ᠴᠠᠭᠠᠬᠠᠳᠠ ᠰᠤᠮᠤ ᠳᠣᠯᠣᠳᠤᠭᠠᠷ ᠤᠳᠠᠭᠠᠨ ᠤ ᠪᠦᠬᠦ ᠤᠯᠤᠰ ᠠᠴᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2020/10/26
    ᠴᠠᠭᠠᠨᠬᠠᠳᠠ ᠰᠤᠮᠤ  ᠬᠥᠮᠦᠨ ᠠᠮᠠ ᠶᠢᠨ ᠲᠤᠭ᠎ᠠ᠂ ᠪᠦᠲᠦᠴᠡ᠂ ᠲᠠᠷᠬᠠᠯᠲᠠ᠂ ᠣᠷᠣᠨ  ᠰᠠᠭᠤᠴᠠ ᠵᠡᠷᠭᠡ ᠲᠠᠯ᠎ᠠ ᠶᠢᠨ ᠪᠠᠶᠢᠳᠠᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠬᠤ ᠶᠢᠨ ᠲᠥᠯᠥᠭᠡ᠂ ᠳᠣᠯᠣᠳᠤᠭᠠᠷ ᠤᠳᠠᠭᠠᠨ ᠤ ᠪᠦᠬᠦ ᠤᠯᠤᠰ ᠠᠴᠠ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠥᠨᠳᠥᠷ  ᠪᠦᠳᠦᠮᠵᠢᠳᠠᠢ  ᠪᠡᠶᠡᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ  ᠂  ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ  ᠢ ᠬᠦᠴᠦ ᠪᠠᠨ ᠬᠠᠮᠲᠤᠳᠬᠠᠨ  ᠠᠬᠢᠭᠤᠯᠪᠠ᠃     ᠨᠢᠭᠡ᠂ ᠲᠤᠰᠬᠠᠶ  ᠠᠵᠢᠯ ᠢ ᠲᠦᠯᠬᠢᠨ ᠠᠬᠢᠭᠤᠯᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠬᠤ ᠬᠡᠷᠡᠭᠲᠡᠶ᠃ ᠴᠠᠭᠠᠨᠬᠠᠳᠠ ᠰᠤᠮᠤ ᠨᠢ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠵᠤ᠂ ᠬᠠᠮᠢᠶ᠎ᠠ ᠪᠥᠬᠦᠶ ᠠᠵᠢᠯᠲᠠᠨ ᠢᠶᠠᠷ  ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠬᠤ ᠪᠦᠷᠢᠯᠳᠦᠬᠦᠨ ᠤ ᠳᠤᠭᠤᠶᠢᠯᠠᠩ ᠪᠣᠯᠭᠠᠨ᠎ᠠ︔ 8 ᠨᠡᠶᠢᠳᠡᠮ ᠪᠠᠶᠢᠴᠠᠭᠠᠯᠲᠠ ᠶᠢᠨ ᠲᠣᠭᠤᠷᠢᠭ ᠬᠤᠪᠢᠶᠠᠵᠤ᠂ 10  ᠨᠡᠶᠢᠳᠡᠮ ᠪᠠᠶᠢᠴᠠᠭᠠᠯᠲᠠ ᠶᠢᠨ  ᠵᠢᠯᠤᠭᠤᠳᠤᠭᠴᠢ ᠪᠠ 28  ᠨᠡᠶᠢᠳᠡᠮ ᠪᠠᠶᠢᠴᠠᠭᠠᠭᠴᠢ ᠡᠯᠰᠡᠵᠦ᠂ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠡᠭᠦᠷᠭᠡ ᠶᠢ ᠴᠢᠩᠭᠠᠷᠠᠭᠤᠯᠤᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ  ᠦᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ᠬᠤᠶᠠᠷ᠂ ᠬᠦᠴᠦ ᠪᠠᠨ ᠬᠠᠮᠲᠤᠳᠬᠠᠨ ᠳᠠᠶᠢᠴᠢᠯᠠᠬᠤ ᠶᠢ ᠴᠢᠬᠤᠯᠠᠴᠢᠯᠠᠵᠤ᠂ ᠨᠡᠶᠢᠭᠡᠮ ᠤᠨ ᠤᠬᠠᠭᠤᠯᠭ᠎ᠠ ᠶᠢᠨ ᠠᠵᠢᠯ ᠢ ᠳᠡᠭᠡᠭᠰᠢᠯᠡᠭᠦᠯᠬᠦ ᠬᠡᠷᠡᠭᠲᠡᠶ᠃ ᠰᠤᠮᠤ᠂ ᠭᠠᠴᠠᠭ᠎ᠠ ᠳᠤ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠵᠤ ᠨᠡᠶᠢᠳᠡᠮ ᠪᠠᠶᠢᠴᠠᠭᠠᠯᠲᠠ ᠶᠢᠨ  ᠠᠵᠢᠯ ᠤᠨ ᠳᠠᠶᠢᠴᠢᠯᠠᠯᠲᠠ ᠶᠢᠨ ᠬᠤᠷᠠᠯ  ᠢ 10  ᠤᠳᠠᠭ᠎ᠠ ᠠᠴᠠ ᠳᠡᠭᠡᠭᠰᠢ ᠦᠷᠨᠢᠭᠦᠯᠦᠨ᠎ᠡ︔ ᠲᠡᠷᠡᠴᠢᠯᠡᠨ ᠪᠢᠴᠢᠭᠡᠰᠦ ᠡᠯᠭᠦᠬᠦ᠂ ᠤᠬᠠᠭᠤᠯᠬᠤ ᠬᠠᠭᠤᠳᠠᠰᠤ ᠲᠠᠷᠬᠠᠭᠠᠬᠤ᠂ ᠸᠢᠴᠠᠲ ᠤᠨ ᠲᠠᠪᠴᠠᠩ ᠤᠨ  ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠳᠠᠮᠵᠢᠭᠤᠯᠤᠨ ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠨᠡᠶᠢᠭᠡᠮ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠲᠡᠶ ᠪᠠᠷ ᠪᠤᠢ ᠪᠣᠯᠭᠠᠵᠤ᠂ ᠣᠯᠠᠨ ᠲᠦᠮᠡᠨ ᠤ ᠮᠡᠳᠡᠬᠦ ᠨᠣᠷᠮ᠎ᠠ  ᠢ ᠳᠡᠭᠡᠭᠰᠢᠯᠡᠭᠦᠯᠬᠦ ᠬᠡᠷᠡᠭᠲᠡᠶ᠃     ᠭᠤᠷᠪᠠ᠂ ᠠᠵᠢᠯ ᠤᠨ ᠰᠠᠬᠢᠯᠭ᠎ᠠ ᠪᠠᠲᠤ ᠶᠢ  ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠮᠵᠢ ᠶᠢ  ᠳᠡᠭᠡᠭᠰᠢᠯᠡᠭᠦᠯᠬᠦ ᠬᠡᠷᠡᠭᠲᠡᠶ᠃ ᠰᠤᠮᠤᠨ ᠤ ᠵᠠᠰᠠᠭ ᠤᠨ ᠣᠷᠳᠣᠨ ᠪᠣᠯᠤᠨ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠨᠢᠭᠡᠪᠦᠷᠢ ᠨᠢᠭᠤᠴᠠ ᠶᠢ  ᠬᠠᠮᠠᠭᠠᠯᠠᠬᠤ ᠬᠡᠯᠡᠯᠴᠡᠭᠡᠷ ᠤᠨ ᠪᠢᠴᠢᠭ  ᠲᠤᠭᠳᠠᠭᠠᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ︽ᠪᠥᠬᠦᠳᠡ ᠨᠠᠶᠢᠷᠠᠮᠳᠠ ᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾᠂ ︽ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠨ᠎ᠠ᠃ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠠᠵᠢᠯ ᠤᠨ ᠰᠠᠬᠢᠯᠭ᠎ᠠ ᠪᠠᠲᠤ ᠶᠢ  ᠴᠢᠩᠭᠠᠳᠬᠠᠬᠤ ᠬᠡᠷᠡᠭᠳᠠᠢ︔ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠥᠷᠨᠢᠭᠦᠯᠦᠭᠰᠡᠨ ᠪᠠᠶᠢᠳᠠᠯ ᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠳᠠᠯ ᠬᠠᠭᠤᠷᠮᠠᠭ ᠢᠶᠠᠷ ᠮᠡᠳᠡᠭᠦᠯᠬᠦ᠂ ᠳᠠᠷᠤᠭᠠᠳ ᠮᠡᠳᠡᠭᠦᠯᠬᠦ᠂ ᠮᠡᠳᠡᠭᠦᠯᠬᠦ ᠶᠢ ᠲᠡᠪᠴᠢᠬᠦ ᠵᠡᠷᠭᠡ ᠦᠵᠡᠭᠳᠡᠯ ᠭᠠᠷᠬᠤ ᠠᠴᠠ ᠵᠠᠶᠢᠯᠠᠰᠬᠢᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ᠂ ᠪᠦᠷᠢᠨ ᠭᠦᠶ᠋ᠴᠡᠳ᠂ ᠴᠠᠭ ᠲᠤᠬᠠᠶ ᠳᠤᠨᠢ ᠴᠢᠨᠠᠷ   ᠢ ᠦᠨᠡᠨᠬᠦ ᠪᠠᠲᠤᠯᠠᠬᠤ ᠬᠡᠷᠡᠭᠲᠡᠶ᠃     ᠴᠠᠭᠠᠬᠠᠳᠠ ᠰᠤᠮᠤᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠨᠢ ᠣᠳᠣ ᠨᠢᠭᠡᠨᠲᠡ ᠡᠷᠦᠬᠡ ᠳᠤ ᠣᠷᠣᠵᠤ ᠪᠠᠶᠢᠴᠠᠭᠠᠯᠳᠠ  ᠬᠢᠬᠦ᠂ ᠵᠢᠵᠢᠭ ᠫᠷᠤᠭ᠍ᠷᠠᠮ ᠳᠤ ᠣᠷᠣᠭᠤᠯᠬᠤ ᠪᠠᠶᠢᠴᠠᠭᠠᠯᠳᠠ ᠶᠢᠨ ᠱᠠᠲᠤ ᠦᠶ᠎ᠡ ᠳᠤ ᠪᠠᠶᠢᠵᠤ᠂ ᠡᠨᠡ ᠬᠦ ᠠᠵᠢᠯ ᠨᠢ ᠵᠢᠩᠬᠢᠨᠢ ᠪᠠᠷ ᠨᠡᠶᠢᠳᠡᠮ  ᠪᠠᠶᠢᠴᠠᠭᠠᠯᠳᠠ ᠳᠤ ᠨᠠᠶᠢᠳᠠᠪᠤᠷᠢᠲᠠᠶ ᠰᠠᠭᠤᠷᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠪᠣᠯᠤᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号