2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ( ᠬᠤᠶᠠᠷ︶
ᠨᠡᠶᠢᠲᠡᠯᠡᠭᠰᠡᠨ ᠴᠠᠭ᠄
2020/5/14
      ︵ᠲᠠᠪᠤ︶ ᠶᠠᠰᠤ ᠴᠢᠨᠠᠷ ᠪᠠ ᠦᠷ᠎ᠡ ᠠᠰᠢᠭ ᠢ ᠳᠣᠪᠤᠶᠢᠯᠭᠠᠵᠤ᠂ ᠬᠡᠯᠪᠡᠷᠢ ᠶᠢᠨ ᠬᠤᠪᠢᠷᠠᠭᠠᠯᠲᠠ ᠶᠢ ᠲᠦᠷᠭᠡᠳᠬᠡᠨ᠂ ᠠᠵᠤ ᠦᠢᠯᠡᠰ ᠤᠨ ᠪᠣᠳᠠᠲᠤ ᠬᠦᠴᠦᠨ ᠲᠣᠭᠲᠠᠭᠤᠨ ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠮᠤ ᠪᠤᠳᠠᠭᠠᠨ ᠤ ᠲᠠᠷᠢᠮᠠᠯ᠂ ᠠᠵᠤ ᠠᠬᠤᠢ ᠶᠢᠨ ᠲᠠᠷᠢᠮᠠᠯ ᠵᠢᠴᠢ ᠲᠡᠵᠢᠭᠡᠯ ᠪᠣᠷᠳᠤᠭᠠᠨ ᠤ ᠬᠤᠪᠢ ᠶᠢᠨ ᠵᠢᠩ 66:24:10 ᠪᠣᠯᠵᠤ᠂ ᠠᠮᠤ ᠪᠤᠳᠠᠭᠠᠨ ᠤ ᠶᠡᠷᠦᠩᠬᠡᠢ ᠤᠨᠠᠯᠲᠠ 3 ᠵᠢᠯ ᠳᠠᠷᠠᠭᠠᠯᠠᠨ 10 ᠳ᠋ᠦᠩᠰᠢᠭᠤᠷ ᠵᠢᠩ ᠢ ᠳᠠᠪᠠᠨ᠂ ︽ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠠᠮᠤᠷ ᠲᠥᠪᠰᠢᠨ ᠬᠤᠰᠢᠭᠤ︾ ᠪᠠᠷ ᠦᠨᠡᠯᠡᠭᠳᠡᠪᠡ᠃ ᠱᠦᠭᠦᠷ ᠡᠪᠡᠰᠦᠨ ᠤ ᠦᠢᠯᠡᠳᠪᠦᠷᠢᠯᠡᠯ ᠤᠨ ᠲᠠᠰᠤᠭ 85 ᠳᠤ ᠬᠦᠷᠴᠦ᠂ ᠠᠯᠠᠰᠢᠨ ᠡᠯᠵᠢᠭᠡ ᠪᠠ ᠠᠯᠠᠰᠢᠨ ᠦᠬᠡᠷ ᠲᠡᠵᠢᠭᠡᠬᠦ ᠬᠡᠪᠴᠢᠶ᠎ᠡ ᠨᠢ ᠲᠤᠰ ᠲᠤᠰ 18.2 ᠲᠦᠮᠡ ᠪᠠ 15.7 ᠲᠦᠮᠡ ᠬᠦᠷᠪᠡ᠃ ᠾᠦᠢ ᠳ᠋ᠧ ᠴᠢᠨᠠᠬᠤ ᠡᠮ᠂ ᠬᠤᠩᠭᠤᠷ ᠲᠠᠷᠢᠶᠠᠯᠠᠩ ᠤᠨ ᠠᠵᠤ ᠦᠢᠯᠡᠰ ᠤᠨ ᠲᠣᠭᠤᠷᠢᠭ᠂ ᠳ᠋ᠠ ᠹᠧᠩ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠵᠡᠷᠭᠡ ᠲᠥᠷᠥᠯ ᠵᠦᠢᠯ ᠤᠳ ᠢ ᠠᠬᠢᠭᠤᠯᠵᠤ᠂ ᠭᠤᠸᠠᠩ ᠾᠦᠢ ᠠᠯᠠᠰᠢᠨ ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠵᠢᠩᠬᠢᠨᠢ ᠪᠠᠷ ᠠᠰᠢᠭᠯᠠᠯᠲᠠ ᠳᠤ ᠣᠷᠤᠭᠤᠯᠤᠨ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ 1954 ᠳᠤ ᠬᠦᠷᠴᠦ᠂ 83.8 ᠲᠦᠮᠡᠨ ᠮᠤ᠋ ᠭᠠᠵᠠᠷ ᠰᠢᠷᠤᠢ ᠶᠢ ᠰᠢᠯᠵᠢᠭᠦᠯᠪᠡ᠃ ᠠᠵᠤ ᠦᠢᠯᠡᠳᠪᠦᠷᠢ ᠶᠢᠨ ᠠᠵᠤ ᠠᠬᠤᠢ ᠶᠢ ᠦᠷᠭᠦᠯᠵᠢᠯᠡᠨ ᠪᠣᠵᠠᠭᠠᠶᠢᠷᠠᠭᠤᠯᠵᠤ᠂ ᠤᠰᠤᠳᠦ᠋ᠷᠦᠭᠴᠢ ᠹᠯᠤᠷ ᠬᠦᠴᠢᠯ ᠤᠨ ᠲᠥᠷᠥᠯ ᠵᠦᠢᠯ ᠢ ᠠᠮᠵᠢᠯᠲᠠ ᠲᠠᠢ ᠳᠠᠬᠢᠨ ᠪᠦᠯᠦᠭᠯᠡᠭᠦᠯᠵᠦ᠂ ᠯᠢᠶᠤᠤ ᠰᠢ ᠠᠭᠤᠷᠬᠠᠢ ᠶᠢᠨ ᠦᠢᠯᠡᠰ ᠤᠨ ᠳᠠᠬᠢᠨ ᠪᠦᠯᠦᠭᠯᠡᠯ ᠪᠠ ᠱᠠᠨ ᠶᠢᠨ ᠬᠤᠩ ᠯᠢᠩ ᠤᠨ ᠡᠷᠬᠢᠨ ᠲᠣᠭᠤᠷᠢᠨ ᠤ ᠠᠭᠤᠷᠬᠠᠢ ᠶᠢᠨ ᠡᠷᠬᠡ ᠶᠢᠨ ᠨᠢᠭᠡᠲᠦᠯ ᠪᠣᠳᠠᠳᠤ ᠴᠢᠨᠠᠷᠲᠠᠢ ᠠᠬᠢᠵᠤ᠂ ᠶᠢᠨ ᠹᠠᠨ ᠬᠤᠷᠭᠤᠯᠵᠢᠨ ᠬᠦᠴᠢᠯ ᠤᠨ ᠴᠠᠬᠢᠯᠭᠠᠨ ᠬᠤᠷᠢᠶᠠᠭᠤᠷ ᠤᠨ ᠰᠠᠭᠤᠷᠢᠨ ᠭᠠᠵᠠᠷ᠂ ᠸᠠᠨ ᠰᠢᠩ ᠤᠨ ᠵᠢᠯ ᠳᠤ 10 ᠲᠦᠮᠡᠨ ᠲᠤᠨ ᠬᠠᠶᠠᠭᠳᠠᠮᠠᠯ ᠬᠠᠭᠤᠴᠢᠨ ᠴᠠᠬᠢᠯᠭᠠᠨ ᠬᠤᠷᠢᠶᠠᠭᠤᠷ ᠢ ᠶᠡᠷᠦᠩᠬᠡᠶᠢᠯᠡᠨ ᠠᠰᠢᠭᠯᠠᠬᠤ ᠵᠢᠴᠢ ᠺᠠᠢ ᠶᠤᠸᠠᠨ ᠠᠭᠤᠷᠬᠠᠢ ᠶᠢᠨ ᠦᠢᠯᠡᠰ ᠤᠨ ᠡᠳᠦᠷ ᠪᠦᠷᠢ 1000 ᠲᠤᠨ ᠮᠦᠩᠭᠦ ᠲᠤᠭᠤᠯᠭ᠎ᠠ ᠶᠢᠨ ᠬᠦᠳᠡᠷ ᠰᠢᠯᠢᠬᠦ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠲᠦᠬᠦᠭᠡᠷᠦᠮᠵᠢ ᠶᠢ ᠲᠣᠭᠲᠠᠭᠤᠨ ᠠᠬᠢᠭᠤᠯᠵᠤ᠂ ᠪᠠᠷᠢᠮᠵᠢᠶᠠᠵᠢᠭᠰᠠᠨ ᠦᠢᠯᠡᠳᠪᠦᠷᠢ ᠶᠢᠨ ᠲᠠᠰᠤᠭ ᠤᠨ ᠠᠩᠬᠠᠳᠠᠭᠴᠢ ᠬᠤᠭᠤᠴᠠᠭᠠᠨ ᠤ ᠢᠨᠵᠧᠨᠧᠷᠢᠩ ᠲᠡᠭᠦᠰᠬᠡᠯ ᠤᠨ ᠱᠠᠲᠤᠨ ᠳᠠᠭᠠᠨ ᠣᠷᠤᠵᠤ᠂ ᠪᠣᠯᠪᠠᠰᠤᠷᠠᠭᠤᠯᠬᠤ ᠠᠵᠤ ᠦᠢᠯᠡᠰ᠂ ᠥᠩᠭᠡᠲᠦ ᠲᠡᠮᠦᠷᠯᠢᠭ ᠵᠢᠴᠢ ᠲᠡᠮᠦᠷᠯᠢᠭ ᠪᠣᠰᠤ ᠠᠵᠤ ᠦᠢᠯᠡᠰ ᠢ ᠵᠡᠷᠭᠡᠪᠡᠷ ᠠᠬᠢᠭᠤᠯᠪᠠ᠃ ᠭᠤᠷᠪᠠᠳᠤᠭᠠᠷ ᠠᠵᠤ ᠦᠢᠯᠡᠰ ᠲᠦᠷᠭᠡᠨ ᠬᠦᠭᠵᠢᠵᠦ᠂ ᠯᠢᠶᠤᠤ ᠶᠢᠨ ᠳᠡᠭᠡᠳᠦ ᠨᠡᠶᠢᠰᠯᠡᠯ ᠤᠨ ᠮᠦᠽᠸᠢ ᠶᠢᠨ ᠰᠢᠨ᠎ᠡ ᠣᠷᠳᠣᠨ ᠢ ᠪᠠᠶᠢᠭᠤᠯᠤᠨ ᠡᠷᠦᠬᠡ ᠰᠡᠬᠦᠵᠦ᠂ ᠳᠣᠯᠣᠭᠠᠨ ᠲᠣᠭᠤᠭ᠎ᠠ ᠠᠭᠤᠯᠠ ᠶᠢᠨ ᠦᠵᠡᠮᠵᠢ ᠶᠢᠨ ᠣᠷᠣᠨ ᠢ ᠦᠨᠳᠦᠰᠦᠨ ᠳᠡᠭᠡᠨ ᠪᠠᠶᠢᠭᠤᠯᠤᠨ᠂ ᠽᠤᠩᠺᠠᠸ᠎ᠠ ᠰᠦᠮ᠎ᠡ ᠶᠢᠨ ᠠᠩᠬᠠᠳᠠᠭᠴᠢ ᠬᠤᠭᠤᠴᠠᠭᠠᠨ ᠤ ᠪᠠᠷᠢᠯᠭ᠎ᠠ ᠳᠠᠭᠤᠰᠤᠨ᠂ ︽ᠭᠢᠳᠠᠨ ᠸᠠᠩᠲᠤ ᠲᠥᠷᠥ︾ 230 ᠭᠠᠷᠤᠢ ᠲᠠᠯᠠᠪᠠᠢ ︵ᠤᠳᠠᠭ᠎ᠠ︶ ᠲᠣᠭᠯᠠᠯᠲᠠ ᠭᠠᠷᠭᠠᠵᠤ᠂ ᠪᠦᠬᠦ ᠵᠢᠯ ᠳᠤ ᠨᠡᠶᠢᠲᠡ ᠬᠤᠲᠠ ᠶᠢᠨ ᠳᠡᠰ ᠠᠴᠠ ᠳᠡᠭᠡᠭᠰᠢᠬᠢ ᠰᠤᠶᠤᠯ ᠤᠨ ᠠᠵᠢᠯᠯᠠᠭᠠᠨ 14 ᠤᠳᠠᠭ᠎ᠠ ᠡᠷᠬᠢᠯᠡᠨ᠂ ᠵᠢᠭᠤᠯᠴᠢᠯᠠᠭᠰᠠᠳ ᠢ ᠬᠦᠯᠢᠶᠡᠵᠦ ᠠᠪᠤᠭᠰᠠᠨ ᠲᠤᠭ᠎ᠠ ᠪᠠ ᠵᠢᠭᠤᠯᠴᠢᠯᠠᠯ ᠤᠨ ᠶᠡᠷᠦᠩᠬᠡᠢ ᠣᠷᠣᠯᠭ᠎ᠠ ᠨᠢ ᠲᠤᠰ ᠲᠤᠰ 25% ᠪᠠ 23% ᠨᠡᠮᠡᠭᠳᠡᠪᠡ᠃ ᠪᠣᠳᠠᠰ ᠤᠨ ᠭᠦᠢᠯᠭᠡᠭᠡᠨ ᠤ ᠲᠣᠭᠤᠷᠢᠭ ᠤᠨ ᠴᠧᠨ ᠰᠢᠦᠢ ᠴᠠᠬᠢᠯᠭᠠᠨ ᠬᠦᠴᠦᠨ ᠤ ᠬᠦᠴᠦᠳᠡᠯ ᠥᠭᠡᠷᠡᠴᠢᠯᠡᠭᠴᠢ ᠤᠭᠰᠠᠷᠠᠬᠤ ᠵᠢᠴᠢ ᠡᠳ᠋ ᠪᠠᠷᠠᠭ᠎ᠠ ᠬᠦᠷᠭᠡᠬᠦ᠂ ᠮᠠᠰᠢᠨ ᠲᠡᠷᠭᠡ ᠠᠷᠠᠴᠢᠯᠠᠬᠤ ᠵᠡᠷᠭᠡ ᠲᠥᠷᠥᠯ ᠵᠦᠢᠯ ᠢ ᠳᠠᠭᠤᠰᠬᠠᠵᠤ᠂ 120 ᠬᠤᠳᠠᠯᠳᠤᠭᠠᠴᠢᠨ ᠡᠷᠦᠬᠡ ᠰᠠᠭᠤᠷᠢᠰᠢᠪᠠ᠃ ︽ᠭᠢᠳᠠᠨ ᠰᠢᠮᠡᠲᠦ ᠪᠦᠲᠦᠭᠡᠭᠳᠡᠬᠦᠨ︾ ᠲᠡᠮᠳᠡᠭᠲᠦ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠳᠡᠭ ᠢ ᠡᠭᠦᠳᠦᠨ᠂ ᠲᠤᠰᠬᠤᠨ ᠤ ᠳᠡᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠥᠷᠲᠡᠭᠡ 141 ᠪᠣᠯᠵᠤ᠂  ᠪᠣᠷᠤᠯᠠᠭᠤᠯᠭ᠎ᠠ ᠶᠢᠨ ᠣᠷᠤᠯᠭ᠎ᠠ ᠨᠢ 1 ᠳ᠋ᠦᠩᠰᠢᠭᠤᠷ ᠲᠦᠭᠦᠷᠢᠭ ᠢ ᠳᠠᠪᠠᠪᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠤᠭ᠎ᠠ  ᠨᠢ ᠲᠤᠰ ᠲᠤᠰ 110.7 ᠳ᠋ᠦᠩᠰᠢᠭᠤᠷ ᠪᠠ 95.3 ᠳ᠋ᠦᠩᠰᠢᠭᠤᠷ ᠲᠦᠭᠦᠷᠢᠭ ᠲᠤ ᠬᠦᠷᠴᠦ᠂ 11.2% ᠪᠠ 8.95%  ᠨᠡᠮᠡᠭᠳᠡᠨ᠂ ᠬᠥᠳᠡᠭᠡ ᠲᠤᠰᠬᠤᠨ ᠤ ᠢᠲᠡᠭᠡᠮᠵᠢ ᠶᠢᠨ ᠬᠤᠯᠪᠤᠭᠠᠲᠤ ᠬᠤᠷᠰᠢᠶ᠎ᠠ ᠨᠢ ᠪᠦᠬᠦ ᠣᠷᠣᠨ ᠤ ᠬᠥᠳᠡᠭᠡ ᠲᠤᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶᠠᠨ ᠤ ᠬᠠᠤᠯᠢ ᠶᠢᠨ ᠡᠷᠬᠡᠲᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠬᠢᠨᠠᠯᠲᠠ ᠶᠢᠨ  ᠲᠡᠷᠢᠭᠦᠨ ᠨᠡᠷ᠎ᠡ ᠳᠤ ᠲᠣᠳᠤᠷᠠᠪᠠ᠃       ︵ᠵᠢᠷᠭᠤᠭ᠎ᠠ︶ ᠬᠤᠲᠠ ᠬᠥᠳᠡᠭᠡ ᠶᠢ ᠨᠢᠭᠡᠲᠦᠯᠲᠡᠢ ᠬᠦᠭᠵᠢᠭᠦᠯᠵᠦ᠂ ᠣᠷᠣᠨ ᠰᠠᠭᠤᠴᠠ ᠶᠢᠨ ᠣᠷᠴᠢᠨ ᠲᠣᠭᠤᠷᠢᠨ ᠨᠡᠩ ᠭᠤᠸᠠᠯᠢᠭᠵᠢᠪᠠ᠃ ᠯᠢᠶᠤᠤ ᠶᠢᠨ ᠳᠡᠭᠡᠳᠦ ᠨᠡᠶᠢᠰᠯᠡᠯ ᠤᠨ ᠦᠯᠡᠳᠡᠭᠳᠡᠯ ᠪᠠᠭᠤᠷᠢ ᠶᠢᠨ ᠪᠦᠰᠡᠯᠢᠭ ᠬᠡᠯᠪᠡᠷᠢᠲᠦ ᠴᠡᠴᠡᠷᠯᠢᠭ ᠢ ᠡᠬᠢᠯᠡᠨ ᠪᠠᠶᠢᠭᠤᠯᠵᠤ᠂ ᠰᠢᠨ᠎ᠡ ᠪᠸᠢ ᠱᠠᠨ ᠴᠡᠴᠡᠷᠯᠢᠭ ᠪᠠ ᠹᠦ᠋ ᠱᠠᠨ ᠴᠡᠴᠡᠷᠯᠢᠭ ᠤᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠳᠠᠭᠤᠰᠤᠨ ᠪᠦᠬᠦ ᠲᠠᠯ᠎ᠠ ᠪᠠᠷ ᠨᠡᠭᠡᠭᠡᠵᠦ᠂ ᠬᠠᠭᠠᠨ ᠬᠤᠲᠠ ᠵᠠᠮ ᠤᠨ ᠬᠤᠶᠢᠲᠤ ᠬᠡᠰᠡᠭ ᠪᠠ ᠪᠧᠢ ᠰᠢᠨ ᠵᠡᠭᠡᠯᠢ ᠶᠢᠨ ᠪᠠᠷᠠᠭᠤᠨ ᠬᠡᠰᠡᠭ ᠤᠨ ᠵᠠᠮ ᠢ ᠳᠡᠪᠢᠰᠦᠨ᠂ ᠴᠢᠩ ᠶᠤᠸᠠᠨ ᠪᠣᠬᠢᠷᠳᠤᠯ ᠤᠰᠤ ᠶᠢ ᠰᠢᠢᠳᠪᠦᠷᠢᠯᠡᠬᠦ ᠭᠠᠵᠠᠷ ᠤᠨ ᠳᠤᠮᠳᠠᠬᠢ ᠤᠰᠤᠨ ᠤ ᠦᠢᠯᠡᠳᠪᠦᠷᠢ ᠶᠢ ᠦᠷᠭᠡᠳᠬᠡᠨ ᠪᠠᠶᠢᠭᠤᠯᠬᠤ᠂ ᠰᠢᠷᠭ᠎ᠠ ᠶᠢᠨ ᠭᠤᠣᠯ ᠠᠴᠠ ᠨᠠᠨ ᠲᠠ ᠬᠦᠷᠬᠦ ᠠᠵᠤ ᠦᠢᠯᠡᠳᠪᠦᠷᠢ ᠲᠦᠪᠯᠡᠷᠡᠭᠰᠡᠨ ᠲᠣᠭᠤᠷᠢᠭ ᠤᠨ ᠳᠤᠮᠳᠠᠬᠢ ᠤᠰᠤ ᠶᠢ ᠳᠠᠬᠢᠨ ᠠᠰᠢᠭᠯᠠᠬᠤ ᠢᠨᠵᠧᠨᠧᠷᠢᠩ ᠢ ᠠᠰᠢᠭᠯᠠᠯᠲᠠ ᠳᠤ ᠣᠷᠤᠭᠤᠯᠪᠠ᠃ ᠬᠠᠭᠤᠴᠢᠨ ᠬᠤᠲᠠ ᠲᠣᠭᠤᠷᠢᠭ ᠤᠨ ᠤᠰᠤ ᠬᠠᠩᠭᠠᠬᠤ ᠬᠤᠭᠤᠯᠠᠢ 37.2 ᠺᠢᠯᠦᠮᠧᠲᠷ ᠪᠠ ᠳᠤᠯᠠᠭᠠᠯᠠᠭ᠎ᠠ ᠬᠠᠩᠭᠠᠬᠤ ᠬᠤᠭᠤᠯᠠᠢ 16.5 ᠺᠢᠯᠦᠮᠧᠲᠷ  ᠰᠢᠨᠡᠳᠬᠡᠨ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ 1200 ᠮᠧᠲᠷ ᠳᠡᠪᠢᠰᠴᠦ᠂ 19 ᠬᠠᠭᠤᠴᠢᠨ ᠰᠠᠭᠤᠭᠠᠯᠢ ᠬᠤᠷᠢᠶᠠᠯᠠᠯ ᠤᠨ ᠰᠠᠭᠤᠷᠢ ᠲᠦᠬᠦᠭᠡᠷᠦᠮᠵᠢ ᠶᠢ ᠰᠢᠨᠡᠳᠬᠡᠵᠦ᠂ ᠬᠤᠳᠠᠯᠳᠤᠭ᠎ᠠ ᠪᠠ ᠣᠷᠣᠨ ᠰᠠᠭᠤᠴᠠ 18.4 ᠲᠦᠮᠡᠨ ᠲᠡᠭᠰᠢ ᠳᠥᠷᠪᠡᠯᠵᠢᠨ ᠮᠧᠲᠷ ᠨᠡᠭᠡᠭᠡᠪᠡ᠃ ᠰᠢᠨ᠎ᠡ ᠬᠤᠲᠠ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠨᠢ  ᠵᠠᠬᠠᠴᠢᠯᠠᠯᠲᠠ ᠶᠢ ᠪᠡᠶᠡᠯᠡᠭᠦᠯᠵᠦ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠪᠠ ᠲᠦᠷ ᠴᠠᠭ ᠤᠨ ᠢᠳᠡᠰᠢᠨ ᠨᠣᠭᠤᠭ᠎ᠠ ᠬᠤᠳᠠᠯᠳᠤᠬᠤ ᠴᠡᠭ 4 ᠨᠡᠮᠡᠵᠦ᠂ ᠬᠠᠤᠯᠢ ᠶᠢ ᠵᠦᠷᠢᠴᠡᠭᠰᠡᠨ ᠪᠠᠷᠢᠯᠭ᠎ᠠ 1540 ᠲᠡᠭᠰᠢ ᠳᠥᠷᠪᠡᠯᠵᠢᠨ ᠮᠧᠲᠷ ᠨᠤᠷᠠᠭᠠᠪᠠ᠃ ᠬᠥᠳᠡᠭᠡ ᠲᠤᠰᠬᠤᠨ ᠮᠠᠯᠵᠢᠬᠤ ᠣᠷᠣᠨ ᠤ ᠵᠠᠰᠠᠮᠠᠯ ᠵᠠᠮ 889.5 ᠺᠢᠯᠦᠮᠧᠲᠷ ᠪᠠ ᠬᠦᠭᠦᠷᠭᠡ 4 ᠶᠢ ᠰᠢᠨ᠎ᠡ ᠪᠠᠷ ᠳᠡᠪᠢᠰᠦᠭᠰᠡᠨ ᠪᠠ ᠵᠠᠰᠠᠵᠤ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠢ ᠬᠥᠳᠡᠭᠡ ᠲᠤᠰᠬᠤᠨ ᠤ ᠵᠠᠮ︾ ᠤᠨ ᠵᠢᠱᠢᠶᠡᠴᠢ ᠬᠤᠰᠢᠭᠤ ᠪᠠᠷ ᠦᠨᠡᠯᠡᠭᠳᠡᠪᠡ᠃ ︽ᠵᠣᠷᠯᠣᠩ ᠤᠨ ᠥᠭᠡᠷᠡᠴᠢᠯᠡᠯᠲᠡ︾ ᠶᠢ ᠲᠦᠷᠭᠡᠳᠬᠡᠵᠦ᠂ ᠮᠠᠯ ᠵᠢᠭᠦᠷᠲᠡᠨ ᠤ ᠪᠠᠭᠠᠰᠤ ᠶᠢ ᠪᠦᠲᠦᠮᠵᠢᠲᠡᠢ ᠠᠰᠢᠭᠯᠠᠨ᠂ ᠭᠠᠴᠠᠭ᠎ᠠ ᠲᠤᠰᠬᠤᠨ ᠢ ᠴᠡᠪᠡᠷ ᠳᠣᠬᠢᠲᠠᠢ ᠪᠣᠯᠭᠠᠬᠤ ᠵᠠᠭᠤᠨ ᠡᠳᠦᠷ ᠤᠨ ᠠᠵᠢᠯᠯᠠᠭᠠᠨ ᠦᠷᠨᠢᠭᠦᠯᠵᠦ᠂ ᠬᠥᠳᠡᠭᠡ ᠲᠤᠰᠬᠤᠨ ᠮᠠᠯᠵᠢᠬᠤ ᠣᠷᠣᠨ ᠤ ᠳᠥᠷᠰᠦ ᠪᠠᠶᠢᠳᠠᠯ ᠢᠯᠡᠳᠲᠡ ᠰᠠᠶᠢᠵᠢᠷᠠᠪᠠ᠃       ︵ᠳᠣᠯᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠦᠨ᠂ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠪᠡ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠮᠵᠢᠯᠲᠠ ᠲᠠᠢ ᠪᠡᠶᠡᠯᠡᠭᠦᠯᠵᠦ᠂ ᠡᠷᠬᠡ ᠲᠤᠰᠢᠶᠠᠯ ᠤᠨ ᠲᠣᠭᠲᠠᠴᠠ ᠨᠡᠩ ᠰᠢᠯᠢᠳᠡᠭᠵᠢᠨ ᠦᠨᠳᠦᠷ ᠦᠷ᠎ᠡ ᠠᠰᠢᠭ ᠣᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 14 ᠵᠦᠢᠯ ᠤᠨ ᠵᠠᠭᠤᠴᠢ ᠦᠢᠯᠡᠴᠢᠯᠡᠭᠡ ᠶᠢ ᠦᠭᠡᠶᠢᠰᠬᠡᠨ᠂ ︽e ᠵᠠᠰᠠᠭ ᠤᠨ ᠶᠠᠪᠤᠳᠠᠯ︾ ᠤᠨ ᠲᠠᠪᠴᠠᠩ ᠢ ᠨᠡᠭᠡᠭᠡᠵᠦ᠂ ᠬᠢᠨᠠᠨ ᠵᠦᠪᠰᠢᠶᠡᠷᠡᠯᠲᠡ ᠳᠤ ᠬᠡᠷᠡᠭᠰᠡᠬᠦ ᠴᠠᠭ ᠢ ᠶᠡᠬᠡᠪᠡᠷ ᠪᠣᠭᠤᠨᠢᠰᠬᠠᠪᠠ᠃ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ 2990 ᠡᠷᠦᠬᠡ ᠰᠢᠨ᠎ᠡ ᠪᠠᠷ ᠨᠡᠮᠡᠨ᠂ ᠵᠠᠷᠢᠮ ᠲᠥᠷᠥᠯ ᠵᠦᠢᠯ ᠤᠨ ᠭᠡᠷᠡᠴᠢ ᠦᠨᠡᠮᠯᠡᠯ ᠢ ᠪᠠᠷᠢᠨ ᠳᠣᠣᠷ᠎ᠠ  ᠨᠢ ᠣᠯᠭᠤᠬᠤ ᠶᠢ ᠪᠡᠶᠡᠯᠡᠭᠦᠯᠪᠡ᠃ ᠭᠠᠶᠢᠯᠢ ᠶᠢ ᠬᠠᠰᠤᠵᠤ ᠰᠦᠢᠳᠬᠡᠯ ᠢ ᠪᠠᠭᠠᠰᠬᠠᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠨᠡᠶᠢᠲᠡ 1.3 ᠳ᠋ᠦᠩᠰᠢᠭᠤᠷ ᠲᠦᠭᠦᠷᠢᠭ ᠤᠨ ᠭᠠᠶᠢᠯᠢ ᠶᠢ ᠬᠠᠰᠤᠵᠤ ᠰᠦᠢᠳᠬᠡᠯ ᠢ ᠪᠠᠭᠠᠰᠬᠠᠪᠠ᠃ ᠬᠥᠳᠡᠭᠡ ᠲᠤᠰᠬᠤᠨ ᠮᠠᠯᠵᠢᠬᠤ ᠣᠷᠣᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠤᠯᠤᠰ ᠤᠨ ᠳᠡᠰ ᠤᠨ ᠲᠤᠷᠰᠢᠯᠲᠠ ᠶᠢᠨ ᠴᠡᠭ ᠤᠨ ᠠᠵᠢᠯ ᠢ ᠯᠠᠪᠳᠠᠭᠤᠨ ᠠᠬᠢᠭᠤᠯᠵᠤ᠂ ᠲᠦᠬᠦᠭᠡᠷᠦᠮᠵᠢᠲᠦ ᠲᠠᠷᠢᠶᠠᠯᠠᠩ ᠮᠠᠯ ᠠᠵᠤ ᠠᠬᠤᠢ ᠶᠢᠨ ᠦᠮᠴᠢᠯᠡᠯ ᠤᠨ ᠡᠷᠬᠡ ᠶᠢᠨ ᠵᠢᠭᠡᠯᠡᠯᠭᠡ 5540 ᠲᠦᠮᠡᠨ ᠲᠦᠭᠦᠷᠢᠭ ᠬᠤᠷᠠᠮᠳᠤᠭᠤᠯᠪᠠ᠃ ᠣᠨᠴᠠ ᠬᠦᠴᠢᠷᠲᠡᠢ ᠬᠦᠮᠦᠰ ᠢ ᠠᠰᠠᠷᠠᠨ ᠲᠡᠵᠢᠭᠡᠬᠦ ᠬᠢᠨᠠᠨ ᠲᠣᠭᠲᠠᠭᠠᠯᠲᠠ ᠪᠠ ᠬᠠᠮᠢᠶᠠᠷᠤᠯᠲᠠ ᠶᠢᠨ ᠪᠠᠷᠢᠮᠵᠢᠶ᠎ᠠ ᠨᠢ ᠪᠦᠬᠦ ᠤᠯᠤᠰ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠯᠴᠠᠭᠠᠨ ᠤ ᠭᠡᠷᠡᠴᠢᠯᠡᠯ ᠢ ᠬᠠᠮᠤᠭ ᠠᠩᠬ᠎ᠠ  ᠥᠩᠭᠡᠷᠡᠭᠡᠵᠦ᠂ ︽ᠪᠠᠷᠢᠮᠵᠢᠶ᠎ᠠ + ᠭᠡᠷ᠎ᠡ︾  ᠶᠢᠨ ᠥᠭᠡᠷᠡᠴᠢᠯᠡᠯᠲᠡ ᠨᠢ ᠪᠦᠬᠦ ᠤᠯᠤᠰ ᠤᠨ ᠨᠡᠶᠢᠭᠡᠮ ᠤᠨ ᠠᠪᠤᠷᠠᠨ  ᠲᠤᠰᠠᠯᠠᠬᠤ ᠬᠦᠷᠢᠶ᠎ᠡ ᠴᠠᠷᠠᠭᠠᠨ ᠤ ᠠᠷᠪᠠᠨ ᠰᠣᠳᠣᠨ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ ᠦᠨᠡᠯᠡᠭᠳᠡᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠳᠣᠣᠷ᠎ᠠ ᠪᠠᠲᠤᠯᠠᠭ᠎ᠠ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠠᠷ ᠲᠣᠳᠤᠯᠠᠭᠳᠠᠪᠠ ᠃ ︽ᠬᠠᠶᠢᠷ᠎ᠠ ᠶᠢᠨ ᠬᠡᠯᠬᠢᠶ᠎ᠡ ᠨᠤᠲᠤᠭ ᠤᠰᠤᠨ᠂ ᠬᠦᠰᠡᠯ ᠲᠡᠷᠭᠡᠯᠰᠢᠬᠦ ᠳᠡᠭᠡᠳᠦ ᠨᠡᠶᠢᠰᠯᠡᠯ︾ ᠭᠤᠣᠯ ᠰᠡᠳᠦᠪᠲᠦ ᠠᠷᠠᠯᠵᠢᠶᠠᠴᠢᠨ ᠤᠷᠢᠵᠤ ᠲᠠᠨᠢᠯᠴᠠᠭᠤᠯᠬᠤ ᠠᠵᠢᠯᠯᠠᠭᠠᠨ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠤ᠂ 19 ᠭᠤᠣᠯᠳᠠᠯᠭ᠎ᠠ ᠲᠠᠢ ᠲᠥᠷᠥᠯ ᠵᠦᠢᠯ ᠢ ᠨᠠᠶᠢᠳᠠᠪᠦᠷᠢᠵᠢᠭᠤᠯᠤᠨ᠂ 65.5 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠬᠤ ᠬᠡᠯᠡᠯᠴᠡᠭᠡᠷ ᠲᠣᠭᠲᠠᠨ᠂ ᠪᠦᠬᠦ ᠬᠤᠲᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ︽ᠡᠪᠦᠯ ᠤᠨ ᠤᠯᠠᠷᠢᠯ ᠤᠨ ᠠᠵᠢᠯᠯᠠᠭ᠎ᠠ︾ ᠶᠢᠨ ᠠᠵᠢᠯ ᠤᠨ ᠲᠡᠷᠢᠭᠦᠨ ᠤ ᠭᠠᠵᠠᠷ ᠣᠷᠣᠨ ᠢᠶᠠᠷ ᠦᠨᠡᠯᠡᠭᠳᠡᠪᠡ᠃ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠡᠷᠳᠡᠮ ᠰᠢᠨᠵᠢᠯᠡᠭᠡᠨ ᠤ ᠲᠥᠷᠥᠯ ᠵᠦᠢᠯ ᠳᠤ 1.2 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠲᠤᠰᠬᠠᠢ ᠠᠰᠢᠭ ᠤᠨ ᠡᠷᠬᠡ 106 ᠶᠢ ᠭᠤᠶᠤᠴᠢᠯᠠᠵᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠮᠵᠢ ᠶᠢ ᠬᠤᠪᠢᠷᠠᠭᠠᠨ ᠠᠰᠢᠭᠯᠠᠭᠰᠠᠨ ᠲᠥᠷᠥᠯ ᠵᠦᠢᠯ 6 ᠶᠢ ᠨᠠᠶᠢᠳᠠᠪᠦᠷᠢᠵᠢᠭᠤᠯᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号