᠨ᠂ ᠴᠢᠬᠤᠯᠠ ᠳᠣᠮᠣ ᠲᠦᠷᠦᠯ ᠵᠦᠢᠯ ᠢ ᠬᠤᠰᠢᠭᠤᠨ ᠤ ᠳᠡᠰ ᠤᠨ ᠣᠳᠣᠷᠢᠳᠣᠯᠭ᠎ᠠ ︽ᠳᠠᠭᠠᠭᠤᠯᠣᠨ ᠵᠦᠪᠰᠢᠶᠡᠷᠡᠬᠦ ᠳᠦᠷᠢᠮ︾ ᠢ ᠰᠦᠪᠡᠭᠴᠢᠯᠡᠵᠦ᠂ ᠲᠦᠷᠦᠯ ᠵᠦᠢᠯ ᠤᠨ ᠪᠡᠶᠡᠯᠡᠬᠦᠯᠬᠦ ᠴᠠᠭ ᠢ ᠪᠣᠭᠤᠨᠢᠰᠬᠠᠨ᠎ᠠ᠃ ᠠᠷᠠᠯᠵᠢᠶᠠᠴᠢᠨ ᠤᠷᠢᠬᠤ ᠡᠯ᠎ᠡ ᠵᠦᠢᠯ ᠤᠨ ᠠᠷᠭ᠎ᠠ ᠵᠠᠮ ᠢ ᠪᠦᠷᠢᠨ ᠬᠡᠷᠡᠭᠯᠡᠵᠦ᠂ ᠬᠤᠳᠠᠯᠳᠤᠭᠠᠴᠢᠳ ᠤᠨ ᠡᠪᠯᠡᠯ ᠪᠠ ᠨᠡᠶᠢᠬᠡᠮᠯᠢᠭ ᠤᠨ ᠦᠢᠯᠡᠳᠣᠯ ᠢ ᠢᠳᠡᠪᠬᠢᠳᠡᠢ ᠪᠠᠳᠠᠷᠠᠭᠤᠯᠤᠨ᠂ ᠠᠷᠠᠯᠵᠢᠶᠠᠴᠢᠨ ᠤᠷᠢᠬᠤ ᠳᠠᠪᠴᠠᠩ ᠢ ᠳᠠᠰᠣᠷᠠᠯᠳᠠ ᠦᠭᠡᠢ ᠦᠷᠬᠡᠳᠬᠡᠨ᠎ᠡ᠃ ︽ᠪᠠᠭᠠᠷᠢᠨ ᠵᠡᠬᠦᠨ ᠬᠤᠰᠢᠭᠤᠨ ᠤ ᠨᠣᠳᠤᠭ ᠤᠨ ᠬᠠᠨᠢᠳᠠᠳ ᠤᠨ ᠬᠤᠯᠪᠣᠭ᠎ᠠ ᠶᠢᠨ ᠠᠩᠬᠠᠳᠣᠭᠠᠷ ᠣᠳᠠᠭᠠᠨ ᠤ ᠬᠤᠷᠠᠯ︾ ᠢ ᠪᠡᠯᠡᠳᠬᠡᠨ ᠴᠢᠨᠠᠷᠵᠢᠭᠤᠨ ᠡᠷᠬᠢᠯᠡᠨ ᠶᠠᠪᠤᠭᠳᠠᠭᠤᠯᠵᠤ᠂ ᠨᠣᠳᠤᠭ ᠤᠨ ᠴᠢᠳᠠᠪᠦᠷᠢᠲᠠᠳ ᠤᠨ ᠳᠠᠭᠠᠭᠤᠯᠬᠤ ᠦᠢᠯᠡᠳᠣᠯ ᠢ ᠪᠠᠳᠠᠷᠠᠭᠤᠯᠣᠨ᠂ ᠭᠠᠳᠠᠷ ᠣᠷᠣᠨ  ᠳᠤ ᠪᠠᠶᠢᠭ᠎ᠠ ᠨᠣᠳᠤᠭ ᠤᠨ ᠬᠠᠨᠢᠳᠠᠳ ᠤᠨ ᠨᠣᠳᠤᠭ ᠲᠤ ᠪᠠᠨ ᠬᠠᠷᠢᠵᠤ ᠪᠡᠯᠡ ᠣᠷᠤᠭᠤᠯᠵᠤ᠂ ᠭᠦᠭᠵᠢᠯᠳᠡ ᠶᠢᠨ ᠢᠷᠡᠭᠡᠳᠣᠢ ᠶᠢ ᠬᠠᠮᠳᠣ ᠪᠠᠷ ᠵᠦᠪᠳᠡᠯᠴᠡᠬᠦ ᠶᠢ ᠵᠣᠷᠢᠭᠵᠢᠭᠤᠯᠤᠨ᠎ᠠ᠃—— ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠦᠭᠵᠢᠯᠳᠡ ᠶᠢ ᠪᠦᠬᠦ ᠬᠦᠴᠦᠨ ᠢᠶᠠᠷ ᠳᠡᠮᠵᠢᠨ᠎ᠡ᠃ ᠠᠷᠠᠳ ᠠᠴᠠ ᠡᠵᠡᠩᠨᠡᠭᠰᠡᠨ ᠠᠵᠦ ᠠᠬᠤᠢ ᠶᠢᠨ ᠴᠢᠨᠠᠷᠯᠢᠭ ᠬᠦᠭᠵᠢᠯᠲᠡ ᠶᠢ ᠠᠬᠢᠭᠤᠯᠬᠤ ᠲᠤᠬᠠᠢ ᠥᠪᠡᠷᠲᠡᠭᠡᠨ ᠵᠠᠰᠠᠬᠤ ᠣᠷᠤᠨ ᠤ 26 ᠵᠣᠷᠪᠣᠰ ᠪᠣᠳᠠᠳᠠᠢ  ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠳᠣᠣᠱᠯᠠᠭᠤᠯᠵᠦ᠂ ᠣᠯᠣᠰ ᠤᠨ ᠭᠠᠶᠢᠯᠢ ᠰᠦᠢᠳᠬᠡᠯ ᠢ ᠬᠠᠰᠣᠵᠦ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ ᠠᠷᠠᠯᠵᠢᠶᠠᠴᠢᠨ ᠤᠷᠢᠵᠤ ᠪᠡᠯᠡ ᠲᠠᠲᠠᠬᠤ ᠳᠦᠷᠦ ᠶᠢᠨ ᠪᠣᠳᠣᠯᠭ᠎ᠠ ᠶᠢ ᠪᠦᠬᠦ ᠳᠠᠯ᠎ᠠ ᠪᠠᠷ ᠭᠦᠢᠴᠡᠳᠬᠡᠵᠦ᠂ ᠠᠵᠦ ᠠᠬᠤᠶᠢᠯᠠᠯ ᠤᠨ ᠭᠦᠭᠵᠢᠯᠳᠡ ᠶᠢᠨ ᠢᠲᠡᠭᠡᠯ ᠢ ᠨᠡᠮᠡᠭᠳᠡᠭᠦᠯᠦᠨ᠎ᠡ᠃ ᠡᠷᠬᠡ ᠳᠡᠭᠰᠢ ᠦᠷᠢᠰᠣᠯᠳᠦᠬᠦ ᠬᠢᠨᠠᠨ ᠪᠠᠶᠢᠴᠠᠭᠠᠬᠤ ᠲᠦᠷᠢᠮ ᠳᠣᠬᠳᠠᠭᠠᠯ ᠢ ᠨᠠᠷᠢᠨ ᠬᠢᠨᠠᠮᠠᠭᠠᠢ ᠬᠡᠷᠡᠭᠵᠢᠬᠦᠯᠵᠦ᠂ ᠢᠯᠠ ᠳᠠᠯᠳᠠ ᠬᠠᠷᠰᠢ ᠰᠠᠭᠠᠳ ᠢ ᠦᠷᠬᠦᠯᠵᠢᠯᠡᠨ ᠠᠷᠢᠯᠭᠠᠵᠦ᠂ ᠠᠵᠦ ᠠᠬᠤᠶᠢᠯᠠᠯ ᠢ ᠳᠡᠮᠵᠢᠬᠦ ᠲᠦᠷᠦ ᠶᠢᠨ ᠪᠣᠳᠣᠯᠭ᠎ᠠ ᠶᠢ ᠬᠦᠷᠲᠡᠬᠦ ᠳᠤ ᠳᠣᠰᠠᠯᠠᠮᠵᠢ ᠦᠵᠡᠬᠦᠯᠵᠦ᠂ ᠠᠷᠠᠳ ᠤᠨ ᠳᠣᠮᠳᠠᠬᠢ ᠪᠡᠯᠡ ᠣᠷᠣᠭᠤᠯᠣᠯᠳᠠ ᠶᠢᠨ ᠳᠣᠬᠳᠠᠭᠤᠨ ᠢᠶᠠᠷ ᠨᠡᠮᠡᠭᠳᠡᠬᠦ ᠶᠢ ᠠᠬᠢᠭᠤᠯᠣᠨ᠎ᠠ᠃ ᠮᠦᠩᠬᠦᠨ ᠬᠦᠢᠯᠬᠡᠬᠡᠨ ᠤ ᠪᠠᠶᠢᠭᠤᠯᠣᠮᠵᠢ ᠶᠢᠨ ᠦᠪᠡᠷ ᠤᠨ ᠬᠡᠷᠡᠭᠴᠡᠭᠡ ᠪᠠᠨ ᠦᠨᠳᠦᠰᠦᠯᠡᠵᠦ ᠰᠢᠨ᠎ᠡ ᠮᠠᠶ᠋ᠢᠭ ᠤᠨ ᠮᠦᠩᠬᠦᠨ ᠬᠦᠢᠯᠬᠡᠬᠡᠨ ᠤ ᠪᠦᠳᠦᠭᠡᠭᠳᠡᠬᠦᠨ ᠢ ᠡᠬᠦᠳᠣᠨ ᠪᠦᠳᠦᠬᠡᠬᠦ ᠶᠢ ᠢᠳᠡᠪᠬᠢᠳᠠᠢ ᠪᠠᠷ ᠣᠳᠣᠷᠢᠳᠣᠨ ᠵᠢᠯᠣᠭᠤᠳᠴᠣ᠂ ᠪᠠᠲᠤᠯᠠᠭᠠᠨ ᠤ ᠺᠣᠮᠫᠠᠨᠢ ᠶᠢᠨ ᠪᠠᠳᠣᠯᠠᠬᠤ ᠴᠢᠳᠠᠪᠦᠷᠢ ᠶᠢ ᠳᠣᠬᠳᠠᠭᠤᠨ ᠳᠡᠭᠡᠭᠰᠢᠯᠡᠬᠦᠯᠣᠨ᠂ ᠠᠵᠦ ᠠᠬᠤᠶᠢᠯᠠᠯ ᠤᠨ ᠮᠦᠩᠬᠦ ᠬᠤᠷᠠᠮᠳᠣᠭᠤᠯᠬᠤ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠨ᠎ᠡ᠃ ᠵᠠᠰᠠᠭ ᠪᠠ ᠬᠤᠳᠠᠯᠳᠣᠭᠠᠨ ᠤ ᠰᠢᠨ᠎ᠡ ᠮᠠᠶ᠋ᠢᠭ ᠤᠨ ᠬᠠᠷᠢᠴᠠᠭ᠎ᠠ ᠶᠢ ᠬᠦᠨᠵᠡᠬᠡᠶᠢᠷᠡᠬᠦᠯᠣᠨ ᠴᠣᠬᠴᠠᠯᠠᠵᠦ᠂ ᠠᠵᠣ ᠠᠬᠤᠶᠢᠯᠠᠯ ᠤᠨ ᠡᠷᠬᠢᠯᠳᠡ ᠳᠤ ︽ᠪᠠᠶ᠎ᠠ ᠪᠠᠶᠢᠴᠠᠭᠠᠬᠤ︾ ᠠᠵᠢᠯᠯᠠᠭ᠎ᠠ ᠶᠢ ᠰᠦᠪᠡᠭᠴᠢᠯᠡᠨ ᠦᠷᠨᠢᠬᠦᠯᠵᠦ᠂ ᠵᠠᠰᠠᠭ ᠤᠨ ᠣᠷᠳᠣᠨ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠷᠢᠯᠴᠠᠬᠤ ᠠᠷᠭ᠎ᠠ ᠵᠠᠮ ᠢ ᠰᠠᠭᠠᠳ ᠦᠭᠡᠢ ᠪᠤᠯᠭᠠᠨ᠎ᠠ᠃ ᠬᠤᠰᠢᠭᠤᠨ ᠳᠡᠰ  ᠤᠨ ᠣᠳᠣᠷᠢᠳᠣᠯᠭ᠎ᠠ ᠶᠢᠨ ᠭᠤᠣᠯᠳᠠᠯᠭᠠᠳᠣ ᠠᠵᠣ ᠠᠬᠤᠶᠢᠯᠠᠯ ᠲᠠᠢ ᠬᠠᠷᠢᠯᠴᠠᠬᠤ  ᠲᠦᠷᠢᠮ ᠢ ᠨᠠᠶᠢᠳᠠᠪᠦᠷᠢᠵᠢᠭᠤᠯᠵᠤ᠂ ᠠᠵᠦ ᠠᠬᠤᠶᠢᠯᠠᠯᠳᠠᠨ ᠤ ᠠᠵᠣ ᠠᠬᠤᠶᠢᠯᠠᠯ ᠳᠤ ᠬᠤᠯᠪᠤᠭᠳᠠᠭᠰᠠᠨ ᠲᠦᠷᠦ ᠶᠢᠨ ᠪᠣᠳᠣᠯᠭ᠎ᠠ ᠳᠣᠭᠳᠠᠭᠠᠬᠤ ᠠᠵᠢᠯᠯᠠᠭ᠎ᠠ ᠳᠤ ᠣᠷᠤᠯᠴᠠᠬᠤ ᠵᠣᠬᠢᠴᠠᠮᠵᠢ ᠶᠢ ᠲᠡᠭᠦᠯᠳᠡᠷᠵᠢᠭᠦᠯᠦᠨ᠂ ᠠᠵᠣ ᠠᠬᠤᠶᠢᠯᠠᠯᠳᠠᠳ ᠲᠤ ᠦᠨᠡᠨᠬᠦ ᠳᠣᠳᠣᠨᠣᠰᠤᠭ᠂ ᠳᠣᠬᠳᠠᠭᠤᠨ᠂ ᠴᠢᠨᠡᠬᠡᠯᠢᠭ᠂ ᠦᠢᠯᠡᠰ ᠪᠣᠰᠬᠠᠬᠤ᠂ ᠦᠢᠯᠡᠰ ᠢᠶᠠᠨ ᠭᠦᠭᠵᠢᠬᠦᠯᠬᠦ ᠠᠭᠤᠷ ᠠᠮᠢᠰᠬᠤᠯ  ᠲᠠᠢ ᠣᠷᠴᠢᠨ ᠳᠣᠭᠤᠷᠢᠨ ᠢ ᠪᠤᠢ ᠪᠣᠯᠭᠠᠨ᠎ᠠ᠃︵ᠳᠠᠪᠤ︶ ᠪᠠᠶᠢᠳᠠᠭ ᠬᠦᠴᠦᠨ ᠢᠶᠠᠷ ᠢᠶᠠᠨ ᠠᠷᠠᠳ ᠤᠨ ᠠᠮᠢᠳᠣᠷᠠᠯ ᠢ ᠰᠠᠶᠢᠵᠢᠷᠠᠭᠤᠯᠣᠨ᠂ ᠠᠷᠠᠳ ᠳᠦᠮᠡᠨ ᠤ ᠠᠮᠢᠳᠣᠷᠠᠯ ᠤᠨ  ᠰᠢᠨ᠎ᠡ ᠬᠠᠭᠤᠳᠠᠰᠣ ᠶᠢ ᠪᠢᠴᠢᠭᠯᠡᠨ᠎ᠡ       ᠪᠢᠳᠡ ᠠᠷᠠᠳ ᠳᠦᠮᠡᠨ ᠤ ᠬᠠᠮᠤᠭ ᠤᠨ ᠰᠡᠳᠬᠢᠯ ᠳᠠᠯᠪᠢᠵᠦ ᠪᠠᠶᠢᠭ᠎ᠠ ᠬᠠᠮᠤᠭ ᠤᠨ ᠰᠢᠭᠤᠳ᠂ ᠬᠠᠮᠤᠭ ᠤᠨ ᠪᠣᠳᠠᠳᠠᠢ ᠠᠰᠢᠭ ᠳᠣᠰᠠ ᠶᠢᠨ ᠠᠰᠠᠭᠤᠳᠠᠯ ᠳᠤ ᠬᠠᠨᠳᠣᠭᠤᠯᠵᠦ᠂ ᠠᠯᠢᠪᠠ ᠬᠦᠴᠦᠨ ᠢᠶᠠᠷ ᠴᠢᠷᠮᠠᠶᠢᠨ ᠴᠢᠳᠠᠯ ᠤᠨ ᠬᠢᠷᠢ ᠪᠠᠷ ᠢᠶᠠᠨ ᠬᠢᠬᠦ ᠶᠢ ᠪᠠᠷᠢᠮᠳᠠᠯᠠᠵᠦ᠂ ᠠᠷᠠᠳ ᠳᠦᠮᠡᠨ ᠤ ᠡᠳᠣᠷ ᠢᠷᠡᠬᠦᠶ᠎ᠡ ᠨᠡᠮᠡᠭᠳᠡᠵᠦ ᠪᠠᠶᠢᠭ᠎ᠠ ᠪᠠᠶᠠᠨ ᠴᠢᠨᠡᠬᠡᠯᠢᠭ ᠠᠮᠢᠳᠣᠷᠠᠯ ᠤᠨ ᠬᠡᠷᠡᠭᠴᠡᠭᠡ ᠱᠠᠭᠠᠷᠳᠠᠯᠭ᠎ᠠ ᠶᠢ ᠳᠠᠰᠣᠷᠠᠯᠳᠠ ᠦᠭᠡᠢ
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号