ᠨᠤᠮ ᠲᠠᠢ ᠨᠦᠬᠦᠷᠯᠠᠪᠠᠯ ᠨᠢᠳᠦ ᠨᠡᠭᠡᠭᠡᠭᠳᠡᠨᠠ | ᠵᠣᠬᠢᠶᠠᠭᠴᠢ᠄ ᠰᠡᠯᠡᠬᠦᠦ | ᠪᠢᠴᠢᠭ ᠤᠨ ᠪᠠᠯᠠᠢ ᠠᠴᠠ ᠪᠠᠨ ᠦᠰᠦᠭ ᠨᠢᠳᠦᠯᠡᠵᠦ ᠪᠢᠴᠢᠭ ᠪᠢᠴᠢᠨ ᠰᠤᠷᠴᠤ ᠰᠠᠯᠳᠠᠭ ᠤᠨ ᠵᠢᠮ᠎ᠡ ᠪᠠᠷ᠂ | ᠰᠤᠶᠤᠯ ᠤᠨ ᠮᠦᠷ ᠬᠦᠭᠡᠭᠡᠵᠦ ᠪᠢᠴᠢᠭ ᠨᠤᠮ ᠰᠤᠷᠴᠤ ᠶᠠᠪᠤᠭ᠎ᠠ ᠦᠰᠪᠦᠷᠢ ᠶᠢᠨ ᠬᠡᠦᠬᠡᠳ ᠤᠳ ᠲᠤ ᠨᠤᠮ ᠤᠩᠰᠢᠬᠤ | ᠪᠤᠯ ᠶᠢᠷᠲᠢᠨᠴᠦ ᠶᠢ ᠬᠠᠷᠠᠬᠤ ᠭᠡᠭᠡᠪᠴᠢ ᠪᠠᠨ ᠲᠡᠯᠡᠬᠦ ᠬᠠᠮᠤᠭ ᠤᠨ ᠲᠦᠳᠡ᠂ ᠮᠦᠨᠴᠦ ᠬᠠᠮᠤᠭ ᠤᠨ ᠰᠠᠶᠢᠨ ᠠᠷᠭ᠎ᠠ | ᠪᠤᠯᠬᠤ ᠶᠤᠮ᠃ | ᠰᠤᠷᠭᠠᠭᠤᠯᠢ ᠶᠢᠨ ᠨᠠᠰᠤᠨ ᠤ ᠮᠤᠩᠭᠤᠯ ᠬᠡᠦᠬᠡᠳ ᠤᠳ ᠤᠨ ᠨᠤᠮ ᠤᠩᠰᠢᠬᠤ ᠤᠷᠮᠠᠰᠢᠯ ᠢ ᠶᠠᠭᠠᠬᠢᠵᠤ | ᠳᠡᠭᠡᠭᠰᠢᠯᠡᠭᠦᠯᠬᠦ ᠪᠤᠢ︖ ᠨᠤᠮ ᠢ ᠤᠩᠰᠢᠬᠤ ᠶᠢᠨ ᠲᠦᠯᠦᠭᠡ ᠯᠠ ᠤᠩᠰᠢᠬᠤ ᠪᠢᠰᠢ᠂ ᠬᠠᠷᠢᠨ ᠬᠡᠷᠬᠢᠨ ᠤᠯᠤᠯᠲᠠ | ᠳᠠᠪᠰᠢᠯᠲᠠ ᠲᠠᠢ ᠪᠤᠯᠭᠠᠬᠤ ᠪᠤᠢ︖ ︽ᠪᠢᠯᠢᠭ ᠤᠨ ᠰᠠᠩ︾ ᠮᠤᠩᠭᠤᠯ ᠨᠤᠮ ᠤᠨ ᠦᠷᠦᠭᠡ ᠠᠴᠠ ᠵᠤᠬᠢᠶᠠᠨ | ᠪᠠᠶᠢᠭᠤᠯᠵᠤ ᠢᠷᠡᠭᠰᠡᠨ ᠨᠤᠮ ᠤᠨ ᠤᠪᠤᠭᠠᠨ ᠤ ᠳᠠᠬᠢᠯᠭ᠎ᠠ᠂ ᠨᠤᠮ ᠤᠨ ᠳᠠᠬᠢᠯᠭ᠎ᠠ ᠶᠢᠨ ᠠᠵᠢᠯᠯᠠᠭ᠎ᠠ ᠨᠢ ᠨᠤᠮ | ᠪᠢᠴᠢᠭ ᠢ ᠳᠡᠭᠡᠳᠦᠯᠡᠬᠦ ᠵᠤᠷᠢᠯᠲᠠ ᠪᠠᠷ᠂ ᠨᠤᠮ ᠤᠨ ᠤᠪᠤᠭ᠎ᠠ᠂ ᠨᠤᠮ ᠤᠨ ᠳᠠᠬᠢᠯᠭ᠎ᠠ ᠶᠢᠨ ᠵᠠᠩ ᠦᠢᠯᠡ ᠶᠢ | ᠦᠵᠡᠭᠦᠯᠳᠡᠭ ᠪᠠᠶᠢᠭᠰᠠᠨ ᠠᠴᠠ ᠪᠠᠨ ︽ᠪᠢᠯᠢᠭ ᠤᠨ ᠰᠠᠩ — ᠨᠤᠮ ᠲᠠᠢ ᠮᠤᠩᠭᠤᠯ︾᠂ ︽ᠪᠢᠯᠢᠭ ᠤᠨ ᠰᠠᠩ | — ᠨᠤᠮ ᠲᠠᠢ ᠮᠤᠩᠭᠤᠯ ᠬᠡᠦᠬᠡᠳ︾ ᠰᠢᠷᠢᠰ ᠠᠵᠢᠯᠯᠠᠭ᠎ᠠ᠂ ᠳᠤᠬᠠᠢᠢᠯᠠᠪᠠᠯ ᠤᠷᠳᠤᠰ ᠬᠤᠲᠠ ᠶᠢᠨ ᠮᠤᠩᠭᠤᠯ | ᠳᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠶᠠᠷᠢᠶ᠎ᠠ ᠢᠯᠡᠳᠭᠡᠯ ᠤᠨ ᠤᠷᠤᠯᠳᠤᠭᠠᠨ᠂ ᠮᠤᠩᠭᠤᠯ ᠳᠤᠮᠳᠠᠳᠤ | ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠷᠠᠨ ᠤᠩᠰᠢᠯᠭ᠎ᠠ ᠶᠢᠨ ᠤᠷᠤᠯᠳᠤᠭᠠᠨ᠂ ᠮᠤᠩᠭᠤᠯ ᠨᠤᠮ ᠪᠢᠴᠢᠭ ᠤᠨ | ᠳᠤᠬᠠᠢ ᠨᠡᠶᠢᠬᠡᠮ ᠤᠨ ᠬᠦᠮᠦᠰ ᠤᠨ ᠦᠭᠦᠯᠡᠯ ᠵᠤᠬᠢᠶᠠᠯ ᠤᠨ ᠤᠷᠤᠯᠳᠤᠭᠠᠨ ︵ᠨᠤᠮ ᠬᠠᠶᠠᠯᠴᠠᠬᠤ ᠰᠢᠨᠵᠢᠲᠡᠢ︶ | ᠵᠡᠷᠭᠡ ᠶᠢ ᠦᠷᠨᠢᠭᠦᠯᠵᠦ᠂ ᠡᠨᠡ ᠵᠢᠯ ᠪᠠᠰᠠ ᠬᠡᠦᠬᠡᠳ ᠤᠨ ᠨᠤᠮ ᠪᠢᠴᠢᠭ ᠤᠨ ᠳᠤᠬᠠᠢ ᠶᠠᠷᠢᠯᠴᠠᠬᠤ ᠬᠤᠷᠠᠯ ᠬᠢᠵᠦ᠂ | ᠭᠡᠷ ᠤᠨ ᠠᠬᠠᠮᠠᠳ᠂ ᠵᠤᠬᠢᠶᠠᠯᠴᠢ᠂ ᠰᠤᠷᠤᠭᠴᠢ ᠬᠠᠮᠲᠤ ᠪᠠᠷ ᠮᠤᠩᠭᠤᠯ ᠬᠡᠦᠬᠡᠳ ᠤᠨ ᠨᠤᠮ ᠤᠩᠰᠢᠬᠤ | ᠠᠵᠢᠯᠯᠠᠭ᠎ᠠ ᠶᠢᠨ ᠲᠤᠭᠤᠷᠢᠨ ᠳᠤ ᠳᠤᠰᠬᠠᠢ ᠶᠠᠷᠢᠯᠴᠠᠭ᠎ᠠ ᠰᠤᠯᠢᠯᠴᠠᠭ᠎ᠠ ᠬᠢᠭᠰᠡᠨ ᠪᠠᠶᠢᠯ᠎ᠠ᠃ ᠢᠯᠠᠩᠭᠤᠶ᠎ᠠ ᠤᠯᠠᠮ ᠢᠶᠠᠷ | ᠦᠷᠭᠡᠵᠢᠨ ᠳᠡᠯᠡᠵᠦ ᠪᠠᠶᠢᠭ᠎ᠠ ︽ᠪᠠᠭ᠋ᠠᠲᠠᠢ ᠤᠩᠰᠢᠯᠭ᠎ᠠ ᠠᠮᠢᠳᠤᠷᠠᠯ ᠳᠤ ᠨᠦᠯᠦᠭᠡᠯᠡᠨ᠎ᠡ︾ ᠰᠤᠷᠤᠭᠴᠢᠳ ᠤᠨ ᠨᠤᠮ | ᠤᠩᠰᠢᠬᠰᠠᠨ ᠲᠦᠷᠦᠭᠳᠡᠯ ᠢ ᠰᠢᠯᠭᠠᠷᠠᠭᠤᠯᠤᠨ ᠱᠠᠩᠨᠠᠬᠤ ᠠᠵᠢᠯᠯᠠᠭ᠎ᠠ ᠵᠡᠷᠭᠡ ᠠᠯᠢ ᠤᠯᠠᠨ ᠰᠢᠷᠢᠰ ᠠᠵᠢᠯᠯᠠᠭ᠎ᠠ ᠶᠢ | ᠵᠤᠬᠢᠶᠠᠨ ᠪᠠᠶᠢᠭᠤᠯᠵᠤ ᠦᠷᠨᠢᠭᠦᠯᠦᠨ᠂ ᠤᠷᠳᠤᠰ ᠬᠤᠲᠠ ᠶᠢᠨ ᠬᠡᠪᠴᠢᠶᠡᠨ ᠠᠴᠠ ᠪᠠᠨ ᠳᠠᠪᠠᠵᠤ᠂ ᠰᠢᠯᠢ ᠶᠢᠨ ᠭᠤᠤᠯ | ᠠᠶᠢᠮᠠᠭ ᠤᠨ ᠬᠦᠪᠡᠭᠡᠲᠦ ᠰᠢᠷ᠎ᠠ ᠬᠤᠰᠢᠭᠤ ᠵᠡᠷᠭᠡ ᠪᠤᠰᠤᠳ ᠭᠠᠵᠠᠷ ᠲᠤ ᠠᠳᠠᠯᠢ ᠪᠤᠰᠤ ᠭᠤᠤᠯ ᠰᠡᠳᠦᠪ ᠢᠶᠠᠷ | ᠶᠠᠪᠤᠭᠳᠠᠵᠤ ᠪᠠᠶᠢᠨ᠎ᠠ᠃ ᠡᠳᠡᠭᠡᠷ ᠰᠢᠷᠢᠰ ᠠᠵᠢᠯᠯᠠᠭ᠎ᠠ ᠶᠢᠨ ᠵᠢᠯ ᠪᠦᠷᠢ ᠶᠢᠨ ᠭᠤᠤᠯ ᠰᠡᠳᠦᠪ᠂ ᠬᠡᠯᠪᠡᠷᠢ | ᠠᠭᠤᠯᠭ᠎ᠠ ᠨᠢ ᠠᠰᠳᠠᠭᠠᠨ ᠪᠠᠶᠢᠳᠠᠭ ᠴᠤ ᠲᠡᠭᠦᠨ ᠤ ᠰᠢᠭᠤᠳ ᠦᠷ᠎ᠡ ᠨᠦᠯᠦᠭᠡ ᠪᠤᠶᠤ ᠦᠷ᠎ᠡ ᠪᠦᠲᠦᠮᠵᠢ ᠭᠡᠪᠡᠯ᠂ ︽ | ᠨᠡᠶᠢᠬᠡᠮ ᠤᠨ ᠬᠦᠴᠦᠨ ᠬᠠᠮᠲᠤᠷᠠᠵᠤ ᠬᠡᠦᠬᠡᠳ ᠪᠠᠭᠠᠴᠤᠳ ᠤᠨ᠂ ᠬᠤᠶᠢᠴᠢ ᠦᠶ᠎ᠡ ᠶᠢᠨ ᠢᠶᠠᠨ ᠨᠤᠮ ᠤᠩᠰᠢᠬᠤ | ᠠᠵᠢᠯᠯᠠᠭ᠎ᠠ ᠶᠢ ᠬᠠᠯᠠᠮᠵᠢᠯᠠᠬᠤ᠂ ᠲᠠᠯ᠎ᠠ ᠲᠠᠯ᠎ᠠ ᠠᠴᠠ ᠳᠡᠮᠵᠢᠬᠦ︾ ᠠᠩᠬᠠᠨ ᠤ ᠵᠤᠷᠢᠯᠲᠠ ᠪᠠᠷ ᠢᠶᠠᠨ ᠳᠤᠮᠳᠠᠳᠤ ᠪᠠᠭ᠎ᠠ | ᠰᠤᠷᠭᠠᠭᠤᠯᠢ ᠶᠢᠨ ᠮᠤᠩᠭᠤᠯ ᠰᠤᠷᠤᠭᠴᠢᠳ ᠤᠨ ᠬᠢᠴᠢᠶᠡᠯ ᠤᠨ ᠭᠠᠳᠠᠭᠤᠷᠬᠢ ᠨᠤᠮ ᠤᠩᠰᠢᠯᠭ᠎ᠠ ᠶᠢᠨ ᠴᠢᠨᠠᠷ ᠪᠠ | ᠳᠦᠪᠰᠢᠨ᠂ ᠶᠠᠷᠦ ᠶᠢᠨ ᠮᠡᠳᠡᠯᠭᠡ ᠶᠢᠨ ᠦᠷᠭᠡᠵᠢᠯ ᠪᠠ ᠶᠠᠷᠦᠩᠬᠡᠢ ᠬᠡᠪ ᠪᠤᠯᠪᠠᠰᠤᠷᠠᠯ ᠤᠨ ᠳᠡᠭᠡᠭᠰᠢᠯᠡᠯᠲᠡ ᠳᠤ | ᠰᠢᠭᠤᠳ ᠳᠤᠰᠠᠯᠠᠭᠰᠠᠨ ᠭᠡᠳᠡᠭ ᠨᠢ ᠡᠯ᠎ᠡ ᠲᠠᠯ᠎ᠠ ᠪᠠᠷ ᠢᠯᠡᠷᠡᠵᠦ ᠪᠠᠶᠢᠨ᠎ᠠ᠃ | ᠬᠡᠦᠬᠡᠳ ᠤᠨ ᠵᠢᠷᠭᠢᠶ᠎ᠡ ᠬᠠᠷᠠᠬᠤ ᠳᠤᠷᠠᠲᠠᠢ ᠤᠨᠴᠠᠯᠢᠭ ᠢ ᠠᠰᠢᠬᠯᠠᠨ᠂ ᠦᠦᠰᠢᠨ ᠬᠤᠰᠢᠭᠤᠨ ᠤ ᠮᠤᠩᠭᠤᠯ | ᠦᠨᠳᠦᠰᠦᠲᠡᠨ ᠤ ᠳᠤᠷᠰᠢᠯᠲᠠ ᠶᠢᠨ ᠪᠠᠭ᠎ᠠ ᠰᠤᠷᠭᠠᠭᠤᠯᠢ ᠶᠢᠨ 3.1 ᠶᠢᠨ ᠠᠩᠭᠢ ᠶᠢᠨ ᠡᠷᠬᠢᠯᠡᠭᠴᠢ᠂ ᠬᠡᠯᠡ | ᠪᠢᠴᠢᠭ ᠤᠨ ᠪᠠᠭᠰᠢ ᠲᠦᠮᠡᠨᠴᠡᠴᠡᠭ ᠭᠡᠷ ᠤᠨ ᠠᠬᠠᠮᠠᠳ ᠲᠠᠢ ᠬᠤᠯᠪᠤᠭᠠᠯᠠᠨ ᠵᠢᠷᠭᠢᠶ᠎ᠡ ᠶᠢᠨ ᠬᠤᠯᠪᠤᠭ᠎ᠠ ᠪᠠᠶᠢᠭᠤᠯᠵᠤ᠂ | ᠬᠡᠦᠬᠡᠳ ᠤᠳ ᠢ ᠤᠷᠤᠢ ᠪᠤᠯᠭᠠᠨ ᠵᠢᠷᠭᠢᠶ᠎ᠡ ᠳᠡᠭᠡᠷ᠎ᠡ ᠨᠤᠮ ᠵᠤᠭᠢᠶᠠᠯ ᠤᠩᠰᠢᠭᠤᠯᠬᠤ ᠠᠵᠢᠯᠯᠠᠭ᠎ᠠ ᠦᠷᠨᠢᠭᠦᠯᠵᠡᠢ᠃ | ᠨᠢᠭᠡ ᠵᠤᠬᠢᠶᠠᠯ ᠢ ᠨᠢᠭᠡ ᠠᠩᠭᠢ ᠶᠢᠨ ᠬᠤᠷᠢᠨ ᠬᠡᠳᠦᠨ ᠬᠡᠦᠬᠡᠳ ᠨᠢᠭᠡ ᠨᠢ ᠨᠢᠭᠡ ᠭᠡᠰᠡᠭ ᠢ ᠤᠩᠰᠢᠬᠤ ᠳᠤ᠂ ᠨᠢᠭᠡ | ᠰᠠᠷ᠎ᠠ ᠨᠢᠭᠡ ᠨᠤᠮ ᠢ ᠤᠩᠰᠢᠭᠠᠳ ᠪᠠᠷᠠᠴᠢᠬᠠᠳᠠᠭ᠂ ᠬᠡᠦᠬᠡᠳ ᠤᠩᠰᠢᠬᠤ ᠪᠠᠷ ᠪᠠᠷᠠᠬᠤ ᠦᠭᠡᠢ᠂ ᠭᠡᠷ ᠤᠨ ᠠᠬᠠᠮᠠᠳ | ᠪᠠᠰᠠ ᠤᠩᠰᠢᠳᠠᠭ ᠭᠡᠨ᠎ᠡ᠃ ︽ᠮᠠᠨ ᠤ ᠠᠩᠬᠢ ᠶᠢᠨ ᠬᠢᠨ ᠭᠤᠷᠪᠠᠨ ᠵᠢᠯ ᠳᠠᠷᠠᠭᠠᠯᠠᠨ ︿ᠪᠢᠯᠢᠭ ᠤᠨ ᠰᠠᠩ — | ᠨᠤᠮ ᠲᠠᠢ ᠮᠤᠩᠭᠤᠯ﹀ ᠰᠢᠷᠢᠰ ᠠᠵᠢᠯᠯᠠᠭ᠎ᠠ ᠶᠢ ᠰᠤᠨᠢᠷᠬᠠᠭᠰᠠᠭᠠᠷ ᠢᠷᠡᠵᠡᠢ᠂ ᠠᠵᠢᠯᠯᠯᠠᠭ᠎ᠠ ᠳᠤ ᠤᠷᠤᠯᠴᠠᠵᠦ ᠢᠷᠡᠵᠡᠢ | ᠃ ᠁ ᠳᠠᠩᠳᠠ ᠨᠤᠮ ᠪᠢᠴᠢᠭ ᠤᠩᠰᠢᠬᠤ ᠨᠢ ᠲᠠᠨ ᠤ ᠬᠤᠪᠢ ᠵᠠᠶᠠᠭ᠎ᠠ ᠶᠢ ᠦᠭᠡᠷᠡᠴᠢᠯᠡᠳᠡᠭ᠂ ᠡᠶᠢᠮᠦ ᠠᠴᠠ | ᠪᠢᠳᠡ ᠨᠤᠮ ᠢᠶᠠᠨ ᠢᠯᠡᠭᠦᠦ ᠤᠩᠰᠢᠵᠤ᠂ ᠨᠤᠮ ᠤᠩᠰᠢᠬᠤ ᠤᠷᠮᠠᠰᠢᠯ ᠢᠶᠠᠨ ᠨᠡᠩ ᠰᠠᠶᠢᠨ ᠳᠡᠭᠡᠭᠰᠢᠯᠡᠭᠦᠯᠪᠡᠯ ᠵᠤᠬᠢᠨ᠎ᠠ | ᠂ ᠨᠤᠮ ᠢᠶᠠᠨ ᠢᠯᠡᠭᠦᠦ ᠤᠩᠰᠢᠶ᠎ᠠ᠂ ᠨᠤᠮ ᠲᠠᠢ ᠬᠡᠦᠬᠡᠳ | ᠪᠤᠯᠤᠶ᠎ᠠ︕︾ ᠭᠡᠵᠦ ᠲᠤᠰ ᠠᠩᠭᠢ ᠶᠢᠨ ᠰᠤᠷᠤᠭᠴᠢ ᠪᠠᠶᠠᠭᠤᠳ · ᠭᠠᠪᠢᠷ᠎ᠠ ᠡᠳᠡᠭᠡᠷ ᠰᠢᠷᠢᠰ ᠠᠵᠢᠯᠯᠠᠭ᠎ᠠ ᠳᠤ | ᠤᠷᠤᠯᠴᠠᠭᠰᠠᠨ ᠲᠦᠷᠦᠭᠳᠡᠯ ᠳᠡᠭᠡᠨ ᠪᠢᠴᠢᠭᠰᠡᠨ ᠪᠠᠶᠢᠯ᠎ᠠ᠃ ᠪᠠᠭ᠎ᠠ ᠰᠤᠷᠭᠠᠭᠤᠯᠢ ᠶᠢᠨ ᠭᠤᠷᠪᠠᠳᠤᠭᠠᠷ ᠤᠨ ᠤ | ᠰᠤᠷᠤᠭᠴᠢ ᠴᠤ ᠭᠡᠰᠡᠨ ᠲᠤᠮᠤᠴᠤᠤᠯ ᠤᠨ ᠬᠢ ᠭᠡᠮᠡᠷ ᠤᠶᠤᠨᠯᠢᠭ ᠲᠤᠩᠭᠠᠯᠲᠠ ᠲᠠᠢ ᠦᠭᠡ ᠦᠭᠦᠯᠡᠪᠦᠷᠢ | ᠬᠡᠷᠡᠭᠯᠡᠭᠰᠡᠨ ᠠᠴᠠ ᠨᠢ ᠦᠵᠡᠬᠦ ᠳᠤ᠂ ᠨᠤᠮ ᠢ ᠤᠩᠰᠢᠵᠤ ᠤᠢᠢᠯᠠᠭᠠᠬᠤ ᠪᠦᠭᠡᠳ ᠰᠡᠳᠬᠢᠵᠦ ᠪᠤᠳᠤᠯᠬᠢᠯᠠᠬᠤ ᠶᠢᠨ | ᠤᠴᠢᠷ ᠢ ᠮᠡᠳᠡᠭᠰᠡᠨ᠂ ᠮᠦᠨ ᠨᠦᠭᠦᠭᠡ ᠲᠠᠯ᠎ᠠ ᠠᠴᠠ ᠰᠤᠷᠤᠭᠴᠢᠳ ᠤᠨ ᠨᠤᠮ ᠤᠩᠰᠢᠬᠤ ᠶᠢ ᠬᠠᠯᠠᠮᠵᠢᠯᠠᠨ ᠳᠡᠮᠵᠢᠵᠦ | ᠪᠠᠶᠢᠭ᠎ᠠ ᠡᠳᠡᠭᠡᠷ ᠠᠵᠢᠯᠯᠠᠭ᠎ᠠ ᠶᠢᠨ ᠤᠳᠬ᠎ᠠ ᠤᠴᠢᠷ ᠢ ᠤᠢᠢᠯᠠᠭᠠᠨ ᠮᠡᠳᠡᠷᠡᠭᠰᠡᠨ ᠨᠢ ᠢᠯᠡᠬᠡᠨ᠃ | ᠪᠢᠳᠡ ᠶᠠᠭᠤᠨ ᠳᠤ ᠨᠤᠮ ᠤᠩᠰᠢᠬᠤ ᠪᠤᠢ︖ ᠨᠤᠮ ᠢ ᠤᠩᠰᠢᠭᠠᠳ ᠤᠢᠢᠯᠠᠭᠠᠬᠤ ᠨᠢ ᠴᠢᠬᠤᠯᠠ᠂ | ᠤᠯᠤᠯᠲᠠ ᠲᠠᠢ ᠪᠠᠶᠢᠬᠤ ᠨᠢ ᠴᠢᠬᠤᠯᠠ᠃ ᠢᠯᠠᠩᠭᠤᠶ᠎ᠠ ᠬᠡᠦᠬᠡᠳ ᠤᠳ ᠲᠤ ᠠᠪᠴᠤ ᠬᠡᠯᠡᠪᠡᠯ ᠤᠩᠰᠢᠬᠤ ᠶᠢᠨ | ᠲᠦᠯᠦᠭᠡ ᠤᠩᠰᠢᠭᠠᠳ ᠲᠤᠭ᠎ᠠ ᠪᠦᠭᠯᠡᠬᠦ ᠶᠢᠨ ᠲᠦᠯᠦᠭᠡ ᠪᠢᠰᠢ᠂ ᠨᠤᠮ ᠤᠨ ᠲᠦᠷᠦᠭᠳᠡᠯ ᠪᠢᠴᠢᠭᠦᠯᠭᠦ ᠨᠢ | ᠬᠡᠦᠬᠡᠳ ᠤᠳ ᠤᠨ ᠨᠤᠮ ᠢ ᠤᠩᠰᠢᠭᠠᠳ ᠶᠠᠮᠠᠷ ᠤᠯᠤᠯᠲᠠ ᠲᠠᠢ ᠪᠤᠯᠤᠭᠰᠠᠨ ᠢ ᠨᠢ ᠪᠤᠳᠤᠭᠤᠯᠬᠤ᠂ ᠵᠤᠬᠢᠶᠠᠨ | ᠪᠢᠴᠢᠯᠭᠡ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠳᠤ ᠰᠢᠭᠤᠳ ᠳᠤᠰᠠᠯᠠᠨ᠎ᠠ᠃ ︽ᠪᠢᠯᠢᠭ ᠤᠨ ᠰᠠᠩ︾ ᠤᠨ ᠬᠢᠨ ᠤ | ᠰᠢᠷᠢᠰ ᠠᠵᠢᠯᠯᠠᠭ᠎ᠠ ᠡᠨᠡ ᠲᠠᠯ᠎ᠠ ᠪᠠᠷ ᠢᠯᠡᠭᠦᠦ ᠬᠦᠴᠦᠯᠡᠵᠦ᠂ ᠮᠦᠨ ᠨᠡᠯᠢᠶᠡᠳ ᠰᠠᠶᠢᠨ ᠦᠷ᠎ᠡ ᠪᠦᠲᠦᠮᠵᠢ ᠪᠤᠶᠤ | ᠨᠡᠶᠢᠬᠡᠮ ᠤᠨ ᠦᠷ᠎ᠡ ᠨᠦᠯᠦᠭᠡ ᠭᠠᠷᠭᠠᠭᠰᠠᠨ ᠪᠠᠶᠢᠨ᠎ᠠ᠃ ᠨᠤᠮ ᠲᠠᠢ ᠨᠦᠬᠦᠷᠯᠡᠭᠰᠡᠨ ᠬᠡᠦᠬᠡᠳ ᠢᠷᠡᠭᠡᠳᠦᠢ ᠳᠤ ᠨᠡᠩ | ᠦᠷᠭᠡᠨ ᠳᠡᠯᠭᠡᠷ ᠶᠢᠷᠲᠢᠨᠴᠦ ᠶᠢ ᠬᠠᠷᠠᠵᠤ ᠶᠠᠪᠤᠨ᠎ᠠ ᠳ᠋ᠠ᠃ | |