2020 ᠣᠨ ᠤ ᠠᠵᠢᠯ ᠤᠨ ᠳᠣᠬᠢᠷᠠᠭᠤᠯᠤᠯᠲᠠ | | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠲᠠ ᠪᠠᠨ ᠪᠡᠶᠡᠯᠡᠭᠦᠯᠬᠦ ᠵᠢᠯ᠂ | ᠶᠠᠳᠠᠭᠤ ᠠᠴᠠ ᠠᠩᠭᠢᠵᠢᠷᠠᠭᠤᠯᠬᠤ ᠲᠠᠶᠢᠯᠠᠯᠳᠤᠭᠠᠨ ᠤ ᠢᠯᠠᠯᠲᠠ ᠣᠯᠬᠤ ᠵᠢᠯ᠂ ᠨᠡᠩ ᠴᠦ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠭᠦᠯᠭᠡ ᠶᠢᠨ ᠲᠡᠭᠦᠰᠬᠡᠯ ᠤᠨ ᠵᠢᠯ ᠪᠠᠶᠢᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠵᠦ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ | ᠬᠡᠷᠡᠭᠵᠢᠭᠦᠯᠬᠦ ᠳᠤ ᠰᠠᠭᠤᠷᠢ ᠲᠠᠯᠪᠢᠬᠤ ᠶᠢᠨ ᠲᠦᠯᠦᠭᠡ᠂ ᠪᠢᠳᠡ ᠡᠷᠬᠡᠪᠰᠢ ᠦᠨᠳᠦᠷ ᠲᠤ ᠵᠣᠭᠰᠣᠨ ᠠᠯᠤᠰ ᠢ | ᠪᠠᠷᠠᠯᠠᠵᠤ᠂ ᠦᠨᠡᠨ ᠪᠣᠳᠠᠲᠠᠢ ᠪᠠᠷ ᠠᠵᠢᠯᠯᠠᠨ᠂ ᠨᠡᠩ ᠪᠦᠲᠦᠮᠵᠢᠲᠡᠢ ᠠᠷᠭ᠎ᠠ ᠬᠡᠮᠵᠢᠶ᠎ᠡ᠂ ᠨᠡᠩ ᠡᠷᠴᠢᠮᠲᠡᠢ | ᠠᠵᠢᠯ ᠢᠶᠠᠷ ᠪᠠᠭᠠᠷᠢᠨ ᠵᠡᠭᠦᠨ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠪᠠᠶᠢᠳᠠᠯ ᠢ | ᠴᠢᠷᠮᠠᠶᠢᠨ ᠡᠭᠦᠳᠦᠨ᠎ᠡ᠃ | ᠥᠨᠥ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠥᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ | ᠬᠤᠭᠤᠴᠠᠭᠠᠨ ᠤ ᠬᠤᠶᠠᠷ᠂ ᠭᠤᠷᠪᠠ᠂ ᠳᠦᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠢ ᠲᠣᠭᠤᠷᠢᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠦᠷᠢ ᠶᠢ ᠡᠷᠡᠰ ᠨᠠᠶᠢᠳᠠᠪᠦᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ | ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠭᠦᠢᠴᠡᠳᠬᠡᠨ᠂ | ᠲᠣᠭᠲᠠᠭᠤᠨ ᠤ ᠳᠤᠮᠳᠠ ᠠᠬᠢᠭᠤᠯᠬᠤ ᠠᠵᠢᠯ ᠤᠨ ᠭᠤᠣᠯ ᠰᠠᠨᠠᠭ᠎ᠠ ᠪᠠ ᠰᠢᠨ᠎ᠡ ᠬᠦᠭᠵᠢᠯᠲᠡ ᠶᠢᠨ ᠦᠵᠡᠯᠲᠡ ᠶᠢ | ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ ᠪᠠ ᠪᠣᠬᠢᠷᠳᠤᠯ ᠦᠭᠡᠢ ᠬᠦᠭᠵᠢᠯᠲᠡ ᠶᠢ ᠡᠷᠬᠢᠮᠯᠡᠬᠦ | ᠱᠠᠭᠠᠷᠳᠠᠯᠭ᠎ᠠ ᠶᠢ ᠪᠠᠷᠢᠮᠲᠠᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠡᠭᠦᠷᠭᠡ ᠬᠠᠷᠠᠯᠲᠠ ᠶᠢᠨ | ᠲᠣᠭᠤᠷᠢᠨ ᠳᠤ᠂ ᠭᠤᠷᠪᠠᠨ ᠶᠡᠭᠡ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ᠂ ᠠᠷᠠᠯᠵᠢᠶᠠᠴᠢᠨ ᠤᠷᠢᠵᠤ | ᠪᠡᠯᠡ ᠲᠠᠲᠠᠬᠤ ᠪᠠ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠰᠠᠶᠢᠲᠤᠷ ᠠᠳᠬᠤᠵᠤ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠲᠣᠭᠲᠠᠭᠤᠨ ᠢᠶᠠᠷ ᠨᠡᠮᠡᠭᠳᠡᠭᠦᠯᠬᠦ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ | ᠠᠶᠤᠯ ᠲᠥᠭᠰᠢᠭᠦᠷᠢ ᠶᠢ ᠰᠡᠷᠭᠡᠶᠢᠯᠡᠬᠦ ᠵᠢᠴᠢ ᠲᠣᠭᠲᠠᠭᠤᠨ ᠢ ᠪᠠᠲᠤᠯᠠᠬᠤ ᠶᠢ ᠨᠢᠭᠡᠲᠦᠯᠲᠡᠢ ᠠᠬᠢᠭᠤᠯᠤᠨ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠲᠦᠯᠦᠪᠵᠢᠭᠦᠯᠭᠡ ᠶᠢ ᠠᠮᠵᠢᠯᠲᠠ ᠲᠠᠢ ᠳᠠᠭᠤᠰᠬᠠᠬᠤ ᠶᠢ ᠪᠠᠲᠤᠯᠠᠨ᠎ᠠ᠃ | ᠲᠡᠮᠡᠴᠡᠬᠦ ᠬᠠᠷᠠᠯᠲᠠ ᠪᠣᠯ᠄ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠦᠷᠲᠡᠭ ᠢ 6% ᠣᠷᠴᠢᠮ ᠨᠡᠮᠡᠭᠳᠡᠬᠦᠯᠵᠤ᠂ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ 8% ᠣᠷᠴᠢᠮ | ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 6% | ᠣᠷᠴᠢᠮ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ | ᠬᠤᠪᠢᠶᠠᠷᠢᠯᠠᠵᠤ ᠪᠣᠯᠬᠤ ᠣᠷᠤᠯᠭ᠎ᠠ ᠶᠢ ᠲᠤᠰ ᠲᠤᠰ 7% ᠣᠷᠴᠢᠮ ᠪᠠ 9% ᠣᠷᠴᠢᠮ ᠨᠡᠮᠡᠭᠳᠡᠭᠦᠯᠦᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠲᠤᠤᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠠᠳᠬᠤᠨ᠎ᠠ᠄ | ︵ᠨᠢᠭᠡ︶ ᠠᠷᠭ᠎ᠠ ᠬᠡᠮᠵᠢᠶ᠎ᠡ ᠪᠠᠨ ᠴᠢᠩᠭᠠᠳᠬᠠᠨ᠂ ᠦᠷ᠎ᠡ ᠪᠦᠲᠦᠮᠵᠢ ᠪᠠᠨ ᠪᠠᠲᠤᠳᠬᠠᠵᠤ᠂ ᠶᠠᠳᠠᠭᠤ ᠠᠴᠠ | ᠠᠩᠭᠢᠵᠢᠷᠠᠭᠤᠯᠬᠤ ᠲᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠣᠨ᠎ᠠ᠃ ᠣᠨᠣᠴᠠᠲᠠᠢ ᠪᠠᠷ ᠠᠷᠭ᠎ᠠ ᠪᠣᠳᠣᠯᠭ᠎ᠠ | ᠠᠪᠴᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠪᠠᠨ | ᠪᠠᠲᠤᠳᠬᠠᠬᠤ ᠪᠠ ᠳᠠᠬᠢᠵᠤ ᠶᠠᠳᠠᠭᠤᠷᠠᠬᠤ ᠶᠢ ᠰᠡᠷᠭᠡᠶᠢᠯᠡᠬᠦ ᠶᠢ ᠨᠡᠩ ᠳᠣᠪᠤᠶᠢᠮ᠎ᠠ ᠪᠠᠶᠢᠷᠢᠨ ᠳᠤ ᠲᠠᠯᠪᠢᠵᠤ᠂ | ᠶᠠᠳᠠᠭᠤ ᠠᠴᠠ ᠠᠩᠭᠢᠵᠢᠷᠠᠭᠤᠯᠬᠤ ᠵᠥᠪ ᠣᠨᠤᠪᠴᠢᠲᠠᠢ ᠴᠢᠭᠯᠡᠯ ᠪᠠ ᠰᠠᠶᠢᠨ ᠬᠡᠪ ᠪᠠᠶᠢᠳᠠᠯ ᠢ ᠪᠠᠲᠤᠯᠠᠨ᠎ᠠ᠃ | —— ᠦᠯᠡᠳᠡᠭᠰᠡᠨ ᠬᠦᠮᠦᠨ ᠠᠮᠠ ᠶᠢ ᠪᠦᠬᠦ ᠬᠦᠴᠦᠨ ᠢᠶᠠᠷ ᠶᠠᠳᠠᠭᠤ ᠠᠴᠠ ᠠᠩᠭᠢᠵᠢᠷᠠᠭᠤᠯᠤᠨ᠎ᠠ᠃ ︽ | ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠰᠢᠨ᠎ᠡ ᠠᠰᠠᠭᠤᠳᠠᠯ ᠢ ᠴᠠᠭ ᠲᠤᠬᠠᠢ ᠳᠤᠨᠢ | ᠰᠢᠢᠳᠪᠦᠷᠢᠯᠡᠵᠦ᠂ ᠰᠤᠷᠭᠠᠨ ᠬᠦᠮᠦᠵᠢᠯ ᠪᠠ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠲᠥᠷᠥ ᠶᠢᠨ ᠪᠣᠳᠤᠯᠭ᠎ᠠ ᠶᠢ | ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠡᠪᠡᠳᠴᠢᠨ ᠪᠠ ᠰᠤᠷᠤᠯᠭ᠎ᠠ ᠶᠢᠨ ᠰᠢᠯᠲᠠᠭᠠᠨ ᠠᠴᠠ ᠪᠣᠯᠵᠤ ᠶᠠᠳᠠᠭᠤᠷᠠᠬᠤ | ᠪᠠ ᠳᠠᠬᠢᠵᠤ ᠶᠠᠳᠠᠭᠤᠷᠠᠬᠤ ᠶᠢ ᠬᠤᠷᠢᠭᠯᠠᠨ᠎ᠠ᠃ ᠬᠦᠳᠡᠭᠡ ᠲᠤᠰᠬᠤᠨ ᠮᠠᠯᠵᠢᠬᠤ ᠣᠷᠣᠨ ᠤ ᠠᠶᠤᠯᠲᠠᠢ ᠭᠡᠷ ᠪᠠᠶᠢᠰᠢᠩ | ᠢ ᠬᠢᠨᠠᠨ ᠬᠠᠮᠢᠶᠠᠷᠴᠤ᠂ ᠣᠯᠠᠨ ᠲᠦᠮᠡᠨ ᠤ ︽ᠰᠠᠭᠤᠷᠢᠰᠢᠬᠤ ᠣᠷᠣᠨ ᠰᠠᠭᠤᠴᠠ ᠲᠠᠢ᠂ ᠣᠷᠤᠨ ᠰᠠᠭᠤᠴᠠ ᠨᠢ | ᠠᠮᠤᠷ ᠲᠣᠭᠲᠠᠭᠤᠨ︾ ᠪᠠᠶᠢᠬᠤ ᠶᠢ ᠪᠠᠲᠤᠯᠠᠨ᠎ᠠ᠃ ᠲᠣᠭᠲᠠᠭᠰᠠᠨ ᠴᠠᠭ ᠲᠠᠢ ᠤᠰᠤᠨ ᠤ ᠴᠢᠨᠠᠷ ᠴᠢᠨᠰᠠᠭ᠎ᠠ ᠶᠢᠨ | ᠰᠢᠯᠭᠠᠨ ᠪᠠᠶᠢᠴᠠᠭᠠᠯᠲᠠ ᠪᠠ ᠤᠤᠭᠤᠬᠤ ᠤᠰᠤᠨ ᠤ ᠠᠮᠤᠷ ᠲᠥᠪᠰᠢᠨ ᠤ ᠢᠨᠵᠧᠨᠧᠷᠢᠩ ᠤᠨ ᠬᠠᠮᠢᠶᠠᠷᠤᠯᠲᠠ ᠪᠠᠨ | ᠴᠢᠩᠭᠠᠳᠬᠠᠨ᠂ ᠬᠦᠳᠡᠭᠡ ᠲᠤᠰᠬᠤᠨ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠥᠪᠰᠢᠨ ᠢ ᠪᠠᠲᠤᠯᠠᠨ᠎ᠠ᠃ | ︽ᠳᠥᠷᠪᠡ ᠶᠢ ᠰᠤᠯᠠᠷᠠᠭᠤᠯᠬᠤ ᠦᠭᠡᠢ︾ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠡᠷᠦᠭᠡ | ᠳᠤ ᠨᠢ ᠳᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠨᠣᠴᠠᠲᠠᠢ ᠪᠠᠷ ᠬᠠᠪᠰᠤᠷᠤᠨ ᠲᠡᠳᠬᠦᠵᠦ᠂ | ᠴᠢᠨᠡᠭᠡᠯᠢᠭ ᠨᠡᠶᠢᠭᠡᠮ ᠢ ᠪᠠᠶᠢᠭᠤᠯᠬᠤ ᠵᠠᠮ ᠳᠡᠭᠡᠷ᠎ᠡ ︽ᠨᠢᠭᠡ ᠬᠦᠮᠦᠨ ᠢ ᠴᠦ ᠬᠤᠴᠤᠷᠤᠭᠳᠠᠭᠤᠯᠬᠤ ᠦᠭᠡᠢ︾᠃ | —— ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠦᠷ᠎ᠡ ᠪᠦᠲᠦᠮᠵᠢ ᠪᠠᠨ ᠦᠷᠭᠦᠯᠵᠢᠯᠡᠨ ᠪᠠᠲᠤᠳᠬᠠᠨ᠎ᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠦᠨᠳᠦᠰᠦᠨ ᠪᠠᠶᠢᠳᠠᠯ ᠢ ᠪᠦᠬᠦ ᠲᠠᠯ᠎ᠠ ᠪᠠᠷ | ᠪᠠᠶᠢᠴᠠᠭᠠᠬᠤ ᠠᠵᠢᠯ ᠢ ᠭᠦᠨᠵᠡᠭᠡᠢ ᠦᠷᠨᠢᠭᠦᠯᠵᠦ᠂ ᠭᠤᠣᠯᠳᠠᠯᠭ᠎ᠠ ᠲᠠᠢ ᠠᠵᠢᠯ ᠢ ᠫᠠᠶᠢᠰᠠ ᠡᠯᠭᠦᠨ ᠬᠢᠨᠠᠨ | ᠵᠢᠯᠤᠭᠤᠳᠴᠤ᠂ ᠠᠰᠠᠭᠤᠳᠠᠯ ᠢ ᠴᠢᠩᠭ᠎ᠠ ᠵᠠᠰᠠᠨ ᠴᠡᠭᠴᠡᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠯᠲᠠ ᠶᠢᠨ ᠳᠤᠲᠠᠭᠤᠳᠠᠯ ᠢ ᠨᠦᠬᠦᠨ᠎ᠡ᠃ ᠠᠵᠤ ᠦᠢᠯᠡᠰ᠂ ᠠᠵᠢᠯ ᠣᠯᠭᠤᠯᠲᠠ᠂ ᠮᠦᠩᠭᠦᠨ ᠭᠦᠢᠯᠭᠡᠭᠡ | ᠵᠢᠴᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠠᠯᠬᠤᠮ ᠳᠠᠷᠠᠭ᠎ᠠ ᠲᠠᠢ | ᠬᠡᠷᠡᠭᠵᠢᠭᠦᠯᠵᠦ᠂ ᠣᠯᠠᠨ ᠲᠦᠮᠡᠨ ᠤ ᠣᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠳᠠᠬᠢᠵᠤ ᠶᠠᠳᠠᠭᠤᠷᠠᠬᠤ | ᠤᠷᠢᠳᠴᠢᠯᠠᠭᠰᠠᠨ ᠰᠡᠷᠡᠮᠵᠢ ᠪᠠ ᠬᠠᠪᠰᠤᠷᠤᠨ ᠲᠡᠳᠬᠦᠬᠦ ᠬᠦᠳᠡᠯᠦᠩᠭᠦᠢ ᠲᠣᠭᠲᠠᠯᠴᠠᠭ᠎ᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠳᠠᠬᠢᠵᠤ ᠶᠠᠳᠠᠭᠤᠷᠠᠬᠤ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠦᠷᠢᠵᠢᠭᠤᠯᠤᠨ᠂ | ᠵᠠᠬ᠎ᠠ ᠶᠢᠨ ᠬᠦᠮᠦᠰ ᠤᠨ ᠶᠠᠳᠠᠭᠤᠷᠠᠬᠤ ᠪᠠ ᠶᠠᠳᠠᠭᠤ ᠠᠴᠠ ᠠᠩᠭᠢᠵᠢᠷᠠᠭᠰᠠᠨ ᠨᠢ ᠳᠠᠬᠢᠵᠤ ᠶᠠᠳᠠᠭᠤᠷᠠᠬᠤ ᠶᠢ | ᠬᠤᠷᠢᠭᠯᠠᠵᠤ᠂ ᠲᠤᠭᠲᠠᠭᠤᠨ ᠶᠠᠳᠠᠭᠤ ᠠᠴᠠ ᠠᠩᠭᠢᠵᠢᠷᠠᠬᠤ ᠤᠷᠲᠤᠮᠵᠢ ᠶᠢᠨ ᠴᠢᠨᠠᠷᠲᠠᠢ ᠲᠣᠭᠲᠠᠯᠴᠠᠭ᠎ᠠ ᠶᠢ | ᠪᠦᠷᠢᠨᠰᠢᠭᠦᠯᠦᠨ᠎ᠡ᠃ ᠶᠠᠳᠠᠭᠤᠷᠠᠬᠤ ᠪᠣᠯᠤᠯᠴᠠᠭ᠎ᠠ ᠲᠠᠢ ᠡᠷᠦᠬᠡ ᠶᠢ ᠦᠷᠭᠦᠯᠵᠢᠯᠡᠨ ᠮᠦᠷᠳᠡᠵᠦ᠂ ᠰᠢᠨ᠎ᠡ ᠠᠰᠠᠭᠤᠳᠠᠯ | ᠪᠠ ᠰᠢᠨ᠎ᠡ ᠬᠠᠨᠳᠤᠰᠢ ᠶᠢ ᠠᠩᠬᠠᠷᠤᠨ᠂ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠦᠮᠦᠨ ᠠᠮᠠ ᠶᠢ ︽ᠲᠣᠭᠲᠠᠭᠤᠨ ᠪᠠᠶᠢᠯᠭᠠᠵᠤ᠂ ᠳᠠᠬᠢᠵᠤ | ᠶᠠᠳᠠᠭᠤᠷᠠᠬᠤ ᠦᠭᠡᠢ︾ ᠪᠠᠶᠢᠬᠤ ᠶᠢ ᠪᠠᠲᠤᠯᠠᠨ᠎ᠠ᠃ | —— ᠶᠠᠳᠠᠭᠤ ᠠᠴᠠ ᠠᠩᠭᠢᠵᠢᠷᠠᠭᠤᠯᠬᠤ ᠬᠠᠮᠲᠤ ᠶᠢᠨ ᠬᠦᠴᠦᠨ ᠢ ᠨᠢᠭᠲᠠᠷᠠᠭᠤᠯᠤᠨ᠎ᠠ᠃ ᠪᠡᠭᠡᠵᠢᠩ ᠬᠤᠲᠠ | ᠶᠢᠨ ᠱᠦᠨ ᠢ ᠲᠣᠭᠤᠷᠢᠭ ᠪᠠ ᠭᠤᠷᠪᠠᠨ ᠬᠠᠪᠴᠢᠯ ᠪᠦᠯᠦᠭᠯᠡᠯ ᠲᠠᠢ ᠨᠢᠭᠲᠠ ᠬᠠᠷᠢᠯᠴᠠᠵᠤ᠂ ᠠᠵᠢᠯ ᠤᠨ ᠠᠷᠭ᠎ᠠ | ᠠᠪᠴᠠᠯ ᠢᠶᠠᠨ ᠨᠠᠷᠢᠯᠢᠭᠵᠢᠭᠤᠯᠤᠨ᠂ ᠬᠠᠪᠰᠤᠷᠤᠨ ᠲᠡᠳᠬᠦᠬᠦ ᠦᠷ᠎ᠡ ᠠᠰᠢᠭ ᠢᠶᠠᠨ ᠦᠨᠡᠨᠬᠦ ᠳᠡᠭᠡᠭᠰᠢᠯᠡᠭᠦᠯᠦᠨ᠎ᠡ᠃ | ᠶᠠᠳᠠᠭᠤ ᠶᠢ ᠲᠡᠳᠬᠦᠬᠦ ᠡᠳ᠋ ᠬᠦᠷᠦᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠤᠭᠤᠯᠤᠯᠲᠠ ᠪᠠ ᠬᠦᠭᠵᠢᠯᠲᠡ | ᠶᠢᠨ ᠤᠷᠳᠤᠮᠵᠢ ᠶᠢᠨ ᠴᠢᠨᠠᠷᠲᠠᠢ ᠲᠣᠭᠲᠠᠯᠴᠠᠭ᠎ᠠ ᠪᠠᠶᠢᠭᠤᠯᠤᠨ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠪᠡᠯᠡ | ᠮᠦᠩᠭᠦᠨ ᠤ ᠦᠢᠯᠡᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠤᠨ᠎ᠠ᠃ ᠬᠤᠲᠠ ᠶᠢᠨ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠤᠯᠤᠰ ᠤᠨ ᠳᠡᠰ ᠤᠨ ᠶᠠᠳᠠᠭᠤ ᠶᠢ ᠲᠡᠳᠬᠦᠬᠦ ᠥᠭᠡᠷᠡᠴᠢᠯᠡᠯᠲᠡ ᠶᠢᠨ ᠲᠤᠷᠰᠢᠯᠲᠠ ᠴᠡᠭᠲᠦ | ᠭᠠᠵᠠᠷ ᠣᠷᠣᠨ ᠢ ᠪᠠᠶᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠴᠢᠨᠠᠷᠯᠢᠭ ᠬᠦᠭᠵᠢᠯᠲᠡ ᠠᠴᠠ ᠭᠠᠷ ᠣᠷᠤᠵᠤ᠂ ᠶᠠᠳᠠᠭᠤ ᠶᠢ ᠲᠡᠳᠬᠦᠬᠦ ᠲᠦᠷᠦᠯ ᠵᠦᠢᠯ ᠢ | ᠨᠠᠶᠢᠳᠠᠪᠦᠷᠢᠵᠢᠭᠤᠯᠤᠨ᠂ ᠵᠢᠯ ᠤᠨ ᠲᠣᠲᠤᠷ᠎ᠠ ᠶᠠᠳᠠᠭᠤ ᠶᠢ ᠲᠡᠳᠬᠦᠬᠦ ᠡᠯ᠎ᠡ ᠵᠦᠢᠯ ᠤᠨ ᠪᠡᠯᠡ ᠮᠦᠩᠭᠦ ᠶᠢ 6 | ᠳ᠋ᠦᠩᠰᠢᠭᠤᠷ ᠲᠦᠭᠦᠷᠢᠭ ᠢᠯᠡᠭᠦᠦ ᠣᠷᠤᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠳ᠋ᠦᠩᠨᠡᠯᠲᠡ ᠶᠢᠨ ᠠᠵᠢᠯ ᠢ | ᠪᠦᠬᠦ ᠲᠠᠯ᠎ᠠ ᠪᠠᠷ ᠡᠬᠢᠯᠡᠭᠦᠯᠵᠦ᠂ ᠵᠥᠪ ᠲᠠᠯ᠎ᠠ ᠠᠴᠠ ᠤᠬᠠᠭᠤᠯᠤᠨ᠂ ᠶᠠᠳᠠᠭᠤ ᠬᠦᠴᠢᠷᠲᠡᠢ ᠭᠠᠵᠠᠷ ᠣᠷᠤᠨ ᠪᠠ | ᠬᠦᠮᠦᠨ ᠠᠮᠠ ᠶᠢᠨ ᠳᠣᠲᠤᠭᠠᠳᠤ ᠬᠦᠳᠡᠯᠭᠡᠭᠴᠢ ᠬᠦᠴᠦᠨ ᠪᠠ ᠥᠪᠡᠷ ᠤᠨ ᠬᠦᠭᠵᠢᠯᠲᠡ ᠶᠢᠨ ᠴᠢᠳᠠᠪᠦᠷᠢ ᠶᠢ | ᠦᠷᠭᠦᠯᠵᠢᠯᠡᠨ ᠳᠡᠭᠡᠭᠰᠢᠯᠡᠭᠦᠯᠵᠦ᠂ ᠣᠨᠴᠠ ᠶᠠᠳᠠᠭᠤ ᠬᠦᠴᠢᠷᠲᠡᠢ ᠭᠠᠵᠠᠷ ᠣᠷᠤᠨ ᠤ ᠶᠠᠳᠠᠭᠤ ᠠᠴᠠ ᠠᠩᠭᠢᠵᠢᠷᠠᠭᠰᠠᠨ | ᠦᠯᠢᠭᠡᠷ ᠳᠠᠭᠤᠷᠢᠶᠠᠯ ᠪᠣᠯᠤᠨ᠎ᠠ᠃ |