ᠬᠡᠷ ᠤᠨ ᠬᠦᠮᠤᠵᠢᠯ ᠤᠨ ᠲᠠᠪᠤᠨ ᠤᠬᠠᠮᠰᠠᠷ | ᠵᠣᠬᠢᠶᠠᠭᠴᠢ᠄ ᠮᠠᠩᠭᠤᠳ ᠪᠦᠭᠡ | ᠬᠡᠤᠬᠡᠳ ᠤᠨ ᠡᠷᠡᠭᠦᠯ ᠦᠰᠦᠨ ᠪᠤᠶᠢᠵᠢᠯᠲᠡ ᠨᠢ ᠭᠡᠷ ᠤᠨ ᠬᠦᠮᠦᠵᠢᠯ᠂ ᠰᠤᠷᠭᠠᠭᠤᠯᠢ ᠶᠢᠨ ᠬᠦᠮᠦᠵᠢᠯ᠂ | ᠨᠡᠶᠢᠭᠡᠮ ᠤᠨ ᠬᠦᠮᠦᠵᠢᠯ ᠤᠨ ᠠᠯᠢᠨ ᠠᠴᠠ ᠴᠤ ᠰᠠᠯᠵᠦ ᠪᠤᠯᠤᠰᠢ ᠦᠭᠡᠢ ᠪᠠᠶᠢᠳᠠᠭ᠃ ᠨᠡᠩ ᠤᠨᠴᠠᠭᠠᠢᠢᠯᠠᠨ ᠭᠡᠷ | ᠪᠦᠯᠢ ᠶᠢᠨ ᠬᠦᠮᠦᠵᠢᠯ ᠪᠤᠯ ᠶᠡᠷᠦᠨᠢ ᠬᠠᠮᠤᠭ ᠠᠴᠠ ᠢᠯᠡᠭᠦᠦ ᠤᠮᠳᠤᠭᠠᠢᠢᠯᠠᠵᠦ ᠪᠤᠯᠤᠰᠢ ᠦᠭᠡᠢ ᠠᠩᠬᠠᠨ ᠤ ᠬᠦᠮᠦᠵᠢᠯ | ᠪᠤᠯᠬᠤ ᠶᠤᠮ᠃ ᠭᠡᠷ ᠪᠦᠯᠢ ᠶᠢᠨ ᠬᠦᠮᠦᠵᠢᠯ ᠭᠡᠵᠦ ᠲᠤᠷᠠᠳᠬᠤ ᠠᠴᠠ ᠬᠡᠤᠬᠡᠳ ᠢᠶᠠᠨ ᠲᠠᠨᠢᠬᠤ᠂ ᠬᠡᠤᠬᠡᠳ ᠢᠶᠠᠨ | ᠬᠠᠶᠢᠷᠠᠯᠠᠬᠤ᠂ ᠬᠡᠤᠬᠡᠳ ᠢᠶᠠᠨ ᠬᠦᠨᠳᠦᠳᠭᠡᠬᠦ᠂ ᠬᠡᠤᠬᠡᠳ ᠢᠶᠠᠨ ᠢᠳᠡᠭᠡᠬᠦ᠂ ᠬᠡᠤᠬᠡᠳ ᠢᠶᠠᠨ ᠪᠠᠭ᠋ᠠᠷᠬᠠᠬᠤ ᠨᠢ ᠲᠤᠩ | ᠴᠢᠬᠤᠯᠠ ᠪᠠᠶᠢᠳᠠᠭ ᠢ ᠭᠡᠷ ᠤᠨ ᠠᠬᠠᠮᠠᠳ ᠠᠩᠬᠠᠷᠤᠯ ᠳᠠᠭᠠᠨ ᠠᠪᠬᠤ ᠴᠢᠬᠤᠯᠠᠲᠠᠢ ᠶᠤᠮ᠃ | ᠨᠢᠭᠡ᠂ ᠲᠡᠯᠡᠭᠡᠢ ᠲᠡᠭᠡᠷ᠎ᠡ ︽ᠮᠠᠭᠤ ᠬᠡᠤᠬᠡᠳ︾ ᠭᠡᠵᠦ ᠪᠠᠶᠢᠳᠠᠭ ᠦᠭᠡᠢ ᠰᠢᠦ︕ ᠰᠢᠯᠢᠳᠡᠭ ᠭᠡᠷ ᠤᠨ | ᠠᠬᠠᠮᠠᠳ ᠤᠨ ᠨᠢᠳᠦᠨ ᠳᠤ ᠶᠠᠷᠦᠨᠢ ᠠᠳᠠᠭ ᠮᠠᠭᠤ ᠬᠡᠤᠬᠡᠳ ᠭᠡᠵᠦ ᠪᠠᠶᠢᠳᠠᠭ ᠦᠭᠡᠢ ᠶᠤᠮ᠂ ᠤᠴᠢᠷ ᠨᠢ ︽ᠰᠠᠶᠢᠨ | ᠬᠡᠤᠭᠡᠳ︾ ᠪᠤᠯᠭᠠᠨ ᠬᠦᠮᠦᠵᠢᠭᠦᠯᠬᠦ ᠶᠠᠪᠤᠴᠠ ᠳᠤ ᠲᠤᠮᠤᠴᠤᠤᠯ ᠵᠦᠪᠬᠡᠨ ᠬᠡᠤᠬᠡᠳ ᠢ ᠤᠢᠢᠯᠠᠭᠠᠵᠦ᠂ | ᠵᠤᠷᠢᠭᠵᠢᠭᠤᠯᠵᠦ᠂ ᠪᠠᠭ᠋ᠠᠷᠬᠠᠨ ᠬᠠᠶᠢᠷᠠᠯᠠᠬᠤ ᠯᠡ ᠶᠤᠰᠤᠲᠠᠢ ᠶᠤᠮ᠃ ᠲᠤᠮᠤᠴᠤᠤᠯ ᠤᠨ ᠵᠤᠷᠢᠭᠵᠢᠭᠤᠯᠤᠯ ᠬᠡᠳᠦᠢ | ᠠᠷᠪᠢᠨ ᠪᠤᠯ ᠬᠡᠤᠬᠡᠳ ᠤᠨ ᠢᠳᠡᠭᠡᠯ ᠲᠡᠳᠦᠢ ᠨᠡᠮᠡᠭᠳᠡᠳᠡᠭ᠃ ᠡᠴᠢᠭᠡ ᠡᠭᠡ ᠶᠢᠨ ᠲᠠᠭᠤᠷᠢᠶᠠᠯ ᠤᠨ ᠬᠦᠴᠦᠨ ᠪᠠ | ᠵᠤᠷᠢᠭᠵᠢᠭᠤᠯᠤᠯ ᠤᠨ ᠬᠦᠴᠦᠨ ᠤ ᠠᠤᠭ᠎ᠠ ᠴᠢᠳᠠᠯ ᠢ ᠲᠦᠰᠦᠭᠡᠯᠡᠬᠦ ᠶᠢᠨ ᠠᠷᠭ᠎ᠠ ᠦᠭᠡᠢ ᠪᠠᠶᠢᠳᠠᠭ ᠶᠤᠮ᠃ | ᠬᠤᠶᠠᠷ᠂ ᠬᠡᠤᠬᠡᠳ ᠢᠶᠠᠨ ᠬᠠᠶᠢᠷᠠᠯᠠᠬᠤ ᠶᠢᠨ ᠤᠷᠢᠳᠠᠯ ᠨᠢ ᠬᠡᠤᠬᠡᠳ ᠢᠶᠠᠨ ᠤᠢᠢᠯᠠᠭᠠᠬᠤ ᠳᠤ ᠪᠤᠢ᠃ ︽ | ᠬᠡᠤᠬᠡᠳ ᠤᠨ 10 ᠨᠠᠰᠤᠨ ᠠᠴᠠ ᠡᠮᠦᠨᠡᠬᠢ ᠦᠶ᠎ᠡ ᠪᠤᠯ ᠡᠴᠢᠭᠡ ᠡᠭᠡ ᠪᠠᠨ ᠰᠢᠲᠦᠨ ᠪᠢᠰᠢᠷᠡᠬᠦ ᠱᠠᠲᠦ᠂ 20 | ᠨᠠᠰᠤᠨ ᠠᠴᠠ ᠡᠮᠦᠨ᠎ᠡ ᠪᠤᠯ ᠡᠴᠢᠭᠡ ᠡᠭᠡ ᠪᠠᠨ ᠬᠦᠡᠭᠭᠡᠪᠴᠢᠯᠡᠬᠦ ᠱᠠᠲᠦ᠂ 30 ᠨᠠᠰᠤᠨ ᠠᠴᠠ ᠡᠮᠦᠨ᠎ᠡ ᠪᠤᠯ ᠡᠴᠢᠭᠡ | ᠡᠭᠡ ᠪᠠᠨ ᠤᠢᠢᠯᠠᠭᠠᠬᠤ ᠱᠠᠲᠦ᠂ 40 ᠨᠠᠰᠦ ᠪᠤᠯ ᠡᠴᠢᠭᠡ ᠡᠭᠡ ᠪᠠᠨ ᠬᠦᠨ ᠬᠠᠶᠢᠷᠠᠯᠠᠬᠤ ᠦᠶ᠎ᠡ᠂ 50 ᠨᠠᠰᠦ ᠪᠤᠯ | ᠰᠠᠶ᠋ᠢ ᠦᠪᠡᠷ ᠤᠨ ᠡᠴᠢᠭᠡ ᠡᠭᠡ ᠪᠠᠨ ᠵᠢᠩᠭᠢᠨᠢ ᠪᠠᠷ ᠤᠢᠢᠯᠠᠭᠠᠬᠤ ᠦᠶ᠎ᠡ᠂ 60 ᠨᠠᠰᠦ ᠪᠤᠯ ᠡᠴᠢᠭᠡ ᠡᠭᠡ ᠪᠠᠨ | ᠠᠰᠠᠷᠠᠵᠦ ᠡᠨᠡᠷᠢᠬᠦ ᠪᠤᠶᠤ ᠲᠤᠷᠠᠳᠬᠠᠨ ᠮᠦᠷᠦᠭᠡᠳᠬᠦ ᠴᠠᠭ ᠦᠶ᠎ᠡ ᠪᠤᠯᠤᠨ᠎ᠠ︾ ᠭᠡᠵᠦ ᠰᠤᠳᠤᠯᠭᠠᠲᠠᠳ ᠦᠵᠡᠵᠦ ᠪᠤᠢ | ᠃ ᠡᠶᠢᠮᠦ ᠠᠴᠠ 10-20 ᠨᠠᠰᠤᠨ ᠤ ᠱᠠᠲᠦ ᠪᠤᠯ ᠡᠴᠢᠭᠡ ᠡᠭᠡ ᠪᠠ ᠬᠡᠤᠬᠡᠳ ᠤᠨ ᠬᠤᠭᠤᠷᠤᠨᠳᠦᠬᠢ ᠵᠦᠷᠢᠴᠡᠯ | ᠮᠦᠷᠭᠦᠯᠳᠦᠭᠡᠨ ᠬᠤᠷᠴᠠᠳᠬᠤ ᠦᠶ᠎ᠡ ᠪᠤᠯᠤᠨ᠎ᠠ᠃ ᠡᠭᠦᠨ ᠤ ᠬᠠᠮᠤᠭ ᠤᠨ ᠴᠢᠬᠤᠯᠠ ᠰᠡᠳᠬᠢᠴᠡ ᠶᠢᠨ ᠢᠯᠡᠷᠡᠯ ᠨᠢ᠂ | ᠬᠡᠤᠬᠡᠳ ᠤᠨ ᠦᠪᠡᠷ ᠪᠢ ᠶᠢᠨ ᠤᠬᠠᠮᠰᠠᠷ ᠬᠠᠮᠤᠭ ᠤᠨ ᠴᠢᠩᠭ᠎ᠠ ᠪᠠᠶᠢᠳᠠᠭ᠃ ᠡᠨᠡ ᠦᠶ᠎ᠡ ᠳᠤ ᠬᠡᠤᠬᠡᠳ ᠶᠡᠷᠦᠨᠢ | ᠲᠤᠰᠠᠭᠠᠷᠯᠠᠬᠤ ᠶᠢ ᠬᠦᠰᠡᠪᠡᠴᠦ ᠠᠷᠭ᠎ᠠ ᠶᠠᠳᠠᠵᠦ᠂ ᠴᠢᠩᠭ᠎ᠠ ᠰᠢᠯᠢᠯᠲᠡ ᠶᠢᠨ ᠬᠠᠷᠠᠴᠠ ᠪᠠᠷ ᠡᠴᠢᠭᠡ ᠡᠭᠡ ᠪᠠ | ᠨᠡᠶᠢᠭᠡᠮ ᠢ ᠰᠢᠨᠵᠢᠳᠡᠭ᠃ ᠢᠡᠭᠭᠢᠭᠡᠳ ᠮᠦᠷᠭᠦᠯᠳᠦᠭᠡᠨ ᠡᠭᠦᠰᠳᠡᠭ᠃ ᠡᠨᠡᠬᠦ ᠮᠦᠷᠭᠦᠯᠳᠦᠭᠡᠨ ᠨᠢ ᠦᠨᠡᠨᠳᠡᠭᠡᠨ ᠬᠤᠶᠠᠷ | ᠦᠶ᠎ᠠ ᠶᠢᠨ ᠬᠦᠮᠦᠨ ᠤ ᠰᠡᠳᠬᠢᠴᠡ ᠶᠢᠨ ᠬᠦᠭᠵᠢᠯᠲᠡ ᠶᠢᠨ ᠬᠢᠷᠢ ᠲᠦᠪᠰᠢᠨ ᠤ ᠢᠯᠭᠠᠭ᠎ᠠ ᠪᠤᠶᠤ ᠮᠡᠳᠡᠯᠭᠡ ᠶᠢᠨ | ᠦᠨᠳᠦᠷᠴᠡ᠂ ᠠᠮᠢᠳᠤᠷᠠᠯ ᠤᠨ ᠲᠤᠷᠰᠢᠯᠭ᠎ᠠ ᠵᠢᠴᠢ ᠰᠢᠨ᠎ᠡ ᠮᠡᠳᠡᠯᠭᠡ ᠲᠠᠢ ᠵᠤᠬᠢᠴᠠᠯᠳᠤᠭᠰᠠᠨ ᠴᠢᠳᠠᠪᠤᠷᠢ ᠶᠢᠨ | ᠢᠯᠭᠠᠭ᠎ᠠ ᠠᠴᠠ ᠪᠤᠯᠤᠭᠰᠠᠨ ᠶᠤᠮ᠃ | ᠭᠤᠷᠪᠠ᠂ ᠬᠡᠤᠬᠡᠳ ᠢ ᠬᠦᠨᠳᠦᠳᠭᠡᠬᠦ ᠬᠡᠷᠡᠭᠲᠡᠢ᠃ ᠤᠯᠠᠨ ᠤᠯᠤᠰ ᠤᠨ ᠬᠤᠯᠪᠤᠭᠠᠲᠦ ᠪᠠᠶᠢᠭᠤᠯᠤᠯᠭ᠎ᠠ ᠶᠢᠨ | ᠨᠡᠶᠢᠲᠡᠯᠡᠭᠰᠡᠨ ︽ᠬᠡᠤᠬᠡᠳ ᠤᠨ ᠡᠷᠭᠡ ᠶᠢᠨ ᠨᠡᠶᠢᠲᠡ ᠶᠢᠨ ᠭᠡᠷ᠎ᠡ︾ ᠳᠤ ︽ᠬᠡᠤᠬᠡᠳ ᠤᠨ ᠤᠷᠤᠰᠢᠨ ᠠᠮᠢᠳᠤᠷᠠᠬᠤ | ᠡᠷᠭᠡ᠂ ᠬᠦᠭᠵᠢᠬᠦ ᠡᠷᠭᠡ᠂ ᠬᠠᠮᠠᠭᠠᠯᠠᠭᠳᠠᠬᠤ ᠡᠷᠭᠡ᠂ ᠭᠡᠷ ᠪᠦᠯᠢ ᠶᠢᠨ ᠭᠡᠷᠡᠭ ᠲᠤ ᠤᠷᠤᠯᠴᠠᠬᠤ ᠡᠷᠭᠡ᠂ ᠨᠡᠶᠢᠭᠡᠮ ᠤᠨ | ᠠᠮᠢᠳᠤᠷᠠᠯ ᠤᠨ ᠡᠷᠭᠡ ᠶᠢ ᠬᠦᠨᠳᠦᠳᠭᠡᠬᠦ ᠭᠡᠷᠡᠭᠲᠡᠢ︾ ᠭᠡᠵᠦ ᠵᠢᠭᠠᠵᠦ ᠭᠠᠷᠭᠠᠵᠠᠢ᠃ ᠭᠡᠬᠦ ᠳᠤ ᠵᠠᠷᠢᠮ ᠭᠡᠷ ᠤᠨ | ᠠᠬᠠᠮᠠᠳ᠄ ︽ᠡᠶᠢᠮᠦ ᠪᠠᠭ᠎ᠠ ᠬᠡᠤᠬᠡᠳ ᠶᠠᠮᠠᠷ ᠠᠷᠪᠢᠨ ᠡᠷᠭᠡ ᠲᠠᠢ ᠶᠤᠮ ᠪᠤᠢ︖ ᠡᠨᠡ ᠤᠯᠠᠨ ᠡᠷᠭᠡ ᠶᠢ ᠤᠯᠭᠤᠪᠠᠯ | ᠲᠡᠳᠡᠨᠤᠰ ᠢ ᠬᠠᠮᠢᠶᠠᠷᠴᠦ ᠲᠡᠶᠢᠯᠬᠦ ᠶᠤᠮ ᠤᠤ︖︾ ᠭᠡᠵᠦ ᠤᠨᠳᠤᠭᠤᠴᠠᠳᠠᠭ᠃ ᠦᠨᠡᠨᠳᠡᠭᠡᠨ ᠡᠴᠢᠭᠡ ᠡᠭᠡ | ᠬᠡᠤᠬᠡᠳ ᠤᠨ ᠢᠶᠠᠨ ᠡᠷᠭᠡ ᠠᠰᠢᠭ ᠢ ᠬᠦᠨᠳᠦᠳᠭᠡᠵᠦ᠂ ᠲᠡᠷᠡᠴᠢᠯᠡᠨ ᠬᠡᠤᠬᠡᠳ ᠲᠡᠭᠡᠨ ᠦᠪᠡᠷ ᠤᠨ ᠡᠷᠭᠡ ᠠᠰᠢᠭ ᠢᠶᠠᠨ | ᠭᠡᠷᠬᠢᠨ ᠨᠠᠨᠳᠢᠩᠨᠠᠬᠤ ᠶᠢ ᠵᠢᠭᠠᠵᠦ ᠵᠢᠯᠤᠭᠤᠳᠬᠤ ᠦᠶ᠎ᠡ ᠳᠤ ᠰᠠᠶ᠋ᠢ ᠵᠢᠩᠬᠢᠨᠢ ᠰᠤᠷᠭᠠᠨ ᠬᠦᠮᠦᠵᠢᠯ ᠡᠬᠢᠯᠡᠳᠡᠭ᠃ | ᠲᠦᠷᠪᠡ᠂ ᠲᠠ ᠬᠡᠤᠬᠡᠳ ᠢᠶᠠᠨ ᠵᠠᠪᠠᠯ ᠢᠳᠡᠭᠡᠭᠡᠷᠡᠢ᠃ ᠢᠳᠡᠭᠡᠯ ᠬᠦᠷᠳᠡᠭᠰᠡᠡ ᠬᠡᠤᠬᠡᠳ ᠰᠠᠶ᠋ᠢ ᠵᠤᠷᠢᠭ ᠲᠠᠢ | ᠪᠠᠶᠢᠳᠠᠭ᠃ ᠲᠡᠭᠡᠬᠦ ᠪᠠᠷ ᠬᠡᠤᠬᠡᠳ ᠲᠤ ᠵᠠᠪᠠᠯ ᠰᠤᠷᠬᠤ ᠶᠢᠨ ᠢᠳᠡᠭᠡᠯ ᠬᠠᠶᠢᠷᠠᠯᠠᠵᠦ᠂ ᠬᠡᠤᠬᠡᠳ ᠲᠡᠭᠡᠨ ᠦᠪᠡᠷ ᠤᠨ | ᠴᠢᠳᠠᠪᠤᠷᠢ ᠪᠠᠷ ᠢᠶᠠᠨ ᠬᠦᠰᠡᠵᠦ ᠰᠠᠨᠠᠭᠰᠠᠨ ᠵᠤᠷᠢᠯᠭ᠎ᠠ ᠳᠠᠭᠠᠨ ᠬᠦᠷᠬᠦ ᠶᠢ ᠵᠤᠷᠢᠭᠵᠢᠭᠤᠯᠤᠭᠠᠷᠠᠢ᠃ | ᠲᠠᠪᠤ᠂ ᠪᠠᠭ᠋ᠠᠷᠬᠠᠬᠤ ᠨᠢ ᠠᠮᠵᠢᠯᠲᠠ ᠳᠤ ᠬᠦᠷᠭᠡᠳᠡᠭ᠃ ᠪᠠᠭ᠋ᠠᠷᠬᠠᠬᠤ ᠰᠤᠷᠭᠠᠨ ᠬᠦᠮᠦᠵᠢᠯ ᠤᠨ ᠰᠠᠶᠢᠨ ᠲᠠᠯ᠎ᠠ ᠶᠢ | ᠮᠡᠳᠡᠷᠡᠵᠦ᠂ ᠬᠡᠤᠬᠡᠳ ᠤᠨ ᠬᠤᠭᠤᠷᠤᠨᠳᠦ ᠵᠦᠷᠢᠶ᠎ᠡ ᠲᠠᠢ ᠪᠠᠶᠢᠳᠠᠭ ᠢ ᠤᠢᠢᠯᠠᠭᠠᠵᠦ᠂ ᠬᠡᠤᠬᠡᠳ ᠤᠨ ᠲᠠᠪᠠᠭᠤᠯᠢᠭ | ᠲᠠᠯ᠎ᠠ ᠶᠢ ᠰᠦᠪᠡᠭᠴᠢᠯᠡᠵᠦ᠂ ᠬᠡᠤᠬᠡᠳ ᠦᠴᠦᠭᠡᠨ ᠲᠠᠪᠰᠢᠯᠲᠠ ᠲᠠᠢ ᠪᠠᠶᠢᠭᠰᠠᠨ ᠴᠤ ᠲᠡᠭᠦᠨ ᠢᠶᠠᠷ ᠨᠢ ᠪᠠᠭ᠋ᠠᠷᠬᠠᠵᠦ | ᠶᠠᠪᠤᠪᠠᠯ ᠵᠤᠬᠢᠨ᠎ᠠ᠃ | |