ᠵᠠᠰᠠᠭ ᠤᠨ ᠣᠷᠳᠣᠨ ᠤ ᠠᠵᠢᠯ ᠤᠨ ᠢᠯᠡᠳᠬᠡᠯ | | —— 2020 ᠣᠨ ᠤ 4 ᠰᠠᠷ᠎ᠠ ᠶᠢᠨ 16 ᠤ ᠡᠳᠦᠷ ᠪᠠᠭᠠᠷᠢᠨ | ᠵᠡᠭᠦᠨ ᠬᠤᠰᠢᠭᠤᠨ ᠤ ᠠᠷᠪᠠᠨ ᠳᠣᠯᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠤᠨ ᠳᠦᠷᠪᠡᠳᠦᠭᠡᠷ ᠤᠳᠠᠭᠠᠨ ᠤ ᠬᠤᠷᠠᠯ ᠳᠡᠭᠡᠷ᠎ᠡ | ᠬᠤᠰᠢᠭᠤᠨ ᠳᠠᠷᠤᠭ᠎ᠠ ᠮᠦᠩᠬᠡᠳᠠᠯᠢ | ᠲᠦᠯᠦᠭᠡᠯᠡᠭᠴᠢᠳ ᠡ᠄ | ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠶᠡᠭᠡ ᠬᠤᠷᠠᠯ ᠳᠤ ᠠᠵᠢᠯ | ᠤᠨ ᠮᠡᠳᠡᠭᠦᠯᠦᠯᠲᠡ ᠬᠢᠶ᠎ᠡ᠂ ᠬᠢᠨᠠᠨ ᠵᠦᠪᠯᠡᠬᠦ ᠪᠣᠯᠪᠠᠤ︕ ᠬᠤᠷᠠᠯ ᠳᠤ ᠰᠤᠯᠠ ᠣᠷᠤᠯᠴᠠᠭᠰᠠᠨ ᠬᠤᠰᠢᠭᠤᠨ ᠤ | ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠪᠣᠯᠤᠨ ᠪᠣᠰᠤᠳ ᠨᠦᠬᠦᠳ ᠰᠠᠨᠠᠯ ᠢᠶᠠᠨ ᠳᠤᠷᠠᠳᠬᠤ ᠶᠢ ᠬᠦᠰᠡᠵᠦ | ᠪᠠᠶᠢᠨ᠎ᠠ᠃ | 2019 ᠣᠨ ᠤ ᠠᠵᠢᠯ ᠤᠨ ᠡᠷᠭᠢᠴᠡᠭᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠪᠠ ᠨᠢᠭᠡᠳᠦᠭᠡᠷ ᠵᠠᠭᠤᠨ ᠵᠢᠯ ᠤᠨ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ | ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠡᠭᠡᠳᠦ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠪᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ | ᠲᠥᠷᠥ ᠶᠢᠨ ᠵᠦᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠴᠢᠨᠠᠷᠯᠢᠭ ᠬᠦᠭᠵᠢᠯᠲᠡ ᠶᠢᠨ ᠱᠠᠭᠠᠷᠳᠠᠯᠭ᠎ᠠ ᠶᠢ | ᠰᠠᠨᠠᠭᠠᠴᠢᠯᠠᠭ᠎ᠠ ᠲᠠᠢ ᠪᠠᠷ ᠬᠦᠯᠢᠶᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠨ᠂ ᠢᠳᠡᠪᠬᠢᠲᠡᠢ | ᠰᠢᠨ᠎ᠡ ᠶᠢ ᠡᠭᠦᠳᠦᠨ ᠤᠷᠤᠭᠰᠢᠯᠠᠵᠤ᠂ ᠬᠤᠰᠢᠭᠤᠨ ᠤ ᠠᠷᠪᠠᠨ ᠳᠣᠯᠣᠳᠣᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯ ᠠᠴᠠ ᠲᠣᠭᠲᠠᠭᠠᠭᠰᠠᠨ ᠡᠯ᠎ᠡ | ᠵᠦᠢᠯ ᠤᠨ ᠬᠠᠷᠠᠯᠲᠠ ᠡᠭᠦᠷᠭᠡ ᠶᠢ ᠨᠡᠯᠢᠶᠡᠳ ᠰᠠᠶᠢᠨ ᠪᠡᠶᠡᠯᠡᠭᠦᠯᠪᠡ᠃ | ︵ᠨᠢᠭᠡ︶ ᠤᠶᠤᠨ ᠴᠢᠳᠠᠯ ᠢᠶᠠᠨ ᠰᠢᠪᠬᠠᠨ᠂ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠣᠨᠣᠴᠠᠲᠠᠢ ᠪᠠᠷ | ᠶᠠᠳᠠᠭᠤ ᠶᠢ ᠲᠡᠳᠬᠦᠬᠦ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠠᠷᠪᠠᠨ ᠵᠦᠢᠯ ᠢ ᠦᠭᠡᠢ | ᠪᠣᠯᠭᠠᠬᠤ ᠪᠠ ᠪᠠᠷᠢᠮᠵᠢᠶ᠎ᠠ ᠳᠤ ᠬᠦᠷᠬᠦ︾ ᠠᠵᠢᠯᠯᠠᠭᠠᠨ ᠢ ᠪᠦᠬᠦ ᠲᠠᠯ᠎ᠠ ᠪᠠᠷ ᠡᠬᠢᠯᠡᠭᠦᠯᠵᠦ᠂ ᠶᠠᠳᠠᠭᠤ ᠶᠢ ᠲᠡᠳᠬᠦᠬᠦ | ᠪᠡᠯᠡ ᠮᠦᠩᠭᠦ 6.1 ᠳ᠋ᠦᠩᠰᠢᠭᠤᠷ ᠲᠦᠭᠦᠷᠢᠭ ᠢ ᠨᠢᠭᠡᠲᠦᠭᠦᠯᠦᠨ᠂ 1.77 ᠳ᠋ᠦᠩᠰᠢᠭᠤᠷ ᠲᠦᠭᠦᠷᠢᠭ ᠤᠨ | ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠪᠠ᠃ ︽ᠬᠤᠶᠠᠷ ᠲᠤ ᠵᠣᠪᠠᠭ᠋ᠤ ᠦᠭᠡᠢ ᠭᠤᠷᠪᠠᠨ ᠶᠢ ᠪᠠᠲᠤᠯᠠᠬᠤ︾ | ᠬᠦᠴᠢᠷᠲᠡᠢ ᠠᠰᠠᠭᠤᠳᠠᠯ ᠢ ᠲᠦᠪᠯᠡᠷᠡᠭᠦᠯᠦᠨ ᠰᠢᠢᠳᠪᠦᠷᠢᠯᠡᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠤᠤᠭᠤᠬᠤ | ᠤᠰᠤᠨ ᠤ ᠢᠨᠵᠧᠨᠧᠷᠢᠩ 123 ᠶᠢ ᠪᠠᠬᠢᠵᠢᠭᠦᠯᠦᠨ᠂ ︽ᠳᠦᠷᠪᠡᠨ ᠲᠦᠷᠦᠯ ᠤᠨ ᠭᠤᠣᠯᠳᠠᠯᠭ᠎ᠠ ᠲᠠᠢ ᠡᠲᠡᠭᠡᠳ︾ | ᠤᠨ ᠠᠶᠤᠯᠲᠠᠢ ᠭᠡᠷ ᠪᠠᠶᠢᠰᠢᠩ 1361 ᠡᠷᠦᠬᠡ ᠪᠠ ᠡᠩ ᠤᠨ ᠡᠷᠦᠬᠡ 715 ᠶᠢ ᠰᠢᠨᠡᠳᠬᠡᠨ ᠵᠠᠰᠠᠵᠤ᠂ | ᠬᠤᠰᠢᠭᠤᠨ ᠤ ᠳᠣᠲᠤᠭᠠᠳᠤ ᠳᠤ ︽ᠤᠷᠢᠳᠠᠪᠠᠷ ᠡᠮᠴᠢᠯᠡᠭᠦᠯᠵᠦ ᠳᠠᠷᠠᠭ᠎ᠠ ᠨᠢ ᠵᠠᠷᠤᠳᠠᠯ ᠲᠤᠰᠢᠶᠠᠬᠤ︾ ᠲᠥᠷᠥ ᠶᠢᠨ | ᠪᠣᠳᠣᠯᠭ᠎ᠠ ᠪᠣᠯᠤᠨ ︽ᠭᠤᠷᠪᠠᠨ ᠨᠢᠭᠡ ᠪᠦᠯᠦᠭ︾ ᠲᠥᠷᠥᠯ ᠬᠤᠪᠢᠶᠠᠨ ᠡᠮᠴᠢᠯᠡᠬᠦ ᠠᠵᠢᠯᠯᠠᠭᠠᠨ ᠤ ᠲᠦᠯᠦᠪᠯᠡᠭᠡ ᠶᠢ | ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠰᠤᠷᠭᠠᠨ ᠬᠦᠮᠦᠵᠢᠯ ᠤᠨ ᠡᠯ᠎ᠡ ᠵᠦᠢᠯ ᠤᠨ ᠨᠦᠬᠦᠪᠦᠷᠢ 1578 ᠲᠦᠮᠡᠨ | ᠲᠦᠭᠦᠷᠢᠭ ᠪᠠ ᠦᠨᠳᠦᠰᠦᠨ ᠪᠠᠲᠤᠯᠠᠭ᠎ᠠ ᠶᠢᠨ ᠮᠦᠩᠭᠦ 6000 ᠭᠠᠷᠤᠢ ᠲᠦᠮᠡᠨ ᠲᠦᠭᠦᠷᠢᠭ ᠲᠠᠷᠬᠠᠭᠠᠪᠠ᠃ ᠵᠡᠭᠦᠨ | ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠥᠪ ᠤᠨ ᠪᠠᠶᠢᠭᠤᠯᠭ᠎ᠠ ᠶᠢᠨ ᠲᠣᠭᠲᠠᠭᠰᠠᠨ ᠴᠡᠭᠲᠦ | ᠬᠠᠪᠰᠤᠷᠤᠨ ᠲᠡᠳᠬᠦᠬᠦ ᠪᠡᠯᠡ ᠮᠦᠩᠭᠦ 1.58 ᠳ᠋ᠦᠩᠰᠢᠭᠤᠷ ᠲᠦᠭᠦᠷᠢᠭ ᠨᠠᠶᠢᠳᠠᠪᠦᠷᠢᠵᠢᠭᠤᠯᠵᠤ᠂ ᠨᠡᠶᠢᠭᠡᠮ ᠤᠨ | ᠶᠠᠳᠠᠭᠤ ᠶᠢ ᠲᠡᠳᠬᠦᠬᠦ ᠪᠡᠯᠡ ᠮᠦᠩᠭᠦ 1900 ᠭᠠᠷᠤᠢ ᠲᠦᠮᠡᠨ ᠲᠦᠭᠦᠷᠢᠭ ᠬᠤᠷᠠᠮᠳᠤᠭᠤᠯᠤᠨ᠂ ︽ᠬᠠᠶᠢᠷ᠎ᠠ | ᠬᠠᠯᠠᠮᠵᠢᠲᠤ ᠴᠢᠯᠦᠭᠡᠲᠦ ᠳᠡᠯᠭᠡᠭᠦᠷ︾ ᠢ ᠭᠠᠴᠠᠭ᠎ᠠ ᠲᠤᠰᠬᠤᠨ ᠳᠤ ᠨᠡᠶᠢᠳᠡᠮ ᠪᠠᠶᠢᠭᠤᠯᠪᠠ᠃ ᠡᠯ᠎ᠡ ᠱᠠᠲᠤᠨ ᠤ | ᠲᠣᠭᠤᠷᠢᠨ ᠪᠠᠶᠢᠴᠠᠭᠠᠯᠲᠠ ᠪᠠ ᠬᠢᠨᠠᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠤᠳ ᠢ ᠢᠳᠡᠪᠬᠢᠲᠡᠢ ᠵᠠᠰᠠᠨ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠳᠤᠲᠠᠭᠤᠳᠠᠯ ᠢ ᠤᠯᠠᠮ ᠨᠢᠭᠡ ᠠᠯᠬᠤᠮ ᠨᠦᠬᠦᠪᠡ | ᠃ 2019 ᠣᠨ ᠳᠤ 3149 ᠡᠷᠦᠬᠡ 6098 ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ | ᠶᠠᠳᠠᠭᠤᠷᠠᠬᠤ ᠬᠡᠮᠵᠢᠶ᠎ᠡ 0.59% ᠪᠣᠯᠵᠤ ᠪᠠᠭᠠᠰᠤᠨ᠂ ᠰᠢᠯᠢᠳᠡᠭ ᠬᠢᠷᠢ ᠪᠦᠲᠦᠮᠵᠢ ᠪᠠᠷ ᠶᠠᠳᠠᠭᠤ ᠠᠴᠠ ᠭᠠᠷᠬᠤ | ᠭᠤᠷᠪᠠᠳᠤᠭᠠᠷ ᠲᠠᠯ᠎ᠠ ᠶᠢᠨ ᠬᠢᠨᠠᠨ ᠦᠨᠡᠯᠡᠯᠲᠡ ᠶᠢ ᠥᠩᠭᠡᠷᠡᠪᠡ᠃ | ︵ᠬᠤᠶᠠᠷ︶ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠦᠷ᠎ᠡ ᠠᠰᠢᠭ ᠳᠣᠪᠤᠶᠢᠮ᠎ᠠ᠃ ᠡᠳ᠋ ᠤᠨ ᠵᠠᠰᠠᠭ ᠤᠨ ᠪᠡᠯᠡ ᠮᠦᠩᠭᠦᠨ ᠤ ᠬᠠᠮᠢᠶᠠᠷᠤᠯᠲᠠ ᠪᠠ ᠵᠢᠭᠡᠯᠡᠯᠭᠡ | ᠵᠢᠭᠡᠯᠡᠨ ᠪᠡᠯᠡ ᠮᠦᠩᠭᠦ ᠬᠤᠷᠠᠮᠳᠤᠭᠤᠯᠬᠤ ᠠᠵᠢᠯᠯᠠᠭ᠎ᠠ ᠶᠢ ᠴᠢᠩᠭ᠎ᠠ ᠳᠦᠷᠢᠮᠵᠢᠭᠦᠯᠵᠦ᠂ ᠵᠠᠰᠠᠭ ᠤᠨ ᠣᠷᠳᠤᠨ ᠤ | ᠨᠢᠭᠤᠭᠳᠠᠮᠠᠯ ᠦᠷᠢ ᠦᠭᠴᠡᠭᠡ 5.93 ᠳ᠋ᠦᠩᠰᠢᠭᠤᠷ ᠲᠦᠭᠦᠷᠢᠭ ᠰᠢᠢᠳᠪᠦᠷᠢᠯᠡᠨ᠂ ᠠᠷᠠᠳ ᠠᠴᠠ ᠡᠷᠬᠢᠯᠡᠭᠰᠡᠨ | ᠳᠤᠮᠳᠠ ᠪᠠᠭ᠎ᠠ ᠠᠵᠤ ᠠᠬᠤᠶᠢᠯᠠᠯ ᠳᠤ 4519 ᠲᠦᠮᠡᠨ ᠲᠦᠭᠦᠷᠢᠭ ᠤᠨ ᠦᠷᠢ ᠪᠤᠴᠠᠭᠠᠵᠤ᠂ ᠥᠪᠡᠷᠲᠡᠭᠡᠨ ᠵᠠᠰᠠᠬᠤ | ᠣᠷᠤᠨ ᠤ ᠲᠤᠰᠬᠠᠢ ᠱᠠᠩᠨᠠᠯ ᠤᠨ ᠪᠡᠯᠡ ᠮᠦᠩᠭᠦ 1667 ᠲᠦᠮᠡᠨ ᠲᠦᠭᠦᠷᠢᠭ ᠬᠦᠷᠲᠡᠪᠡ᠃ ᠬᠠᠤᠯᠢ ᠪᠣᠰᠤ | ᠮᠦᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ 2.03 ᠳ᠋ᠦᠩᠰᠢᠭᠤᠷ ᠲᠦᠭᠦᠷᠢᠭ ᠤᠨ | ᠬᠠᠤᠯᠢ ᠪᠣᠰᠤ ᠵᠢᠭᠡᠯᠡᠯᠭᠡ ᠶᠢ ᠰᠢᠢᠳᠪᠦᠷᠢᠯᠡᠨ᠂ ᠠᠵᠤ ᠠᠬᠤᠢ ᠶᠢᠨ ᠬᠡᠷᠡᠭ 42 ᠢ ᠰᠢᠢᠳᠪᠦᠷᠢᠯᠡᠪᠡ᠃ ᠬᠠᠷ᠎ᠠ | ᠪᠦᠯᠦᠭᠲᠡᠨ ᠬᠠᠷᠬᠢᠰ ᠬᠦᠴᠦᠨ ᠢ ᠴᠡᠪᠡᠷᠯᠡᠨ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠵᠦ᠂ ᠲᠥᠪ ᠤᠨ | ᠬᠢᠨᠠᠨ ᠵᠢᠯᠤᠭᠤᠳᠬᠤ ᠳᠤᠭᠤᠶᠢᠯᠠᠩ ᠤᠨ ᠲᠤᠰᠬᠠᠬᠰᠠᠨ ᠠᠰᠠᠭᠤᠳᠠᠯ ᠢ ᠨᠠᠷᠢᠨ ᠬᠢᠨᠠᠮᠠᠭᠠᠢ ᠵᠠᠰᠠᠨ ᠴᠡᠭᠴᠡᠯᠡᠵᠦ᠂ | ᠬᠠᠷᠬᠢᠰ ᠬᠦᠴᠦᠨ ᠳᠤ ᠬᠤᠯᠪᠤᠭᠳᠠᠭᠰᠠᠨ ᠶᠠᠯᠠᠲᠤ ᠪᠦᠯᠦᠭᠯᠡᠯ 12 ᠢ ᠤᠰᠠᠳᠬᠠᠨ᠂ ᠬᠤᠯᠪᠤᠭᠳᠠᠭᠰᠠᠨ ᠵᠣᠭᠤᠰ ᠤᠨ | ᠲᠤᠭ᠎ᠠ ᠨᠢ 5862.6 ᠲᠦᠮᠡᠨ ᠲᠦᠭᠦᠷᠢᠭ ᠬᠦᠷᠪᠡ᠃ ᠪᠦᠬᠦ ᠵᠢᠯ ᠳᠤ ᠵᠠᠬᠢᠳᠠᠯ ᠰᠣᠷᠪᠤᠯᠵᠢᠯᠠᠯ ᠤᠨ ᠬᠡᠷᠡᠭ 290 | ᠪᠠ ᠠᠷᠠᠳ ᠤᠨ ᠡᠶᠡᠳᠡᠭᠦᠯᠦᠭᠡ ᠶᠢᠨ ᠬᠡᠷᠡᠭ 913 ᠶᠢ ᠰᠢᠢᠳᠪᠦᠷᠢᠯᠡᠵᠦ᠂ ᠤᠯᠤᠰ ᠪᠠᠶᠢᠭᠤᠯᠤᠭᠳᠠᠭᠰᠠᠨ 70 | ᠵᠢᠯ ᠤᠨ ᠣᠢ ᠶᠢ ᠪᠡᠯᠭᠡᠯᠡᠬᠦ ᠰᠢᠷᠢᠰ ᠠᠵᠢᠯᠯᠠᠭᠠᠨ ᠤ ᠠᠮᠤᠷ ᠲᠤᠭᠲᠠᠭᠤᠨ ᠢ ᠬᠠᠮᠠᠭᠠᠯᠠᠬᠤ ᠡᠭᠦᠷᠭᠡ ᠪᠠᠨ ᠠᠮᠵᠢᠯᠲᠠ | ᠲᠠᠢ ᠪᠡᠶᠡᠯᠡᠭᠦᠯᠪᠡ᠃ ᠠᠮᠤᠷ ᠲᠦᠪᠰᠢᠨ ᠤ ᠬᠠᠤᠯᠢ ᠬᠡᠷᠡᠭᠵᠢᠭᠦᠯᠬᠦ ᠡᠯ᠎ᠡ ᠵᠦᠢᠯ ᠤᠨ ᠪᠠᠶᠢᠴᠠᠭᠠᠯᠲᠠ 3710 | ᠤᠳᠠᠭ᠎ᠠ ᠬᠢᠵᠦ᠂ 17 ᠡᠵᠡᠩᠨᠡᠯᠲᠡ ᠶᠢᠨ ᠡᠷᠦᠬᠡ ᠶᠢᠨ ᠦᠢᠯᠡᠳᠪᠦᠷᠢᠯᠡᠯ ᠢ ᠵᠣᠭᠰᠤᠭᠠᠪᠠ᠃ ᠤᠯᠤᠰ ᠤᠨ | ᠢᠳᠡᠭᠡᠨ ᠤ ᠠᠮᠤᠷ ᠲᠦᠪᠰᠢᠨ ᠤ ᠬᠤᠲᠠ ᠶᠢ ᠢᠳᠡᠪᠬᠢᠲᠡᠢ ᠡᠭᠦᠳᠦᠨ ᠪᠠᠶᠢᠭᠤᠯᠵᠤ᠂ ᠢᠳᠡᠭᠡᠨ ᠪᠠ ᠡᠮ ᠤᠨ | ᠵᠦᠢᠯᠡᠰ ᠤᠨ ᠬᠢᠨᠠᠨ ᠪᠠᠶᠢᠴᠠᠭᠠᠯᠲᠠ ᠶᠢᠨ ᠬᠢᠷᠢ ᠲᠡᠩᠴᠡᠭᠰᠡᠨ ᠨᠣᠷᠮ᠎ᠠ ᠨᠢ 96.8% ᠳᠤ ᠬᠦᠷᠪᠡ᠃ ᠦᠶᠡᠷ ᠢ | ᠰᠡᠷᠭᠡᠶᠢᠯᠡᠨ ᠭᠠᠩ ᠬᠠᠭᠰᠠᠷᠠᠭᠠᠨ ᠢ ᠡᠰᠡᠷᠭᠦᠴᠡᠬᠦ᠂ ᠭᠠᠯ ᠤᠨ ᠠᠶᠤᠯ ᠢ ᠰᠡᠷᠭᠡᠶᠢᠯᠡᠬᠦ᠂ ᠤᠢ ᠰᠢᠭᠤᠢ ᠲᠠᠯ᠎ᠠ | ᠨᠤᠲᠤᠭ ᠤᠨ ᠭᠠᠯ ᠲᠦᠢᠮᠡᠷ ᠢ ᠰᠡᠷᠭᠡᠶᠢᠯᠡᠬᠦ᠂ ᠭᠠᠮᠰᠢᠭ ᠢ ᠰᠡᠷᠭᠡᠶᠢᠯᠡᠨ ᠪᠠᠭᠠᠰᠬᠠᠬᠤ ᠵᠢᠴᠢ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠨ ᠬᠤᠷᠢᠭᠯᠠᠬᠤ ᠠᠵᠢᠯ ᠢ ᠪᠦᠲᠦᠮᠵᠢᠲᠡᠢ ᠶᠠᠪᠤᠭᠳᠠᠭᠤᠯᠵᠤ᠂ ᠨᠡᠶᠢᠭᠡᠮ ᠤᠨ ᠪᠠᠶᠢᠳᠠᠯ ᠢ | ᠦᠷᠭᠦᠯᠵᠢᠯᠡᠨ ᠠᠮᠤᠷ ᠲᠣᠭᠲᠠᠭᠤᠨ ᠪᠠᠶᠢᠯᠭᠠᠪᠠ᠃ | ︵ᠭᠤᠷᠪᠠ︶ ᠠᠰᠠᠭᠤᠳᠠᠯ ᠢ ᠴᠢᠩᠭ᠎ᠠ ᠠᠳᠬᠤᠵᠤ ᠰᠢᠰᠲ᠋ᠧᠮ ᠲᠠᠢ ᠵᠠᠰᠠᠨ᠂ ᠠᠮᠢ ᠠᠬᠤᠢ ᠣᠷᠴᠢᠨ | ᠲᠣᠭᠤᠷᠢᠨ ᠦᠷᠭᠦᠯᠵᠢᠯᠡᠨ ᠰᠠᠶᠢᠵᠢᠷᠠᠪᠠ᠃ ᠲᠥᠪ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ | ᠲᠣᠭᠤᠷᠢᠨ ᠢ ᠬᠠᠮᠠᠭᠠᠯᠠᠬᠤ ᠪᠠᠶᠢᠴᠠᠭᠠᠯᠲᠠ ᠪᠠ ᠲᠠᠯ᠎ᠠ ᠨᠤᠲᠤᠭ ᠤᠨ ᠠᠮᠢ ᠠᠬᠤᠢ ᠶᠢᠨ ᠲᠤᠰᠬᠠᠢ ᠪᠠᠶᠢᠴᠠᠭᠠᠯᠲᠠ ᠪᠠᠷ | ᠲᠤᠰᠬᠠᠭᠰᠠᠨ ᠠᠰᠠᠭᠤᠳᠠᠯ 32 ᠵᠦᠢᠯ ᠢ ᠵᠠᠰᠠᠨ᠂ 19 ᠬᠤᠪᠢ ᠵᠠᠬᠢᠳᠠᠯ ᠰᠤᠷᠪᠤᠯᠵᠢᠯᠠᠯ ᠤᠨ ᠵᠠᠭᠠᠯᠳᠤᠯᠭ᠎ᠠ ᠶᠢᠨ | ᠬᠡᠷᠡᠭ ᠤᠨ 16 ᠶᠢ ᠨᠢ ᠰᠢᠢᠳᠪᠦᠷᠢᠯᠡᠪᠡ᠃ ᠠᠮᠢ ᠠᠬᠤᠢ ᠶᠢ ᠦᠷᠭᠦᠯᠵᠢᠯᠡᠨ ᠵᠠᠰᠠᠵᠤ᠂ ᠬᠤᠲᠠ ᠲᠣᠭᠤᠷᠢᠭ ᠤᠨ | 10 ᠲᠤᠨ ᠠᠴᠠ ᠳᠣᠷᠤᠭᠰᠢᠬᠢ ᠨᠡᠭᠦᠷᠡᠰᠦ ᠰᠢᠲᠠᠭᠠᠬᠤ ᠵᠤᠤᠬ᠎ᠠ ᠶᠢ ᠪᠦᠬᠦᠨ ᠢ ᠦᠭᠡᠶᠢᠰᠬᠡᠨ᠂ ᠪᠠᠶᠢᠰᠢᠩ ᠭᠡᠷ ᠤᠨ | ᠨᠡᠭᠦᠷᠡᠰᠦ ᠰᠢᠲᠠᠭᠠᠬᠤ ᠵᠤᠤᠬ᠎ᠠ ᠶᠢᠨ ᠡᠨᠧᠷᠭᠢ ᠠᠷᠪᠢᠯᠠᠬᠤ ᠦᠭᠡᠷᠡᠴᠢᠯᠡᠯᠲᠡ ᠶᠢᠨ ᠨᠢᠭᠡ ᠵᠢᠯ ᠤᠨ ᠡᠭᠦᠷᠭᠡ ᠪᠠᠨ | ᠪᠡᠶᠡᠯᠡᠭᠦᠯᠵᠦ᠂ ᠠᠭᠠᠷ ᠤᠨ ᠴᠢᠨᠠᠷ ᠴᠢᠨᠰᠠᠭ᠎ᠠ ᠰᠠᠶᠢᠵᠢᠷᠠᠭᠠᠳ 95% ᠳᠤ ᠬᠦᠷᠪᠡ᠃ ᠡᠯ᠎ᠡ ᠱᠠᠲᠤᠨ ᠤ ᠭᠤᠣᠯ | ᠨᠠᠭᠤᠷ ᠤᠨ ᠳᠠᠷᠤᠭ᠎ᠠ ᠨᠡᠶᠢᠲᠡ 721 ᠬᠦᠮᠦᠨ ︵ᠤᠳᠠᠭ᠎ᠠ︶ ᠲᠣᠭᠤᠷᠢᠨ ᠪᠠᠶᠢᠴᠠᠭᠠᠯᠲᠠ ᠬᠢᠵᠦ᠂ ᠭᠤᠣᠯ | ᠨᠠᠭᠤᠷ ᠤᠨ ︽ᠳᠥᠷᠪᠡᠨ ᠡᠮᠬᠢ ᠵᠠᠮᠪᠠᠷᠠᠭ᠎ᠠ ᠦᠭᠡᠢ︾ ᠠᠰᠠᠭᠤᠳᠠᠯ 89 ᠶᠢ ᠪᠠᠶᠢᠴᠠᠭᠠᠨ ᠴᠡᠭᠴᠡᠯᠡᠵᠦ᠂ ᠭᠤᠣᠯ | ᠪᠣᠯᠬᠤ ᠭᠤᠣᠯ ᠤᠨ ᠤᠷᠤᠰᠬᠠᠯ ᠤᠨ ᠬᠢᠨᠠᠨ ᠬᠠᠮᠢᠶᠠᠷᠬᠤ ᠨᠣᠷᠮ᠎ᠠ 100% ᠬᠦᠷᠪᠡ᠃ ᠰᠦᠯᠢᠶᠤᠤ ᠪᠦᠷᠬᠦᠪᠴᠢ ᠪᠠᠷ | ᠦᠷ᠎ᠡ ᠠᠰᠢᠭ ᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠶᠡᠬᠡᠪᠡᠷ ᠬᠡᠷᠡᠭᠵᠢᠭᠦᠯᠵᠦ᠂ ᠲᠠᠷᠢᠶᠠᠨ ᠡᠮ ᠪᠠ ᠬᠢᠮᠢ ᠶᠢᠨ | ᠪᠣᠷᠳᠤᠭᠤᠷ ᠬᠡᠷᠡᠭᠯᠡᠬᠦ ᠬᠡᠮᠵᠢᠶ᠎ᠡ ᠶᠢ ᠲᠤᠰ ᠲᠤᠰ 3.1% ᠪᠠ 3.25% ᠪᠠᠷ ᠪᠠᠭᠠᠰᠬᠠᠨ᠂ ᠬᠦᠷᠦᠰᠦ ᠰᠢᠷᠤᠢ ᠶᠢᠨ | ᠪᠣᠬᠢᠷᠳᠤᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠬᠤᠷᠢᠭᠯᠠᠪᠠ᠃ ᠠᠮᠢ ᠠᠬᠤᠢ ᠶᠢᠨ ᠰᠡᠷᠭᠦᠭᠡᠯᠲᠡ ᠶᠢ | ᠯᠠᠪᠳᠠᠭᠤᠨ ᠠᠬᠢᠭᠤᠯᠵᠤ᠂ 13.5 ᠲᠦᠮᠡᠨ ᠮᠤ᠋ ᠣᠶᠢᠵᠢᠭᠤᠯᠤᠨ᠂ ᠤᠯᠠᠭᠠᠨᠳᠠᠪᠠᠭ᠎ᠠ ᠤᠯᠤᠰ ᠤᠨ ᠳᠡᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠤᠨ ᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠠᠬᠢᠭᠤᠯᠵᠤ᠂ ᠣᠢ | ᠰᠢᠭᠤᠢ ᠶᠢᠨ ᠪᠦᠷᠬᠦᠴᠡ ᠶᠢᠨ ᠬᠡᠮᠵᠢᠶ᠎ᠡ ᠶᠢ 39.03% ᠳᠤ ᠬᠦᠷᠭᠡᠪᠡ᠃ ᠠᠮᠢ ᠠᠬᠤᠢ ᠶᠢ ᠬᠠᠮᠠᠭᠠᠯᠠᠨ | ᠪᠡᠯᠴᠢᠭᠡᠷᠯᠡᠬᠦᠯᠭᠦ ᠶᠢ ᠬᠤᠷᠢᠭᠯᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠦᠷᠢᠵᠢᠭᠤᠯᠵᠤ᠂ 2.93 ᠲᠦᠮᠡᠨ ᠮᠤ᠋ ᠪᠢᠲᠡᠭᠦᠮᠵᠢᠯᠡᠨ᠂ 1862 ᠲᠦᠮᠡᠨ ᠲᠦᠭᠦᠷᠢᠭ ᠤᠨ | ᠨᠦᠬᠦᠪᠦᠷᠢ ᠲᠠᠷᠬᠠᠭᠠᠪᠠ᠃ ᠦᠯᠵᠡᠶᠢᠮᠦᠷᠡᠨ ᠭᠤᠣᠯ ᠤᠨ ᠤᠯᠤᠰ ᠤᠨ ᠨᠠᠮᠤᠭᠲᠤ ᠴᠡᠴᠡᠷᠯᠢᠭ ᠢ ᠡᠬᠢᠯᠡᠨ ᠪᠠᠶᠢᠭᠤᠯᠵᠤ᠂ | ᠬᠥᠪ ᠤᠨ ᠭᠤᠤ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠢᠨᠵᠧᠨᠧᠷᠢᠩ ᠢ ᠠᠬᠢᠭᠤᠯᠤᠨ᠂ ᠭᠤᠤ ᠪᠠ ᠤᠰᠤᠨ | ᠬᠠᠰᠢᠯᠭ᠎ᠠ 64 ᠬᠡᠰᠡᠭ ᠵᠠᠰᠠᠵᠤ᠂ ᠤᠰᠤᠨ ᠤ ᠡᠬᠢ ᠶᠢᠨ ᠪᠠᠭᠲᠠᠭᠠᠮᠵᠢ ᠶᠢᠨ ᠬᠡᠮᠵᠢᠶ᠎ᠡ ᠢᠯᠡᠳᠲᠡ ᠳᠡᠭᠡᠭᠰᠢᠯᠡᠪᠡ᠃ | ︵ᠳᠥᠷᠪᠡ︶ ᠬᠦᠴᠦᠨ ᠢᠶᠠᠨ ᠲᠦᠪᠯᠡᠷᠡᠭᠦᠯᠦᠨ ᠬᠦᠭᠵᠢᠯᠲᠡ ᠶᠢ ᠠᠩᠬᠠᠷᠴᠤ᠂ ᠠᠵᠤ ᠠᠬᠤᠢ ᠶᠢᠨ | ᠡᠷᠭᠢᠯᠲᠡ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃ ᠪᠦᠬᠦ ᠬᠤᠰᠢᠭᠤᠨ ᠤ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠦᠷᠲᠡᠭ 119.5 ᠳ᠋ᠦᠩᠰᠢᠭᠤᠷ ᠲᠦᠭᠦᠷᠢᠭ ᠬᠦᠷᠴᠦ᠂ ᠣᠯᠠᠨ ᠨᠡᠶᠢᠲᠡ ᠶᠢᠨ ᠡᠩ | ᠤᠨ ᠲᠦᠰᠦᠪ ᠤᠨ ᠣᠷᠤᠯᠭ᠎ᠠ 5.45 ᠳ᠋ᠦᠩᠰᠢᠭᠤᠷ ᠲᠦᠭᠦᠷᠢᠭ ᠢ ᠪᠡᠶᠡᠯᠡᠭᠦᠯᠦᠨ᠂ ᠲᠣᠭᠲᠠᠮᠠᠯ ᠬᠦᠷᠦᠩᠭᠡ ᠶᠢᠨ | ᠪᠡᠯᠡ ᠣᠷᠤᠭᠤᠯᠤᠯᠲᠠ 33.3 ᠳ᠋ᠦᠩᠰᠢᠭᠤᠷ ᠲᠦᠭᠦᠷᠢᠭ ᠬᠦᠷᠪᠡ᠃ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ | ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 53.3 ᠳ᠋ᠦᠩᠰᠢᠭᠤᠷ ᠲᠦᠭᠦᠷᠢᠭ ᠬᠦᠷᠴᠦ᠂ ᠬᠤᠲᠠ ᠬᠦᠳᠡᠭᠡ ᠶᠢᠨ | ᠪᠠᠶᠢᠩᠭᠤ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠬᠤᠪᠢᠶᠠᠷᠢᠯᠠᠵᠤ ᠪᠣᠯᠬᠤ ᠣᠷᠤᠯᠭ᠎ᠠ ᠨᠢ | ᠲᠤᠰ ᠲᠤᠰ 30303 ᠪᠠ 11341 ᠲᠦᠭᠦᠷᠢᠭ ᠬᠦᠷᠪᠡ᠃ ᠬᠦᠭᠵᠢᠯᠲᠡ ᠶᠢᠨ ᠬᠦᠳᠡᠯᠭᠡᠭᠴᠢ ᠬᠦᠴᠦᠨ | ᠲᠠᠰᠤᠷᠠᠯᠲᠠ ᠦᠭᠡᠢ ᠨᠡᠮᠡᠭᠳᠡᠵᠦ᠂ ᠭᠤᠣᠯᠯᠠᠬᠤ ᠠᠵᠤ ᠦᠢᠯᠡᠰ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠵᠡᠷᠭᠡ ᠬᠦᠷᠢᠶ᠎ᠡ ᠴᠠᠷᠠᠭ᠎ᠠ ᠶᠢ ᠲᠦᠪᠯᠡᠷᠡᠭᠦᠯᠦᠨ᠂ ᠡᠳ᠋ ᠤᠨ ᠵᠠᠰᠠᠭ ᠤᠨ ᠪᠡᠯᠡ ᠮᠦᠩᠭᠦ ᠮᠠᠰᠢ ᠪᠠᠴᠢᠮ | ᠪᠠᠶᠢᠳᠠᠯ ᠳᠣᠣᠷ᠎ᠠ᠂ ᠲᠥᠷᠥᠯ ᠵᠦᠢᠯ ᠤᠨ ᠠᠩᠬᠠᠨ ᠤ ᠱᠠᠲᠤᠨ ᠤ ᠵᠠᠷᠤᠳᠠᠯ 2285 ᠲᠦᠮᠡᠨ ᠲᠦᠭᠦᠷᠢᠭ ᠭᠠᠷᠭᠠᠵᠤ᠂ | ᠴᠢᠬᠤᠯᠠ ᠶᠡᠭᠡ ᠠᠵᠤ ᠦᠢᠯᠡᠰ ᠤᠨ ᠲᠦᠯᠦᠪᠵᠢᠭᠦᠯᠭᠡ 3 ᠶᠢ ᠲᠣᠭᠲᠠᠭᠠᠨ᠂ 5000 ᠲᠦᠮᠡᠨ ᠲᠦᠭᠦᠷᠢᠭ ᠠᠴᠠ | ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ 18 ᠳᠤ ᠪᠡᠯᠡ ᠣᠷᠤᠭᠤᠯᠬᠤ ᠪᠠᠷ ᠰᠦᠪᠡᠭᠴᠢᠯᠡᠵᠦ᠂ ᠳᠡᠭᠡᠳᠦ | ᠱᠠᠲᠤᠨ ᠤ ᠪᠡᠯᠡ ᠮᠦᠩᠭᠦ 17.9 ᠳ᠋ᠦᠩᠰᠢᠭᠤᠷ ᠲᠦᠭᠦᠷᠢᠭ ᠬᠠᠷᠢᠴᠠᠨ ᠣᠯᠪᠠ᠃ ᠪᠦᠲᠦᠮᠵᠢᠲᠡᠢ ᠪᠡᠯᠡ | ᠣᠷᠤᠭᠤᠯᠤᠯᠲᠠ ᠪᠠᠨ ᠦᠷᠭᠦᠯᠵᠢᠯᠡᠨ ᠦᠷᠭᠡᠳᠬᠡᠵᠦ᠂ ᠪᠦᠬᠦ ᠵᠢᠯ ᠳᠤ ᠭᠤᠣᠯᠳᠠᠯᠭ᠎ᠠ ᠲᠠᠢ ᠲᠥᠷᠥᠯ ᠵᠦᠢᠯ 124 ᠶᠢ | ᠨᠠᠶᠢᠳᠠᠪᠦᠷᠢᠵᠢᠭᠤᠯᠤᠨ᠂ ᠡᠭᠦᠨ ᠤ ᠳᠣᠲᠤᠷ᠎ᠠ ᠣᠷᠣᠨ ᠬᠤᠲᠠ ᠶᠢᠨ ᠳᠠᠰ ᠠᠴᠠ ᠳᠡᠭᠡᠭᠰᠢᠬᠢ 33 ᠭᠤᠣᠯᠳᠠᠯᠭ᠎ᠠ ᠲᠠᠢ | ᠲᠥᠷᠥᠯ ᠵᠦᠢᠯ ᠳᠤ 13 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠱᠠᠨᠳᠦ᠋ᠩ ᠤᠨ ᠠᠯᠲᠠᠨ ᠤ | ᠠᠭᠤᠷᠬᠠᠢ ᠶᠢᠨ ᠮᠡᠷᠭᠡᠵᠢᠯ ᠤᠨ ᠥᠭᠡᠷᠡᠴᠢᠯᠡᠯᠲᠡ᠂ ᠺᠧ ᠷᠠᠨ ᠠᠮᠢᠳᠤ ᠪᠤᠳᠠᠰ ᠤᠨ ᠰᠢᠷ᠎ᠠ ᠪᠣᠷᠴᠠᠭ ᠤᠨ ᠨᠣᠨᠳᠠᠭ ᠤᠨ | ᠦᠢᠯᠡᠳᠪᠦᠷᠢᠯᠡᠯ ᠤᠨ ᠱᠤᠭᠤᠮ ᠤᠨ ᠦᠷᠭᠡᠳᠬᠡᠯ ᠵᠢᠴᠢ ᠲᠤᠰᠬᠤᠨ ᠤ ᠴᠠᠬᠢᠯᠭᠠᠨ ᠬᠤᠪᠢᠰᠬᠠᠭᠤᠷ ᠢᠶᠠᠷ ᠶᠠᠳᠠᠭᠤ ᠶᠢ | ᠲᠡᠳᠬᠦᠬᠦ ᠴᠠᠬᠢᠯᠭᠠᠨ ᠥᠷᠲᠡᠭᠡ ᠵᠡᠷᠭᠡ ᠠᠵᠤ ᠦᠢᠯᠡᠰ ᠤᠨ ᠳᠡᠰ ᠳᠡᠪᠰᠢᠯᠲᠡ ᠪᠣᠯᠣᠨ ᠠᠷᠠᠳ ᠤᠨ ᠠᠮᠢᠳᠤᠷᠠᠯ ᠤᠨ | ᠨᠢᠭᠡ ᠪᠦᠯᠦᠭ ᠲᠥᠷᠥᠯ ᠵᠦᠢᠯ ᠵᠠᠯᠭᠠᠯᠳᠤᠭ᠎ᠠ ᠪᠠᠷ ᠪᠠᠶᠢᠭᠤᠯᠤᠭᠳᠠᠪᠠ᠃ | |