︽ᠵᠠᠰᠠᠭ ᠤᠨ ᠣᠷᠳᠤᠨ ᠤ ᠠᠵᠢᠯ ᠤᠨ ᠢᠯᠡᠳᠬᠡᠯ︾ ᠤᠨ ᠨᠡᠷᠡᠰ ᠤᠨ ᠲᠠᠶᠢᠯᠪᠦᠷᠢ | ᠳᠦᠷᠪᠡᠨ ᠬᠦᠴᠦᠲᠡᠢ᠄ 2014 ᠣᠨ ᠳᠤ᠂ ᠰᠢ ᠶᠢᠨ ᠫᠢᠩ ᠶᠡᠷᠦᠩᠬᠡᠢ ᠱᠦᠵᠢ ᠦᠪᠦᠷ ᠮᠣᠩᠭᠤᠯ ᠳᠤ | ᠪᠠᠶᠢᠴᠠᠭᠠᠨ ᠰᠤᠳᠤᠯᠤᠯᠳᠠ ᠬᠢᠬᠦ ᠦᠶ᠎ᠡ ᠳᠤ᠂ ︽ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠦᠴᠦᠯᠡᠨ | ᠬᠤᠪᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠪᠣᠯᠤᠨ ᠮᠠᠯᠵᠢᠬᠤ ᠣᠷᠤᠨ ᠤ ᠠᠵᠢᠯ ᠢ ᠬᠦᠴᠦᠯᠡᠨ ᠠᠳᠬᠤᠵᠤ᠂ | ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠨᠠᠮ ᠢ ᠪᠦᠬᠦ ᠲᠠᠯ᠎ᠠ ᠪᠠᠷ ᠴᠢᠩᠭ᠎ᠠ | ᠵᠠᠰᠠᠬᠤ ᠡᠯ᠎ᠡ ᠲᠠᠯ᠎ᠠ ᠶᠢᠨ ᠠᠵᠢᠯ ᠢ ᠬᠦᠴᠦᠯᠡᠨ ᠠᠬᠢᠭᠤᠯᠬᠤ ᠬᠡᠷᠡᠭᠳᠡᠢ︾ ᠬᠡᠰᠡᠨ ︽ᠳᠦᠷᠪᠡᠨ ᠬᠦᠴᠦᠯᠡᠴᠡ︾ ᠶᠢᠨ | ᠴᠢᠬᠤᠯᠠ ᠱᠠᠭᠠᠷᠳᠠᠯᠭ᠎ᠠ ᠶᠢ ᠳᠤᠷᠠᠳᠪᠠ᠃ | ᠭᠤᠷᠪᠠᠨ ᠯᠠᠪᠳᠠᠭᠤᠨ ᠪᠠᠲᠤᠲᠠᠢ᠄ 2018 ᠣᠨ ᠳᠤ᠂ ᠰᠢ ᠶᠢᠨ ᠫᠢᠩ ᠶᠡᠷᠦᠩᠬᠡᠢ ᠱᠦᠵᠢ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | ᠥᠪᠥᠷ ᠮᠣᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠳᠠᠭᠠᠨ᠂ ᠥᠪᠥᠷ | ᠮᠣᠩᠭᠤᠯ ᠳᠤ ︽ᠠᠵᠤ ᠠᠬᠤᠢ ᠶᠢᠨ ᠴᠢᠨᠠᠷᠯᠢᠭ ᠬᠦᠭᠵᠢᠯᠲᠡ ᠶᠢ ᠯᠠᠪᠳᠠᠭᠤᠨ ᠪᠠᠳᠤᠳᠠᠢ ᠠᠬᠢᠭᠤᠯᠵᠤ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠯᠠᠪᠳᠠᠭᠤᠨ ᠪᠠᠳᠤᠳᠠᠢ ᠠᠬᠢᠭᠤᠯᠵᠤ᠂ ᠦᠨᠳᠦᠰᠦᠲᠡᠨ ᠤ | ᠪᠦᠯᠬᠦᠮᠳᠡᠯ ᠪᠣᠯᠤᠨ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ︾ | ᠭᠡᠰᠡᠨ ︽ᠭᠤᠷᠪᠠᠨ ᠠᠬᠢᠭᠤᠯᠬᠤ︾ ᠴᠢᠬᠤᠯᠠ ᠵᠢᠭᠠᠪᠦᠷᠢ ᠶᠢ ᠳᠤᠷᠠᠳᠤᠭᠰᠠᠨ ᠪᠠᠶᠢᠨ᠎ᠠ᠃ | ᠲᠠᠪᠤ ᠶᠢ ᠲᠤᠮᠤᠵᠢᠭᠤᠯᠤᠭᠰᠠᠨ᠄ ᠬᠤᠲᠠ ᠶᠢᠨ ᠨᠠᠮ ᠤᠨ ᠬᠤᠷᠢᠶ᠎ᠠ ᠠᠴᠠ ᠤᠯᠠᠭᠠᠨᠬᠠᠳᠠ ᠬᠤᠲᠠ ᠨᠢ | ᠥᠪᠡᠷᠲᠡᠭᠡᠨ ᠵᠠᠰᠠᠬᠤ ᠣᠷᠤᠨ ᠤ ᠲᠣᠮᠣ ᠬᠤᠲᠠ ᠪᠤᠯᠬᠤ ᠰᠢᠨ᠎ᠡ ᠪᠠᠶᠢᠷᠢᠰᠢᠭᠤᠯᠤᠯ ᠳᠤ ᠰᠠᠭᠤᠷᠢᠯᠠᠨ᠂ 1 ᠰᠠᠷ᠎ᠠ ᠶᠢᠨ | 7 ᠤ ᠡᠳᠦᠷ ᠬᠤᠷᠠᠯᠳᠤᠭᠰᠠᠨ ᠬᠤᠲᠠ ᠶᠢᠨ ᠨᠠᠮ ᠤᠨ ᠬᠤᠷᠢᠶ᠎ᠠ ᠶᠢᠨ ᠳᠣᠯᠤᠳᠤᠭᠠᠷ ᠬᠤᠭᠤᠴᠠᠭᠠᠨ ᠤ ᠨᠠᠢᠮᠠᠳᠤᠭᠠᠷ | ᠤᠳᠠᠭᠠᠨ ᠤ ᠪᠦᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠳᠡᠭᠡᠷ᠎ᠡ᠂ | ᠠᠵᠤ ᠠᠬᠤᠢ ᠶᠢᠨ ᠲᠣᠮᠤ ᠬᠤᠲᠠ᠂ ᠰᠤᠶᠤᠯ ᠢᠷᠬᠡᠨᠰᠢᠯ ᠤᠨ ᠲᠣᠮᠤ ᠬᠤᠲᠠ᠂ ᠪᠣᠬᠢᠷᠳᠤᠯ ᠦᠭᠡᠢ ᠲᠣᠮᠣ ᠬᠤᠲᠠ᠂ | ᠭᠠᠳᠠᠭᠰᠢ ᠨᠡᠭᠡᠭᠡᠯᠲᠡ ᠲᠠᠢ ᠲᠣᠮᠤ ᠬᠤᠲᠠ ᠵᠢᠴᠢ ᠡᠶ᠎ᠡ ᠵᠤᠬᠢᠴᠠᠯ ᠲᠠᠢ ᠲᠣᠮᠣ ᠬᠤᠲᠠ ᠶᠢ ᠪᠠᠶᠢᠭᠤᠯᠬᠤ ᠲᠡᠮᠡᠴᠡᠯ | ᠤᠨ ᠬᠠᠷᠠᠯᠲᠠ ᠶᠢ ᠳᠤᠷᠠᠳᠤᠪᠠ᠃ | ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠬᠤᠪᠢᠷᠠᠭᠠᠬᠤ᠄ ᠭᠤᠣᠯᠳᠠᠭᠤ ᠨᠣᠭᠤᠭᠠᠨ ᠳᠠᠷᠤᠰᠢ ᠡᠷᠳᠡᠨᠢ ᠰᠢᠰᠢ | ᠲᠠᠷᠢᠬᠤ ᠶᠢ ᠵᠢᠯᠤᠭᠤᠳᠴᠤ᠂ ᠡᠭᠦᠨ ᠤ ᠬᠠᠮᠲᠤ ᠲᠤᠬᠠᠢ ᠶᠢᠨ ᠭᠠᠵᠠᠷ ᠲᠤ ᠨᠢ ᠳᠤᠬᠢᠷᠠᠭᠤᠯᠤᠨ ᠴᠢᠨᠠᠷ ᠰᠠᠶᠢᠨ | ᠡᠪᠡᠰᠦ ᠲᠠᠷᠢᠬᠤ ᠳᠤ ᠳᠤᠬᠢᠷᠠᠬᠤ ᠭᠠᠵᠠᠷ ᠣᠷᠤᠨ ᠳᠤ ᠡᠪᠡᠰᠦ ᠲᠠᠷᠢᠨ᠂ ᠳᠠᠩ ᠴᠣᠯᠭᠤᠢ ᠠᠮᠤ ᠪᠤᠳᠠᠭᠠᠨ ᠤ | ᠬᠦᠮᠦᠷᠭᠡ ᠶᠢ ︽ᠠᠮᠤ ᠪᠤᠳᠠᠭᠠᠨ ᠤ ᠬᠦᠮᠦᠷᠭᠡ + ᠰᠦ ᠶᠢᠨ ᠰᠠᠪᠠ + ᠮᠢᠬᠠᠨ ᠬᠦᠮᠦᠷᠭᠡ︾ ᠪᠣᠯᠭᠠᠵᠤ᠂ ᠠᠮᠤ | ᠪᠤᠳᠠᠭ᠎ᠠ ᠪᠣᠯᠤᠨ ᠠᠵᠤ ᠠᠬᠤᠢ ᠶᠢᠨ ᠲᠠᠷᠢᠮᠠᠯ ᠤᠨ ᠬᠤᠶᠠᠷ ᠡᠰᠢᠲᠦ ᠪᠦᠲᠦᠴᠡ ᠶᠢ ᠬᠤᠪᠢᠷᠠᠭᠤᠯᠤᠭᠠᠳ ᠠᠮᠤ | ᠪᠤᠳᠠᠭ᠎ᠠ᠂ ᠠᠵᠤ ᠠᠬᠤᠢ ᠵᠢᠴᠢ ᠲᠡᠵᠢᠭᠡᠯ ᠪᠣᠷᠳᠤᠭ᠎ᠠ ᠶᠢᠨ ᠲᠠᠷᠢᠮᠠᠯ ᠭᠡᠬᠦ ᠭᠤᠷᠪᠠᠨ ᠡᠰᠢᠲᠦ ᠪᠦᠲᠦᠴᠡ ᠲᠠᠢ | ᠪᠣᠯᠭᠠᠪᠠ᠃ | ᠭᠤᠷᠪᠠᠨ ᠨᠡᠪᠲᠡᠷᠡᠯᠴᠡᠯ ᠬᠤᠶᠠᠷ ᠲᠠᠪᠴᠠᠩ᠄ ᠲᠣᠣᠷ ᠰᠦᠯᠵᠢᠶ᠎ᠡ ᠶᠢ ᠰᠤᠷᠭᠠᠭᠤᠯᠢ ᠪᠣᠯᠭᠠᠨ ᠳᠤ | ᠲᠦᠭᠡᠮᠡᠯᠵᠢᠭᠦᠯᠦᠨ᠂ ᠰᠢᠯᠢᠳᠡᠭ ᠰᠤᠷᠭᠠᠨ ᠬᠦᠮᠦᠵᠢᠯ ᠢ ᠠᠩᠬᠢ ᠪᠣᠯᠭᠠᠨ ᠳᠤ ᠲᠦᠭᠡᠮᠡᠯᠵᠢᠭᠦᠯᠵᠦ᠂ ᠲᠣᠣᠷ | ᠰᠦᠯᠵᠢᠶᠡᠨ ᠤ ᠰᠤᠷᠤᠯᠴᠠᠯᠭ᠎ᠠ ᠶᠢᠨ ᠣᠷᠣᠨ ᠵᠠᠢ ᠳᠤ ᠬᠦᠮᠦᠨ ᠪᠣᠯᠭᠠᠨ ᠪᠠᠭᠲᠠᠬᠤ ᠵᠢᠴᠢ ᠰᠤᠷᠭᠠᠨ ᠬᠦᠮᠦᠵᠢᠯ ᠤᠨ | ᠡᠬᠢ ᠰᠣᠷᠪᠤᠯᠵᠢ ᠪᠣᠯᠤᠨ ᠰᠤᠷᠭᠠᠨ ᠬᠦᠮᠦᠵᠢᠯ ᠤᠨ ᠬᠠᠮᠢᠶᠠᠷᠤᠯᠲᠠ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ᠃ | ︽ᠬᠤᠶᠠᠷ ᠲᠣᠭᠤᠷᠢᠭ︾᠄ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠤᠷᠢᠭ ᠪᠣᠯᠤᠨ ᠭᠤᠣᠯ ᠪᠣᠯᠬᠤ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠲᠣᠭᠤᠷᠢᠭ᠃ | ᠨᠠᠢᠮᠠᠨ ᠨᠠᠷᠢᠨ ᠳᠠᠩᠰᠠ᠄ ᠵᠠᠰᠠᠭ ᠵᠠᠬᠢᠷᠭᠠᠨ ᠤ ᠡᠷᠬᠡ ᠪᠠ ᠬᠷᠢᠭᠤᠴᠠᠯᠭᠠ ᠶᠢᠨ ᠵᠦᠢᠯ᠂ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯ᠂ ᠭᠡᠷᠡᠴᠢᠯᠡᠬᠦ ᠵᠦᠢᠯ᠂ ᠵᠠᠭᠤᠴᠢ | ᠦᠢᠯᠡᠴᠢᠯᠡᠭᠡᠨ ᠤ ᠵᠦᠢᠯ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠵᠦᠢᠯ ᠵᠢᠴᠢ | ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠠᠭᠤᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠵᠦᠢᠯ ᠵᠡᠷᠭᠡ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢᠨ ᠰᠠᠭᠤᠷᠢ ᠳᠠᠩᠰᠠ ᠶᠢ ᠪᠠᠭᠲᠠᠭᠠᠵᠤ᠂ ᠮᠠᠨ ᠤ | ᠬᠤᠲᠠ ᠶᠢᠨ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠬᠦᠯᠬᠦ ᠪᠠ | ᠬᠤᠳᠠᠯᠳᠤᠭ᠎ᠠ ᠡᠵᠡᠩᠨᠡᠯᠲᠡ ᠶᠢᠨ ᠣᠷᠴᠢᠨ ᠠᠬᠤᠢ ᠶᠢ ᠰᠢᠯᠢᠳᠡᠭᠵᠢᠭᠦᠯᠬᠦ ᠴᠢᠬᠤᠯᠠ ᠠᠭᠤᠯᠭ᠎ᠠ ᠪᠣᠯᠤᠨ᠎ᠠ᠃ | ᠬᠤᠶᠠᠷ ᠲᠤ ᠦᠯᠦ ᠵᠣᠪᠠᠭ᠋ᠤ᠂ ᠭᠤᠷᠪᠠᠨ ᠶᠢ ᠪᠠᠲᠤᠯᠠᠬᠤ᠄ 2020 ᠣᠨ ᠪᠣᠯᠲᠠᠯ᠎ᠠ᠂ ᠶᠠᠳᠠᠭᠤ ᠬᠦᠴᠢᠷᠲᠡᠢ ᠬᠦᠮᠦᠰ | ᠢ ᠢᠳᠡᠬᠦ ᠳᠡᠭᠡᠨ ᠵᠣᠪᠠᠭ᠋ᠤ ᠦᠭᠡᠢ᠂ ᠡᠮᠦᠰᠬᠦ ᠳᠡᠭᠡᠨ ᠵᠣᠪᠠᠭ᠋ᠤ ᠦᠭᠡᠢ ᠪᠣᠯᠭᠠᠵᠤ᠂ ᠠᠯᠪᠠᠨ ᠵᠢᠷᠦᠮ ᠤᠨ ᠰᠤᠷᠭᠠᠨ | ᠬᠦᠮᠦᠵᠢᠯ ᠂ ᠦᠨᠳᠦᠰᠦᠨ ᠡᠮᠨᠡᠯᠭᠡ ᠵᠢᠴᠢ ᠣᠷᠤᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢ | ᠪᠡᠶᠡᠯᠡᠭᠦᠯᠦᠨ᠎ᠡ᠃ | ︽ᠳᠦᠷᠪᠡᠨ ᠰᠠᠶᠢᠨᠳᠠᠢ︾ ᠬᠦᠳᠡᠭᠡ ᠲᠤᠰᠬᠤᠨ ᠤ ᠵᠠᠮ᠄ ᠰᠢ ᠶᠢᠨ ᠫᠢᠩ ᠶᠡᠷᠦᠩᠬᠡᠢ ᠱᠦᠵᠢ ᠬᠦᠳᠡᠭᠡ | ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠨᠢ ᠲᠤᠰᠬᠤᠨ ᠪᠠᠯᠭᠠᠰᠤᠨ ᠤ ᠪᠠᠶᠢᠳᠠᠯ᠂ ᠬᠦᠳᠡᠭᠡ | ᠲᠤᠰᠬᠤᠨ ᠤ ᠠᠵᠤ ᠠᠬᠤᠢ ᠶᠢᠨ ᠬᠦᠭᠵᠢᠯᠲᠡ ᠵᠢᠴᠢ ᠦᠷᠭᠡᠨ ᠣᠯᠠᠨ ᠲᠦᠮᠡᠨ ᠤ ᠠᠮᠤᠷ ᠲᠦᠪᠰᠢᠨ ᠶᠠᠪᠤᠵᠤ | ᠰᠠᠭᠤᠬᠤ ᠲᠠᠢ ᠵᠣᠬᠢᠴᠠᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ | ᠬᠠᠮᠠᠭᠠᠯᠠᠯᠲᠠ ᠵᠢᠴᠢ ᠡᠵᠡᠩᠨᠡᠯᠲᠡ ᠶᠢ ᠤᠯᠠᠮ ᠨᠢᠭᠡ ᠠᠯᠬᠤᠮ ᠰᠠᠶᠢᠨ ᠠᠳᠬᠤᠵᠤ᠂ ᠬᠦᠳᠡᠭᠡ ᠲᠤᠰᠬᠤᠨ ᠤ | ᠬᠦᠭᠵᠢᠯᠲᠡ ᠶᠢ ᠬᠠᠷᠰᠢᠯᠠᠬᠤ ᠵᠠᠮ ᠬᠠᠷᠢᠯᠴᠠᠭᠠᠨ ᠤ ᠪᠣᠭᠤᠮᠢ ᠶᠢ ᠢᠳᠡᠭ ᠢᠳᠡᠭ ᠢᠶᠠᠷ ᠠᠷᠢᠯᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠭᠤᠷᠪᠠᠨ ᠬᠤᠪᠢᠷᠠᠯᠲᠠ᠄ ᠬᠦᠳᠡᠭᠡ ᠲᠤᠰᠬᠤᠨ ᠮᠠᠯᠵᠢᠬᠤ ᠣᠷᠤᠨ ᠤ ︽ᠭᠤᠷᠪᠠᠨ ᠬᠤᠪᠢᠷᠠᠯᠲᠠ︾ ᠶᠢᠨ | ᠥᠭᠡᠷᠡᠴᠢᠯᠡᠯᠲᠡ ᠭᠡᠳᠡᠭ ᠨᠢ ᠵᠠᠬ᠎ᠠ ᠳᠡᠯᠭᠡᠭᠦᠷᠴᠢᠯᠡᠭᠰᠡᠨ ᠬᠡᠯᠪᠡᠷᠢ ᠪᠠᠷ ᠬᠦᠳᠡᠭᠡ ᠲᠤᠰᠬᠤᠨ ᠤ ᠡᠬᠢ ᠪᠠᠶᠠᠯᠢᠭ ᠢ ᠡᠳ᠋ | ᠬᠦᠷᠦᠩᠭᠡ ᠪᠣᠯᠭᠠᠬᠤ᠂ ᠪᠡᠯᠡ ᠮᠦᠩᠭᠦ ᠶᠢ ᠬᠤᠪᠢ ᠣᠷᠤᠭᠤᠯᠤᠭᠰᠠᠨ ᠮᠦᠩᠭᠦ ᠪᠣᠯᠭᠠᠬᠤ᠂ ᠲᠠᠷᠢᠶᠠᠴᠢᠳ ᠢ ᠬᠤᠪᠢ | ᠣᠷᠤᠭᠤᠯᠤᠭᠴᠢ ᠪᠣᠯᠭᠠᠬᠤ ᠵᠡᠷᠭᠡ ᠭᠤᠷᠪᠠᠨ ᠵᠦᠢᠯ ᠤᠨ ᠦᠭᠡᠷᠡᠴᠢᠯᠡᠯᠲᠡ ᠶᠢ ᠭᠦᠨᠵᠡᠭᠡᠢ ᠦᠷᠨᠢᠭᠦᠯᠵᠦ᠂ ᠬᠦᠳᠡᠭᠡ | ᠲᠤᠰᠬᠤᠨ ᠮᠠᠯᠵᠢᠬᠤ ᠣᠷᠤᠨ ᠪᠠ ᠮᠠᠯᠴᠢᠨ ᠲᠠᠷᠢᠶᠠᠴᠢᠳ ᠤᠨ ︽ᠦᠬᠦᠮᠡᠯ ᠡᠬᠢ ᠪᠠᠶᠠᠯᠢᠭ︾ ᠢ ᠬᠤᠪᠢᠷᠠᠭᠤᠯᠤᠭᠠᠳ | ︽ᠠᠮᠢᠳᠤ ᠡᠬᠢ ᠪᠠᠶᠠᠯᠢᠭ︾ ᠪᠣᠯᠭᠠᠵᠤ᠂ ᠭᠠᠴᠠᠭ᠎ᠠ ᠲᠤᠰᠬᠤᠨ ᠤ ᠬᠠᠮᠲᠤ ᠨᠡᠶᠢᠲᠡ ᠪᠣᠯᠤᠨ ᠮᠠᠯᠴᠢᠨ ᠲᠠᠷᠢᠶᠠᠴᠢᠳ ᠢ | ᠬᠤᠪᠢ ᠣᠷᠤᠭᠤᠯᠤᠨ ᠠᠰᠢᠭ ᠬᠤᠪᠢᠶᠠᠯᠴᠠᠵᠤ᠂ ᠮᠠᠯᠴᠢᠨ ᠲᠠᠷᠢᠶᠠᠴᠢᠳ ᠤᠨ ᠠᠵᠤ ᠠᠬᠤᠢ ᠶᠢᠨ ᠣᠷᠤᠯᠭ᠎ᠠ ᠶᠢ | ᠤᠯᠠᠮ ᠨᠢᠭᠡ ᠠᠯᠬᠤᠮ ᠨᠡᠮᠡᠭᠳᠡᠭᠦᠯᠦᠨ᠂ ᠮᠠᠯᠴᠢᠨ ᠲᠠᠷᠢᠶᠠᠴᠢᠳ ᠢ ᠦᠪ ᠦᠨᠡᠨᠬᠦ ᠪᠠᠶᠠᠵᠢᠭᠤᠯᠤᠨ᠎ᠠ᠃ ᠡᠭᠦᠨ ᠢ | ᠲᠣᠪᠴᠢᠯᠠᠭᠠᠳ ︽ᠭᠤᠷᠪᠠᠨ ᠬᠤᠪᠢᠷᠠᠯᠲᠠ︾ ᠶᠢᠨ ᠦᠭᠡᠷᠡᠴᠢᠯᠡᠯᠲᠡ ᠭᠡᠪᠡ᠃ | ᠬᠤᠶᠠᠷ ᠬᠤᠪᠢᠷᠠᠭᠠᠯ ᠬᠤᠶᠠᠷ ᠨᠦᠬᠦᠪᠦᠷᠢ᠄ ᠠᠮᠢ ᠠᠬᠤᠢ ᠶᠢᠨ ᠨᠦᠬᠦᠪᠦᠷᠢ ᠪᠠ ᠠᠵᠤ ᠦᠢᠯᠡᠰ ᠤᠨ | ᠨᠦᠬᠦᠪᠦᠷᠢ ᠭᠠᠷᠭᠠᠵᠤ᠂ ᠲᠤᠷᠰᠢᠯᠲᠠ ᠶᠢᠨ ᠴᠡᠭ ᠤᠨ ᠭᠠᠴᠠᠭ᠎ᠠ ᠶᠢᠨ ᠠᠮᠢ ᠠᠬᠤᠢ ᠶᠢ ᠬᠠᠮᠠᠭᠠᠯᠠᠬᠤ ᠬᠡᠯᠪᠡᠷᠢ ᠪᠠᠨ | ᠬᠤᠪᠢᠷᠠᠭᠠᠬᠤ ᠪᠠ ᠦᠢᠯᠡᠳᠪᠦᠷᠢᠯᠡᠯ ᠤᠨ ᠬᠦᠭᠵᠢᠯᠲᠡ ᠶᠢᠨ ᠵᠠᠭᠪᠤᠷ ᠢᠶᠠᠨ ᠬᠤᠪᠢᠷᠠᠭᠠᠬᠤ ᠶᠢ ᠠᠬᠢᠭᠤᠯᠵᠤ᠂ ᠡᠭᠦᠨ ᠤ | ᠤᠯᠠᠮ ᠠᠴᠠ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠦᠢᠯᠡᠰ ᠤᠨ ᠬᠦᠭᠵᠢᠯᠲᠡ ᠶᠢᠨ ᠬᠤᠣᠰ ᠢᠯᠠᠯᠲᠠ ᠶᠢ | ᠪᠡᠶᠡᠯᠡᠭᠦᠯᠦᠨ᠎ᠡ᠃ | ︽ᠬᠦᠯᠡᠮᠵᠢᠳᠤ ᠭᠡᠷ ᠪᠠᠶᠢᠰᠢᠩ︾᠄ ᠲᠠᠷᠢᠶᠠᠯᠠᠩ ᠤᠨ ᠬᠦᠷᠢᠶᠡᠯᠡᠩ ᠲᠤᠭᠤᠷᠢᠭ ᠤᠳ ᠲᠤ᠂ ᠲᠠᠷᠢᠶᠠᠨ ᠭᠠᠵᠠᠷ | ᠢ ᠡᠵᠡᠯᠡᠬᠦ ᠪᠣᠶᠤ ᠰᠢᠭᠤᠳ ᠲᠠᠷᠢᠶᠠᠨ ᠭᠠᠵᠠᠷ ᠳᠡᠭᠡᠷ᠎ᠡ ᠬᠠᠤᠯᠢ ᠳᠦᠷᠢᠮ ᠢ ᠵᠦᠷᠢᠴᠡᠨ ᠲᠠᠷᠢᠶᠠᠯᠠᠩ ᠤᠨ ᠪᠤᠰᠤ ᠵᠦᠢᠯ | ᠪᠠᠶᠢᠭᠤᠯᠬᠤ᠂ ᠣᠨᠴᠠᠭᠠᠶᠢᠯᠠᠨ ᠵᠣᠰᠠᠯᠠᠩ᠂ ᠰᠡᠯᠡᠭᠦᠴᠡᠨ ᠠᠮᠠᠷᠠᠬᠤ ᠭᠠᠵᠠᠷ ᠪᠠᠶᠢᠭᠤᠯᠬᠤ ᠵᠡᠷᠭᠡ︔ ᠲᠠᠷᠢᠶᠠᠯᠠᠩ ᠤᠨ | ᠲᠣᠮᠤ ᠰᠠᠷᠠᠪᠴᠢ ᠳᠣᠲᠤᠷ᠎ᠠ ᠬᠠᠤᠯᠢ ᠳᠦᠷᠢᠮ ᠢ ᠵᠦᠷᠢᠴᠡᠨ ᠳᠤᠷ᠎ᠠ ᠪᠠᠷ ᠲᠠᠷᠢᠶᠠᠨ ᠭᠠᠵᠠᠷ ᠢ ᠠᠰᠢᠭᠯᠠᠵᠤ ᠲᠠᠸᠠᠷ ᠤᠨ | ᠪᠠᠶᠢᠰᠢᠩ ᠪᠠᠷᠢᠬᠤ︔ ᠲᠠᠷᠢᠶᠠᠯᠠᠩ ᠤᠨ ᠲᠣᠮᠤ ᠰᠠᠷᠠᠪᠴᠢ ᠶᠢ ᠬᠠᠷᠠᠵᠤ ᠬᠠᠮᠠᠭᠠᠯᠠᠬᠤ ᠭᠡᠷ ᠤᠨ ᠪᠦᠲᠦᠭᠡᠨ | ᠪᠠᠶᠢᠭᠤᠯᠤᠯᠲᠠ ᠨᠢ ᠪᠠᠷᠢᠮᠵᠢᠶ᠎ᠠ ᠠᠴᠠ ᠬᠡᠳᠦ ᠬᠡᠲᠦᠷᠴᠦ᠂ ᠨᠡᠩ ᠴᠢᠨᠠᠭᠰᠢᠯᠠᠭᠠᠳ ᠬᠠᠤᠯᠢ ᠳᠦᠷᠢᠮ ᠢ ᠵᠦᠷᠢᠴᠡᠨ | ᠲᠡᠭᠦᠨ ᠤ ᠦᠢᠯᠡᠳᠦᠯ ᠬᠡᠷᠡᠭᠴᠡᠭᠡ ᠶᠢ ᠨᠢ ᠦᠭᠡᠷᠡᠴᠢᠯᠡᠭᠡᠳ ᠣᠷᠤᠨ ᠰᠠᠭᠤᠴᠠ ᠶᠢᠨ ᠴᠢᠨᠠᠷᠲᠠᠢ ᠡᠵᠡᠩᠨᠡᠯᠲᠡ ᠶᠢᠨ | ᠬᠡᠯᠪᠡᠷᠢ ᠪᠣᠯᠭᠠᠨ ᠨᠡᠭᠡᠭᠡᠨ ᠠᠰᠢᠭᠯᠠᠬᠤ ᠵᠡᠷᠭᠡ᠃ | ︽ᠬᠤᠳᠠ ᠶᠢᠨ ᠴᠡᠪᠡᠷᠯᠡᠭᠡ︾ ᠶᠢᠨ ᠠᠵᠢᠯᠯᠠᠭᠠᠨ᠄ ᠯᠢᠨᠳᠦ᠋ᠩ ᠤᠨ ᠬᠤᠲᠠ ᠲᠣᠭᠤᠷᠢᠭ ᠲᠤ ᠰᠠᠭᠤᠷᠢ | ᠲᠦᠬᠦᠭᠡᠷᠦᠮᠵᠢ ᠶᠢ ᠲᠡᠭᠦᠯᠳᠡᠷᠵᠢᠭᠦᠯᠬᠦ᠂ ᠲᠣᠮᠣ ᠲᠡᠷᠭᠡ ᠶᠢ ᠴᠡᠭᠴᠡᠯᠡᠬᠦ᠂ ᠳᠡᠯᠭᠡᠭᠡ ᠮᠠᠶᠢᠮᠠᠢ ᠶᠢ ᠳᠦᠷᠢᠮᠵᠢᠭᠦᠯᠬᠦ ᠵᠡᠷᠭᠡ | ᠭᠤᠣᠯᠳᠠᠯᠭ᠎ᠠ ᠲᠠᠢ ᠲᠤᠰᠬᠠᠢ ᠠᠵᠢᠯᠯᠠᠭ᠎ᠠ ᠶᠢ ᠨᠢᠭᠡᠲᠦᠯᠲᠡᠢ ᠦᠷᠨᠢᠭᠦᠯᠬᠦ ᠶᠢ ᠵᠢᠭᠠᠵᠤ ᠪᠣᠢ᠃ | ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ᠄ ᠬᠢᠨᠠᠯᠲᠠ ᠬᠠᠮᠢᠶᠠᠷᠤᠯᠲᠠ ᠶᠢᠨ ᠶᠠᠪᠤᠴᠠ ᠳᠤ᠂ ᠪᠠᠶᠢᠴᠠᠭᠠᠬᠤ | ᠡᠲᠡᠭᠡᠳ ᠢᠶᠠᠨ ᠰᠤᠭᠤᠴᠢᠨ ᠲᠤᠭᠳᠠᠭᠠᠵᠤ᠂ ᠬᠠᠤᠯᠢ ᠬᠡᠷᠡᠭᠵᠢᠬᠦᠯᠦᠨ ᠪᠠᠶᠢᠴᠠᠭᠠᠬᠤ ᠠᠵᠢᠯᠳᠠᠨ ᠢᠶᠠᠨ ᠰᠤᠭᠤᠴᠢᠨ | ᠲᠤᠭᠳᠠᠭᠠᠵᠤ ᠲᠣᠮᠢᠯᠠᠬᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ | ᠳ᠋ᠦᠩ ᠢᠶᠠᠨ ᠴᠠᠭ ᠲᠤᠬᠠᠢ ᠳᠤᠨᠢ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠃ | ᠭᠤᠷᠪᠠᠨ ᠪᠦᠲᠦᠭᠡᠭᠳᠡᠬᠦᠨ ᠨᠢᠭᠡ ᠲᠡᠮᠳᠡᠭ᠄ ᠪᠤᠬᠢᠷᠳᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠳᠤᠯ | ᠦᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ | ᠣᠷᠤᠨ ᠤ ᠲᠡᠮᠳᠡᠭ ᠤᠨ ᠶᠡᠷᠦᠩᠬᠡᠢ ᠨᠡᠷᠡᠶᠢᠳᠦᠯ ᠪᠤᠯᠤᠨ᠎ᠠ᠃ | ᠡᠮᠨᠡᠯᠭᠡ ᠶᠢᠨ ᠬᠠᠮᠳᠤ ᠴᠣᠭᠴᠠ᠄ ᠬᠤᠰᠢᠭᠤ ᠳᠡᠰ ᠤᠨ ᠡᠮᠨᠡᠯᠭᠡ ᠶᠢᠨ ᠬᠤᠷᠢᠶ᠎ᠠ ᠪᠠᠷ ᠵᠢᠯᠤᠭᠤᠳᠤᠨ ᠳᠠᠭᠠᠭᠤᠯᠵᠤ᠂ | ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠭᠤᠣᠯ ᠪᠣᠯᠭᠠᠵᠤ᠂ ᠭᠠᠴᠠᠭ᠎ᠠ ᠲᠤᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠢᠶᠠᠷ ᠰᠠᠭᠤᠷᠢ ᠪᠣᠯᠭᠠᠭᠰᠠᠨ ᠨᠢᠭᠡ ᠴᠣᠭᠴᠠᠵᠢᠭᠤᠯᠤᠭᠰᠠᠨ ᠡᠮᠨᠡᠯᠭᠡ ᠶᠢᠨ | ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ᠃ | ︽1 +N︾ ᠣᠷᠤᠨ ᠬᠡᠪᠴᠢᠶᠡᠨ ᠤ ᠴᠢᠨᠠᠷᠲᠠᠢ ᠣᠨᠴᠠ ᠬᠦᠴᠢᠷᠲᠡᠢ ᠶᠢ ᠨᠢ ᠠᠰᠠᠷᠠᠨ ᠬᠠᠷᠠᠭᠠᠯᠵᠠᠬᠤ | ᠲᠣᠭᠲᠠᠯᠴᠠᠭ᠎ᠠ᠄ 1 ᠭᠡᠳᠡᠭ ᠨᠢ ᠬᠤᠰᠢᠭᠤᠨ ᠤ ᠳᠡᠰ ᠤᠨ ᠣᠨᠴᠠ ᠬᠦᠴᠢᠷᠲᠡᠢ ᠠᠰᠠᠷᠠᠨ ᠬᠠᠷᠠᠭᠠᠯᠵᠠᠬᠤ 1 | ᠦᠢᠯᠡᠴᠢᠯᠡᠭᠡᠨ ᠤ ᠲᠦᠪ ᠪᠠᠶᠢᠭᠤᠯᠬᠤ ᠶᠢ ᠬᠡᠯᠡᠵᠦ ᠪᠣᠢ︔ N ᠭᠡᠳᠡᠭ ᠨᠢ ᠪᠦᠬᠦ ᠬᠤᠰᠢᠭᠤᠨ ᠤ 14 ᠨᠠᠰᠤᠲᠠᠨ ᠢ | ᠠᠰᠠᠷᠠᠬᠤ ᠬᠦᠷᠢᠶᠡᠯᠡᠩ ᠢ ᠨᠢᠭᠡᠲᠦᠭᠦᠯᠦᠭᠡᠳ 4 ᠪᠣᠯᠭᠠᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠬᠠᠮᠢᠶᠠᠷᠤᠯᠲᠠ | ᠶᠢᠨ ᠪᠠᠷᠢᠮᠵᠢᠶᠠᠵᠢᠯᠲᠠ᠂ ᠲᠤᠰᠬᠠᠶᠢᠵᠢᠯᠲᠠ᠂ ᠮᠡᠳᠡᠭᠡ ᠵᠠᠩᠬᠢᠴᠢᠯᠠᠯᠲᠠ ᠶᠢ ᠪᠡᠶᠡᠯᠡᠭᠦᠯᠦᠨ᠎ᠡ᠃ | ︽ᠬᠤᠶᠠᠷ ᠮᠦᠩᠭᠦ ᠭᠤᠷᠪᠠᠨ ᠳᠦᠷᠢᠮ︾ ᠤᠨ ᠪᠠᠲᠤᠯᠠᠭ᠎ᠠ ᠶᠢᠨ ᠳᠦᠷᠢᠮ᠄ ᠴᠠᠯᠢᠩ ᠤᠨ ᠪᠠᠲᠤᠯᠠᠭᠠᠲᠤ | ᠮᠦᠩᠭᠦ᠂ ᠪᠠᠴᠢᠮ ᠪᠠᠶᠢᠳᠠᠯ ᠢ ᠠᠷᠭᠠᠴᠠᠭᠠᠬᠤ ᠡᠷᠭᠢᠯᠲᠡ ᠶᠢᠨ ᠮᠦᠩᠭᠦ︔ ᠦᠨᠡᠨ ᠨᠡᠷ᠎ᠡ ᠶᠢᠨ ᠳᠦᠷᠢᠮᠲᠦ ᠠᠵᠢᠯᠲᠠᠨ | ᠬᠡᠷᠡᠭᠯᠡᠬᠦ ᠳᠠᠩᠰᠠᠯᠠᠬᠤ ᠳᠦᠷᠢᠮ᠂ ᠴᠠᠯᠢᠩ ᠬᠦᠯᠦᠰᠦ ᠪᠠ ᠪᠠᠷᠢᠯᠭ᠎ᠠ ᠶᠢᠨ ᠮᠦᠩᠭᠦ ᠶᠢ ᠳᠠᠩᠰᠠ ᠬᠤᠪᠢᠶᠠᠨ ᠬᠠᠮᠢᠶᠠᠷᠬᠤ | ᠳᠦᠷᠢᠮ ᠵᠢᠴᠢ ᠪᠠᠩᠬᠢ ᠶᠢᠨ ᠴᠠᠯᠢᠩ ᠬᠦᠯᠦᠰᠦ ᠶᠢ ᠣᠷᠤᠯᠠᠨ ᠲᠠᠷᠬᠠᠭᠠᠬᠤ ᠳᠦᠷᠢᠮ᠃ | ᠭᠤᠷᠪᠠᠨ ᠡᠷᠬᠡᠪᠰᠢ᠄ ᠠᠵᠢᠯ ᠲᠦᠷᠦᠯ᠂ ᠲᠤᠬᠠᠶᠢᠯᠠᠭᠰᠠᠨ ᠠᠵᠢᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ | ᠬᠠᠮᠢᠶᠠᠷᠤᠯᠲᠠ ᠶᠢᠨ ᠲᠠᠯ᠎ᠠ ᠪᠠᠷ ᠡᠷᠬᠡᠪᠰᠢ ᠠᠮᠤᠷ ᠲᠦᠪᠰᠢᠨ ᠢ ᠴᠢᠩᠭ᠎ᠠ ᠬᠠᠮᠢᠶᠠᠷᠬᠤ ᠶᠢ ᠬᠡᠯᠡᠨ᠎ᠡ᠃ | ᠭᠤᠷᠪᠠ ᠶᠢ ᠰᠠᠶᠢᠲᠤᠷ ᠬᠢᠵᠦ ᠨᠢᠭᠡ ᠶᠢ ᠰᠢᠢᠳᠪᠦᠷᠢᠯᠡᠬᠦ᠄ ᠭᠤᠶᠤᠴᠢᠯᠠᠭ᠎ᠠ ᠨᠢ ᠵᠣᠬᠢᠰᠲᠠᠢ ᠪᠣᠯ ᠠᠰᠠᠭᠤᠳᠠᠯ ᠢ | ᠰᠠᠶᠢᠲᠤᠷ ᠰᠢᠢᠳᠪᠦᠷᠢᠯᠡᠬᠦ᠂ ᠭᠤᠶᠤᠴᠢᠯᠠᠭ᠎ᠠ ᠨᠢ ᠵᠣᠬᠢᠰ ᠦᠭᠡᠢ ᠪᠣᠯ ᠦᠵᠡᠯ ᠰᠠᠨᠠᠭᠠᠨ ᠤ ᠬᠦᠮᠦᠵᠢᠯ ᠢ ᠰᠠᠶᠢᠲᠤᠷ | ᠬᠢᠬᠦ᠂ ᠠᠮᠢᠳᠤᠷᠠᠯ ᠨᠢ ᠬᠦᠴᠢᠷᠲᠡᠢ ᠪᠣᠯ ᠲᠤᠰᠠᠯᠠᠮᠵᠢ ᠳᠡᠮᠵᠢᠯᠭᠡ ᠶᠢ ᠰᠠᠶᠢᠲᠤᠷ ᠬᠦᠷᠲᠡᠭᠡᠬᠦ᠂ ᠠᠵᠢᠯᠯᠠᠭ᠎ᠠ ᠨᠢ ᠬᠠᠤᠯᠢ | ᠶᠢ ᠵᠦᠷᠢᠴᠡᠭᠰᠡᠨ ᠪᠣᠯ ᠬᠠᠤᠯᠢ ᠶᠤᠰᠤᠭᠠᠷ ᠰᠢᠢᠳᠪᠦᠷᠢᠯᠡᠬᠦ᠃ | ᠵᠡᠮᠳᠡᠭ ᠬᠦᠮᠦᠨ ᠤ ︽ᠬᠤᠶᠠᠷ ᠵᠦᠢᠯ ᠤᠨ ᠨᠦᠬᠦᠪᠦᠷᠢ︾᠄ ᠬᠦᠴᠢᠷᠲᠡᠢ ᠵᠡᠮᠳᠡᠭ ᠬᠦᠮᠦᠨ ᠤ ᠠᠮᠢᠳᠤᠷᠠᠯ ᠤᠨ | ᠨᠦᠬᠦᠪᠦᠷᠢ᠂ ᠬᠦᠨᠳᠦ ᠳᠡᠰ ᠤᠨ ᠵᠡᠮᠳᠡᠭ ᠬᠦᠮᠦᠨ ᠤ ᠠᠰᠠᠷᠠᠮᠵᠢ ᠶᠢᠨ ᠨᠦᠬᠦᠪᠦᠷᠢ᠃ | |