ᠠᠷᠪᠠᠨ ᠭᠤᠷᠪᠠᠨ ᠣᠪᠣᠭ᠎ᠠ ᠪᠠᠯᠭᠠᠰᠤ᠄ ︽ᠳᠣᠯᠣᠭᠠᠨ ᠡᠷᠬᠡᠪᠰᠢ︾ ᠲᠣᠰᠬᠤᠨ ᠳᠤ ᠰᠠᠭᠤᠭ᠎ᠠ ᠺᠠᠳ᠋ᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠤᠷᠠᠯ
ᠨᠡᠶᠢᠲᠡᠯᠡᠭᠰᠡᠨ ᠴᠠᠭ᠄
2020/3/26
    ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ ᠠᠷᠪᠠᠨ ᠭᠤᠷᠪᠠᠨ ᠣᠪᠣᠭ᠎ᠠ ᠪᠠᠯᠭᠠᠰᠤ ᠶᠢᠨ ᠶᠡᠷᠦᠩᠬᠡᠢ ᠠᠩᠬᠢ ᠠᠴᠠ ᠺᠠᠳ᠋ᠷ ᠤᠨ ᠲᠣᠰᠬᠤᠨ ᠳᠤ ᠰᠠᠭᠤᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠢᠨᠠᠨ ᠵᠢᠯᠤᠭᠤᠳᠬᠤ ᠵᠢᠴᠢ ᠲᠣᠰᠬᠤᠨ ᠳᠤ ᠰᠠᠭᠤᠭ᠎ᠠ ᠺᠠᠳ᠋ᠷ ᠤᠨ ᠬᠠᠮᠢᠶᠠᠷᠤᠯᠲᠠ ᠶᠢ ᠴᠢᠩᠭᠠᠳᠬᠠᠬᠤ ᠶᠡᠭᠡ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠶᠠᠳᠠᠭᠤ ᠶᠢ ᠲᠡᠳᠬᠦᠬᠦ ᠡᠯ᠎ᠡ ᠲᠤᠰᠬᠠᠢ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠦᠬᠦ ᠪᠦᠷᠢᠯᠳᠦᠬᠦᠨ 100 ᠭᠠᠷᠤᠢ ᠬᠥᠮᠦᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠪᠥᠬᠦ ᠪᠠᠯᠭᠠᠰᠤ ᠪᠠᠷ ᠢᠶᠠᠨ ᠲᠣᠰᠬᠤᠨ ᠳᠤ ᠰᠠᠭᠤᠬᠤ ᠠᠵᠢᠯ ᠤᠨ ᠣᠳᠣᠬᠢ ᠱᠠᠲᠤᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ︽ᠪᠠᠭᠠᠷᠢᠨ ᠵᠡᠭᠦᠨ ᠬᠤᠰᠢᠭᠤᠨ ᠤ ᠭᠠᠴᠠᠭ᠎ᠠ ᠲᠣᠰᠬᠤᠨ ᠳᠤ  ᠰᠠᠭᠤᠭ᠎ᠠ ᠺᠠᠳ᠋ᠷᠴᠤᠳ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠲᠣᠭᠲᠠᠭᠠᠯ︾᠎ ᠢ ᠴᠢᠩᠭ᠎ᠠ ᠵᠢᠷᠤᠮᠯᠠᠨ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ᠂ ᠲᠣᠰᠬᠤᠨ ᠳᠤ ᠰᠠᠭᠤᠭ᠎ᠠ ᠺᠠᠳ᠋ᠷᠴᠤᠳ ᠤᠯᠤᠰ ᠲᠥᠷᠥ  ᠎ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ ᠡᠭᠦᠷᠭᠡ ᠪᠠᠨ ᠲᠤᠳᠤᠷᠬᠠᠶᠢᠯᠠᠨ᠂ ᠬᠠᠪᠰᠤᠷᠤᠨ ᠲᠡᠳᠬᠦᠬᠦ ᠲᠣᠰᠬᠤᠨ ᠤ ᠮᠡᠳᠡᠭᠡ ᠵᠠᠩᠭᠢ ᠳᠤ ︽ᠡᠷᠡᠰ ᠲᠣᠳᠣᠷᠬᠠᠶ︾᠂ ︽ᠬᠥᠮᠦᠨ ᠨᠢ ᠠᠵᠢᠯ ᠤᠨ ᠪᠠᠶᠢᠷᠢ ᠳᠠᠭᠠᠨ ᠪᠠᠶᠢᠵᠤ᠂ ᠰᠡᠳᠬᠢᠯ ᠨᠢ ᠠᠵᠢᠯ ᠤᠨ ᠪᠠᠶᠢᠷᠢ ᠳᠠᠭᠠᠨ ᠪᠠᠶᠢᠬᠤ᠂ ᠬᠥᠮᠦᠨ ᠨᠢ ᠰᠠᠭᠤᠵᠤ᠂ ᠰᠡᠳᠬᠢᠯ ᠨᠢ ᠰᠠᠭᠤᠷᠢᠰᠢᠬᠤ︾᠎ ᠶᠢ ᠦᠨᠡᠨᠬᠦ ᠪᠡᠶᠡᠯᠡᠭᠦᠯᠵᠦ᠂ ᠶᠠᠳᠠᠭᠤ ᠠᠴᠠ  ᠠᠩᠭᠢᠵᠠᠷᠠᠭᠤᠯᠬᠤ ᠪᠡᠷᠬᠡ ᠰᠡᠳᠦᠪ ᠢ  ᠰᠢᠢᠳᠪᠣᠷᠢᠯᠡᠬᠦ ᠰᠢᠢᠳᠪᠤᠷᠢᠳᠤ ᠢᠯᠠᠯᠲᠠ ᠶᠢ ᠤᠯᠬᠤ ᠳᠤ ᠰᠦᠷ ᠳᠠᠯᠠᠶᠢᠴᠠᠲᠠᠶ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃    
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号