︵ᠬᠤᠶᠠᠷ︶ ᠬᠤᠷᠢᠭ᠎ᠠ ᠱᠤᠭᠤᠮ ᠤᠨ ᠰᠡᠳᠬᠢᠬᠦᠢ ᠶᠢ ᠪᠣᠢ ᠪᠣᠯᠭᠠᠵᠤ᠂ ᠰᠢᠰᠲ᠋ᠧᠮ ᠲᠠᠢ ᠠᠷᠭᠠᠴᠠᠭᠠᠨ᠂ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠢ ᠪᠦᠬᠦ ᠬᠦᠴᠦᠨ ᠢᠶᠠᠷ ᠬᠢᠨ᠎ᠡ᠃ ︽ᠰᠡᠷᠭᠡᠶᠢᠯᠡᠯᠲᠡ︾ ᠶᠢ | ᠲᠡᠷᠢᠭᠦᠨ ᠪᠠᠶᠢᠷᠢᠨ ᠳᠤ ᠲᠠᠯᠪᠢᠵᠤ᠂ ︽ᠲᠣᠭᠲᠠᠭᠤᠨ︾ ᠳᠤ ᠰᠠᠭᠤᠷᠢᠯᠠᠨ᠂ ᠠᠷᠭ᠎ᠠ ᠪᠦᠬᠦᠨ ᠢ ᠰᠦᠪᠡᠭᠴᠢᠯᠡᠵᠦ᠂ | ᠠᠶᠤᠯ ᠲᠦᠭᠰᠢᠭᠦᠷᠢ ᠶᠢ ᠰᠡᠷᠭᠡᠶᠢᠯᠡᠨ᠂ ᠠᠮᠤᠷ ᠲᠥᠪᠰᠢᠨ ᠢ ᠪᠠᠲᠤᠯᠠᠵᠤ᠂ ᠡᠶ᠎ᠡ ᠵᠣᠬᠢᠴᠠᠯ ᠢ ᠠᠬᠢᠭᠤᠯᠤᠨ᠂ ᠠᠮᠤᠷ | ᠲᠣᠭᠲᠠᠭᠤᠨ ᠨᠡᠶᠢᠭᠡᠮ ᠤᠨ ᠣᠷᠴᠢᠨ ᠢ ᠪᠣᠢ ᠪᠣᠯᠭᠠᠨ᠎ᠠ᠃ | —— ᠠᠵᠤ ᠠᠬᠤᠢ ᠶᠢᠨ ᠬᠦᠷᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠨ᠎ᠡ᠃ ᠭᠤᠣᠯ ᠪᠣᠯᠬᠤ | ᠡᠳ᠋ ᠤᠨ ᠢᠷᠡᠯᠲᠡ ᠶᠢ ᠪᠣᠢ ᠪᠣᠯᠭᠠᠵᠤ᠂ ᠭᠠᠶᠢᠯᠢ ᠲᠠᠲᠠᠪᠦᠷᠢ ᠶᠢᠨ ᠬᠠᠮᠢᠶᠠᠷᠤᠯᠲᠠ ᠪᠠᠨ ᠴᠢᠩᠭᠠᠳᠬᠠᠨ᠂ ᠵᠠᠰᠠᠭ ᠤᠨ | ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭ ᠪᠠ ᠡᠩ ᠤᠨ ᠵᠢᠭᠡᠯᠡᠯᠭᠡ ᠶᠢᠨ ᠲᠡᠮᠳᠡᠭ ᠢ ᠢᠳᠡᠪᠬᠢᠲᠡᠢ ᠬᠠᠷᠢᠴᠠᠨ | ᠣᠯᠤᠨ᠎ᠠ᠃ ᠬᠢᠨᠠᠨ ᠪᠣᠳᠤᠯᠲᠠ ᠪᠠᠷ ᠬᠢᠨᠠᠯᠲᠠ ᠲᠠᠯᠪᠢᠬᠤ ᠪᠠᠨ ᠦᠷᠭᠦᠯᠵᠢᠯᠡᠨ ᠴᠢᠩᠭᠠᠳᠬᠠᠵᠤ᠂ ︽ᠭᠤᠷᠪᠠᠨ ᠠᠯᠪᠠᠨ | ︾ ᠤ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠡᠩ ᠤᠨ ᠵᠠᠷᠤᠯᠭ᠎ᠠ ᠶᠢ 5% ᠠᠴᠠ ᠳᠡᠭᠡᠭᠰᠢ | ᠪᠠᠭᠤᠷᠠᠭᠤᠯᠤᠨ᠎ᠠ᠃ ᠡᠳ᠋ ᠤᠨ ᠵᠠᠰᠠᠭ ᠤᠨ ᠲᠦᠰᠦᠪ ᠪᠠ ᠥᠷᠢ ᠥᠭᠴᠡᠭᠡᠨ ᠤ ᠬᠡᠮᠵᠢᠶ᠎ᠡ ᠶᠢᠨ ᠬᠢᠵᠠᠭᠠᠷ ᠲᠠᠢ | ᠬᠠᠮᠢᠶᠠᠷᠤᠯᠲᠠ ᠶᠢ ᠶᠠᠪᠤᠭᠤᠯᠵᠤ᠂ ᠵᠢᠯ ᠳᠣᠲᠤᠷ᠎ᠠ ᠵᠠᠰᠠᠭ ᠤᠨ ᠣᠷᠳᠣᠨ ᠤ ᠨᠢᠭᠤᠭᠳᠠᠮᠠᠯ ᠦᠷᠢ ᠦᠭᠴᠡᠭᠡ 6.4 | ᠳ᠋ᠦᠩᠰᠢᠭᠤᠷ ᠲᠦᠭᠦᠷᠢᠭ ᠠᠴᠠ ᠳᠡᠭᠡᠭᠰᠢ ᠰᠢᠢᠳᠪᠦᠷᠢᠯᠡᠨ᠂ ᠥᠷᠢ ᠥᠭᠴᠡᠭᠡ ᠶᠢ ᠵᠣᠬᠢᠰᠲᠠᠢ ᠬᠡᠪᠴᠢᠶᠡᠨ ᠳᠤ | ᠪᠠᠶᠢᠯᠭᠠᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠵᠦ᠂ ᠬᠠᠤᠯᠢ ᠪᠣᠰᠤ ᠪᠡᠯᠡ ᠬᠤᠷᠠᠮᠳᠤᠭᠤᠯᠭ᠎ᠠ | ᠂ ᠠᠷᠠᠳ ᠤᠨ ᠳᠤᠮᠳᠠᠬᠢ ᠦᠨᠳᠦᠷ ᠬᠦᠦ ᠲᠠᠢ ᠵᠢᠭᠡᠯᠡᠯᠭᠡ ᠵᠢᠴᠢ ᠮᠦᠩᠭᠦᠨ ᠭᠦᠢᠯᠭᠡᠭᠡᠨ ᠤ ᠮᠡᠬᠡᠯᠡᠯ ᠵᠡᠷᠭᠡ ᠬᠠᠤᠯᠢ ᠶᠢ | ᠵᠦᠷᠢᠴᠡᠭᠰᠡᠨ ᠶᠠᠯᠠᠲᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠴᠣᠬᠢᠯᠲᠠ ᠦᠭᠴᠦ᠂ ᠵᠣᠷᠢᠭᠤᠳᠠ ᠥᠷᠢ | ᠥᠭᠴᠡᠭᠡ ᠠᠴᠠ ᠳᠤᠲᠠᠭᠠᠬᠤ ᠪᠠ ᠬᠦᠴᠦᠨ ᠦᠭᠡᠢ ᠪᠣᠯᠭᠠᠬᠤ ᠠᠵᠢᠯᠯᠠᠭ᠎ᠠ ᠶᠢ ᠴᠢᠩᠭ᠎ᠠ ᠰᠢᠢᠳᠪᠦᠷᠢᠯᠡᠨ᠂ ᠮᠦᠩᠭᠦᠨ | ᠭᠦᠢᠯᠭᠡᠭᠡᠨ ᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ | —— ᠨᠡᠶᠢᠭᠡᠮ ᠢ ᠵᠠᠰᠠᠬᠤ ᠠᠵᠢᠯ ᠤᠨ ᠠᠶᠤᠯ ᠲᠦᠭᠰᠢᠭᠦᠷᠢ ᠶᠢ ᠪᠦᠲᠦᠮᠵᠢᠲᠡᠢ ᠡᠶᠡᠳᠡᠭᠦᠯᠦᠨ᠎ᠡ᠃ ᠢᠳᠡᠭᠡᠯ | ᠵᠣᠷᠢᠭ᠂ ᠡᠭᠦᠷᠭᠡ ᠬᠠᠷᠢᠭᠤᠴᠠᠯᠭ᠎ᠠ᠂ ᠡᠷᠴᠢᠮ ᠢᠶᠠᠨ ᠢᠮᠠᠭᠲᠠ ᠬᠤᠪᠢᠷᠠᠭᠤᠯᠬᠤ ᠦᠭᠡᠢ ᠪᠠᠷ ᠪᠠᠷᠢᠮᠲᠠᠯᠠᠵᠤ᠂ ᠥᠩᠭᠡ | ᠦᠨᠳᠦᠰᠦ ᠶᠢ ᠨᠢ ᠬᠠᠮᠲᠤ ᠳᠤ ᠨᠢ ᠵᠠᠰᠠᠬᠤ ᠱᠠᠭᠠᠷᠳᠠᠯᠭ᠎ᠠ ᠶᠢᠨ ᠲᠣᠭᠤᠷᠢᠨ ᠳᠤ᠂ ᠬᠠᠷ᠎ᠠ ᠪᠦᠯᠦᠭᠲᠡᠨ ᠬᠠᠷᠬᠢᠰ | ᠬᠦᠴᠦᠨ ᠢ ᠠᠷᠢᠯᠭᠠᠬᠤ ᠪᠠ ᠰᠠᠮᠠᠭᠤᠨ ᠢ ᠲᠦᠪᠰᠢᠳᠬᠡᠵᠦ ᠰᠠᠭᠤᠷᠢ ᠶᠢ ᠪᠠᠬᠢᠵᠢᠭᠦᠯᠬᠦ ᠶᠢ ᠨᠢᠭᠡᠲᠦᠯᠲᠡᠢ ᠠᠬᠢᠭᠤᠯᠵᠤ᠂ | ᠤᠷᠲᠤᠮᠵᠢ ᠶᠢᠨ ᠴᠢᠨᠠᠷᠲᠠᠢ ᠲᠣᠭᠲᠠᠯᠴᠠᠭ᠎ᠠ ᠶᠢ ᠪᠦᠬᠦ ᠲᠠᠯ᠎ᠠ ᠪᠠᠷ ᠪᠠᠶᠢᠭᠤᠯᠤᠨ᠂ ᠬᠠᠷ᠎ᠠ ᠪᠦᠯᠦᠭᠲᠡᠨ ᠬᠠᠷᠬᠢᠰ | ᠬᠦᠴᠦᠨ ᠢ ᠴᠡᠪᠡᠷᠯᠡᠨ ᠠᠷᠢᠯᠭᠠᠬᠤ ᠲᠤᠰᠬᠠᠢ ᠲᠡᠮᠡᠴᠡᠯ ᠢ ᠠᠮᠵᠢᠯᠲᠠ ᠲᠠᠢ ᠳᠠᠭᠤᠰᠬᠠᠨ᠎ᠠ᠃ ᠠᠮᠤᠷ ᠲᠥᠪᠰᠢᠨ ᠤ | ᠪᠠᠶᠢᠭᠤᠯᠤᠯᠲᠠ ᠶᠢ ᠥᠷᠭᠦᠯᠵᠢᠯᠡᠨ ᠭᠦᠨᠵᠡᠭᠡᠶᠢᠷᠡᠭᠦᠯᠵᠦ᠂ ︽ᠣᠯᠠᠨ ᠲᠦᠮᠡᠨᠴᠢ ᠠᠮᠤᠷ ᠢ ᠬᠠᠮᠠᠭᠠᠯᠠᠵᠤ ᠰᠡᠷᠭᠡᠶᠢᠯᠡᠨ | ᠡᠵᠡᠮᠳᠡᠬᠦ ᠢᠨᠵᠧᠨᠧᠷᠢᠩ︾ ᠢ ᠲᠥᠷᠭᠡᠨ ᠨᠠᠶᠢᠳᠠᠪᠦᠷᠢᠵᠢᠭᠤᠯᠵᠤ᠂ ᠪᠣᠰᠤᠭ᠎ᠠ ᠴᠣᠭᠴᠠᠲᠤ ᠨᠡᠶᠢᠭᠡᠮ ᠤᠨ ᠠᠮᠤᠷ ᠢ | ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠤᠳᠤᠷᠢᠳᠬᠤ ᠺᠠᠳ᠋ᠷ ᠤᠨ ᠰᠣᠷᠪᠤᠯᠵᠢᠯᠠᠭ᠎ᠠ ᠬᠦᠯᠢᠶᠡᠬᠦ ᠪᠠ | ᠳᠠᠷᠤᠭᠳᠠᠭᠰᠠᠨ ᠬᠡᠷᠡᠭ ᠢ ᠡᠶᠡᠳᠡᠭᠦᠯᠬᠦ ᠳᠠᠭᠠᠭᠠᠴᠢᠯᠠᠨ ᠬᠠᠷᠢᠯᠴᠠᠬᠤ ᠳᠦᠷᠢᠮ ᠢ ᠨᠠᠷᠢᠨ ᠬᠢᠨᠠᠮᠠᠭᠠᠢ ᠬᠡᠷᠡᠭᠵᠢᠭᠦᠯᠵᠦ᠂ | ᠵᠠᠬᠢᠳᠠᠯ ᠰᠣᠷᠪᠤᠯᠵᠢᠯᠠᠯ ᠤᠨ ᠠᠵᠢᠯ ᠤᠨ ᠭᠤᠣᠯᠳᠠᠯᠭ᠎ᠠ ᠶᠢ ᠳᠣᠷᠤᠭᠰᠢ ᠪᠠᠭᠤᠯᠭᠠᠨ᠂ ᠵᠠᠩᠭᠢᠯᠠᠭ᠎ᠠ ᠶᠢ ᠨᠢ ᠡᠮᠦᠨᠡᠰᠢ | ᠰᠢᠯᠵᠢᠭᠦᠯᠵᠦ᠂ ᠡᠬᠢ ᠡᠭᠦᠰᠦᠯ ᠠᠴᠠ ᠨᠢ ᠰᠡᠷᠭᠡᠶᠢᠯᠡᠨ᠎ᠡ᠃ ᠬᠠᠤᠯᠢ ᠶᠣᠰᠣᠨ ᠤ ᠭᠤᠶᠤᠴᠢᠯᠠᠭ᠎ᠠ ᠶᠢ ᠰᠢᠢᠳᠪᠦᠷᠢᠯᠡᠬᠦ | ᠪᠠ ᠬᠠᠤᠯᠢ ᠪᠣᠰᠣ ᠰᠤᠷᠪᠤᠯᠵᠢᠯᠠᠯ ᠢ ᠰᠢᠢᠳᠬᠡᠬᠦ ᠶᠢ ᠵᠡᠷᠭᠡᠪᠡᠷ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ᠡᠮᠬᠢ | ᠲᠢᠭᠯᠢᠮ ᠢ ᠢᠯᠡᠳᠲᠡ ᠰᠠᠶᠢᠵᠢᠷᠠᠭᠤᠯᠤᠨ᠎ᠠ᠃ | —— ᠠᠶᠤᠯ ᠦᠭᠡᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ᠎ᠡ᠃ ᠠᠶᠤᠯ ᠦᠭᠡᠢ | ᠬᠦᠭᠵᠢᠯᠲᠡ ᠶᠢᠨ ᠦᠵᠡᠯᠲᠡ ᠶᠢ ᠪᠣᠢ ᠪᠣᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠱᠤᠭᠤᠮ | ᠤᠨ ᠤᠬᠠᠮᠰᠠᠷ ᠢ ᠢᠮᠠᠭᠲᠠ ᠪᠠᠷᠢᠮᠲᠠᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠢᠨᠠᠯᠲᠠ ᠲᠠᠯᠪᠢᠬᠤ | ᠬᠠᠷᠢᠭᠤᠴᠠᠯᠭ᠎ᠠ ᠵᠢᠴᠢ ᠬᠠᠷᠢᠶᠠᠲᠤ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠤᠨ᠎ᠠ᠃ ︽ᠲᠤᠰᠬᠠᠢ ᠮᠡᠷᠭᠡᠵᠢᠯᠲᠡᠨ ᠬᠠᠮᠲᠤᠷᠠᠨ ᠣᠨᠤᠰᠢᠯᠠᠬᠤ︾ ᠨᠡᠶᠢᠭᠡᠮᠴᠢᠯᠡᠭᠰᠡᠨ ᠦᠢᠯᠡᠴᠢᠯᠡᠭᠡ | ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠢ ᠵᠢᠯᠤᠭᠤᠳᠤᠨ ᠲᠤᠰᠬᠠᠢ ᠪᠠᠶᠢᠭᠤᠯᠤᠮᠵᠢ ᠶᠢ ᠤᠷᠢᠵᠤ | ᠥᠪᠡᠷ ᠤᠨ ᠪᠠᠶᠢᠴᠠᠭᠠᠯᠲᠠ ᠬᠢᠯᠭᠡᠨ᠎ᠡ᠃ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠲᠤᠰᠬᠠᠢ ᠴᠡᠭᠴᠡᠯᠡᠯᠲᠡ ᠶᠢ | ᠭᠦᠨᠵᠡᠭᠡᠢ ᠦᠷᠨᠢᠭᠦᠯᠵᠦ᠂ ᠨᠡᠯᠢᠶᠡᠳ ᠶᠡᠭᠡ ᠪᠠ ᠶᠡᠭᠡ ᠠᠳᠡᠯ ᠤᠨ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃ ᠪᠠᠴᠢᠮ | ᠪᠠᠶᠢᠳᠠᠯ ᠢ ᠠᠷᠭᠠᠴᠠᠭᠠᠬᠤ ᠬᠦᠴᠦᠨ ᠪᠠ ᠡᠬᠢ ᠪᠠᠶᠠᠯᠢᠭ ᠢ ᠨᠢᠭᠡᠲᠦᠯᠵᠢᠭᠦᠯᠦᠨ᠂ ᠬᠠᠮᠢᠶᠠᠷᠤᠯᠲᠠ ᠶᠢᠨ ᠲᠣᠭᠲᠠᠯᠴᠠᠭ᠎ᠠ | ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠭᠠᠮᠰᠢᠭ ᠠᠴᠠ ᠠᠪᠤᠷᠠᠨ ᠲᠤᠰᠠᠯᠠᠬᠤ ᠴᠢᠳᠠᠪᠦᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠠᠮᠤᠷ ᠲᠦᠪᠰᠢᠨ ᠤ | ᠬᠢᠨᠠᠨ ᠬᠠᠮᠢᠶᠠᠷᠤᠯᠲᠠ ᠶᠢ ᠴᠢᠩᠭ᠎ᠠ ᠠᠳᠬᠤᠨ᠂ ᠬᠠᠭᠤᠷᠮᠠᠭ ᠪᠠᠷᠠᠭ᠎ᠠ ᠲᠠᠸᠠᠷ ᠦᠢᠯᠡᠳᠪᠦᠷᠢᠯᠡᠬᠦ ᠪᠠ ᠪᠣᠷᠤᠯᠠᠭᠤᠯᠬᠤ | ᠬᠡᠷᠡᠭ ᠤᠳ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠣᠯᠠᠨ ᠲᠦᠮᠡᠨ ᠤ ᠬᠡᠷᠡᠭᠯᠡᠭᠡᠨ ᠤ ᠠᠮᠤᠷ ᠲᠥᠪᠰᠢᠨ ᠢ | ᠪᠠᠲᠤᠯᠠᠨ᠎ᠠ᠃ | ︵ᠭᠤᠷᠪᠠ︶ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠨ ᠶᠡᠷᠦᠩᠬᠡᠶᠢᠯᠡᠨ ᠵᠠᠰᠠᠵᠤ᠂ ᠪᠣᠬᠢᠷᠳᠤᠯ ᠢ ᠰᠡᠷᠭᠡᠶᠢᠯᠡᠨ | ᠵᠠᠰᠠᠬᠤ ᠲᠠᠶᠢᠯᠠᠯᠳᠤᠭᠠᠨ ᠢ ᠰᠠᠶᠢᠲᠤᠷ ᠬᠢᠨ᠎ᠡ᠃ ᠴᠢᠭᠯᠡᠯ ᠢᠶᠠᠨ ᠬᠤᠪᠢᠷᠠᠭᠠᠬᠤ ᠦᠭᠡᠢ ᠮᠦᠷᠲᠡᠭᠡᠨ ᠬᠦᠴᠦᠨ ᠪᠠᠨ | ᠪᠠᠭᠤᠷᠠᠭᠤᠯᠬᠤ ᠦᠭᠡᠢ ᠪᠠᠶᠢᠵᠤ᠂ ᠨᠡᠩ ᠶᠡᠭᠡ ᠢᠲᠡᠭᠡᠯ ᠵᠣᠷᠢᠭ ᠪᠠ ᠡᠷᠴᠢᠮᠲᠡᠢ ᠦᠢᠯᠡ ᠠᠵᠢᠯᠯᠠᠭ᠎ᠠ ᠪᠠᠷ ᠢᠶᠠᠨ ᠠᠮᠢ | ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ | —— ᠶᠡᠷᠦᠩᠬᠡᠶᠢᠯᠡᠨ ᠵᠠᠰᠠᠬᠤ ᠶᠢ ᠴᠢᠩᠭ᠎ᠠ ᠠᠳᠬᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠪᠠᠷ ᠲᠤᠰᠬᠠᠭᠰᠠᠨ ᠠᠰᠠᠭᠤᠳᠠᠯ ᠢ ᠪᠦᠬᠦ | ᠬᠦᠴᠦᠨ ᠢᠶᠠᠷ ᠴᠡᠭᠴᠡᠯᠡᠨ ᠨᠠᠶᠢᠳᠠᠪᠦᠷᠢᠵᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ ᠬᠦᠷᠢᠶ᠎ᠡ ᠴᠠᠷᠠᠭᠠᠨ ᠤ | ᠳᠤᠪᠤᠶᠢᠮ᠎ᠠ ᠠᠰᠠᠭᠤᠳᠠᠯ ᠢ ᠥᠪᠡᠷ ᠢᠶᠠᠨ ᠪᠠᠶᠢᠴᠠᠭᠠᠨ ᠵᠠᠰᠠᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ | ᠠᠵᠢᠯ ᠤᠨ ᠤᠷᠲᠤᠮᠵᠢ ᠶᠢᠨ ᠴᠢᠨᠠᠷᠲᠠᠢ ᠲᠣᠭᠲᠠᠴᠠ ᠶᠢ ᠲᠦᠷᠭᠡᠨ ᠲᠡᠭᠦᠯᠳᠡᠷᠵᠢᠭᠦᠯᠦᠨ᠎ᠡ᠃ ᠡᠵᠡᠨ ᠦᠭᠡᠢ | ᠠᠭᠤᠷᠬᠠᠢ ᠶᠢᠨ ᠣᠷᠴᠢᠨ ᠲᠣᠭᠤᠷᠢᠨ ᠤ ᠴᠡᠭᠴᠡᠯᠡᠯᠲᠡ ᠪᠠ ᠠᠮᠢ ᠠᠬᠤᠢ ᠶᠢᠨ ᠰᠡᠷᠭᠦᠭᠡᠯᠲᠡ ᠶᠢ ᠪᠡᠶᠡᠯᠡᠭᠦᠯᠵᠦ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠢᠯᠢ ᠶᠢᠨ ᠲᠡᠮᠳᠡᠭ ᠪᠣᠰᠬᠠᠵᠤ᠂ ᠰᠤᠮᠤ ᠰᠢᠶᠠᠩ ᠪᠠᠯᠭᠠᠰᠤ ᠶᠢᠨ | ᠨᠢᠭᠡᠲᠦᠯᠲᠡᠢ ᠤᠤᠭᠤᠬᠤ ᠤᠰᠤᠨ ᠤ ᠡᠬᠢ ᠶᠢ ᠬᠠᠮᠠᠭᠠᠯᠠᠬᠤ ᠣᠷᠣᠨ ᠤ ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠭᠢ ᠠᠷᠪᠢᠯᠠᠬᠤ ᠬᠢᠨᠠᠨ ᠬᠠᠮᠢᠶᠠᠷᠤᠯᠲᠠ ᠪᠠ | ᠬᠠᠶᠠᠭᠳᠠᠮᠠᠯ ᠪᠠᠭᠠᠰᠬᠠᠬᠤ ᠬᠢᠨᠠᠯᠲᠠ ᠲᠠᠯᠪᠢᠬᠤ ᠠᠵᠢᠯ ᠢ ᠦᠨᠡᠨᠬᠦ ᠰᠠᠶᠢᠲᠤᠷ ᠠᠳᠬᠤᠨ᠂ ᠣᠷᠴᠢᠨ ᠲᠣᠭᠤᠷᠢᠨ ᠤ | ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢ ᠦᠷᠭᠦᠯᠵᠢᠯᠡᠨ ᠴᠢᠩᠭᠠᠳᠬᠠᠵᠤ᠂ ᠣᠷᠴᠢᠨ ᠲᠣᠭᠤᠷᠢᠨ ᠤ ᠳᠣᠪᠣᠶᠢᠮ᠎ᠠ | ᠠᠰᠠᠭᠤᠳᠠᠯ ᠢ ᠡᠷᠴᠢᠮᠲᠡᠢ ᠰᠡᠷᠭᠡᠶᠢᠯᠡᠬᠦ ᠪᠠ ᠰᠢᠢᠳᠪᠦᠷᠢᠯᠡᠨ᠎ᠡ᠃ | —— ᠠᠮᠢ ᠠᠬᠤᠢ ᠶᠢ ᠶᠡᠬᠡᠪᠡᠷ ᠪᠦᠲᠦᠭᠡᠨ ᠪᠠᠶᠢᠭᠤᠯᠵᠤ ᠬᠠᠮᠠᠭᠠᠯᠠᠨ᠎ᠠ᠃ ᠠᠭᠤᠯᠠ ᠶᠢ ᠪᠢᠲᠡᠭᠦᠮᠵᠢᠯᠡᠨ | ᠪᠡᠯᠴᠢᠭᠡᠷᠯᠡᠭᠦᠯᠬᠦ ᠶᠢ ᠵᠣᠭᠰᠤᠭᠠᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠦᠷᠢᠵᠢᠭᠤᠯᠵᠤ᠂ ᠪᠡᠭᠡᠵᠢᠩ ᠲᠢᠶᠠᠨᠵᠢᠨ ᠤ ᠡᠯᠡᠰᠦᠨ ᠤ ᠡᠬᠢ ᠶᠢ ᠵᠠᠰᠠᠬᠤ ᠪᠠ ᠲᠠᠯ᠎ᠠ ᠨᠤᠲᠤᠭ ᠤᠨ | ᠠᠮᠢ ᠠᠬᠤᠢ ᠶᠢ ᠬᠠᠮᠠᠭᠠᠯᠠᠬᠤ ᠢᠨᠵᠧᠨᠧᠷᠢᠩ ᠢ ᠪᠠᠶᠢᠭᠤᠯᠤᠨ᠂ ᠬᠦᠮᠦᠨ ᠤᠨ ᠬᠦᠴᠦ ᠪᠠᠷ 1.1 ᠲᠦᠮᠡᠨ ᠮᠦ | ᠣᠶᠢᠵᠢᠭᠤᠯᠵᠤ᠂ ᠰᠢᠷᠭ᠎ᠠ ᠶᠢᠨ ᠭᠤᠣᠯ ᠶᠢᠨ ᠡᠬᠢᠨ ᠤ 1.2 ᠲᠦᠮᠡᠨ ᠮᠦ ᠭᠠᠵᠠᠷ ᠢ ᠪᠢᠲᠡᠭᠦᠮᠵᠢᠯᠡᠨ᠂ | ᠦᠯᠵᠡᠶᠢᠮᠦ᠋ᠷᠡᠨ ᠭᠤᠣᠯ ᠤᠨ ᠤᠯᠤᠰ ᠤᠨ ᠳᠡᠰ ᠤᠨ ᠨᠠᠮᠤᠭᠲᠤ ᠴᠡᠴᠡᠷᠯᠢᠭ ᠢ ᠪᠦᠬᠦ ᠲᠠᠯ᠎ᠠ ᠪᠠᠷ ᠪᠠᠷᠢᠯᠭ᠎ᠠ ᠡᠬᠢᠯᠡᠭᠦᠯᠵᠦ | ᠂ ᠪᠠᠶᠢᠭᠠᠯᠢ ᠶᠢᠨ ᠮᠦᠽᠸᠢ ᠶᠢ ᠪᠠᠶᠢᠭᠤᠯᠤᠨ᠎ᠠ᠃ ︽ᠭᠤᠣᠯ ᠨᠠᠭᠤᠷ ᠤᠨ ᠳᠠᠷᠤᠭ᠎ᠠ ᠶᠢᠨ ᠳᠦᠷᠢᠮ︾ ᠢ ᠬᠡᠷᠡᠭᠵᠢᠭᠦᠯᠵᠦ | ᠂ ᠥᠪᠡᠷ ᠢᠶᠠᠨ ᠮᠠᠯᠲᠠᠭᠰᠠᠨ ᠣᠰᠤᠨ ᠤ ᠡᠬᠢ ᠶᠢ ᠬᠠᠭᠠᠬᠤ ᠲᠦᠯᠦᠪᠯᠡᠭᠡ ᠲᠣᠭᠲᠠᠭᠠᠵᠤ᠂ ᠭᠤᠣᠯ ᠨᠠᠭᠤᠷ ᠤᠨ | ᠬᠦᠪᠡᠭᠡᠨ ᠤ ᠬᠠᠮᠢᠶᠠᠷᠤᠯᠲᠠ ᠶᠢᠨ ᠬᠡᠪᠴᠢᠶ᠎ᠡ ᠶᠢ 1000 ᠲᠡᠭᠰᠢ ᠳᠦᠷᠪᠡᠯᠵᠢᠨ ᠺᠢᠯᠦᠮᠧᠲᠷ ᠢᠶᠠᠷ ᠲᠣᠭᠲᠠᠭᠠᠨ᠎ᠠ᠃ | ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠶᠢᠨ | ᠬᠠᠮᠠᠭᠠᠯᠠᠯᠲᠠ ᠶᠢᠨ ᠱᠤᠭᠤᠮ ᠢ ᠰᠠᠶᠢᠲᠤᠷ ᠡᠵᠡᠮᠳᠡᠨ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠤᠢ ᠶᠢᠨ | ᠪᠠᠶᠢᠴᠠᠭᠠᠯᠲᠠ ᠶᠢ ᠥᠩᠭᠡᠷᠡᠭᠦᠯᠦᠨ᠎ᠡ᠃ ᠠᠭᠤᠷᠬᠠᠢ ᠶᠢᠨ ᠣᠷᠴᠢᠨ ᠲᠣᠭᠤᠷᠢᠨ ᠢ ᠰᠠᠶᠢᠲᠤᠷ ᠵᠠᠰᠠᠵᠤ᠂ ᠥᠨᠥ ᠵᠢᠯ | ᠪᠣᠬᠢᠷᠳᠤᠯ ᠦᠭᠡᠢ ᠠᠭᠤᠷᠬᠠᠢ 2 ᠢ ᠪᠠᠶᠢᠭᠤᠯᠤᠨ᠂ ᠭᠠᠵᠠᠷ ᠰᠢᠨᠵᠢᠯᠡᠭᠡᠨ ᠤ ᠮᠦᠽᠸᠢ ᠶᠢ ᠠᠰᠢᠭᠯᠠᠯᠲᠠ ᠳᠤ | ᠣᠷᠤᠭᠤᠯᠤᠨ᠎ᠠ᠃ | —— ᠪᠣᠬᠢᠷᠳᠤᠯ ᠢ ᠪᠦᠬᠦ ᠬᠦᠴᠦᠨ ᠢᠶᠠᠷ ᠵᠠᠰᠠᠨ᠎ᠠ᠃ ᠠᠭᠠᠷ ᠮᠠᠨᠳᠠᠯ ᠢ ᠶᠡᠷᠦᠩᠬᠡᠶᠢᠯᠡᠭᠰᠡᠨ ᠵᠠᠰᠠᠭᠰᠠᠨ | ᠠᠵᠢᠯ ᠢᠶᠠᠨ ︽ᠡᠷᠭᠢᠴᠡᠭᠦᠯᠵᠦ︾᠂ ᠨᠡᠭᠦᠷᠡᠰᠦ ᠰᠢᠲᠠᠭᠠᠯᠭ᠎ᠠ᠂ ᠠᠵᠤ ᠦᠢᠯᠡᠳᠪᠦᠷᠢ᠂ ᠮᠠᠰᠢᠨ ᠲᠡᠷᠭᠡᠨ ᠤ | ᠤᠲᠤᠭᠠᠨ ᠤ ᠪᠣᠬᠢᠷᠳᠤᠯ᠂ ᠡᠰᠢ ᠰᠦᠷᠡᠯ ᠰᠢᠲᠠᠭᠠᠭᠰᠠᠨ ᠪᠣᠬᠢᠷᠳᠤᠯ ᠵᠡᠷᠭᠡ ᠶᠢ ᠲᠤᠰᠬᠠᠢ ᠴᠡᠭᠴᠡᠯᠡᠨ᠂ ᠠᠭᠠᠷ ᠤᠨ | ᠴᠢᠨᠠᠷ ᠴᠢᠨᠰᠠᠭ᠎ᠠ ᠶᠢ ᠰᠠᠶᠢᠵᠢᠷᠠᠭᠤᠯᠤᠨ 90% ᠠᠴᠠ ᠳᠡᠭᠡᠭᠰᠢ ᠪᠠᠶᠢᠯᠭᠠᠨ᠎ᠠ᠃ ︽ᠤᠰᠤᠨ ᠤ ᠪᠣᠬᠢᠷᠳᠤᠯ ᠢ | ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ︾ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ︽ᠨᠢᠭᠡ ᠭᠤᠣᠯ | ᠨᠢᠭᠡ ᠠᠷᠭ᠎ᠠ︾ ᠪᠠᠷ ᠵᠠᠰᠠᠨ ᠴᠡᠭᠴᠡᠯᠡᠬᠦ ᠬᠦᠴᠦᠯᠡᠴᠡ ᠪᠠᠨ ᠴᠢᠩᠭᠠᠳᠬᠠᠨ᠂ ᠭᠤᠣᠯ ᠤᠨ ᠲᠠᠩ ᠪᠠ ᠭᠤᠣᠯ ᠤᠨ | ᠬᠦᠪᠡᠭᠡ ᠵᠠᠬ᠎ᠠ ᠶᠢᠨ ︽ᠳᠥᠷᠪᠡᠨ ᠡᠮᠬᠢ ᠵᠠᠮᠪᠠᠷᠠᠭ᠎ᠠ ᠦᠭᠡᠢ︾ ᠪᠠᠶᠢᠳᠠᠯ ᠢ ᠴᠡᠪᠡᠷᠯᠡᠭᠰᠡᠨ ᠦᠷ᠎ᠡ ᠪᠦᠲᠦᠮᠵᠢ ᠶᠢ | ᠦᠷᠭᠦᠯᠵᠢᠯᠡᠨ ᠪᠠᠲᠤᠳᠬᠠᠵᠤ᠂ ᠬᠥᠳᠡᠭᠡ ᠲᠤᠰᠬᠤᠨ ᠮᠠᠯᠵᠢᠬᠤ ᠣᠷᠣᠨ ᠤ ᠠᠮᠢᠳᠤᠷᠠᠯ ᠤᠨ ᠤᠰᠤᠨ ᠤ ᠪᠣᠬᠢᠷᠳᠤᠯ ᠢ | ᠰᠢᠢᠳᠪᠦᠷᠢᠯᠡᠬᠦ ᠨᠣᠷᠮ᠎ᠠ ᠪᠠ ᠬᠤᠲᠠ ᠲᠣᠭᠤᠷᠢᠭ ᠤᠨ ᠳᠤᠮᠳᠠᠬᠢ ᠤᠰᠤ ᠶᠢ ᠳᠠᠬᠢᠨ ᠠᠰᠢᠭᠯᠠᠬᠤ ᠨᠣᠷᠮ᠎ᠠ ᠶᠢ | ᠳᠡᠭᠡᠭᠰᠢᠯᠡᠭᠦᠯᠦᠨ᠂ ᠤᠰᠤᠨ ᠤ ᠴᠢᠨᠠᠷ ᠴᠢᠨᠰᠠᠭ᠎ᠠ ᠶᠢ ᠪᠠᠷᠢᠮᠵᠢᠶ᠎ᠠ ᠳᠤ ᠬᠦᠷᠭᠡᠨ᠎ᠡ᠃ ︽ᠬᠦᠷᠦᠰᠦ ᠰᠢᠷᠤᠢ ᠶᠢᠨ | ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠦᠯᠦᠪᠯᠡᠭᠡ︾ ᠶᠢ ᠢᠳᠡᠪᠬᠢᠲᠡᠢ ᠨᠠᠶᠢᠳᠠᠪᠦᠷᠢᠵᠢᠭᠤᠯᠵᠤ᠂ | ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠪᠣᠬᠢᠷᠳᠤᠯ ᠢ ᠰᠠᠶᠢᠲᠤᠷ ᠵᠠᠰᠠᠨ᠂ ᠰᠦᠯᠢᠶᠤᠤ ᠪᠦᠷᠬᠦᠪᠴᠢ ᠪᠠᠷ ᠦᠷ᠎ᠡ | ᠠᠰᠢᠭ ᠢ ᠨᠡᠮᠡᠭᠳᠡᠭᠦᠯᠬᠦ ᠮᠡᠷᠭᠡᠵᠢᠯ ᠢ ᠲᠦᠭᠡᠮᠡᠯᠵᠢᠭᠦᠯᠵᠦ᠂ ᠬᠦᠷᠦᠰᠦ ᠰᠢᠷᠤᠢ ᠶᠢᠨ ᠣᠷᠴᠢᠨ ᠲᠣᠭᠤᠷᠢᠨ ᠤ ᠴᠢᠨᠠᠷ | ᠴᠢᠨᠰᠠᠭ᠎ᠠ ᠶᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ |