ᠣᠶᠢᠷ᠎ᠠ ᠶᠢᠨ ᠡᠳᠦᠷ᠂ ᠤᠯᠠᠭᠠᠨᠬᠠᠳᠠ ᠬᠤᠲᠠ ᠶᠢᠨ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠭᠤᠷᠪᠠᠳᠤᠭᠠᠷ ᠪᠠᠶᠢᠴᠠᠭᠠᠬᠤ ᠳᠤᠭᠤᠶᠢᠯᠠᠩ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠵᠠᠩ ᠬᠤᠩ ᠰᠢᠨ ᠨᠡᠷ ᠮᠠᠨ ᠤ ᠬᠤᠰᠢᠭᠤᠨ ᠳᠤ ᠬᠦᠷᠴᠦ ︽ᠳᠣᠯᠣᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠬᠤᠩ ᠲᠤ᠂ | ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ | ᠳᠠᠷᠤᠭ᠎ᠠ ᠰᠦᠨ ᠵᠢᠶ ᠭᠦᠸᠧ ᠪᠠᠷ᠎ᠠ ᠪᠣᠯᠵᠣ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠪᠠᠭᠠᠷᠢᠨ ᠵᠡᠭᠦᠨ | ᠬᠤᠰᠢᠭᠤᠨ ᠤ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠥᠷᠨᠢᠭᠦᠯᠦᠭᠰᠡᠨ | ᠪᠠᠶᠢᠳᠠᠯ ᠢ ᠭᠦᠢᠴᠡᠳ ᠨᠤᠲᠠᠯᠠᠵᠤ᠂ ᠡᠭᠦᠨ ᠤ ᠬᠠᠮᠲᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ | ᠲᠠᠯ᠎ᠠ ᠳᠤ ᠪᠣᠳᠠᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠠᠶ᠃ ᠲᠣᠰ ᠤᠳᠠᠭᠠᠨ ᠤ ᠪᠠᠶᠢᠴᠠᠭᠠᠯᠲᠠ ᠨᠢ | ᠮᠠᠨ ᠤ ᠬᠤᠰᠢᠭᠤᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠤᠯᠢ ᠶᠣᠰᠣᠭᠠᠷ ᠵᠠᠰᠠᠬᠤ | ᠠᠵᠢᠯ ᠢ ᠬᠦᠴᠦᠲᠡᠶ ᠠᠬᠢᠭᠤᠯᠵᠤ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠲᠡᠭᠦᠰ ᠠᠮᠵᠢᠯᠲᠠ ᠲᠠᠢ ᠲᠡᠭᠦᠰᠬᠦ ᠳᠤ ᠤᠯᠠᠮ ᠨᠢᠭᠡ ᠠᠯᠬᠤᠮ ᠰᠠᠭᠤᠷᠢ | ᠲᠠᠯᠪᠢᠵᠤ ᠥᠭᠴᠡᠶ᠃ | | |