ᠬᠤᠰᠢᠭᠤᠨ ᠳᠠᠷᠤᠭ᠎ᠠ ᠮᠥᠩᠬᠡᠳᠠᠯᠠᠶ ᠤᠯᠠᠭᠠᠨᠮᠥ᠋ᠴᠢᠷ ᠪᠣᠯᠤᠨ ᠯᠢᠶᠣᠤ ᠶᠢᠨ ᠳᠡᠭᠡᠰᠦ ᠨᠡᠢᠰᠯᠡᠯ ᠤᠨ ᠮᠦᠽᠧᠶ ᠳᠤ ᠬᠦᠷᠴᠦ ᠠᠵᠢᠯ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2019/9/30
    9 ᠰᠠᠷ᠎ᠠ ᠶᠢᠨ 28 ᠤ ᠦᠳᠡ ᠬᠤᠶᠢᠨ᠎ᠠ᠂ ᠪᠠᠭᠠᠷᠢᠨ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠮᠥᠩᠬᠡᠳᠠᠯᠠᠶ ᠤᠯᠠᠭᠠᠨᠮᠥ᠋ᠴᠢᠷ ᠪᠣᠯᠤᠨ ᠯᠢᠶᠣᠤ ᠶᠢᠨ ᠳᠡᠭᠡᠰᠦ ᠨᠡᠢᠰᠯᠡᠯ ᠤᠨ ᠮᠦᠽᠧᠶ ᠳᠤ ᠬᠦᠷᠴᠦ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠪᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠸᠠᠩ ᠶᠦᠩ ᠴᠦᠨ ᠨᠡᠷ ᠪᠠᠷ᠎ᠠ ᠪᠣᠯᠪᠠ᠃      ᠬᠤᠰᠢᠭᠤᠨ ᠳᠠᠷᠤᠭ᠎ᠠ ᠮᠥᠩᠬᠡᠳᠠᠯᠠᠶ ᠡᠩ ᠲᠡᠷᠢᠭᠦᠨ ᠳᠤ ᠤᠯᠠᠭᠠᠨᠮᠥ᠋ᠴᠢᠷ ᠲᠤ ᠬᠦᠷᠴᠦ᠂ ᠪᠥᠵᠢᠭ ᠤᠨ ᠪᠣᠯᠪᠠᠰᠤᠷᠠᠯ ᠤᠨ ᠲᠢᠩᠬᠢᠮ᠂ ᠬᠥᠭᠵᠢᠮ ᠤᠨ ᠪᠣᠯᠪᠠᠰᠤᠷᠠᠯ ᠤᠨ ᠲᠢᠩᠬᠢᠮ᠂ ᠨᠠᠮ ᠤᠨ ᠭᠡᠰᠢᠭᠦᠨ ᠤ ᠬᠥᠳᠡᠯᠭᠡᠭᠡᠨ ᠤ ᠲᠠᠰᠤᠭ ᠵᠡᠷᠭᠡ ᠭᠠᠵᠠᠷ ᠢ ᠪᠠᠢᠴᠠᠭᠠᠨ ᠦᠵᠡᠵᠦ᠂ ᠤᠯᠠᠭᠠᠨᠮᠥ᠋ᠴᠢᠷ ᠤᠨ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ᠃  ᠬᠤᠰᠢᠭᠤᠨ ᠳᠠᠷᠤᠭ᠎ᠠ ᠮᠥᠩᠬᠡᠳᠠᠯᠠᠶ ᠤᠯᠠᠭᠠᠨᠮᠥ᠋ᠴᠢᠷ ᠤᠨ ᠠᠵᠢᠯ ᠪᠣᠯᠤᠨ ᠪᠦᠬᠦ ᠲᠣᠭᠯᠠᠭᠴᠢᠳ ᠤᠨ ᠬᠠᠲᠠᠭᠤᠵᠢᠯᠲᠠᠶ ᠪᠣᠯᠪᠠᠰᠤᠷᠠᠯ ᠢ ᠨᠤᠲᠠᠯᠠᠵᠤ ᠪᠠᠶᠢᠬᠤ ᠪᠠᠨ ᠢᠯᠡᠳᠬᠡᠪᠡ᠃ ᠲᠡᠷᠡ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠤᠨ ᠵᠣᠬᠢᠶᠠᠨ ᠪᠦᠲᠦᠭᠡᠯᠭᠡ ᠵᠣᠷᠢᠭᠲᠠᠶ ᠪᠠᠷ ᠣᠷᠭᠢᠯ ᠳᠤ ᠭᠠᠷᠬᠤ ᠶᠢ ᠠᠬᠢᠭᠤᠯᠵᠤ᠂ ︽ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ︾᠂ ᠠᠷᠠᠳ ᠲᠦᠮᠡᠨ ᠢᠶᠠᠷ ᠭᠤᠤᠯ ᠪᠣᠯᠭᠠᠬᠤ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠢᠬᠠᠨ ᠠᠮᠢᠳᠤᠷᠠᠯ ᠤᠨ ᠲᠤᠬᠠᠶ ᠰᠣᠶᠣᠯ ᠤᠨ ᠬᠡᠷᠡᠭᠴᠡᠭᠡ ᠶᠢ ᠴᠢᠷᠮᠠᠶᠢᠨ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃ ᠤᠯᠠᠭᠠᠨᠮᠥ᠋ᠴᠢᠷ ᠤᠨ ︽ᠲᠣᠭᠯᠠᠯᠲᠠ ᠭᠠᠷᠭᠠᠬᠤ᠂ ᠤᠬᠠᠭᠤᠯᠬᠤ᠂ ᠬᠠᠪᠰᠤᠷᠤᠨ ᠵᠢᠯᠣᠭᠤᠳᠬᠤ᠂ ᠦᠶ᠋ᠯᠡᠴᠢᠯᠡᠬᠦ᠂ ᠵᠣᠬᠢᠶᠠᠨ ᠪᠦᠲᠦᠭᠡᠬᠦ᠂ ᠰᠢᠨ᠎ᠡ ᠶᠢ ᠡᠭᠦᠳᠬᠦ︾ ᠵᠢᠷᠭᠤᠭᠠᠨ ᠵᠦᠶ᠋ᠯ ᠤᠨ ᠭᠤᠤᠯ ᠡᠭᠦᠷᠭᠡ ᠴᠢᠳᠠᠪᠬᠢ ᠶᠢᠨ ᠡᠭᠦᠷᠭᠡ ᠶᠢ ᠭᠦᠶ᠋ᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠲᠣᠭᠯᠠᠯᠲᠠ ᠭᠠᠷᠭᠠᠬᠤ ᠪᠠ ᠭᠠᠳᠠᠭᠠᠳᠤ ᠯᠤᠭ᠎ᠠ ᠶᠢᠨ ᠰᠣᠯᠢᠯᠴᠠᠭ᠎ᠠ ᠲᠣᠭᠯᠠᠯᠲᠠ ᠶᠢ ᠢᠳᠡᠪᠬᠢᠲᠡᠢ ᠥᠷᠨᠢᠭᠦᠯᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠵᠤ᠂ ᠲᠥᠷᠥ ᠶᠢᠨ ᠪᠣᠳᠣᠯᠭ᠎ᠠ ᠶᠢ ᠤᠷᠠᠯᠢᠭ ᠤᠨ ᠠᠷᠭ᠎ᠠ ᠵᠠᠮ ᠢᠶᠠᠷ ᠳᠠᠮᠵᠢᠭᠤᠯᠤᠨ ᠦᠨᠳᠦᠰᠦᠨ ᠱᠠᠲᠤᠨ ᠤ ᠣᠯᠠᠨ ᠲᠦᠮᠡᠨ ᠳᠤ ᠬᠦᠷᠭᠡᠵᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠮᠠᠨ ᠤ ᠬᠤᠰᠢᠭᠤᠨ ᠤ ᠤᠳᠬ᠎ᠠ ᠤᠷᠠᠯᠢᠭ ᠤᠨ ᠴᠡᠴᠡᠭᠯᠡᠯᠲᠡ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠵᠦ᠂ ︽ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠢ ᠰᠠᠶᠢᠲᠤᠷ ᠬᠢᠨ᠎ᠡ᠃      ᠳᠠᠷᠠᠭ᠎ᠠ ᠨᠢ᠂ ᠬᠤᠰᠢᠭᠤᠨ ᠳᠠᠷᠤᠭ᠎ᠠ ᠮᠥᠩᠬᠡᠳᠠᠯᠠᠶ ᠨᠠᠷ ᠮᠦᠽᠧᠶ ᠳᠤ ᠢᠷᠡᠵᠦ᠂ ᠮᠦᠽᠧᠶ ᠶᠢᠨ ᠲᠡᠤᠬᠡ ᠶᠢᠨ ᠳᠤᠷᠠᠰᠬᠠᠯᠲᠤ  ᠵᠣᠶᠢᠯᠡᠰ ᠤᠨ ᠬᠥᠮᠥᠷᠭᠡ᠂ ᠣᠯᠠᠨ ᠵᠠᠭᠤᠴᠢᠯᠠᠭᠤᠷ ᠤᠨ ᠮᠡᠳᠡᠭᠦᠯᠦᠯᠲᠡ ᠶᠢᠨ ᠲᠢᠩᠬᠢᠮ᠂ ᠵᠠᠯᠠᠭᠤᠴᠤᠳ ᠪᠠᠭᠠᠴᠤᠳ ᠤᠨ ᠨᠡᠶᠢᠭᠡᠮ ᠰᠤᠷᠭᠠᠨ ᠬᠥᠮᠦᠵᠢᠯ ᠤᠨ ᠶᠠᠮᠤᠨ ᠵᠡᠷᠭᠡ ᠭᠠᠵᠠᠷ ᠢ ᠲᠤᠬᠠᠶ ᠶᠢᠨ ᠭᠠᠵᠠᠷ  ᠳᠤᠨᠢ  ᠪᠠᠶᠢᠴᠠᠭᠠᠨ ᠦᠵᠡᠵᠦ᠂ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠮᠦᠽᠧᠶ ᠶᠢᠨ ᠤᠯᠤᠰ ᠠᠴᠠ ᠬᠤᠶᠠᠳᠤᠭᠠᠷ ᠲᠡᠰ ᠤᠨ ᠣᠷᠳᠣᠨ ᠪᠣᠯᠤᠨ ᠲᠡᠤᠬᠡ ᠶᠢᠨ ᠳᠤᠷᠠᠰᠬᠠᠯᠲᠤ ᠵᠦᠶ᠋ᠯᠡᠰ ᠤᠨ ᠲᠡᠰ ᠲᠣᠭᠲᠠᠭᠠᠬᠤ ᠠᠵᠢᠯ ᠢ ᠲᠦᠷᠭᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠰᠢᠭᠤᠨ ᠳᠠᠷᠤᠭ᠎ᠠ ᠮᠥᠩᠬᠡᠳᠠᠯᠠᠶ ᠱᠠᠭᠠᠷᠳᠠᠭᠰᠠᠨ ᠨᠢ᠂ ᠯᠢᠶᠣᠤᠨᠢᠩ ᠤᠨ ᠱᠠᠩᠵᠢᠩ ᠮᠦᠽᠧᠶ ᠶᠢᠨ ᠰᠢᠨ᠎ᠡ ᠣᠷᠳᠣᠨ ᠴᠣ᠋ ᠰᠢᠨ᠎ᠡ ᠳᠦᠷᠰᠦ ᠪᠠᠢᠳᠠᠯ ᠪᠣᠯᠤᠨ ᠳᠦᠷᠢ ᠲᠥᠷᠬᠦ ᠪᠠᠨ ᠢᠯᠡᠷᠡᠭᠦᠯᠵᠦ᠂ ᠲᠣᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠥᠪᠡᠷᠮᠢᠴᠡ ᠣᠨᠴᠠᠯᠢᠭ ᠲᠠᠢ ᠬᠢᠳᠠᠨ ᠯᠢᠶᠣᠤ ᠶᠢᠨ ᠰᠣᠶᠣᠯ ᠤᠨ ᠡᠬᠢ ᠪᠠᠶᠠᠯᠢᠭ ᠢ ᠠᠰᠢᠭᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠤᠭ ᠵᠣᠷᠢᠯᠲᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠬᠡ ᠤᠯᠤᠰ ᠠᠴᠠ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠵᠤ᠂ ᠬᠢᠳᠠᠨ ᠯᠢᠶᠣᠣ  ᠶᠢᠨ ᠰᠣᠶᠣᠯ ᠢ ᠪᠠᠶᠢᠭᠤᠯᠬᠤ ᠲᠠᠯ᠎ᠠ ᠪᠠᠷ ᠪᠠᠭᠠᠷᠢᠨ ᠵᠡᠭᠦᠨ ᠬᠤᠰᠢᠭᠤᠨ ᠤ ᠨᠡᠷ᠎ᠡ ᠶᠢᠨ ᠬᠠᠭᠤᠳᠠᠰᠤ ᠶᠢᠨ ᠣᠶᠢᠯᠡᠳᠤᠯ ᠢ ᠰᠠᠶᠢᠲᠤᠷ  ᠪᠠᠳᠠᠷᠠᠭᠤᠯᠬᠤ ᠬᠡᠷᠡᠭᠳᠠᠢ ᠭᠡᠵᠠᠢ᠃    
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号