2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ( ᠭᠤᠷᠪᠠ︶
ᠨᠡᠶᠢᠲᠡᠯᠡᠭᠰᠡᠨ ᠴᠠᠭ᠄
2020/5/14
     ︵ᠨᠠᠢᠮᠠ︶ ᠠᠷᠠᠳ ᠤᠨ ᠠᠮᠢᠳᠤᠷᠠᠯ ᠤᠨ ᠲᠣᠭᠤᠷᠢᠨ ᠳᠤ᠂ ᠳᠤᠲᠠᠭᠤᠳᠠᠯ ᠢᠶᠠᠨ ᠰᠠᠶᠢᠲᠤᠷ ᠨᠦᠬᠦᠵᠦ᠂ ᠨᠡᠶᠢᠭᠡᠮ ᠤᠨ ᠠᠵᠢᠯ ᠦᠢᠯᠡᠰ ᠲᠥᠷᠭᠡᠨ ᠬᠦᠭᠵᠢᠪᠡ᠃ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 28.6 ᠳ᠋ᠦᠩᠰᠢᠭᠤᠷ ᠲᠦᠭᠦᠷᠢᠭ ᠬᠦᠷᠴᠦ᠂ ᠡᠩ ᠤᠨ ᠲᠥᠰᠥᠪ ᠤᠨ ᠵᠠᠷᠤᠯᠭ᠎ᠠ ᠶᠢᠨ 77% ᠶᠢ ᠡᠵᠡᠯᠡᠪᠡ᠃ ᠬᠤᠲᠠ ᠪᠠᠯᠭᠠᠰᠤ ᠶᠢᠨ ᠠᠵᠢᠯ ᠣᠯᠤᠭᠰᠠᠳ 1500 ᠬᠦᠮᠦᠨ ᠰᠢᠨ᠎ᠡ ᠪᠠᠷ ᠨᠡᠮᠡᠭᠳᠡᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ 1481 ᠭᠠᠷᠭᠠᠵᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠦᠢᠯᠡᠳᠪᠦᠷᠢᠯᠡᠯ ᠤᠨ ᠲᠠᠰᠤᠭ 52 ᠢ ᠪᠠᠶᠢᠭᠤᠯᠤᠨ᠂ 1190 ᠬᠦᠮᠦᠨ ᠳᠤ ᠠᠵᠢᠯ ᠳᠣᠬᠢᠷᠠᠭᠤᠯᠪᠠ᠃ ᠭᠤᠷᠪᠠᠨ ᠬᠠᠪᠴᠢᠯ ᠳᠤᠮᠳᠠᠳᠤ ᠰᠤᠷᠭᠠᠭᠤᠯᠢ᠂ ᠯᠢᠨᠳᠦ᠋ᠩ ᠤᠨ ᠣᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ᠂ ᠭᠤᠷᠪᠠᠨ ᠬᠠᠪᠴᠢᠯ ᠪᠠᠭ᠎ᠠ ᠰᠤᠷᠭᠠᠭᠤᠯᠢ ᠵᠢᠴᠢ ᠬᠠᠷᠠᠬᠠᠳᠠ ᠪᠠᠶᠢᠷᠢᠯᠠᠬᠤ ᠳᠦᠷᠢᠮᠲᠦ ᠰᠤᠷᠭᠠᠭᠤᠯᠢ ᠵᠡᠷᠭᠡ 4 ᠲᠥᠷᠥᠯ ᠵᠦᠢᠯ ᠢ ᠪᠠᠶᠢᠭᠤᠯᠵᠤ᠂ ᠯᠢᠨᠳᠦ᠋ᠩ ᠤᠨ ᠨᠠᠢᠮᠠᠳᠤᠭᠠᠷ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠬᠡᠥᠬᠡᠳ ᠤᠨ ᠴᠡᠴᠡᠷᠯᠢᠭ᠂ ᠭᠤᠷᠪᠠᠨ ᠬᠠᠪᠴᠢᠯ ᠬᠡᠥᠬᠡᠳ ᠤᠨ ᠴᠡᠴᠡᠷᠯᠢᠭ ᠵᠡᠷᠭᠡ 9 ᠲᠥᠷᠥᠯ ᠵᠦᠢᠯ ᠢ ᠠᠰᠢᠭᠯᠠᠯᠲᠠ ᠳᠤ ᠣᠷᠤᠭᠤᠯᠪᠠ᠃ ᠪᠦᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠬᠠᠷᠠᠭᠠᠨ ᠳᠠᠪᠲᠠᠮᠵᠢᠲᠤ ᠬᠢᠨᠠᠨ ᠡᠵᠡᠮᠰᠢᠭᠦᠷ ᠤᠨ ᠰᠢᠰᠲ᠋ᠧᠮ᠂ ᠪᠠᠴᠢᠮ ᠰᠡᠷᠡᠮᠵᠢ ᠶᠢᠨ ᠳᠣᠬᠢᠶ᠎ᠠ ᠵᠢᠴᠢ ᠲᠤᠰᠬᠠᠢ ᠠᠮᠤᠷ ᠢ ᠬᠠᠮᠠᠭᠠᠯᠠᠭᠴᠢ ᠶᠢᠨ ᠳᠣᠬᠢᠷᠠᠭᠤᠯᠤᠯᠲᠠ ᠵᠡᠷᠭᠡ ᠨᠢ ᠴᠦᠮ 100% ᠳᠤ ᠬᠦᠷᠴᠦ᠂ ᠬᠠᠤᠯᠢ ᠳᠦᠷᠢᠮᠲᠦ ᠤᠬᠠᠭᠤᠯᠭ᠎ᠠ ᠶᠢᠨ ᠬᠦᠮᠦᠵᠢᠯ ᠢ ᠵᠢᠭᠠᠨ ᠰᠤᠷᠭᠠᠯᠲᠠ ᠶᠢᠨ ᠲᠦᠯᠦᠪᠯᠡᠭᠡ ᠳᠤ ᠣᠷᠤᠭᠤᠯᠤᠨ᠂ ᠰᠤᠷᠭᠠᠭᠤᠯᠢ ᠶᠢᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠵᠠᠰᠠᠭᠰᠠᠨ ᠦᠷ᠎ᠡ ᠠᠰᠢᠭ ᠢᠯᠡᠳᠲᠡ ᠰᠠᠶᠢᠨ ᠪᠠᠶᠢᠯ᠎ᠠ᠃ ᠥᠪᠡᠷᠲᠡᠭᠡᠨ ᠵᠠᠰᠠᠬᠤ ᠣᠷᠣᠨ ᠤ ᠳᠡᠰ ᠤᠨ ᠠᠷᠬᠠᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠬᠤ ᠠᠵᠢᠯ ᠢᠶᠠᠨ ᠡᠬᠢᠯᠡᠭᠦᠯᠦᠨ᠂ ᠵᠡᠮᠳᠡᠭᠴᠦᠳ ᠤᠨ ᠡᠷᠡᠭᠦᠯᠵᠢᠬᠦ ᠲᠥᠪ᠂ ᠵᠡᠭᠦᠨ ᠬᠤᠲᠠ ᠵᠡᠭᠡᠯᠢ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠵᠡᠷᠭᠡ 5 ᠲᠥᠷᠥᠯ ᠵᠦᠢᠯ ᠢ ᠠᠰᠢᠭᠯᠠᠯᠲᠠ ᠳᠤ ᠣᠷᠤᠭᠤᠯᠵᠤ᠂ ᠬᠤᠰᠢᠭᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠳᠡᠰ ᠳᠡᠪᠰᠢᠨ ᠭᠤᠷᠪᠠᠳᠤᠭᠠᠷ ᠵᠡᠷᠭᠡ ᠶᠢᠨ ᠬᠥᠬᠡ   ᠳᠡᠰ ᠤᠨ ᠡᠮᠨᠡᠯᠭᠡ ᠶᠢᠨ ᠬᠤᠷᠢᠶ᠎ᠠ ᠪᠣᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠪᠠ ᠡᠮᠨᠡᠯᠭᠡ ᠶᠢᠨ ᠳᠠᠭᠠᠳᠬᠠᠯ ᠳᠤ ᠣᠷᠤᠭᠰᠠᠨ ᠨᠣᠷᠮ᠎ᠠ ᠨᠢ ᠴᠦᠮ 95% ᠳᠤ ᠬᠦᠷᠴᠦ ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦᠨ ᠤ ︽ᠶᠡᠷᠦᠩᠬᠡᠢ ᠲᠤᠭ᠎ᠠ + ᠤᠳᠠᠭ᠎ᠠ ᠳᠤᠮᠳᠠᠴᠢ︾ ᠵᠠᠷᠤᠳᠠᠯ ᠬᠢᠵᠠᠭᠠᠷᠯᠠᠬᠤ ᠬᠡᠯᠪᠡᠷᠢ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠨᠡᠶᠢᠭᠡᠮ ᠤᠨ ᠡᠯ᠎ᠡ ᠵᠦᠢᠯ ᠤᠨ ᠠᠪᠤᠷᠠᠨ ᠲᠤᠰᠠᠯᠠᠬᠤ ᠮᠦᠩᠭᠦ ᠨᠡᠶᠢᠲᠡ 1.65 ᠳ᠋ᠦᠩᠰᠢᠭᠤᠷ ᠲᠦᠭᠦᠷᠢᠭ ᠲᠠᠷᠬᠠᠭᠠᠵᠤ᠂ 60422 ᠬᠦᠮᠦᠨ ᠠᠷᠠᠳ ᠲᠤ ᠠᠰᠢᠭ ᠬᠦᠷᠲᠡᠭᠡᠪᠡ᠃ ᠰᠤᠶᠤᠯ ᠪᠡᠶ᠎ᠡ ᠶᠢᠨ ᠲᠠᠮᠢᠷ ᠤᠨ ᠦᠢᠯᠡᠰ ᠲᠦᠷᠭᠡᠨ ᠬᠦᠭᠵᠢᠵᠦ᠂ ᠰᠤᠶᠤᠯ ᠤᠷᠠᠯᠢᠭ ᠤᠨ ᠬᠠᠪᠰᠤᠷᠤᠨ ᠵᠢᠯᠤᠭᠤᠳᠤᠯᠭ᠎ᠠ 106 ᠤᠳᠠᠭ᠎ᠠ ᠵᠣᠬᠢᠶᠠᠨ ᠪᠠᠶᠢᠭᠤᠯᠤᠨ᠂ ᠠᠷᠠᠳ ᠢ ᠲᠣᠬᠤᠨᠢᠭᠤᠯᠬᠤ ᠲᠣᠭᠯᠠᠯᠲᠠ 688 ᠲᠠᠯᠠᠪᠠᠢ ︵ᠤᠳᠠᠭ᠎ᠠ︶ ᠲᠣᠭᠯᠠᠵᠤ᠂ ᠬᠤᠰᠢᠭᠤᠨ ᠤ ᠳᠡᠰ ᠤᠨ ᠪᠦᠬᠦ ᠠᠷᠠᠳ ᠤᠨ ᠪᠡᠶ᠎ᠡ ᠪᠣᠯᠪᠠᠰᠤᠷᠠᠭᠤᠯᠬᠤ ᠲᠥᠪ ᠤᠨ ᠭᠤᠣᠯ ᠴᠣᠭᠴᠠ ᠶᠢᠨ ᠪᠠᠷᠢᠯᠭ᠎ᠠ ᠳᠠᠭᠤᠰᠤᠨ᠂ ᠣᠯᠠᠨ ᠤᠯᠤᠰ ᠤᠨ ᠵᠠᠰᠠᠮᠠᠯ ᠵᠠᠮ ᠤᠨ ᠳᠤᠭᠤᠢ ᠲᠡᠷᠭᠡ  ᠶᠢᠨ ᠤᠷᠢᠯᠭ᠎ᠠ ᠶᠢᠨ ᠤᠷᠤᠯᠳᠤᠭᠠᠨ᠂ ᠪᠦᠬᠦ ᠬᠤᠲᠠ ᠶᠢᠨ ᠮᠠᠷᠠᠽᠤᠨ ᠤ ᠤᠷᠤᠯᠳᠤᠭᠠᠨ᠂ ᠤᠯᠠᠭᠠᠨᠬᠠᠳᠠ ᠬᠤᠲᠠ ᠶᠢᠨ ᠠᠩᠬᠠᠳᠠᠭᠴᠢ ᠬᠤᠭᠤᠴᠠᠭᠠᠨ ᠤ ᠤᠯᠠᠭᠠᠨᠮᠦ᠋ᠴᠢᠷ ᠤᠨ ᠡᠬᠡ ᠪᠦᠲᠦᠭᠡᠯ ᠤᠨ ᠤᠷᠤᠯᠳᠤᠭᠠᠨ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠭᠢᠳᠠᠨ ᠰᠤᠶᠤᠯ ᠤᠨ ᠨᠠᠶᠢᠷ ᠵᠢᠴᠢ ᠯᠢᠶᠤᠤ ᠶᠢᠨ ᠳᠡᠭᠡᠳᠦ ᠨᠡᠶᠢᠰᠯᠡᠯ ᠤᠨ ᠬᠤᠶᠠᠳᠤᠭᠠᠷ ᠤᠳᠠᠭᠠᠨ ᠤ ᠮᠦᠩᠭᠦᠨ ᠡᠪᠦᠯ ᠤᠨ ᠰᠤᠶᠤᠯ ᠵᠢᠭᠤᠯᠴᠢᠯᠠᠯ ᠤᠨ ᠨᠠᠶᠢᠷ ᠵᠡᠷᠭᠡ ᠲᠣᠮᠣ ᠬᠡᠪᠴᠢᠶᠡᠨ ᠤ ᠰᠤᠶᠤᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠠᠮᠵᠢᠯᠲᠠ ᠲᠠᠢ ᠳᠠᠭᠠᠭᠠᠴᠢᠯᠠᠨ ᠡᠷᠬᠢᠯᠡᠪᠡ᠃       ︵ᠶᠢᠰᠦ︶ ᠨᠢᠭᠡᠲᠦᠯᠲᠡᠢ ᠲᠦᠯᠦᠪᠯᠡᠨ ᠨᠡᠶᠢᠳᠡᠮ ᠳᠤᠨᠢ ᠬᠠᠷᠠᠭᠠᠯᠵᠠᠵᠤ᠂ ᠡᠯ᠎ᠡ ᠲᠠᠯ᠎ᠠ ᠶᠢᠨ ᠠᠵᠢᠯ ᠢ ᠨᠡᠶᠢᠳᠡᠮ ᠠᠬᠢᠭᠤᠯᠪᠠ᠃ ︽ᠳᠣᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯᠯᠠᠭ᠎ᠠ ᠶᠢ ᠡᠷᠴᠢᠮᠲᠡᠢ ᠠᠬᠢᠭᠤᠯᠵᠤ᠂ ︽ᠬᠠᠤᠯᠢ ᠴᠠᠭᠠᠵᠠ ᠶᠢ ᠵᠢᠷᠭᠤᠭ᠎ᠠ ᠳᠤ ᠬᠦᠷᠭᠡᠬᠦ︾ ᠠᠵᠢᠯᠯᠠᠭ᠎ᠠ 180 ᠤᠳᠠᠭ᠎ᠠ ᠦᠷᠨᠢᠭᠦᠯᠦᠨ᠂ ᠵᠠᠯᠠᠭᠤ ᠪᠠᠭᠠᠴᠤᠳ ᠤᠨ ᠬᠠᠤᠯᠢ ᠪᠠᠷ ᠵᠠᠰᠠᠬᠤ ᠰᠤᠷᠭᠠᠨ ᠬᠦᠮᠦᠵᠢᠯ ᠤᠨ ᠰᠠᠭᠤᠷᠢᠨ ᠭᠠᠵᠠᠷ ᠢ ᠠᠰᠢᠭᠯᠠᠯᠲᠠ ᠳᠤ ᠣᠷᠤᠭᠤᠯᠪᠠ᠃ ᠤᠯᠤᠰ ᠤᠨ ᠭᠠᠵᠠᠷ ᠰᠢᠷᠤᠢ ᠶᠢᠨ ᠲᠦᠯᠦᠪᠵᠢᠭᠦᠯᠭᠡ ᠪᠠ ᠬᠡᠷᠡᠭᠴᠡᠭᠡᠨ ᠤ ᠬᠠᠮᠢᠶᠠᠷᠤᠯᠲᠠ ᠶᠢ ᠢᠳᠡᠪᠬᠢᠲᠡᠢ ᠠᠬᠢᠭᠤᠯᠤᠨ᠂ ᠠᠮᠢ ᠠᠬᠤᠢ ᠶᠢᠨ ᠦᠨᠳᠦᠰᠦᠨ ᠱᠤᠭᠤᠮ ᠳᠤ ᠡᠷᠴᠢᠮᠲᠠᠢ ᠳᠣᠬᠢᠷᠠᠭᠤᠯᠤᠯᠲᠠ ᠬᠢᠵᠦ᠂ ︽ᠬᠤᠶᠠᠷ ᠲᠣᠭᠤᠷᠢᠭ︾ ᠤᠨ ᠬᠤᠪᠢᠶᠠᠷᠢᠯᠠᠯ ᠨᠢ ᠬᠤᠲᠠ ᠶᠢᠨ ᠬᠢᠨᠠᠨ ᠰᠢᠯᠭᠠᠷᠠᠭᠤᠯᠤᠯᠲᠠ ᠶᠢ ᠦᠩᠭᠡᠷᠡᠭᠡᠪᠡ᠃ ᠵᠡᠪᠰᠡᠭᠲᠦ ᠬᠦᠴᠦᠨ ᠤ ᠠᠵᠢᠯ ᠤᠨ ᠦᠷ᠎ᠡ ᠪᠦᠲᠦᠮᠵᠢ ᠢᠯᠡᠳᠲᠡ ᠰᠠᠶᠢᠨ ᠪᠠᠶᠢᠵᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠥᠪᠡᠷᠲᠡᠭᠡᠨ ᠵᠠᠰᠠᠬᠤ ᠣᠷᠣᠨ ᠤ ᠤᠶᠤᠨ ᠤ ᠪᠣᠯᠪᠠᠰᠤᠨ ᠤ  ᠲᠡᠷᠢᠭᠦᠨ ᠤ ᠨᠢᠭᠡᠴᠡ ᠪᠠᠷ ᠦᠨᠡᠯᠡᠭᠳᠡᠪᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠠᠤᠯᠢ ᠶᠣᠰᠤᠨ ᠤ ᠡᠷᠬᠡ ᠠᠰᠢᠭ ᠢ ᠦᠨᠡᠨᠬᠦ ᠪᠠᠲᠤᠯᠠᠵᠤ᠂ ᠡᠯ᠎ᠡ ᠵᠦᠢᠯ ᠤᠨ ᠬᠠᠷᠠᠭᠠᠯᠵᠠᠯ ᠤᠨ ᠮᠦᠩᠭᠦ 2097.9 ᠲᠦᠮᠡᠨ ᠲᠦᠭᠦᠷᠢᠭ ᠲᠠᠷᠬᠠᠭᠠᠨ᠂ 3200 ᠭᠠᠷᠤᠢ ᠬᠦᠮᠦᠨ ᠳᠤ ᠠᠰᠢᠭ ᠬᠦᠷᠲᠡᠭᠡᠪᠡ᠃ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠠᠮᠵᠢᠯᠲᠠ ᠲᠠᠢ ᠬᠢᠵᠦ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠲᠠᠷᠢᠶᠠᠯᠠᠩ ᠤᠨ ᠨᠡᠶᠢᠳᠡᠮ ᠪᠠᠶᠢᠴᠠᠭᠠᠯᠲᠠ ᠨᠢ ᠮᠠᠲ᠋ᠧᠷᠢᠶᠠᠯ ᠡᠮᠬᠢᠳᠬᠡᠬᠦ ᠱᠠᠲᠤᠨ ᠳᠤ ᠣᠷᠤᠪᠠ᠃ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠱᠠᠨ ᠶᠢᠨ ᠬᠤᠩ ᠯᠢᠩ ᠠᠭᠤᠷᠬᠠᠢ  ᠨᠢ ᠤᠯᠤᠰ ᠤᠨ ᠳᠡᠰ ᠤᠨ ᠪᠣᠬᠢᠷᠳᠤᠯ ᠦᠭᠡᠢ ᠠᠭᠤᠷᠬᠠᠢ ᠪᠠᠷ ᠦᠨᠡᠯᠡᠭᠳᠡᠪᠡ᠃ ᠬᠢᠨᠠᠨ ᠪᠣᠳᠣᠬᠤ ᠪᠠ ᠬᠢᠨᠠᠨ ᠪᠣᠳᠣᠬᠤ ᠪᠠᠶᠢᠴᠠᠭᠠᠯᠲᠠ ᠶᠢᠨ ᠲᠥᠷᠥᠯ ᠵᠦᠢᠯ 74 ᠶᠢ ᠬᠠᠤᠯᠢ ᠶᠣᠰᠤᠭᠠᠷ ᠨᠠᠶᠢᠳᠠᠪᠦᠷᠢᠵᠢᠭᠤᠯᠤᠨ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ 9946 ᠲᠦᠮᠡᠨ ᠲᠦᠭᠦᠷᠢᠭ ᠬᠠᠰᠤᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠳᠤ ᠡᠳ᠋ ᠤᠨ ᠵᠠᠰᠠᠭ ᠤᠨ ᠪᠡᠯᠡ ᠮᠦᠩᠭᠦ 7509 ᠲᠦᠮᠡᠨ ᠲᠦᠭᠦᠷᠢᠭ ᠠᠷᠪᠢᠯᠠᠪᠠ᠃ ︽ᠪᠠᠭᠠᠷᠢᠨ ᠵᠡᠭᠦᠨ ᠬᠤᠰᠢᠭᠤᠨ ᠤ ᠣᠶᠢᠯᠠᠯᠭ᠎ᠠ ᠶᠢᠨ ᠨᠣᠣᠷᠠᠭ ︵1991— 2016︶︾ ᠨᠢ ᠥᠪᠡᠷᠲᠡᠭᠡᠨ ᠵᠠᠰᠠᠬᠤ ᠣᠷᠣᠨ ᠤ ᠬᠢᠨᠠᠨ ᠲᠣᠭᠲᠠᠭᠠᠯᠲᠠ ᠶᠢ ᠥᠩᠭᠡᠷᠡᠭᠡᠵᠦ᠂ ︽ᠣᠨ ᠤ ᠲᠣᠯᠢ 2018  ᠂ 2019︾ ᠶᠢ ᠨᠠᠶᠢᠷᠠᠭᠤᠯᠵᠤ ᠳᠠᠭᠤᠰᠪᠠ᠃ ᠡᠭᠦᠨ ᠤ ᠬᠠᠮᠲᠤ᠂ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠨᠢᠭᠤᠴᠠ ᠶᠢ ᠬᠠᠮᠠᠭᠠᠯᠠᠬᠤ᠂ ᠴᠠᠭ ᠠᠭᠤᠷ ᠤᠨ ᠦᠢᠯᠡᠴᠢᠯᠡᠭᠡ᠂ ᠡᠮᠡᠭᠲᠡᠶᠢᠴᠦᠳ ᠬᠡᠥᠬᠡᠳ᠂ ᠦᠲᠡᠭᠦᠰ ᠤᠨ ᠨᠢᠭᠦᠯᠡᠰᠦᠩᠭᠦᠢ ᠦᠢᠯᠡᠰ᠂ ᠬᠠᠮ ᠵᠠᠭᠤᠴᠢᠯᠠᠭᠤᠷ ᠵᠡᠷᠭᠡ ᠬᠦᠷᠢᠶ᠎ᠡ ᠴᠠᠷᠠᠭ᠎ᠠ ᠴᠦᠮ ᠰᠢᠨ᠎ᠡ ᠬᠢᠷᠢ ᠪᠦᠲᠦᠮᠵᠢ ᠣᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠳᠤ ᠴᠢᠩᠭ᠎ᠠ ᠲᠤᠯᠭᠠᠭᠤᠷᠢ ᠬᠦᠴᠦᠨ ᠬᠠᠩᠭᠠᠭᠰᠠᠨ ᠪᠠᠶᠢᠨ᠎ᠠ    ᠨᠢᠭᠡ ᠵᠢᠯ ᠤᠨ ᠲᠤᠷᠰᠢ᠂ ᠪᠢᠳᠡ ᠬᠠᠤᠯᠢ ᠪᠠᠷ ᠵᠠᠰᠠᠭ ᠶᠠᠪᠤᠭᠤᠯᠵᠤ᠂ ᠰᠤᠷᠲᠠᠯ ᠢᠶᠠᠨ ᠰᠠᠶᠢᠵᠢᠷᠠᠭᠤᠯᠤᠨ᠂ ᠵᠠᠰᠠᠭ ᠤᠨ ᠣᠷᠳᠣᠨ ᠤ ᠴᠢᠳᠠᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠨᠤᠭᠤᠳ ᠢ ᠨᠠᠶᠢᠳᠠᠪᠦᠷᠢᠵᠢᠭᠤᠯᠤᠨ᠂ ᠵᠠᠰᠠᠭ ᠤᠨ ᠣᠷᠳᠣᠨ ᠤ ᠰᠢᠰᠲ᠋ᠧᠮ ᠤᠨ ︽ᠤᠭ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠯᠠᠪᠳᠠᠭᠤᠨ ᠦᠷᠨᠢᠭᠦᠯᠵᠦ᠂ ᠣᠯᠠᠨ ᠲᠦᠮᠡᠨ ᠤ ᠬᠤᠪᠢ ᠪᠡᠶ᠎ᠡ ᠳᠤ ᠬᠤᠯᠪᠤᠭᠳᠠᠭᠰᠠᠨ ᠨᠢᠭᠡ ᠪᠦᠯᠦᠭ ᠠᠰᠠᠭᠤᠳᠠᠯ ᠢ ᠦᠨᠡᠨᠬᠦ ᠰᠢᠢᠳᠪᠦᠷᠢᠯᠡᠪᠡ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠢᠨ ᠬᠢᠨᠠᠯᠲᠠ ᠪᠠ ᠠᠵᠢᠯ ᠤᠨ ᠬᠢᠨᠠᠯᠲᠠ᠂ ᠬᠤᠰᠢᠭᠤᠨ ᠤ ᠤᠯᠤᠰ ᠲᠥᠷᠥ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ 18 ᠬᠤᠪᠢ ︵ᠤᠳᠠᠭ᠎ᠠ︶ ᠠᠵᠢᠯ ᠤᠨ ᠮᠡᠳᠡᠭᠦᠯᠦᠯᠲᠡ ᠬᠢᠵᠦ᠂ ᠤᠯᠤᠰ ᠲᠥᠷᠥ ᠶᠢᠨ ᠵᠦᠪᠯᠡᠯᠭᠡᠨ ᠤ ᠪᠠᠶᠢᠩᠭᠤ ᠶᠢᠨ ᠬᠤᠷᠢᠶᠠᠨ ᠳᠤ 14 ᠬᠤᠪᠢ ︵ᠤᠳᠠᠭ᠎ᠠ ︶ ᠪᠠᠶᠢᠳᠠᠯ ᠤᠨ ᠮᠡᠳᠡᠭᠦᠯᠦᠯᠲᠡ ᠬᠢᠵᠦ᠂ 46 ᠬᠤᠪᠢ ᠠᠷᠠᠳ ᠤᠨ ᠲᠦᠯᠦᠭᠡᠯᠡᠭᠴᠢ ᠶᠢᠨ ᠰᠠᠨᠠᠭᠤᠯᠭ᠎ᠠ ᠪᠠ  50 ᠬᠤᠪᠢ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠤ ᠳᠤᠷᠠᠳᠤᠯᠭ᠎ᠠ ᠶᠢ ᠬᠠᠤᠯᠢ ᠴᠠᠭᠠᠵᠠ ᠶᠢᠨ ᠲᠣᠭᠲᠠᠭᠠᠯ ᠶᠣᠰᠤᠭᠠᠷ ᠪᠦᠬᠦᠨ ᠢ ᠭᠦᠢᠴᠡᠳᠬᠡᠪᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠴᠢᠬᠤᠯᠠᠴᠢᠯᠠᠵᠤ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠨᠢᠭᠡᠲᠦᠯᠲᠡᠢ ᠬᠠᠤᠯᠢ ᠰᠤᠷᠬᠤ ᠪᠠ ᠴᠢᠬᠤᠯᠠ ᠶᠡᠭᠡ ᠵᠦᠢᠯᠡᠰ ᠤᠨ ᠬᠠᠤᠯᠢ ᠶᠣᠰᠣᠨ ᠤ ᠬᠢᠨᠠᠨ ᠪᠠᠶᠢᠴᠠᠭᠠᠯᠲᠠ ᠬᠢᠬᠦ ᠶᠢ ᠪᠠᠷᠢᠮᠲᠠᠯᠠᠵᠤ᠂ ᠪᠦᠬᠦ ᠵᠢᠯ ᠳᠤ ᠬᠠᠮᠲᠤ ᠪᠠᠷ ︽ᠭᠤᠷᠪᠠᠨ ᠴᠢᠬᠤᠯᠠ ᠨᠢᠭᠡ ᠶᠡᠭᠡ︾ ᠵᠦᠢᠯᠡᠰ 129 ᠬᠤᠪᠢ ᠰᠤᠳᠤᠯᠤᠨ᠂ ᠵᠠᠰᠠᠭ ᠵᠠᠬᠢᠷᠭᠠᠨ ᠤ ᠠᠷᠠᠳᠴᠢᠯᠠᠭᠰᠠᠨ ᠂ ᠰᠢᠨᠵᠢᠯᠡᠬᠦ ᠤᠬᠠᠭᠠᠨᠴᠢᠯᠠᠭᠰᠠᠨ ᠵᠢᠴᠢ ᠬᠠᠤᠯᠢ ᠲᠦᠷᠢᠮᠵᠢᠭᠰᠡᠨ ᠰᠢᠢᠳᠪᠦᠷᠢ ᠲᠣᠭᠲᠠᠭᠠᠬᠤ ᠴᠢᠳᠠᠪᠦᠷᠢ ᠶᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠨᠡᠩ ᠢᠯᠡ ᠲᠣᠳᠣ ᠪᠣᠯᠪᠠ᠃ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠲᠡᠭᠦᠨ ᠤ ᠨᠠᠷᠢᠨ ᠳᠦᠷᠢᠮ ᠢ ᠴᠢᠩᠭ᠎ᠠ ᠬᠡᠷᠡᠭᠵᠢᠭᠦᠯᠦᠨ᠂ ︽ᠳᠦᠷᠪᠡᠨ ᠰᠤᠷᠲᠠᠯ︾ ᠳᠠᠬᠢᠵᠤ ᠡᠬᠦᠰᠬᠦ ᠶᠢ ᠡᠷᠡᠰ ᠬᠤᠷᠢᠭᠯᠠᠵᠤ᠂  ︽ᠭᠤᠷᠪᠠᠨ ᠠᠯᠪᠠᠨ︾ ᠤ ᠵᠠᠷᠤᠳᠠᠯ ᠶᠡᠬᠡᠪᠡᠷ ᠬᠠᠰᠤᠭᠳᠠᠨ᠂ ᠵᠠᠰᠠᠭ ᠤᠨ ᠣᠷᠳᠣᠨ ᠤ ᠳᠦᠷᠢᠮᠵᠢᠭᠰᠡᠨ ᠪᠢᠴᠢᠭ ᠮᠠᠲ᠋ᠧᠷᠢᠶᠠᠯ ᠪᠠ ᠬᠤᠷᠠᠯ ᠲᠤᠰ ᠲᠤᠰ 38.6% ᠪᠠ 33% ᠪᠠᠭᠠᠰᠴᠤ᠂ ᠠᠷᠢᠭᠤᠨ ᠴᠢᠭᠴᠢ᠂ ᠠᠵᠢᠯᠴᠢ ᠬᠢᠴᠢᠶᠡᠩᠭᠦᠢ᠂ ᠪᠣᠳᠠᠲᠠᠢ ᠶᠢ ᠡᠷᠬᠢᠮᠯᠡᠬᠦ ᠵᠢᠴᠢ ᠦᠨᠳᠦᠷ ᠦᠷ᠎ᠡ ᠠᠰᠢᠭ ᠨᠢ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠬᠢᠵᠦ ᠦᠢᠯᠡᠰ ᠪᠣᠰᠬᠠᠬᠤ ᠴᠠᠭ ᠦᠶ᠎ᠡ ᠶᠢᠨ ᠰᠢᠨ᠎ᠡ ᠰᠤᠷᠲᠠᠯ ᠪᠣᠯᠪᠠ᠃ᠲᠦᠯᠦᠭᠡᠯᠡᠭᠴᠢᠳ ᠡ᠂ ᠪᠡᠶ᠎ᠡ ᠪᠠᠷ ᠢᠶᠠᠨ ᠦᠩᠭᠡᠷᠡᠭᠦᠯᠬᠦ ᠦᠭᠡᠢ ᠪᠣᠯ ᠬᠦᠴᠢᠷ ᠢ ᠮᠡᠳᠡᠬᠦ ᠦᠭᠡᠢ ᠭᠡᠳᠡᠭ ᠢᠶᠠᠷ ᠨᠢᠭᠡ ᠵᠢᠯ ᠤᠨ ᠲᠤᠷᠰᠢ᠂ ᠶᠠᠳᠠᠭᠤ ᠠᠴᠠ ᠠᠩᠭᠢᠵᠢᠷᠠᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠪᠣᠬᠢᠷᠳᠤᠯ ᠢ ᠰᠡᠷᠭᠡᠶᠢᠯᠡᠨ ᠵᠠᠰᠠᠬᠤ ᠵᠢᠴᠢ ᠬᠠᠷ᠎ᠠ ᠪᠦᠯᠦᠭᠲᠡᠨ ᠬᠠᠷᠬᠢᠰ ᠬᠦᠴᠦᠨ ᠶᠢ ᠴᠡᠪᠡᠷᠯᠡᠨ ᠠᠷᠢᠯᠭᠠᠬᠤ ᠵᠡᠷᠭᠡ ᠶᠡᠭᠡ ᠳᠠᠶᠢᠯᠠᠯᠳᠤᠭᠠᠨ  ᠤ ᠡᠮᠦᠨ᠎ᠡ᠂ ᠪᠦᠬᠦ ᠬᠤᠰᠢᠭᠤᠨ ᠤ ᠣᠯᠠᠨ ᠲᠦᠮᠡᠨ ᠪᠦᠯᠬᠦᠮᠳᠡᠨ ᠨᠢᠭᠲᠠᠷᠠᠵᠤ ᠰᠡᠳᠬᠢᠯ ᠨᠢᠭᠡᠲᠦᠨ᠂ ᠬᠦᠴᠢᠷ ᠢ ᠬᠠᠮᠲᠤ ᠪᠠᠷ ᠲᠤᠭᠤᠯᠵᠤ᠂ ᠪᠠᠭᠠᠷᠢᠨ ᠵᠡᠭᠦᠨ ᠬᠤᠰᠢᠭᠤᠨ ᠤ ᠬᠦᠭᠵᠢᠯᠲᠡ ᠶᠢᠨ ᠲᠡᠥᠬᠡᠨ ᠳᠡᠭᠡᠷ᠎ᠡ ᠭᠡᠷᠡᠯ ᠰᠠᠴᠤᠷᠠᠩᠭᠤᠢ ᠰᠢᠨ᠎ᠡ ᠬᠠᠭᠤᠳᠠᠰᠤ ᠶᠢ ᠪᠢᠴᠢᠭᠯᠡᠪᠡ᠃ ᠡᠳᠡᠭᠡᠷ ᠬᠢᠷᠢ ᠪᠦᠲᠦᠮᠵᠢ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠭᠰᠠᠨ ᠤ ᠠᠴᠢ ᠲᠤᠰᠠ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠠᠴᠢ ᠲᠤᠰᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠪᠣᠯᠣᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠮᠵᠢᠯᠠᠯ ᠳᠡᠮᠵᠢᠯᠭᠡ ᠶᠢᠨ ᠠᠴᠢ ᠲᠤᠰᠠ᠂ ᠨᠡᠩ ᠴᠦ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠰᠡᠳᠬᠢᠯ ᠨᠢᠭᠡᠲᠦᠨ ᠪᠦᠯᠬᠦᠮᠳᠡᠨ ᠲᠡᠮᠡᠴᠡᠭᠰᠡᠨ ᠤ ᠠᠴᠢ ᠲᠤᠰᠠ ᠪᠣᠯᠬᠤ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ᠂ ᠤᠯᠤᠰ ᠲᠥᠷᠥ ᠶᠢᠨ ᠵᠦᠪᠯᠡᠯᠭᠡᠨ ᠤ  ᠭᠡᠰᠢᠭᠦᠳ᠂ ᠡᠯ᠎ᠡ ᠠᠵᠢᠯ ᠤᠨ ᠹᠷᠤᠨᠲ ᠳᠡᠭᠡᠷᠡᠬᠢ ᠨᠦᠬᠦᠳ ᠵᠢᠴᠢ ᠪᠠᠭᠠᠷᠢᠨ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠡᠲᠡᠭᠡᠳ ᠤᠨ ᠬᠢᠨ᠂ ᠨᠡᠩ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠨᠢᠭᠡᠳᠦᠭᠡᠷ ᠹᠷᠤᠨᠲ ᠲᠤ ᠭᠠᠪᠰᠢᠭᠠᠶᠢᠯᠠᠵᠤ ᠪᠠᠶᠢᠭ᠎ᠠ ᠪᠦᠬᠦ ᠬᠤᠰᠢᠭᠤᠨ ᠤ ᠥᠷᠭᠡᠨ ᠣᠯᠠᠨ  ᠺᠠᠳ᠋ᠷ ᠠᠵᠢᠯᠲᠠᠳ ᠲᠤ ᠴᠢᠩ ᠰᠡᠳᠬᠢᠯ ᠤᠨ ᠬᠦᠨᠳᠦᠳᠬᠡᠯ ᠲᠠᠯᠠᠷᠬᠠᠯ ᠤᠨ ᠰᠡᠳᠬᠢᠯ ᠢᠶᠠᠨ ᠳᠡᠪᠰᠢᠭᠦᠯᠵᠦ ᠪᠠᠶᠢᠨ᠎ᠠ︕     ᠬᠢᠷᠢ ᠪᠦᠲᠦᠮᠵᠢ ᠪᠠᠨ ᠰᠢᠨᠵᠢᠬᠦ ᠳᠤ᠂ ᠠᠮᠵᠢᠯᠲᠠ ᠶᠡᠭᠡ ᠪᠦᠲᠦᠮᠵᠢ ᠰᠠᠶᠢᠨ᠂ ᠢᠷᠡᠭᠡᠳᠦᠢ ᠪᠠᠨ ᠪᠠᠷᠠᠯᠠᠬᠤ ᠳᠤ᠂ ᠡᠭᠦᠷᠭᠡ ᠬᠦᠨᠳᠦ ᠵᠠᠮ ᠬᠤᠯᠠ᠃ ᠰᠢᠨ᠎ᠡ ᠲᠡᠥᠬᠡᠨ ᠴᠠᠭ ᠦᠶ᠎ᠡ ᠳᠤ ᠰᠠᠭᠤᠷᠢᠯᠠᠵᠤ᠂ ᠣᠳᠣᠬᠠᠨ ᠳᠤ ᠮᠠᠨ ᠤ ᠬᠤᠰᠢᠭᠤ ᠨᠢ ᠬᠡᠯᠪᠡᠷᠢ ᠪᠠᠨ ᠬᠤᠪᠢᠷᠠᠭᠠᠨ ᠳᠡᠰ ᠳᠡᠪᠰᠢᠵᠦ᠂ ᠬᠦᠴᠢᠷ ᠪᠡᠷᠬᠡᠰᠢᠶᠡᠯ ᠢ ᠲᠤᠭᠤᠯᠤᠨ ᠳᠠᠪᠠᠭ᠋ᠤ ᠵᠠᠩᠬᠢᠯᠠᠭ᠎ᠠ ᠶᠢᠨ ᠬᠤᠭᠤᠴᠠᠭᠠᠨ ᠳᠤ ᠣᠷᠤᠰᠢᠵᠤ᠂ ᠦᠷᠢᠰᠦᠯᠳᠦᠭᠡᠨ ᠮᠦᠨ ᠴᠦ ᠬᠦᠨᠳᠦ ᠲᠦᠭᠰᠢᠭᠦᠷᠢᠲᠡᠢ ᠪᠠᠶᠢᠭᠰᠠᠭᠠᠷ᠃ ᠬᠦᠭᠵᠢᠯᠲᠡ ᠶᠢᠨ ᠰᠠᠭᠤᠷᠢ ᠪᠠᠭᠤᠷᠠᠢ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ ᠵᠢᠴᠢ ᠠᠷᠠᠳ ᠤᠨ ᠠᠮᠢᠳᠤᠷᠠᠯ ᠤᠨ ᠥᠷᠢ ᠥᠭᠴᠡᠭᠡ ᠠᠷᠪᠢᠨ ᠵᠡᠷᠭᠡ ᠨᠢ ᠮᠦᠨ ᠴᠦ ᠮᠠᠨ ᠤ ᠬᠤᠰᠢᠭᠤᠨ ᠤ ᠦᠨᠳᠦᠰᠦᠨ ᠪᠠᠶᠢᠳᠠᠯ ᠪᠠᠶᠢᠭᠰᠠᠭᠠᠷ︔ ᠠᠵᠤ ᠦᠢᠯᠡᠰ ᠤᠨ ᠪᠦᠲᠦᠴᠡ ᠵᠣᠬᠢᠰ ᠦᠭᠡᠢ᠂ ᠬᠤᠲᠠ ᠬᠥᠳᠡᠭᠡ ᠶᠢᠨ ᠬᠦᠭᠵᠢᠯᠲᠡ ᠲᠡᠩᠴᠡᠭᠦᠷᠢ ᠦᠭᠡᠢ ᠵᠢᠴᠢ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠤᠯᠭ᠎ᠠ ᠳᠣᠣᠷ᠎ᠠ ᠵᠡᠷᠭᠡ ᠨᠢ ᠪᠠᠰᠠᠴᠤ ᠮᠠᠨ ᠤ ᠬᠦᠭᠵᠢᠯᠲᠡ ᠶᠢᠨ ᠳᠤᠲᠠᠭᠤᠳᠠᠯ ᠪᠠᠶᠢᠭᠰᠠᠭᠠᠷ︔ ᠪᠡᠶ᠎ᠡ ᠪᠠᠨ ᠳᠠᠭᠠᠭᠠᠨ ᠰᠢᠨ᠎ᠡ ᠶᠢ ᠡᠭᠦᠳᠬᠦ ᠴᠢᠳᠠᠪᠦᠷᠢ ᠠᠨᠠᠢ᠂ ᠳᠣᠲᠤᠭᠠᠳᠤ ᠬᠦᠳᠡᠯᠭᠡᠭᠴᠢ ᠬᠦᠴᠦᠨ ᠬᠦᠷᠦᠯᠴᠡᠬᠦ ᠦᠭᠡᠢ ᠵᠢᠴᠢ ᠨᠡᠶᠢᠭᠡᠮ ᠤᠨ ᠵᠠᠰᠠᠨ ᠴᠡᠭᠴᠡᠯᠡᠯᠲᠡ ᠶᠢᠨ ᠬᠠᠮᠲᠤ ᠶᠢᠨ ᠬᠦᠴᠦᠨ  ᠳᠤᠲᠠᠮᠠᠭ ᠵᠡᠷᠭᠡ ᠨᠢ ᠪᠠᠰᠠᠴᠤ ᠮᠠᠨ ᠤ ᠬᠦᠭᠵᠢᠯᠲᠡ ᠶᠢᠨ ᠬᠦᠴᠢᠷ ᠠᠰᠠᠭᠤᠳᠠᠯ ᠪᠠᠶᠢᠭᠰᠠᠭᠠᠷ︔ ᠡᠬᠢ ᠪᠠᠶᠠᠯᠢᠭ ᠤᠨ ᠣᠷᠴᠢᠨ ᠲᠣᠭᠤᠷᠢᠨ ᠤ ᠬᠢᠵᠠᠭᠠᠷᠯᠠᠯ ᠶᠡᠭᠡ᠂ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠵᠦᠷᠢᠴᠡᠯ ᠶᠡᠭᠡ ᠵᠢᠴᠢ ᠪᠦᠲᠦᠮᠵᠢᠲᠡᠢ ᠪᠡᠯᠡ ᠣᠷᠤᠭᠤᠯᠤᠯᠲᠠ ᠶᠢᠨ ᠨᠡᠮᠡᠭᠳᠡᠯ ᠬᠦᠴᠦᠨ ᠳᠣᠷᠤᠢ ᠵᠡᠷᠭᠡ ᠨᠢ ᠪᠠᠰᠠᠴᠤ ᠮᠠᠨ ᠤ ᠬᠢᠵᠠᠭᠠᠷ ᠲᠠᠢ ᠬᠦᠴᠦᠨ ᠪᠠᠶᠢᠭᠰᠠᠭᠠᠷ᠃ ᠲᠣᠭᠲᠠᠯᠴᠠᠭ᠎ᠠ ᠵᠣᠬᠢᠴᠠᠮᠵᠢ ᠶᠢᠨ ᠰᠢᠨ᠎ᠡ ᠶᠢ ᠡᠭᠦᠳᠬᠦ᠂ ᠰᠤᠷᠳᠠᠯ ᠤᠨ ᠪᠠᠶᠢᠭᠤᠯᠤᠯᠲᠠ ᠶᠢ ᠴᠢᠩᠭᠠᠳᠬᠠᠬᠤ᠂ ᠵᠠᠰᠠᠭ ᠵᠠᠬᠢᠷᠭᠠᠨ ᠤ  ᠴᠢᠳᠠᠮᠵᠢ ᠶᠢ ᠳᠡᠭᠡᠭᠰᠢᠯᠡᠭᠦᠯᠬᠦ ᠵᠡᠷᠭᠡ ᠨᠢ ᠪᠠᠰᠠᠴᠤ ᠮᠠᠨ ᠤ ᠬᠦᠨᠳᠦ ᠡᠭᠦᠷᠭᠡ ᠪᠠᠶᠢᠭᠰᠠᠭᠠᠷ ᠭᠡᠳᠡᠭ ᠢ ᠪᠢᠳᠡ ᠨᠡᠩ ᠰᠡᠷᠭᠡᠭ ᠢᠶᠠᠷ ᠣᠯᠵᠤ ᠲᠠᠨᠢᠬᠤ ᠶᠣᠰᠤᠲᠠᠢ᠃ ᠡᠭᠦᠨ ᠳᠤ᠂ ᠪᠢᠳᠡ ᠡᠷᠬᠡᠪᠰᠢ ᠠᠰᠠᠭᠤᠳᠠᠯ ᠂ ᠬᠠᠷᠠᠯᠲᠠ ᠵᠢᠴᠢ ᠦᠷ᠎ᠡ ᠳ᠋ᠦᠩ ᠤᠨ ᠬᠠᠨᠳᠤᠰᠢ ᠶᠢ ᠪᠠᠷᠢᠮᠲᠠᠯᠠᠵᠤ᠂ ᠠᠰᠠᠭᠤᠳᠠᠯ ᠳᠤ ᠵᠣᠷᠢᠭᠲᠠᠢ ᠪᠠᠷ ᠨᠢᠭᠤᠷᠳᠠᠨ᠂ ᠵᠦᠷᠢᠴᠡᠯ ᠢ ᠵᠣᠷᠢᠭᠲᠠᠢ ᠰᠢᠢᠳᠪᠦᠷᠢᠯᠡᠵᠦ᠂ ᠬᠦᠭᠵᠢᠯᠲᠡ ᠶᠢᠨ ᠰᠢᠨ᠎ᠡ ᠦᠷ᠎ᠡ ᠠᠰᠢᠭ ᠢᠶᠠᠷ ᠠᠷᠠᠳ ᠲᠦᠮᠡᠨ ᠤ ᠰᠢᠨ᠎ᠡ ᠬᠦᠰᠡᠯ ᠱᠠᠭᠠᠷᠳᠠᠯᠭ᠎ᠠ ᠶᠢ ᠬᠠᠩᠭᠠᠨ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号