ᠪᠡᠶ᠎ᠡ ᠶᠢᠨ ᠲᠠᠮᠢᠷ ᠳᠤᠮᠳᠠᠳᠤ ᠳᠡᠭᠡᠳᠦ ᠰᠤᠷᠭᠠᠭᠤᠯᠢ ᠶᠢᠨ ᠰᠢᠯᠭᠠᠯᠲᠠ ᠳᠤ ᠣᠷᠣᠬᠤ ᠳᠤ ᠰᠤᠷᠭᠠᠨ ᠬᠥᠮᠦᠵᠢᠯ ᠢ ᠤᠷᠢᠳᠠᠪᠠᠷ ᠢᠵᠢ ᠪᠦᠷᠢᠳᠦᠭᠦᠯᠬᠦ ᠬᠡᠷᠡᠭᠲᠡᠶ
ᠨᠡᠶᠢᠲᠡᠯᠡᠭᠰᠡᠨ ᠴᠠᠭ᠄
2020/11/18
     10 ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ᠂ ᠡᠨᠡ ᠪᠣᠯ ︽ᠪᠡᠶ᠎ᠡ ᠲᠠᠮᠢᠷ ᠤᠨ ᠰᠤᠷᠭᠠᠨ ᠬᠥᠮᠦᠵᠢᠯ ᠤᠨ ᠠᠭᠤᠰᠤᠯᠴᠠᠯ ᠢ ᠭᠦᠨᠵᠡᠭᠡᠶᠢᠷᠡᠭᠦᠯᠵᠦ ᠵᠠᠯᠠᠭᠤᠴᠤᠳ ᠪᠠᠭᠠᠴᠤᠳ ᠤᠨ ᠡᠷᠡᠭᠦᠯ ᠬᠦᠭᠵᠢᠯᠲᠡ ᠶᠢ ᠠᠬᠢᠭᠤᠯᠬᠤ ᠲᠤᠬᠠᠶ ᠰᠠᠨᠠᠯ︾ ᠤᠨ ᠲᠠᠷᠠᠭᠠᠬᠢ ᠤᠯᠤᠰ ᠠᠴᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠵᠢᠯᠤᠭᠤᠳᠤᠭᠰᠠᠨ ᠪᠠᠰᠠ ᠨᠢᠭᠡ ᠬᠤᠪᠢ ᠴᠢᠬᠤᠯᠠ ᠪᠢᠴᠢᠭ ᠮᠠᠲ᠋ᠧᠷᠢᠶᠠᠯ ᠪᠣᠯᠤᠨ᠎ᠠ᠃    ᠰᠠᠨᠠᠯ ᠳᠤ᠄ ︽ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠢᠯᠭᠠᠯᠲᠠ ᠶᠢᠨ ᠠᠭᠤᠯᠭ᠎ᠠ᠂ ᠠᠷᠭ᠎ᠠ ᠮᠠᠶ᠋ᠢᠭ ᠪᠠ ᠬᠤᠪᠢ ᠪᠤᠳᠤᠬᠤ ᠠᠷᠭ᠎ᠠ ᠶᠢ ᠰᠠᠶᠢᠵᠢᠷᠠᠭᠤᠯᠵᠤ᠂ ᠬᠤᠪᠢ ᠶᠢᠨ ᠬᠡᠮᠵᠢᠭᠳᠡᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ ᠠᠯᠬᠤᠮ ᠠᠯᠬᠤᠮ ᠢᠶᠠᠷ ᠲᠡᠭᠡᠭᠰᠢᠯᠡᠬᠦᠯᠥᠨ᠎ᠡ︾ ᠭᠡᠵᠦ ᠲᠤᠷᠠᠳᠪᠠ᠃ ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠄ ᠪᠡᠶ᠎ᠡ ᠶᠢᠨ ᠲᠠᠮᠢᠷ ᠤᠨ ᠥᠨᠳᠥᠷ ᠳᠤᠮᠳᠠᠳᠤ ᠶᠢᠨ ᠰᠢᠯᠭᠠᠯᠲᠠ ᠶᠢᠨ ᠬᠠᠮᠤᠭ ᠡᠴᠦᠰ ᠤᠨ ᠬᠠᠷᠠᠯᠲᠠ ᠪᠣᠯ ᠬᠡᠯᠡ ᠲᠤᠭ᠎ᠠ ᠠᠩᠭ᠍ᠯᠢ ᠬᠡᠯᠡ ᠲᠠᠢ ᠠᠳᠠᠯᠢ ᠬᠤᠪᠢ ᠶᠢᠨ ᠬᠡᠮᠵᠢᠭᠳᠡᠯ ᠳᠤ ᠬᠦᠷᠭᠡᠬᠦ ᠶᠢᠨ ᠬᠠᠮᠲᠤ᠂ ᠶᠡᠭᠡ ᠲᠡᠭᠡᠳᠣ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠳᠤ᠂ ᠪᠡᠶ᠎ᠡ ᠶᠢᠨ ᠲᠠᠮᠢᠷ ᠤᠨ ᠬᠡᠪ ᠪᠣᠯᠪᠠᠰᠤᠷᠠᠯ ᠢ ᠬᠡᠷᠬᠢᠨ ᠦᠨᠡᠯᠡᠬᠦ᠂ ᠬᠡᠷᠬᠢᠨ ᠬᠤᠪᠢ ᠪᠤᠳᠤᠬᠤ ᠶᠢ ᠰᠤᠳᠤᠯᠬᠤ ᠬᠡᠷᠡᠭᠲᠡᠶ ᠭᠡᠵᠦ ᠤᠯᠠᠮ ᠨᠢᠭᠡ ᠠᠯᠬᠤᠮ ᠲᠣᠷᠠᠳᠪᠠ᠃    ᠬᠠᠷᠢᠨ ᠪᠡᠶ᠎ᠡ ᠶᠢᠨ ᠲᠠᠮᠢᠷ ᠢ ᠦᠨᠳᠤᠷ ᠳᠤᠮᠳᠠᠳᠤ ᠰᠤᠷᠭᠠᠭᠤᠯᠢ ᠪᠣᠯᠤᠨ ᠶᠡᠭᠡ ᠲᠡᠭᠡᠳᠣ ᠰᠤᠷᠭᠠᠭᠤᠯᠢ ᠶᠢᠨ ᠰᠢᠯᠭᠠᠯᠲᠠ ᠳᠤ ᠣᠷᠣᠭᠤᠯᠬᠤ ᠶᠢᠨ ᠬᠠᠮᠲᠤ᠂ ᠬᠤᠪᠢ ᠶᠢᠨ ᠬᠡᠮᠵᠢᠭᠳᠡᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠰᠤᠷᠭᠠᠭᠤᠯᠢ ᠪᠣᠯᠤᠨ ᠭᠡᠷ ᠤᠨ ᠠᠬᠠᠮᠠᠳ ᠤᠨ ᠪᠡᠶ᠎ᠡ ᠶᠢᠨ ᠲᠠᠮᠢᠷ ᠢ ᠬᠦᠨᠳᠣᠳᠬᠡᠵᠤ᠂ ᠪᠡᠶ᠎ᠡ ᠶᠢᠨ ᠲᠠᠮᠢᠷ ᠢ ᠴᠢᠬᠤᠯᠠᠴᠢᠯᠠᠳᠠᠭ ᠦᠭᠡᠢ ᠠᠰᠠᠭᠤᠳᠠᠯ ᠢ ᠦᠨᠳᠦᠰᠦᠨ ᠠᠴᠠ ᠨᠢ ᠰᠢᠢᠳᠪᠣᠷᠢᠯᠡᠵᠤ᠂ ᠵᠠᠯᠠᠭᠤᠴᠤᠳ ᠪᠠᠭᠠᠴᠤᠳ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠨᠢ ᠳᠠᠷᠤᠶ ᠥᠭᠡᠷᠡᠴᠢᠯᠡᠯᠲᠡ ᠶᠢᠨ ᠴᠢᠭᠯᠡᠯ ᠪᠠ ᠴᠢᠬᠤᠯᠠ ᠭᠠᠷᠳᠠᠴᠠ ᠪᠣᠯᠬᠤ ᠶᠤᠮ᠃    ᠭᠡᠪᠡᠴᠦ ᠵᠠᠷᠢᠮ ᠬᠥᠮᠦᠨ ᠡᠭᠦᠨ ᠳᠤ ᠰᠠᠨᠠᠭᠠᠰᠢᠷᠠᠯ ᠪᠠ ᠰᠡᠵᠢᠭᠯᠡᠯ ᠢᠶᠠᠨ ᠢᠯᠡᠳᠬᠡᠭᠰᠡᠨ ᠪᠠᠶᠢᠨ᠎ᠠ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢᠨ ᠴᠢᠭᠯᠡᠯ ᠪᠣᠯ ︽ᠲᠠᠪᠤ ᠶᠢ ᠯᠠ ᠡᠷᠬᠢᠮᠯᠡᠬᠦ︾ ᠠᠷᠬᠠᠭ ᠭᠡᠮ ᠢ ᠠᠷᠢᠯᠭᠠᠬᠤ ᠶᠠᠪᠤᠳᠠᠯ ᠪᠣᠯᠤᠨ᠎ᠠ᠃ ᠬᠤᠪᠢ ᠶᠢ ᠳᠡᠭᠡᠭᠰᠢᠯᠡᠭᠦᠯᠬᠦ ᠠᠷᠭ᠎ᠠ ᠪᠠᠷ ᠨᠡᠶᠢᠭᠡᠮ ᠢ ᠭᠡᠳᠡᠷᠭᠦ ᠪᠠᠨ ᠰᠢᠬᠠᠮᠳᠠᠭᠤᠯᠵᠤ ᠂ ᠪᠡᠶ᠎ᠡ ᠶᠢᠨ ᠲᠠᠮᠢᠷ ᠢ ᠴᠢᠬᠤᠯᠠᠴᠢᠯᠠᠬᠤ ᠨᠢ ︽ᠪᠡᠶ᠎ᠡ ᠶᠢᠨ ᠲᠠᠮᠢᠷ ᠤᠨ ᠰᠢᠯᠭᠠᠯᠲᠠ ᠶᠢ ᠠᠷᠭᠠᠴᠠᠬᠤ︾ ᠰᠢᠨ᠎ᠡ ᠠᠰᠠᠭᠤᠳᠠᠯ ᠢ ᠠᠪᠴᠢᠷᠠᠵᠤ ᠮᠡᠳᠡᠨ᠎ᠡ᠃ ᠢᠩᠭᠢᠪᠡᠯ ᠪᠡᠶ᠎ᠡ ᠶᠢᠨ ᠲᠠᠮᠢᠷ ᠤᠨ ᠠᠵᠢᠯ ᠢ ᠴᠢᠩᠭᠠᠳᠬᠠᠬᠤ ᠤᠭ ᠰᠠᠨᠠᠭ᠎ᠠ ᠠᠴᠠ ᠲᠡᠷᠰᠯᠡᠵᠦ ᠮᠡᠳᠡᠬᠦ ᠪᠠᠷ ᠪᠠᠷᠠᠬᠤ ᠦᠭᠡᠢ᠂ ᠪᠠᠰᠠ ᠰᠤᠷᠭᠠᠭᠤᠯᠢ ᠶᠢᠨ ᠭᠠᠳᠠᠨᠠᠬᠢ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠭᠠᠷᠴᠤ᠂ ᠪᠠᠭᠰᠢ ᠰᠤᠷᠤᠭᠴᠢᠳ ᠤᠨ ᠳᠠᠷᠤᠭᠠᠰᠤ ᠶᠢ ᠤᠯᠠᠮ ᠨᠢᠭᠡ ᠠᠯᠬᠤᠮ ᠬᠦᠨᠳᠤᠷᠡᠭᠦᠯᠵᠦ ᠮᠡᠳᠡᠨ᠎ᠡ᠃    ᠡᠭᠦᠨ ᠠᠴᠠ ᠭᠠᠳᠠᠨ᠎ᠠ᠂ ᠣᠳᠣᠬᠠᠨ ᠳᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠶ᠎ᠡ ᠶᠢᠨ ᠲᠠᠮᠢᠷ ᠤᠨ ᠪᠠᠭᠰᠢ ᠳᠤᠲᠠᠭᠳᠠᠬᠤ ᠪᠠ ᠲᠠᠯᠠᠪᠤᠷ ᠭᠠᠵᠠᠷ ᠤᠨ ᠲᠦᠬᠦᠭᠡᠷᠤᠮᠵᠢ ᠬᠦᠷᠦᠯᠴᠡᠬᠦ ᠥᠬᠡᠶ ᠵᠡᠷᠭᠡ ᠠᠰᠠᠭᠤᠳᠠᠯ ᠢ ᠪᠠᠰᠠ ᠰᠢᠢᠳᠪᠣᠷᠢᠯᠡᠬᠦ ᠴᠢᠬᠤᠯᠠᠲᠠᠶ ᠪᠠᠶᠢᠨ᠎ᠠ᠃ 2019 ᠣᠨ ᠪᠣᠯᠲᠠᠯ᠎ᠠ᠂ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠠᠭᠰᠢ ᠶᠢᠨ ᠲᠤᠲᠠᠭᠤᠳᠠᠯ ᠲᠤᠭ᠎ᠠ 15 ᠲᠦᠮᠡ ᠳᠤ ᠬᠦᠷᠴᠡᠶ᠂ ᠡᠨᠡ ᠨᠢ ᠮᠥᠨ ᠴᠦ ᠦᠨᠳᠦᠰᠦᠨ ᠱᠠᠲᠤᠨ ᠤ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠢ ᠰᠠᠶᠢᠲᠤᠷ ᠥᠷᠨᠢᠭᠦᠯᠦᠭᠰᠡᠨ ᠥᠬᠡᠶ ᠪᠠᠶᠢᠬᠤ ᠶᠢᠨ ᠰᠢᠯᠲᠠᠭᠠᠨ ᠪᠣᠯᠤᠨ᠎ᠠ᠃    ᠡᠶᠢᠮᠦ ᠠᠴᠠ᠂ ᠪᠡᠶ᠎ᠡ ᠶᠢᠨ ᠲᠠᠮᠢᠷ ᠦᠨᠳᠣᠷ ᠳᠤᠮᠳᠠᠳᠤ ᠪᠠ ᠶᠡᠭᠡ ᠲᠡᠭᠡᠳᠣ ᠰᠤᠷᠭᠠᠭᠤᠯᠢ ᠶᠢᠨ ᠰᠢᠯᠭᠠᠯᠲᠠ ᠳᠤ ᠣᠷᠣᠬᠤ ᠳᠤ᠂ ᠪᠡᠶ᠎ᠡ ᠶᠢᠨ ᠲᠠᠮᠢᠷ ᠤᠨ ᠬᠤᠪᠢ ᠶᠢᠨ ᠬᠡᠮᠵᠢᠭᠳᠡᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠬᠠᠮᠢᠶ᠎ᠠ ᠪᠦᠬᠦᠢ ᠰᠣᠷᠭᠠᠨ ᠬᠥᠮᠦᠵᠢᠯ ᠤᠨ ᠲᠥᠬᠦᠷᠵᠢᠭᠦᠯᠦᠯᠲᠡ ᠶᠢ ᠡᠷᠬᠡᠪᠰᠢ ᠤᠷᠢᠳᠠᠪᠠᠷ ᠬᠢᠵᠦ᠂ ᠪᠡᠶ᠎ᠡ ᠶᠢᠨ ᠲᠠᠮᠢᠷ ᠤᠨ ᠪᠠᠭᠰᠢ ᠶᠢ ᠪᠦᠷᠢᠨ ᠭᠦᠢᠴᠡᠳ ᠲᠤᠬᠢᠷᠠᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠪᠡᠶ᠎ᠡ ᠶᠢᠨ ᠲᠠᠮᠢᠷ ᠤᠨ ᠬᠢᠴᠢᠶᠡᠯ ᠢ ᠪᠦᠷᠢᠨ ᠭᠦᠢᠴᠡᠳ ᠨᠡᠭᠡᠭᠡᠵᠦ᠂ ᠪᠡᠶ᠎ᠡ ᠶᠢᠨ ᠲᠠᠮᠢᠷ ᠤᠨ ᠬᠢᠴᠢᠶᠡᠯ ᠪᠣᠯᠤᠨ ᠵᠢᠭᠠᠬᠤ ᠮᠠᠲ᠋ᠧᠷᠢᠶᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃       http://mongol.people.com.cn/15827657.html
 
ᠢᠷᠡᠯᠲᠡ᠄ ᠳᠤᠮᠳᠠᠳᠤ ᠤᠯᠣᠰ ᠤᠨ ᠮᠤᠩᠭᠤᠯ ᠬᠡᠯᠡ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号