︵ᠳᠣᠯᠤᠭ᠎ᠠ︶ ᠴᠢᠳᠠᠪᠦᠷᠢ ᠶᠢᠨ ᠲᠡᠭᠦᠯᠳᠡᠷᠵᠢᠯ ᠪᠠ ᠪᠠᠶᠢᠭᠤᠯᠤᠯᠲᠠ ᠬᠠᠮᠢᠶᠠᠷᠤᠯᠲᠠ ᠶᠢ ᠵᠡᠷᠭᠡᠪᠡᠷ ᠠᠳᠬᠤᠵᠤ᠂ | ᠣᠷᠤᠨ ᠰᠠᠭᠤᠴᠠ ᠶᠢ ᠤᠯᠠᠮ ᠨᠢᠭᠡ ᠠᠯᠬᠤᠮ ᠰᠠᠭᠤᠷᠢᠰᠢᠬᠤ ᠳᠤ ᠲᠣᠬᠢᠷᠠᠮᠵᠢᠲᠠᠢ ᠪᠣᠯᠭᠠᠨ᠎ᠠ᠃ ᠲᠦᠯᠦᠪᠵᠢᠭᠦᠯᠭᠡ | ᠪᠠᠷ ᠵᠢᠯᠤᠭᠤᠳᠤᠭᠤᠯᠤᠨ᠂ ᠬᠠᠮᠲᠤ ᠪᠠᠷ ᠪᠠᠶᠢᠭᠤᠯᠤᠨ ᠬᠠᠮᠲᠤ ᠪᠠᠷ ᠬᠠᠮᠢᠶᠠᠷᠴᠤ᠂ ᠬᠤᠲᠠ ᠬᠦᠳᠡᠭᠡ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠨᠢᠭᠡ ᠴᠣᠭᠴᠠᠵᠢᠯᠲᠠ ᠶᠢ ᠠᠬᠢᠭᠤᠯᠤᠨ᠂ ᠵᠣᠬᠢᠴᠠᠩᠭᠤᠢ ᠬᠦᠭᠵᠢᠯᠲᠡ ᠶᠢᠨ ᠰᠢᠨ᠎ᠡ | ᠪᠠᠶᠢᠳᠠᠯ ᠢ ᠪᠣᠢ ᠪᠣᠯᠭᠠᠨ᠎ᠠ᠃ | —— ᠬᠤᠲᠠ ᠲᠣᠭᠤᠷᠢᠭ ᠤᠨ ᠴᠢᠳᠠᠪᠦᠷᠢ ᠶᠢ ᠴᠢᠨᠠᠷᠵᠢᠭᠤᠨ ᠳᠡᠭᠡᠭᠰᠢᠯᠡᠭᠦᠯᠦᠨ᠎ᠡ᠃ ᠤᠯᠤᠰ ᠤᠨ ᠭᠠᠵᠠᠷ | ᠰᠢᠷᠤᠢ ᠶᠢᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠡᠬᠢᠯᠡᠭᠦᠯᠦᠨ᠂ ︽ᠭᠤᠷᠪᠠᠨ ᠲᠣᠭᠤᠷᠢᠭ ᠭᠤᠷᠪᠠᠨ ᠱᠤᠭᠤᠮ︾ | ᠤᠨ ᠬᠤᠪᠢᠶᠠᠷᠢᠯᠠᠬᠤ ᠠᠵᠢᠯ ᠢ ᠪᠡᠶᠡᠯᠡᠭᠦᠯᠵᠦ᠂ ︽ᠣᠯᠠᠨ ᠲᠦᠯᠦᠪᠵᠢᠭᠦᠯᠭᠡ ᠶᠢ ᠨᠢᠭᠡᠳᠦᠭᠦᠯᠬᠦ︾ ᠲᠦᠯᠦᠪᠵᠢᠭᠦᠯᠭᠡ | ᠶᠢᠨ ᠲᠣᠭᠲᠠᠯᠴᠠᠭ᠎ᠠ ᠶᠢ ᠢᠳᠡᠭ ᠢᠳᠡᠭ ᠢᠶᠠᠷ ᠪᠠᠶᠢᠭᠤᠯᠤᠨ᠎ᠠ᠃ ᠰᠢᠷᠭ᠎ᠠ ᠵᠡᠭᠡᠯᠢ᠂ ᠰᠤᠶᠤᠯ ᠤᠨ ᠵᠠᠮ᠂ ᠪᠸᠢ ᠰᠢᠨ | ᠵᠡᠭᠡᠯᠢ ᠶᠢᠨ ᠵᠡᠭᠦᠨ ᠬᠡᠰᠡᠭ ᠵᠡᠷᠭᠡ ᠵᠠᠮ ᠵᠢᠴᠢ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ ᠶᠢ ᠪᠠᠶᠢᠭᠤᠯᠵᠤ᠂ | ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ᠂ ᠰᠢᠨ᠎ᠡ ᠪᠸᠢ ᠱᠠᠨ ᠴᠡᠴᠡᠷᠯᠢᠭ ᠤᠨ ᠳᠤᠮᠳᠠᠬᠢ | ᠤᠰᠤ ᠶᠢ ᠳᠠᠬᠢᠨ ᠠᠰᠢᠭᠯᠠᠬᠤ᠂ ᠲᠦᠭᠡᠭᠡᠯ ᠤᠰᠤᠨ ᠤ ᠬᠤᠭᠤᠯᠠᠢ ᠶᠢ ᠰᠢᠨᠡᠳᠬᠡᠬᠦ ᠵᠢᠴᠢ ᠰᠢᠲᠠᠮᠠᠬᠠᠢ ᠬᠡᠢ ᠶᠢᠨ | ᠬᠤᠭᠤᠯᠠᠢ ᠤᠭᠰᠠᠷᠠᠬᠤ ᠵᠡᠷᠭᠡ ᠲᠦᠷᠥᠯ ᠵᠦᠢᠯ ᠢ ᠨᠠᠶᠢᠳᠠᠪᠦᠷᠢᠵᠢᠭᠤᠯᠤᠨ᠂ ᠪᠸᠢ ᠲᠠ ᠴᠡᠴᠡᠷᠯᠢᠭ ᠢ ᠲᠦᠷᠭᠡᠨ | ᠪᠠᠶᠢᠭᠤᠯᠵᠤ᠂ ᠬᠤᠲᠠ ᠲᠣᠭᠤᠷᠢᠭ ᠤᠨ ᠶᠡᠷᠦᠩᠬᠡᠶᠢᠯᠡᠭᠰᠡᠨ ᠠᠴᠢᠶᠠᠯᠠᠬᠤ ᠴᠢᠳᠠᠪᠦᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠲᠠᠸᠠᠷ ᠤᠨ ᠭᠡᠷ ᠪᠠᠶᠢᠰᠢᠩ ᠢ ᠠᠯᠬᠤᠮ ᠳᠠᠷᠠᠭ᠎ᠠ ᠲᠠᠢ ᠨᠡᠭᠡᠭᠡᠨ ᠬᠦᠭᠵᠢᠭᠦᠯᠵᠦ᠂ | ᠭᠤᠣᠯᠳᠠᠯᠭ᠎ᠠ ᠲᠠᠢ ᠭᠠᠵᠠᠷ ᠣᠷᠤᠨ ᠤ ᠲᠦᠭᠦᠮ ᠪᠦᠲᠦᠴᠡᠲᠦ ᠭᠡᠷ ᠪᠠᠶᠢᠰᠢᠩ ᠢ ᠦᠷᠭᠦᠯᠵᠢᠯᠡᠨ ᠦᠭᠡᠷᠡᠴᠢᠯᠡᠵᠦ᠂ | ᠬᠠᠭᠤᠴᠢᠨ ᠬᠤᠷᠢᠶᠠᠯᠠᠯ ᠤᠨ ᠬᠤᠭᠤᠯᠠᠢ ᠰᠣᠪᠠᠭ ᠢ ᠵᠠᠰᠠᠬᠤ᠂ ᠠᠮᠤᠷ ᠢ ᠬᠠᠮᠠᠭᠠᠯᠠᠬᠤ᠂ ᠭᠡᠷᠡᠯᠲᠦᠭᠦᠯᠭᠡ ᠤᠭᠰᠠᠷᠠᠬᠤ᠂ | ᠵᠠᠮ ᠢ ᠬᠠᠲᠠᠭᠤᠵᠢᠭᠤᠯᠬᠤ ᠵᠢᠴᠢ ᠠᠳᠠᠯ ᠠᠬᠤᠢ ᠶᠢᠨ ᠭᠡᠷ ᠪᠠᠶᠢᠰᠢᠩ ᠢ ᠨᠢᠭᠡᠲᠦᠯᠲᠡᠢ ᠳᠡᠰ ᠳᠡᠪᠰᠢᠭᠦᠯᠵᠦ᠂ | ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠴᠢᠷᠮᠠᠶᠢᠨ ᠰᠠᠶᠢᠵᠢᠷᠠᠭᠤᠯᠤᠨ᠎ᠠ᠃ | —— ᠰᠠᠭᠤᠷᠢ ᠲᠦᠬᠦᠭᠡᠷᠦᠮᠵᠢ ᠶᠢ ᠲᠡᠩᠴᠡᠭᠦᠷᠢᠲᠠᠢ ᠰᠠᠶᠢᠵᠢᠷᠠᠭᠤᠯᠤᠨ᠎ᠠ᠃ ︽ᠳᠥᠷᠪᠡᠨ ᠰᠠᠶᠢᠨᠲᠠᠢ ᠬᠦᠳᠡᠭᠡ | ᠲᠤᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠲᠤᠳᠬᠠᠵᠤ᠂ ᠤᠯᠤᠰ ᠤᠨ ᠵᠠᠮ | 305 ᠶᠢᠨ ᠯᠢᠨᠳᠦ᠋ᠩ ᠠᠴᠠ ᠰᠢᠶᠠ ᠾᠦᠸᠧ ᠹᠠᠩ ᠬᠦᠷᠬᠦ ᠬᠡᠰᠡᠭ᠂ ᠶᠧ ᠵᠦ ᠭᠸᠦ ᠠᠴᠠ ᠮᠣᠵᠢ ᠶᠢᠨ | ᠬᠤᠭᠤᠷᠤᠨᠳᠤᠬᠢ ᠵᠠᠮ ᠬᠦᠷᠬᠦ ᠭᠠᠳᠠᠷᠭᠤ ᠶᠢ ᠵᠠᠰᠠᠨ ᠳᠡᠪᠢᠰᠬᠦ ᠵᠡᠷᠭᠡ 16 ᠬᠡᠰᠡᠭ ᠵᠠᠮ ᠬᠠᠷᠢᠯᠴᠠᠭᠠᠨ ᠤ | ᠢᠨᠵᠧᠨᠧᠷᠢᠩ ᠢ ᠨᠠᠶᠢᠳᠠᠪᠦᠷᠢᠵᠢᠭᠤᠯᠤᠨ᠂ ᠵᠢᠨᠢᠩ ᠠᠴᠠ ᠲᠦᠩᠯᠢᠶᠤᠤ ᠬᠦᠷᠬᠦ ᠲᠡᠮᠦᠷ ᠵᠠᠮ ᠤᠨ ᠪᠠᠭᠠᠷᠢᠨ ᠵᠡᠭᠦᠨ | ᠬᠤᠰᠢᠭᠤᠨ ᠤ ᠬᠡᠰᠡᠭ ᠤᠨ ᠦᠭᠡᠷᠡᠴᠢᠯᠡᠯᠲᠡ᠂ ᠮᠣᠵᠢ ᠶᠢᠨ ᠬᠤᠭᠤᠷᠤᠨᠳᠤᠬᠢ ᠵᠠᠮ ᠤᠨ ᠪᠠᠭᠠᠷᠢᠨ ᠵᠡᠭᠦᠨ ᠬᠤᠰᠢᠭᠤᠨ | ᠤ ᠬᠡᠰᠡᠭ ᠤᠨ ᠦᠨᠳᠦᠷ ᠬᠤᠷᠳᠤᠴᠠᠲᠤ ᠵᠠᠰᠠᠮᠠᠯ ᠵᠠᠮ ᠤᠨ ᠦᠢᠯᠡᠴᠢᠯᠡᠭᠡ ᠶᠢ ᠰᠠᠶᠢᠲᠤᠷ ᠬᠢᠵᠦ᠂ ᠱᠠᠩ ᠵᠢᠩ ᠨᠢᠰᠭᠡᠯ | ᠤᠨ ᠪᠠᠭᠤᠳᠠᠯ ᠢ ᠪᠠᠶᠢᠭᠤᠯᠤᠨ᠎ᠠ᠃ ᠬᠦᠪ ᠤᠨ ᠭᠤᠤ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠢᠨᠵᠧᠨᠧᠷᠢᠩ ᠪᠠ | ᠦᠯᠵᠡᠶᠢᠮᠦ᠋ᠷᠡᠨ ᠭᠤᠣᠯ ᠢ ᠵᠠᠰᠠᠬᠤ ᠵᠠᠯᠭᠠᠮᠵᠢ ᠢᠨᠵᠧᠨᠧᠷᠢᠩ ᠢ ᠠᠬᠢᠭᠤᠯᠵᠤ᠂ ᠴᠢᠨᠳᠠᠮᠦᠨᠢ ᠬᠠᠳᠠᠨ ᠤ ᠤᠰᠤᠨ | ᠴᠦᠭᠦᠷᠦᠮ᠂ ᠬᠠᠯᠢᠭᠤᠲᠤ ᠤᠰᠤᠨ ᠴᠦᠭᠦᠷᠦᠮ ᠵᠢᠴᠢ ᠬᠦᠳᠡᠭᠡ ᠲᠤᠰᠬᠤᠨ ᠤ ᠦᠶᠡᠷ ᠢ ᠰᠡᠷᠭᠡᠶᠢᠯᠡᠬᠦ ᠢᠨᠵᠧᠨᠧᠷᠢᠩ | ᠢ ᠪᠠᠶᠢᠭᠤᠯᠤᠨ᠂ ᠤᠰᠤᠨ ᠠᠰᠢᠭᠯᠠᠯᠲᠠ ᠶᠢᠨ ᠲᠤᠯᠭᠠᠭᠤᠷᠢ ᠬᠦᠴᠦᠨ ᠢ ᠴᠢᠩᠭᠠᠷᠠᠭᠤᠯᠤᠨ᠎ᠠ᠃ ᠯᠢᠨᠳᠦ᠋ᠩ ᠬᠤᠲᠠ | ᠲᠣᠭᠤᠷᠢᠭ ᠤᠨ 66 ᠺᠢᠯᠦᠸᠣᠯᠲ ᠴᠠᠬᠢᠯᠭᠠᠨ ᠬᠤᠪᠢᠰᠬᠠᠭᠤᠷ ᠤᠨ ᠦᠷᠲᠡᠭᠡ᠂ ᠬᠤᠭᠤᠯᠲᠤ ᠶᠢᠨ 66 ᠺᠢᠯᠦᠸᠣᠯᠲ | ᠴᠠᠬᠢᠯᠭᠠᠨ ᠬᠤᠪᠢᠰᠬᠠᠭᠤᠷ ᠤᠨ ᠦᠷᠲᠡᠭᠡ ᠶᠢ ᠭᠠᠵᠠᠷ ᠰᠢᠯᠵᠢᠭᠦᠯᠬᠦ ᠵᠢᠴᠢ 10 ᠺᠢᠯᠦᠸᠣᠯᠲ ᠠᠴᠠ ᠳᠣᠷᠤᠭᠰᠢᠬᠢ | ᠲᠠᠷᠢᠶᠠᠯᠠᠩ ᠤᠨ ᠴᠠᠬᠢᠯᠭᠠᠨ ᠢ ᠦᠭᠡᠷᠡᠴᠢᠯᠡᠬᠦ ᠢᠨᠵᠧᠨᠧᠷᠢᠩ ᠢ ᠡᠬᠢᠯᠡᠭᠦᠯᠵᠦ᠂ ᠯᠢᠨᠳᠦ᠋ᠩ ᠤᠨ 220 ᠺᠢᠯᠦᠸᠣᠯᠲ | ᠴᠠᠬᠢᠯᠭᠠᠨ ᠬᠤᠪᠢᠰᠬᠠᠭᠤᠷ ᠤᠨ ᠦᠷᠳᠡᠭᠡ ᠶᠢ ᠭᠠᠵᠠᠷ ᠰᠢᠯᠵᠢᠭᠦᠯᠦᠨ ᠪᠠᠶᠢᠭᠤᠯᠬᠤ ᠲᠦᠷᠦᠯ ᠵᠦᠢᠯ ᠢ ᠠᠬᠢᠭᠤᠯᠤᠨ᠂ | ᠴᠠᠬᠢᠯᠭᠠᠨ ᠬᠦᠴᠦᠨ ᠤ ᠬᠦᠭᠵᠢᠯᠲᠡ ᠪᠠ ᠬᠤᠲᠠ ᠬᠦᠳᠡᠭᠡ ᠶᠢᠨ ᠲᠦᠯᠦᠪᠵᠢᠭᠦᠯᠭᠡ ᠶᠢ ᠪᠦᠲᠦᠮᠵᠢᠲᠡᠢ | ᠤᠶᠠᠯᠳᠤᠭᠤᠯᠤᠨ᠎ᠠ᠃ | —— ᠬᠤᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠶᠢᠨ ᠦᠩᠭᠡ ᠳᠦᠷᠰᠦ ᠶᠢ ᠲᠤᠰᠬᠠᠢ | ᠴᠡᠭᠴᠡᠯᠡᠨ ᠵᠠᠰᠠᠵᠤ᠂ ᠬᠤᠲᠠ ᠲᠣᠭᠤᠷᠢᠭ ᠤᠨ ︽ᠲᠠᠪᠤᠨ ᠡᠮᠬᠢ ᠵᠠᠮᠪᠠᠷᠠᠭ᠎ᠠ ᠦᠭᠡᠢ︾ ᠳᠣᠪᠤᠶᠢᠮ᠎ᠠ ᠠᠰᠠᠭᠤᠳᠠᠯ ᠢ | ᠰᠢᠢᠳᠪᠦᠷᠢᠯᠡᠨ᠂ ᠬᠤᠲᠠ ᠲᠣᠭᠤᠷᠢᠭ ᠤᠨ ᠣᠷᠴᠢᠨ ᠲᠣᠭᠤᠷᠢᠨ ᠤ ᠴᠡᠪᠡᠷ ᠴᠡᠮᠴᠡᠭᠡᠷ ᠡᠮᠬᠢ ᠲᠢᠭᠯᠢᠮ ᠲᠠᠢ ᠪᠠᠶᠢᠬᠤ | ᠶᠢ ᠪᠠᠲᠤᠯᠠᠨ᠎ᠠ᠃ ︽ᠭᠤᠸᠠᠯᠢᠭᠵᠢᠭᠤᠯᠤᠨ ᠨᠣᠭᠤᠭᠠᠷᠠᠭᠤᠯᠵᠤ ᠰᠤᠶᠤᠯ ᠤᠨ ᠥᠩᠭᠡ ᠪᠣᠳᠤᠭ ᠨᠡᠮᠡᠷᠢᠯᠡᠬᠦ︾ | ᠠᠵᠢᠯᠯᠠᠭ᠎ᠠ ᠦᠷᠨᠢᠭᠦᠯᠵᠦ᠂ ᠵᠡᠭᠡᠯᠢ ᠳᠠᠭᠠᠤ ᠣᠯᠠᠨ ᠨᠡᠶᠢᠲᠡ ᠶᠢᠨ ᠬᠡᠷᠡᠭᠰᠡᠯ ᠲᠦᠬᠦᠭᠡᠷᠦᠮᠵᠢ ᠶᠢ ᠥᠩᠭᠡᠯᠡᠵᠦ | ᠪᠣᠳᠣᠬᠤ ᠪᠠ ᠡᠪᠡᠰᠦ ᠤᠷᠭᠤᠮᠠᠯ ᠨᠦᠬᠦᠵᠦ ᠲᠠᠷᠢᠨ᠂ ᠭᠤᠣᠯᠳᠠᠯᠭ᠎ᠠ ᠲᠠᠢ ᠵᠡᠭᠡᠯᠢ ᠭᠤᠳᠤᠮᠵᠢ ᠪᠠᠷ ᠵᠢᠵᠢᠭ ᠬᠡᠯᠪᠡᠷᠢ | ᠶᠢᠨ ᠰᠤᠶᠤᠯ ᠤᠨ ᠱᠤᠭᠤᠮᠠᠯ ᠪᠣᠰᠬᠠᠨ᠎ᠠ᠃ ᠬᠠᠮᠢᠶ᠎ᠠ ᠦᠭᠡᠢ ᠡᠵᠡᠯᠡᠨ ᠳᠤᠷ᠎ᠠ ᠪᠠᠷ ᠪᠦᠲᠦᠭᠡᠨ ᠪᠠᠶᠢᠭᠤᠯᠬᠤ ᠬᠠᠤᠯᠢ ᠶᠢ | ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠲᠦᠯᠦᠪᠵᠢᠭᠦᠯᠭᠡ ᠶᠢᠨ ᠲᠣᠭᠤᠷᠢᠭ ᠪᠠ ᠳᠦᠭᠦᠮ | ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠵᠡᠷᠭᠡ ᠭᠤᠣᠯᠳᠠᠯᠭ᠎ᠠ ᠲᠠᠢ ᠬᠡᠰᠡᠭ ᠤᠨ ᠬᠠᠮᠢᠶᠠᠷᠤᠯᠲᠠ ᠪᠠᠨ | ᠴᠢᠩᠭᠠᠳᠬᠠᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ | ᠬᠢᠨᠠᠨ ᠬᠠᠮᠢᠶᠠᠷᠤᠯᠲᠠ ᠶᠢᠨ ᠲᠣᠭᠲᠠᠯᠴᠠᠭ᠎ᠠ᠂ ᠬᠢᠨᠠᠨ ᠦᠨᠡᠯᠡᠬᠦ ᠳᠦᠷᠢᠮ ᠵᠢᠴᠢ ᠪᠡᠶᠡᠯᠡᠭᠳᠡᠯ ᠤᠨ ᠲᠣᠭᠲᠠᠯᠴᠠᠭ᠎ᠠ ᠶᠢ | ᠲᠡᠭᠦᠯᠳᠡᠷᠵᠢᠭᠦᠯᠦᠨ᠂ ᠵᠠᠬ᠎ᠠ ᠳᠡᠯᠭᠡᠭᠦᠷᠴᠢᠯᠡᠭᠰᠡᠨ ᠠᠵᠢᠯ ᠤᠨ ᠦᠷ᠎ᠡ ᠪᠦᠲᠦᠮᠵᠢ ᠶᠢ ᠬᠠᠮᠠᠭᠠᠯᠠᠨ᠎ᠠ᠃ ᠬᠤᠲᠠ ᠶᠢᠨ | ᠶᠠᠪᠤᠳᠠᠯ ᠤᠨ ᠣᠯᠠᠨ ᠨᠡᠶᠢᠲᠡ ᠶᠢᠨ ᠬᠡᠷᠡᠭᠰᠡᠯ ᠲᠦᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠪᠠᠨ | ᠴᠢᠩᠭᠠᠳᠬᠠᠵᠤ᠂ ᠡᠪᠳᠡᠷᠡᠵᠦ ᠰᠦᠢᠳᠦᠭᠰᠡᠨ ᠵᠠᠮ ᠬᠦᠭᠦᠷᠭᠡ ᠶᠢ ᠳᠠᠷᠤᠢ ᠳᠤᠨᠢ ᠵᠠᠰᠠᠨ ᠰᠡᠯᠪᠢᠵᠦ᠂ ᠮᠠᠰᠢᠨ ᠲᠡᠷᠭᠡᠨ | ᠤ ᠵᠣᠭᠰᠤᠭᠠᠯ 5000 ᠭᠠᠷᠭᠠᠵᠤ᠂ ᠬᠤᠲᠠ ᠲᠣᠭᠤᠷᠢᠭ ᠤᠨ ᠭᠡᠷᠡᠯᠳᠦᠭᠦᠯᠭᠡ ᠶᠢ 95% ᠠᠴᠠ ᠳᠡᠭᠡᠭᠰᠢ ᠪᠣᠯᠭᠠᠨ᠎ᠠ | ᠃ | ︵ᠨᠠᠢᠮᠠ︶ ᠥᠭᠡᠷᠡᠴᠢᠯᠡᠯᠲᠡ ᠪᠠᠷ ᠵᠢᠯᠤᠭᠤᠳᠤᠯᠤᠨ᠂ ᠭᠠᠳᠠᠭᠰᠢ ᠨᠡᠭᠡᠭᠡᠯᠲᠡ ᠪᠠᠷ ᠳᠠᠶᠢᠴᠢᠯᠠᠵᠤ᠂ ᠬᠦᠭᠵᠢᠯᠲᠡ ᠶᠢᠨ | ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠳᠬᠠᠨ᠎ᠠ᠃ ᠦᠵᠡᠯ ᠰᠠᠨᠠᠭᠠᠨ ᠤ ᠦᠭᠡᠷᠡᠴᠢᠯᠡᠯᠲᠡ ᠪᠠ ᠦᠢᠯᠡ | ᠠᠵᠢᠯᠯᠠᠭᠠᠨ ᠤ ᠰᠢᠨᠡᠴᠢᠯᠡᠯᠲᠡ ᠶᠢ ᠪᠠᠷᠢᠮᠲᠠᠯᠠᠵᠤ᠂ ᠰᠠᠶᠢᠨ ᠰᠠᠶᠢᠬᠠᠨ ᠣᠷᠴᠢᠨ ᠲᠣᠭᠤᠷᠢᠨ ᠢᠶᠠᠷ ᠭᠠᠳᠠᠭᠰᠢ | ᠨᠡᠭᠡᠭᠡᠯᠲᠡ ᠶᠢ ᠠᠬᠢᠭᠤᠯᠤᠨ᠂ ᠠᠵᠤ ᠠᠬᠤᠢ ᠶᠢᠨ ᠬᠦᠭᠵᠢᠯᠲᠡ ᠶᠢᠨ ᠳᠣᠲᠤᠭᠠᠳᠤ ᠬᠦᠳᠡᠯᠭᠡᠭᠴᠢ ᠬᠦᠴᠦᠨ ᠢ ᠤᠯᠠᠮ | ᠨᠢᠭᠡ ᠠᠯᠬᠤᠮ ᠨᠡᠮᠡᠭᠳᠡᠭᠦᠯᠦᠨ᠎ᠡ᠃ | —— ᠭᠤᠣᠯᠳᠠᠯᠭ᠎ᠠ ᠲᠠᠢ ᠣᠷᠤᠨ ᠬᠡᠪᠴᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ ᠨᠦᠭᠡᠴᠡ | ᠡᠬᠢ ᠪᠠᠶᠠᠯᠢᠭ ᠤᠨ ᠳᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠶᠠᠰᠤ ᠴᠢᠨᠠᠷ ᠢ ᠳᠡᠭᠡᠭᠰᠢᠯᠡᠭᠦᠯᠦᠨ ᠲᠤᠭ᠎ᠠ | ᠬᠡᠮᠵᠢᠶ᠎ᠡ ᠶᠢ ᠨᠡᠮᠡᠭᠳᠡᠭᠦᠯᠬᠦ ᠬᠠᠩᠭᠠᠯᠭ᠎ᠠ ᠶᠢ ᠦᠷᠭᠡᠳᠬᠡᠨ᠎ᠡ᠃ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠠᠬᠢᠭᠤᠯᠵᠤ᠂ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠨᠢᠭᠡᠴᠡ ᠪᠠ ᠠᠵᠢᠯ ᠦᠢᠯᠡᠰ ᠤᠨ ᠨᠢᠭᠡᠴᠡ ᠳᠤ ᠥᠭᠡᠷᠡᠴᠢᠯᠡᠯᠲᠡ ᠬᠢᠨ᠎ᠡ᠃ ᠤᠯᠤᠰ ᠤᠨ ᠦᠮᠴᠢᠯᠡᠯᠲᠦ | ᠡᠳ᠋ ᠬᠦᠷᠦᠩᠭᠡ ᠶᠢᠨ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠮᠡᠳᠡᠭᠦᠯᠦᠯᠲᠡ ᠶᠢᠨ ᠳᠦᠷᠢᠮ ᠢ | ᠴᠢᠩᠭ᠎ᠠ ᠨᠠᠶᠢᠳᠠᠪᠦᠷᠢᠵᠢᠭᠤᠯᠤᠨ᠎ᠠ᠃ ᠬᠦᠳᠡᠭᠡ ᠲᠤᠰᠬᠤᠨ ᠮᠠᠯᠵᠢᠬᠤ ᠣᠷᠤᠨ ᠤ ᠬᠠᠮᠲᠤ ᠶᠢᠨ ᠦᠮᠴᠢᠯᠡᠯ ᠤᠨ ᠡᠷᠬᠡ | ᠶᠢᠨ ᠳᠦᠷᠢᠮ ᠤᠨ ᠥᠭᠡᠷᠡᠴᠢᠯᠡᠯᠲᠡ ᠪᠠ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠦᠳᠡᠭᠡ ᠲᠤᠰᠬᠤᠨ ᠮᠠᠯᠵᠢᠬᠤ ᠣᠷᠤᠨ ᠤ ᠡᠬᠢ ᠪᠠᠶᠠᠯᠢᠭ ᠢ ᠴᠢᠯᠦᠭᠡᠲᠡᠢ ᠪᠣᠯᠭᠠᠵᠤ᠂ ᠮᠠᠯᠴᠢᠨ | ᠲᠠᠷᠢᠶᠠᠴᠢᠳ ᠤᠨ ᠬᠦᠷᠦᠩᠭᠡ ᠶᠢᠨ ᠴᠢᠨᠠᠷᠲᠠᠢ ᠪᠠ ᠡᠳ᠋ ᠬᠤᠭᠰᠢᠯ ᠤᠨ ᠴᠢᠨᠠᠷᠲᠠᠢ ᠠᠰᠢᠭ ᠣᠷᠤᠯᠭ᠎ᠠ ᠶᠢ | ᠨᠡᠮᠡᠭᠳᠡᠭᠦᠯᠦᠨ᠎ᠡ᠃ ᠭᠠᠵᠠᠷ ᠰᠢᠷᠤᠢ ᠶᠢᠨ ᠡᠵᠡᠩᠨᠡᠬᠦ ᠡᠷᠬᠡ ᠶᠢᠨ ᠬᠠᠮᠢᠶᠠᠷᠤᠯᠲᠠ ᠶᠢᠨ ᠳᠦᠷᠢᠮ ᠢ ᠦᠷᠭᠦᠯᠵᠢᠯᠡᠨ | ᠲᠡᠭᠦᠯᠳᠡᠷᠵᠢᠭᠦᠯᠵᠦ᠂ ᠬᠤᠰᠢᠭᠤ ᠰᠤᠮᠤ ᠭᠠᠴᠠᠭ᠎ᠠ ᠭᠤᠷᠪᠠᠨ ᠱᠠᠲᠤᠨ ᠤ ᠭᠠᠵᠠᠷ ᠰᠢᠷᠤᠢ ᠶᠢ ᠰᠢᠯᠵᠢᠭᠦᠯᠬᠦ | ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ᠂ 85 ᠲᠦᠮᠡᠨ ᠮᠤ᠋ ᠭᠠᠵᠠᠷ ᠰᠢᠷᠤᠢ ᠶᠢ ᠳᠦᠷᠢᠮᠵᠢᠭᠦᠯᠦᠨ᠎ᠡ᠃ | ᠲᠠᠷᠢᠶᠠᠯᠠᠩ ᠤᠨ ᠤᠰᠤᠨ ᠤ ᠬᠠᠩᠰᠢ ᠶᠢᠨ ᠥᠭᠡᠷᠡᠴᠢᠯᠡᠯᠲᠡ ᠶᠢ ᠠᠬᠢᠭᠤᠯᠵᠤ᠂ ᠲᠠᠷᠢᠶᠠᠯᠠᠩ ᠤᠨ ᠤᠰᠤᠯᠠᠯᠲᠠ ᠶᠢᠨ | ᠨᠣᠷᠮᠠᠴᠢᠯᠠᠭᠰᠠᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠨ᠂ ᠮᠠᠯᠴᠢᠨ ᠲᠠᠷᠢᠶᠠᠴᠢᠳ ᠤᠨ ᠤᠰᠤ ᠠᠷᠪᠢᠯᠠᠬᠤ | ᠢᠳᠡᠪᠬᠢᠵᠢᠯ ᠢ ᠴᠢᠩᠭᠠᠳᠬᠠᠨ᠎ᠠ᠃ ᠪᠡᠯᠡ ᠣᠷᠤᠭᠤᠯᠤᠯᠲᠠ ᠪᠠ ᠬᠤᠷᠠᠮᠳᠤᠭᠤᠯᠭ᠎ᠠ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠴᠢᠩᠭᠠᠳᠬᠠᠵᠤ᠂ ᠨᠦᠬᠦᠴᠡᠯ ᠪᠦᠷᠢᠳᠦᠭᠰᠡᠨ ᠠᠵᠤ ᠠᠬᠤᠶᠢᠯᠠᠯ ᠤᠨ ᠡᠳ᠋ ᠬᠦᠷᠦᠩᠭᠡ ᠶᠢᠨ | ᠬᠦᠴᠦᠨ ᠳᠤ ᠢᠶᠠᠨ ᠲᠦᠰᠢᠭᠯᠡᠨ ᠵᠠᠬ᠎ᠠ ᠳᠡᠯᠭᠡᠭᠦᠷ ᠢᠶᠠᠨ ᠦᠷᠭᠡᠳᠬᠡᠬᠦ ᠶᠢ ᠳᠡᠮᠵᠢᠵᠦ᠂ 5 ᠠᠴᠠ ᠳᠡᠭᠡᠭᠰᠢ ᠠᠵᠤ | ᠠᠬᠤᠶᠢᠯᠠᠯ ᠤᠨ ︽ᠰᠢᠨ᠎ᠡ ᠳᠥᠷᠪᠡᠨ ᠬᠠᠪᠲᠠᠰᠤᠨ︾ ᠤ ᠫᠠᠶᠢᠰᠠ ᠡᠯᠭᠦᠨ᠎ᠡ᠃ ᠬᠦᠳᠡᠭᠡ ᠲᠤᠰᠬᠤᠨ ᠤ ᠢᠲᠡᠭᠡᠮᠵᠢ | ᠶᠢᠨ ᠬᠤᠷᠰᠢᠶ᠎ᠠ ᠳᠦᠷᠢᠮ ᠤᠨ ᠥᠭᠡᠷᠡᠴᠢᠯᠡᠯᠲᠡ ᠬᠢᠵᠦ ᠲᠠᠷᠢᠶᠠᠯᠠᠩ ᠤᠨ ᠬᠤᠳᠠᠯᠳᠤᠭᠠᠨ ᠤ ᠪᠠᠩᠬᠢ ᠪᠣᠯᠬᠤ ᠠᠵᠢᠯ ᠢ | ᠡᠮᠬᠢ ᠴᠡᠭᠴᠡ ᠲᠠᠢ ᠶᠠᠪᠤᠭᠳᠠᠭᠤᠯᠵᠤ᠂ ᠬᠦᠳᠡᠭᠡ ᠲᠤᠰᠬᠤᠨ ᠮᠠᠯᠵᠢᠬᠤ ᠣᠷᠤᠨ ᠤ ᠢᠲᠡᠭᠡᠮᠵᠢ ᠶᠢᠨ ᠲᠣᠭᠲᠠᠴᠠ ᠶᠢ | ᠪᠠᠶᠢᠭᠤᠯᠤᠨ᠂ ᠢᠲᠡᠭᠡᠮᠵᠢ ᠶᠢᠨ ᠳᠡᠰ ᠲᠣᠭᠲᠠᠭᠠᠭᠰᠠᠨ ᠦᠷ᠎ᠡ ᠳ᠋ᠦᠩ ᠢ ᠪᠦᠲᠦᠮᠵᠢᠲᠡᠢ ᠠᠰᠢᠭᠯᠠᠵᠤ᠂ ᠵᠦᠪ ᠲᠠᠯ᠎ᠠ | ᠶᠢᠨ ᠤᠷᠮᠠᠰᠢᠭᠤᠯᠤᠯ ᠤᠨ ᠦᠢᠯᠡᠳᠦᠯ ᠢ ᠪᠠᠳᠠᠷᠠᠭᠤᠯᠤᠨ᠎ᠠ᠃ | —— ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠦᠨ᠎ᠡ᠃ | ︽ᠬᠤᠳᠠᠯᠳᠤᠭ᠎ᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠤᠨ᠂ ᠵᠠᠬ᠎ᠠ | ᠳᠡᠯᠭᠡᠭᠦᠷ ᠤᠨ ᠠᠵᠢᠯᠯᠠᠭᠠᠨ ᠳᠤ ᠵᠠᠰᠠᠭ ᠤᠨ ᠣᠷᠳᠤᠨ ᠰᠢᠭᠤᠳ ᠭᠠᠷ ᠳᠦᠷᠦᠬᠦ ᠶᠢ ᠪᠠᠭᠠᠰᠬᠠᠨ᠎ᠠ᠃ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ | ᠢᠨᠲ᠋ᠧᠷᠨᠧᠲ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠵᠠᠭᠪᠤᠷ ᠢ ᠲᠦᠭᠡᠮᠡᠯᠵᠢᠭᠦᠯᠦᠨ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠤᠯᠤᠭᠰᠠᠨ ᠲᠠᠪᠴᠠᠩ ᠢ ᠠᠰᠢᠭᠯᠠᠵᠤ᠂ ︽ | ᠨᠢᠭᠤᠷᠳᠠᠯᠭᠠ ᠶᠢᠨ ᠪᠣᠰᠤ ᠬᠢᠨᠠᠨ ᠵᠦᠪᠰᠢᠶᠡᠷᠡᠬᠦ︾ ᠲᠣᠭᠲᠠᠯᠴᠠᠭ᠎ᠠ ᠶᠢ ᠢᠳᠡᠭ ᠢᠳᠡᠭ ᠢᠶᠠᠷ ᠪᠠᠶᠢᠭᠤᠯᠤᠨ᠂ ᠬᠢᠨᠠᠨ | ᠵᠦᠪᠰᠢᠶᠡᠷᠡᠬᠦ ᠭᠤᠭᠴᠤᠭ᠎ᠠ ᠪᠠ ᠠᠯᠬᠤᠮ ᠳᠠᠷᠠᠭ᠎ᠠ ᠶᠢ ᠳᠦᠭᠦᠮᠴᠢᠯᠡᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠤ ᠨᠢᠭᠡ ᠴᠣᠭᠴᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠦᠢᠯᠡᠴᠢᠯᠡᠭᠡ ᠶᠢ | ᠦᠨᠳᠦᠰᠦᠨ ᠱᠠᠲᠤᠨ ᠳᠤ ᠪᠠᠭᠤᠯᠭᠠᠨ᠂ ᠣᠶᠢᠷᠠᠬᠠᠨ ᠭᠦᠢᠴᠡᠳᠬᠡᠬᠦ᠂ ᠣᠯᠠᠨ ᠭᠠᠵᠠᠷ ᠭᠦᠢᠴᠡᠳᠬᠡᠬᠦ᠂ ᠳᠤᠲᠠᠭᠤ | ᠭᠦᠶᠦᠵᠦ ᠬᠤᠷᠳᠤᠨ ᠭᠦᠢᠴᠡᠳᠬᠡᠬᠦ ᠵᠢᠴᠢ ᠰᠦᠯᠵᠢᠶᠡᠨ ᠳᠡᠭᠡᠷ᠎ᠡ ᠪᠦᠬᠦᠨ ᠢ ᠭᠦᠢᠴᠡᠳᠬᠡᠬᠦ ᠶᠢ ᠪᠡᠶᠡᠯᠡᠭᠦᠯᠦᠨ᠎ᠡ᠃ | ᠵᠠᠰᠠᠭ ᠵᠠᠬᠢᠷᠭᠠᠨ ᠪᠠ ᠠᠵᠢᠯ ᠦᠢᠯᠡᠰ ᠤᠨ ᠴᠢᠨᠠᠷᠲᠠᠢ ᠰᠦᠢᠳᠬᠡᠯ ᠢ ᠦᠭᠡᠶᠢᠰᠬᠡᠵᠦ᠂ ᠠᠵᠤ ᠠᠬᠤᠶᠢᠯᠠᠯ ᠳᠤ | ᠬᠤᠯᠪᠤᠭᠳᠠᠭᠰᠠᠨ ᠰᠦᠢᠳᠬᠡᠯ ᠤᠨ ︽ᠨᠠᠷᠢᠨ ᠳᠠᠩᠰᠠ︾ ᠶᠢ ᠬᠡᠷᠡᠭᠵᠢᠭᠦᠯᠦᠨ᠎ᠡ᠃ ᠠᠷᠠᠳ ᠠᠴᠠ ᠡᠷᠬᠢᠯᠡᠭᠰᠡᠨ ᠠᠵᠤ | ᠠᠬᠤᠢ ᠶᠢ ᠬᠦᠭᠵᠢᠭᠦᠯᠬᠦ ᠲᠥᠪ ᠤᠨ 28 ᠵᠣᠷᠪᠤᠰ ᠰᠠᠨᠠᠯ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ᠨᠢᠭᠡᠲᠦᠯᠲᠡᠢ | ᠵᠠᠬ᠎ᠠ ᠳᠡᠯᠭᠡᠭᠦᠷ ᠪᠠ ᠡᠷᠬᠡ ᠲᠡᠭᠰᠢ ᠦᠷᠢᠰᠦᠯᠳᠦᠭᠡᠨ ᠢ ᠬᠠᠷᠰᠢᠯᠠᠬᠤ ᠪᠠᠬᠢᠯᠡᠯᠲᠡ ᠶᠢ ᠡᠪᠳᠡᠵᠦ᠂ ᠠᠷᠠᠳ ᠠᠴᠠ | ᠡᠷᠬᠢᠯᠡᠭᠰᠡᠨ ᠠᠵᠤ ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠤᠷᠮᠠᠰᠢᠭᠤᠯᠤᠨ᠎ᠠ᠃ | —— ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠪᠣᠬᠢᠷᠳᠤᠯ ᠦᠭᠡᠢ | ᠬᠦᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠡᠬᠢ ᠪᠠᠶᠠᠯᠢᠭ ᠤᠨ ᠳᠠᠯᠳᠠ ᠬᠦᠴᠦᠨ᠂ ᠬᠦᠭᠵᠢᠯᠲᠡ ᠶᠢᠨ | ᠣᠳᠣᠬᠢ ᠪᠠᠶᠢᠳᠠᠯ ᠵᠢᠴᠢ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠦᠨᠡᠯᠡᠨ᠂ ᠠᠷᠠᠯᠵᠢᠶᠠᠴᠢᠨ ᠤᠷᠢᠬᠤ ᠵᠠᠮ ᠤᠨ | ᠵᠢᠷᠤᠭ ᠪᠠ ᠲᠦᠷᠦᠯ ᠵᠦᠢᠯ ᠤᠨ ᠴᠣᠪᠤᠷᠠᠯ ᠤᠨ ᠵᠢᠷᠤᠭ ᠵᠣᠬᠢᠶᠠᠵᠤ᠂ ᠠᠷᠠᠯᠵᠢᠶᠠᠴᠢᠨ ᠤᠷᠢᠬᠤ ᠲᠦᠷᠦᠯ ᠵᠦᠢᠯ ᠤᠨ | ᠬᠦᠮᠦᠷᠭᠡ ᠪᠠ ᠬᠡᠷᠡᠭᠯᠡᠭᠴᠢᠳ ᠤᠨ ᠡᠬᠢ ᠰᠣᠷᠪᠤᠯᠵᠢ ᠶᠢᠨ ᠬᠦᠮᠦᠷᠭᠡ ᠶᠢ ᠲᠡᠭᠦᠯᠳᠡᠷᠵᠢᠭᠦᠯᠦᠨ᠎ᠡ᠃ ᠬᠤᠯᠪᠤᠭᠠᠰᠤ | ᠪᠠᠶᠢᠭᠤᠯᠤᠨ ᠬᠤᠯᠪᠤᠭᠠᠰᠤ ᠶᠢ ᠨᠦᠬᠦᠵᠦ ᠴᠢᠩᠭᠠᠳᠬᠠᠬᠤ ᠶᠢᠨ ᠲᠣᠭᠤᠷᠢᠨ ᠳᠤ᠂ ᠠᠵᠤ ᠦᠢᠯᠡᠰ ᠤᠨ ᠬᠡᠯᠬᠢᠶᠡᠨ ᠤ | ᠬᠤᠶᠠᠷ ᠦᠵᠦᠭᠦᠷ ᠤᠨ ᠬᠡᠰᠡᠭ ᠪᠠ ᠵᠠᠩᠭᠢᠯᠠᠭ᠎ᠠ ᠶᠢᠨ ᠬᠡᠰᠡᠭ ᠢ ᠠᠳᠬᠤᠵᠤ᠂ ᠪᠡᠭᠡᠵᠢᠩ ᠲᠢᠶᠠᠨᠵᠢᠨ ᠾᠧᠪᠸᠢ | ᠪᠣᠯᠤᠨ ᠬᠦᠬᠡ ᠮᠦᠷᠡᠨ ᠤ ᠭᠤᠷᠪᠠᠨ ᠬᠠᠪᠴᠢᠯ᠂ ᠵᠦᠵᠢᠶᠠᠩ ᠮᠦᠷᠡᠨ ᠤ ᠭᠤᠷᠪᠠᠨ ᠬᠠᠪᠴᠢᠯ ᠤᠨ ᠨᠢᠭᠡ | ᠴᠣᠭᠴᠠᠵᠢᠭᠤᠯᠤᠭᠰᠠᠨ ᠤᠯᠤᠰ ᠤᠨ ᠪᠠᠶᠢᠯᠳᠤᠬᠤ ᠪᠣᠳᠤᠯᠭ᠎ᠠ ᠶᠢ ᠢᠳᠡᠪᠬᠢᠲᠡᠢ ᠵᠣᠯᠭᠠᠭᠤᠯᠤᠨ᠂ ᠠᠵᠤ ᠦᠢᠯᠡᠰ ᠢ | ᠰᠢᠯᠵᠢᠭᠦᠯᠵᠦ᠂ ᠠᠷᠠᠯᠵᠢᠶ᠎ᠠ ᠪᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ | ᠤᠷᠢᠬᠤ ᠵᠢᠴᠢ ᠭᠤᠣᠯ ᠰᠡᠳᠦᠪ ᠢᠶᠠᠷ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠠᠬᠢᠭᠤᠯᠤᠨ᠎ᠠ᠃ ᠪᠦᠬᠦ ᠠᠷᠠᠳ | ᠢᠶᠠᠷ ᠢᠶᠠᠨ ᠠᠷᠠᠯᠵᠢᠶᠠᠴᠢᠨ ᠤᠷᠢᠬᠤ ᠠᠵᠢᠯ ᠳᠤ ᠣᠷᠤᠯᠴᠠᠬᠤ ᠪᠠᠶᠢᠳᠠᠯ ᠢ ᠪᠣᠢ ᠪᠣᠯᠭᠠᠵᠤ᠂ ᠭᠤᠣᠯᠳᠠᠯᠭ᠎ᠠ ᠲᠠᠢ | ᠲᠦᠷᠦᠯ ᠵᠦᠢᠯ ᠤᠨ ᠬᠢᠨᠠᠨ ᠵᠦᠪᠰᠢᠶᠡᠷᠡᠬᠦ ︽ᠣᠷᠤᠯᠠᠨ ᠭᠦᠢᠴᠡᠳᠬᠡᠬᠦ ᠳᠦᠷᠢᠮ︾ ᠢ ᠦᠷᠭᠦᠯᠵᠢᠯᠡᠨ | ᠰᠢᠯᠢᠳᠡᠭᠵᠢᠭᠦᠯᠵᠦ᠂ ᠪᠡᠯᠡ ᠣᠷᠤᠭᠤᠯᠤᠯᠲᠠ ᠨᠢ 5000 ᠲᠦᠮᠡᠨ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠢ | 20 ᠠᠴᠠ ᠳᠡᠭᠡᠭᠰᠢ ᠣᠷᠤᠭᠤᠯᠤᠨ᠎ᠠ᠃ | ︵ᠶᠢᠰᠦ︶ ᠠᠷᠠᠳ ᠤᠨ ᠠᠮᠢᠳᠤᠷᠠᠯ ᠢ ᠪᠠᠲᠤᠯᠠᠨ᠂ ᠬᠠᠮᠲᠤ ᠪᠠᠷ ᠪᠠᠶᠢᠭᠤᠯᠤᠨ ᠴᠤᠭᠭᠠᠷ ᠡᠳ᠋ᠯᠡᠵᠦ᠂ ᠠᠷᠠᠳ ᠤᠨ | ᠠᠮᠢᠳᠤᠷᠠᠯ ᠤᠨ ᠵᠣᠯ ᠵᠢᠷᠭᠠᠯ ᠢ ᠨᠡᠮᠡᠭᠳᠡᠭᠦᠯᠦᠨ᠎ᠡ᠃ ᠠᠷᠠᠳ ᠤᠨ ᠬᠦᠰᠡᠯ ᠮᠦᠷᠦᠭᠡᠳᠦᠯ ᠪᠣᠯ ᠵᠠᠰᠠᠭ ᠤᠨ ᠣᠷᠳᠤᠨ ᠤ | ᠲᠡᠮᠡᠴᠡᠬᠦ ᠬᠠᠷᠠᠯᠲᠠ ᠪᠣᠯᠬᠤ ᠶᠢ ᠪᠠᠷᠢᠮᠲᠠᠯᠠᠵᠤ᠂ ᠬᠦᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠬᠤ | ᠪᠠ ᠰᠠᠶᠢᠵᠢᠷᠠᠭᠤᠯᠵᠤ᠂ ᠣᠯᠠᠨ ᠲᠦᠮᠡᠨ ᠤ ᠣᠯᠤᠯᠲᠠ ᠶᠢᠨ ᠰᠡᠳᠬᠢᠯᠭᠡ ᠪᠠ ᠵᠤᠯ ᠵᠢᠷᠭᠠᠯ ᠤᠨ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | —— ᠰᠤᠷᠭᠠᠨ ᠬᠦᠮᠦᠵᠢᠯ ᠪᠠ ᠰᠤᠶᠤᠯ ᠪᠡᠶ᠎ᠡ ᠶᠢᠨ ᠲᠠᠮᠢᠷ ᠤᠨ ᠦᠢᠯᠡᠰ ᠢ ᠶᠡᠬᠡᠪᠡᠷ ᠬᠦᠭᠵᠢᠭᠦᠯᠦᠨ᠎ᠡ᠃ | ᠰᠤᠷᠭᠠᠨ ᠬᠦᠮᠦᠵᠢᠯ ᠤᠨ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠭᠠᠨ ᠬᠦᠮᠦᠵᠢᠯ ᠤᠨ ᠵᠢᠭᠠᠨ | ᠰᠤᠷᠭᠠᠯᠲᠠ ᠶᠢᠨ ᠬᠠᠲᠠᠭᠤ ᠵᠦᠭᠡᠯᠡᠨ ᠬᠦᠴᠦᠨ ᠤ ᠳᠡᠭᠡᠭᠰᠢᠯᠡᠯᠲᠡ ᠪᠠ ᠳᠣᠲᠤᠭᠠᠳᠤ ᠠᠭᠤᠯᠤᠭᠳᠠᠬᠤᠨ ᠤ | ᠬᠦᠭᠵᠢᠯᠲᠡ ᠶᠢ ᠤᠯᠠᠮ ᠨᠢᠭᠡ ᠠᠯᠬᠤᠮ ᠠᠬᠢᠭᠤᠯᠤᠨ᠎ᠠ᠃ ᠭᠤᠷᠪᠠᠨ ᠬᠠᠪᠴᠢᠯ ᠳᠤᠮᠳᠠᠳᠤ ᠰᠤᠷᠭᠠᠭᠤᠯᠢ᠂ ᠣᠨᠴᠠᠭᠠᠢ | ᠰᠤᠷᠭᠠᠨ ᠬᠦᠮᠦᠵᠢᠯ ᠤᠨ ᠰᠤᠷᠭᠠᠭᠤᠯᠢ᠂ ᠭᠤᠷᠪᠠᠨ ᠬᠠᠪᠴᠢᠯ ᠪᠠᠭ᠎ᠠ ᠰᠤᠷᠭᠠᠭᠤᠯᠢ ᠵᠢᠴᠢ ᠬᠠᠷᠠᠬᠠᠳᠠ ᠪᠠᠶᠢᠷᠢᠯᠠᠬᠤ | ᠳᠦᠷᠢᠮᠲᠦ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠤᠭᠤᠯᠵᠤ᠂ | ᠬᠠᠳᠠᠨ ᠡᠩᠭᠡᠷ ᠪᠠᠶᠢᠷᠢᠯᠠᠬᠤ ᠳᠦᠷᠢᠮᠲᠦ ᠰᠤᠷᠭᠠᠭᠤᠯᠢ ᠶᠢᠨ ᠬᠢᠴᠢᠶᠡᠯᠯᠡᠭᠡ ᠶᠢᠨ ᠠᠰᠠᠷ ᠪᠠ ᠬᠤᠰᠢᠭᠤᠨ ᠤ ᠰᠢᠭᠤᠳ | ᠬᠠᠷᠢᠶ᠎ᠠ ᠲᠠᠪᠤᠳᠤᠭᠠᠷ ᠬᠡᠥᠬᠡᠳ ᠤᠨ ᠴᠡᠴᠡᠷᠯᠢᠭ ᠵᠡᠷᠭᠡ 6 ᠲᠥᠷᠥᠯ ᠵᠦᠢᠯ ᠢ ᠡᠬᠢᠯᠡᠭᠦᠯᠦᠨ᠎ᠡ᠃ ᠰᠤᠷᠭᠠᠭᠤᠯᠢ ᠶᠢᠨ | ᠬᠦᠷᠢᠶᠡᠨ ᠤ ᠠᠮᠤᠷ ᠲᠥᠪᠰᠢᠨ ᠤ ᠰᠡᠷᠡᠮᠵᠢ ᠪᠠ ᠭᠠᠯ ᠢ ᠰᠡᠷᠭᠡᠶᠢᠯᠡᠬᠦ ᠠᠮᠤᠷ ᠲᠥᠪᠰᠢᠨ ᠤ ᠴᠢᠳᠠᠪᠦᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠪᠠᠶᠢᠭᠤᠯᠵᠤ᠂ ᠰᠤᠷᠭᠠᠭᠤᠯᠢ ᠶᠢᠨ ᠠᠮᠤᠷ ᠲᠥᠪᠰᠢᠨ ᠤ ᠪᠠᠷᠢᠮᠵᠢᠶᠠᠵᠢᠭᠰᠠᠨ | ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠪᠠ ᠵᠠᠯᠠᠭᠤ | ᠪᠠᠭᠠᠴᠤᠳ ᠤᠨ ᠶᠠᠯ᠎ᠠ ᠬᠢᠬᠦ ᠶᠢ ᠰᠡᠷᠭᠡᠶᠢᠯᠡᠬᠦ ᠠᠵᠢᠯ ᠤᠨ ᠬᠢᠷᠢ ᠲᠥᠪᠰᠢᠨ ᠢ ᠦᠨᠡᠨᠬᠦ ᠳᠡᠭᠡᠭᠰᠢᠯᠡᠭᠦᠯᠵᠦ᠂ ᠵᠠᠯᠠᠭᠤ | ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠬᠦᠭᠵᠢᠯᠲᠡ ᠶᠢ ᠠᠬᠢᠭᠤᠯᠤᠨ᠎ᠠ᠃ ᠣᠯᠠᠨ ᠨᠡᠶᠢᠲᠡ ᠶᠢᠨ | ᠰᠤᠶᠤᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠤᠯᠠᠭᠠᠨᠮᠦ᠋ᠴᠢᠷ ᠤᠨ | ᠰᠢᠯᠢᠳᠡᠭ ᠪᠦᠲᠦᠭᠡᠯ ᠢ ᠦᠷᠭᠦᠯᠵᠢᠯᠡᠨ ᠨᠡᠮᠡᠭᠳᠡᠭᠦᠯᠵᠦ᠂ ᠰᠤᠶᠤᠯ ᠤᠨ ᠲᠣᠭᠯᠠᠯᠲᠠ ᠶᠢ ᠬᠥᠳᠡᠭᠡ ᠪᠠᠭᠤᠯᠭᠠᠬᠤ | ᠠᠵᠢᠯᠯᠠᠭ᠎ᠠ ᠦᠷᠨᠢᠭᠦᠯᠦᠨ᠂ ᠰᠤᠶᠤᠯ ᠤᠨ ᠣᠷᠳᠣᠨ ᠤ ᠰᠢᠨ᠎ᠡ ᠣᠷᠳᠣᠨ ᠪᠠ ᠬᠠᠮ ᠵᠠᠭᠤᠴᠢᠯᠠᠭᠤᠷ ᠤᠨ ᠲᠥᠪ ᠢ | ᠪᠠᠶᠢᠭᠤᠯᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠥᠪ ᠢ ᠠᠰᠢᠭᠯᠠᠯᠲᠠ ᠳᠤ ᠣᠷᠤᠭᠤᠯᠤᠨ᠂ ᠰᠤᠶᠤᠯ | ᠪᠡᠶ᠎ᠡ ᠶᠢᠨ ᠲᠠᠮᠢᠷ ᠤᠨ ᠠᠵᠢᠯᠯᠠᠭᠠᠨ ᠨᠤᠭᠤᠳ ᠢ ᠢᠳᠡᠪᠬᠢᠲᠡᠢ ᠦᠷᠨᠢᠭᠦᠯᠵᠦ᠂ ᠣᠯᠠᠨ ᠨᠡᠶᠢᠲᠡ ᠶᠢᠨ ᠰᠤᠶᠤᠯ ᠤᠨ | ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠦᠷᠭᠦᠯᠵᠢᠯᠡᠨ ᠥᠷᠭᠡᠳᠬᠡᠨ᠎ᠡ᠃ | —— ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ | ᠦᠢᠯᠡᠰ ᠪᠤᠰᠬᠠᠬᠤ ᠪᠠ ᠠᠵᠢᠯ ᠣᠯᠭᠤᠬᠤ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠵᠤ᠂ ᠬᠤᠲᠠ ᠪᠠᠯᠭᠠᠰᠤᠨ ᠤ ᠠᠵᠢᠯ ᠣᠯᠤᠭᠰᠠᠳ ᠢ 1200 ᠬᠦᠮᠦᠨ ᠰᠢᠨ᠎ᠡ ᠪᠠᠷ ᠨᠡᠮᠡᠭᠳᠡᠭᠦᠯᠦᠨ | ᠂ ᠬᠦᠳᠡᠯᠮᠦᠷᠢ ᠬᠦᠴᠦᠨ ᠢ ᠰᠢᠯᠵᠢᠭᠦᠯᠦᠨ 5 ᠲᠦᠮᠡᠨ ᠬᠦᠮᠦᠨ ᠠᠴᠠ ᠳᠡᠭᠡᠭᠰᠢ ᠠᠵᠢᠯ ᠣᠯᠭᠤᠵᠤ᠂ ᠬᠤᠲᠠ | ᠪᠠᠯᠭᠠᠰᠤᠨ ᠳᠤ ᠳᠠᠩᠰᠠᠯᠠᠭᠤᠯᠤᠭᠰᠠᠨ ᠠᠵᠢᠯ ᠠᠯᠳᠠᠭᠰᠠᠳ ᠢ 4% ᠳᠣᠲᠤᠷ᠎ᠠ ᠬᠢᠵᠠᠭᠠᠷᠯᠠᠨ᠂ ᠣᠯᠠᠨ ᠨᠡᠶᠢᠲᠡ ᠶᠢᠨ | ᠲᠤᠬᠠᠢ ᠶᠢᠨ ᠭᠠᠵᠠᠷ ᠤᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠬᠠᠷᠢᠯᠴᠠᠬᠤ ᠲᠥᠪ ᠤᠨ ᠲᠥᠷᠥᠯ ᠵᠦᠢᠯ ᠢ | ᠵᠢᠩᠬᠢᠨᠢ ᠪᠠᠷ ᠡᠬᠢᠯᠡᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠵᠦ᠂ ᠴᠢᠯᠦᠭᠡᠲᠡᠢ ᠠᠵᠢᠯ | ᠣᠯᠤᠭᠰᠠᠳ᠂ ᠰᠢᠨ᠎ᠡ ᠠᠵᠢᠯ ᠲᠥᠷᠥᠯ ᠢᠶᠠᠷ ᠠᠵᠢᠯ ᠣᠯᠤᠭᠰᠠᠳ ᠵᠢᠴᠢ ᠳᠤᠮᠳᠠ ᠪᠠᠭ᠎ᠠ ᠠᠵᠤ ᠠᠬᠤᠶᠢᠯᠠᠯ ᠤᠨ | ᠠᠵᠢᠯᠲᠠᠨ ᠢ ᠨᠢᠭᠡᠲᠦᠯᠲᠡᠢ ᠲᠦᠯᠦᠪᠯᠡᠨ᠂ ᠳᠠᠭᠠᠳᠬᠠᠯ ᠳᠤ ᠣᠷᠤᠯᠴᠠᠭᠰᠠᠨ ᠨᠣᠷᠮ᠎ᠠ ᠶᠢ 95% ᠠᠴᠠ ᠳᠡᠭᠡᠭᠰᠢ | ᠪᠠᠶᠢᠯᠭᠠᠨ᠎ᠠ᠃ ᠳᠣᠣᠷ᠎ᠠ ᠪᠠᠲᠤᠯᠠᠭ᠎ᠠ ᠶᠢ ᠬᠢᠨᠠᠨ ᠲᠣᠭᠲᠠᠭᠠᠬᠤ ᠳᠤ ᠴᠠᠭᠠᠰᠤᠨ ᠳᠤ ᠲᠡᠮᠳᠡᠭᠯᠡᠬᠦ ᠦᠭᠡᠢ ᠬᠡᠯᠪᠡᠷᠢ ᠪᠠᠷ | ᠬᠢᠨᠠᠨ ᠵᠦᠪᠰᠢᠶᠡᠷᠡᠬᠦ ᠳᠦᠷᠢᠮ ᠢ ᠬᠡᠷᠡᠭᠵᠢᠭᠦᠯᠦᠨ᠂ ᠣᠯᠠᠨ ᠳᠠᠪᠬᠤᠷᠭᠠᠲᠤ ᠨᠡᠶᠢᠭᠡᠮ ᠤᠨ ᠠᠪᠤᠷᠠᠨ ᠲᠤᠰᠠᠯᠠᠮᠵᠢ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠦᠷ ᠴᠠᠭ ᠤᠨ ᠠᠪᠤᠷᠠᠨ ᠲᠤᠰᠠᠯᠠᠬᠤ ᠬᠦᠴᠦᠯᠡᠴᠡ ᠪᠠᠨ ᠲᠠᠰᠤᠷᠠᠯᠲᠠ | ᠦᠭᠡᠢ ᠦᠷᠭᠡᠳᠬᠡᠨ᠂ ︽ᠪᠠᠲᠤᠯᠠᠵᠤ ᠪᠣᠯᠬᠤ ᠪᠦᠬᠦᠨ ᠢ ᠪᠠᠲᠤᠯᠠᠵᠤ᠂ ᠲᠤᠰᠠᠯᠠᠵᠤ ᠪᠣᠯᠬᠤ ᠪᠦᠬᠦᠨ ᠢ ᠲᠤᠰᠠᠯᠠᠨ᠎ᠠ︾ | ᠃ ᠪᠦᠬᠦ ᠬᠤᠰᠢᠭᠤᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠢ ᠨᠢᠭᠡᠲᠦᠭᠦᠯᠦᠨ ᠳᠡᠰ ᠳᠡᠪᠰᠢᠭᠦᠯᠵᠦ᠂ | ᠣᠨᠴᠠ ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠦᠢᠯᠡᠴᠢᠯᠡᠭᠡᠨ ᠤ ᠲᠥᠪ ᠪᠠ | ᠳ᠋ᠦᠩᠱᠠᠨ ᠤ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠢ ᠪᠠᠶᠢᠭᠤᠯᠤᠨ᠎ᠠ᠃ ᠠᠷᠠᠳ ᠲᠤ ᠠᠰᠢᠭ ᠬᠦᠷᠲᠡᠭᠡᠬᠦ | ᠣᠷᠤᠰᠢᠭᠤᠯᠭ᠎ᠠ ᠶᠢᠨ ᠦᠢᠯᠡᠴᠢᠯᠡᠭᠡᠨ ᠤ ᠠᠵᠢᠯ ᠢ ᠴᠢᠩᠭᠠᠳᠬᠠᠵᠤ᠂ ᠪᠠᠭᠠᠷᠢᠨ ᠵᠡᠬᠦᠨ ᠬᠤᠰᠢᠭᠤᠨ ᠤ ᠪᠠᠶᠢᠩᠭᠤ | ᠰᠠᠭᠤᠭᠠᠯᠢ ᠠᠷᠠᠳ ᠤᠨ ᠣᠷᠤᠰᠢᠭᠤᠯᠭ᠎ᠠ ᠶᠢᠨ ᠦᠢᠯᠡᠴᠢᠯᠡᠭᠡᠨ ᠤ ᠦᠨᠳᠦᠰᠦᠨ ᠵᠠᠷᠤᠳᠠᠯ ᠢ ᠪᠦᠬᠦᠨ ᠢ ᠦᠭᠡᠶᠢᠰᠬᠡᠨ᠎ᠡ | ᠃ | —— ᠡᠮ ᠡᠮᠨᠡᠯᠭᠡ ᠡᠷᠡᠭᠦᠯ ᠮᠡᠨᠳᠦ ᠶᠢᠨ ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ︽3+1︾ ᠡᠮᠨᠡᠯᠭᠡ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ | ᠤ ᠡᠪᠡᠳᠴᠢᠨ ᠦᠵᠡᠭᠦᠯᠬᠦ ᠳᠠᠷᠤᠭᠠᠰᠤ ᠶᠢ ᠬᠦᠩᠭᠡᠯᠡᠨ᠎ᠡ᠃ ᠰᠠᠨ ᠱᠠᠨ ᠰᠢᠶᠠᠩ ᠤᠨ ᠡᠷᠡᠭᠦᠯ ᠬᠠᠮᠠᠭᠠᠯᠠᠯ ᠤᠨ | ᠬᠤᠷᠢᠶ᠎ᠠ ᠪᠠ ᠯᠦᠩᠴᠠᠩ ᠪᠠᠯᠭᠠᠰᠤ ᠶᠢᠨ ᠪᠠᠶᠠᠨ᠋ᠣ᠋ᠪᠤᠭ᠎ᠠ ᠡᠷᠡᠭᠦᠯ ᠬᠠᠮᠠᠭᠠᠯᠠᠯ ᠤᠨ ᠬᠤᠷᠢᠶᠠᠨ ᠤ ᠶᠡᠷᠦᠩᠬᠡᠶᠢᠯᠡᠭᠰᠡᠨ | ᠠᠰᠠᠷ ᠢ ᠠᠰᠢᠭᠯᠠᠯᠲᠠ ᠳᠤ ᠣᠷᠤᠭᠤᠯᠵᠤ᠂ ᠬᠦᠳᠡᠭᠡ ᠲᠤᠰᠬᠤᠨ ᠤ ᠡᠮᠴᠢ ᠶᠢᠨ ᠡᠩᠨᠡᠭᠡᠨ ᠤ ᠪᠦᠲᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠡᠮᠨᠡᠯᠭᠡ ᠪᠠ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ︽ | ᠰᠠᠭᠤᠷᠢ︾ ᠶᠢ ᠪᠠᠲᠤᠳᠬᠠᠨ᠎ᠠ᠃ ᠡᠷᠡᠭᠦᠯ ᠮᠡᠨᠳᠦ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠥᠪᠡᠷᠲᠡᠭᠡᠨ | ᠵᠠᠰᠠᠬᠤ ᠣᠷᠤᠨ ᠤ ᠳᠡᠰ ᠤᠨ ᠠᠷᠬᠠᠭ ᠡᠪᠡᠳᠴᠢᠨ ᠤ ᠶᠡᠷᠦᠩᠬᠡᠶᠢᠯᠡᠭᠰᠡᠨ ᠰᠡᠷᠭᠡᠶᠢᠯᠡᠨ ᠬᠤᠷᠢᠭᠯᠠᠬᠤ ᠵᠢᠱᠢᠶ᠎ᠡ | ᠦᠵᠡᠭᠦᠯᠬᠦ ᠲᠣᠭᠤᠷᠢᠭ ᠢ ᠪᠠᠶᠢᠭᠤᠯᠤᠨ᠂ ᠡᠪᠡᠳᠴᠢᠲᠡᠨ ᠤ ᠡᠮᠴᠢᠯᠡᠭᠡ ᠶᠢ ᠡᠷᠡᠭᠦᠯ ᠮᠡᠨᠳᠦ ᠶᠢᠨ ᠬᠠᠮᠢᠶᠠᠷᠤᠯᠲᠠ | ᠪᠣᠯᠭᠠᠵᠤ ᠬᠤᠪᠢᠷᠠᠭᠤᠯᠤᠨ᠎ᠠ᠃ ᠣᠯᠠᠨ ᠡᠰᠢᠲᠦ ᠡᠮᠴᠢᠯᠡᠭᠡ ᠪᠠ ᠰᠣᠪᠢᠯᠠᠯᠲᠠ ᠤᠶᠠᠯᠳᠤᠭᠰᠠᠨ ᠦᠢᠯᠡᠴᠢᠯᠡᠭᠡᠨ ᠤ | ᠬᠡᠯᠪᠡᠷᠢ ᠶᠢ ᠪᠣᠢ ᠪᠣᠯᠭᠠᠵᠤ᠂ ᠨᠠᠰᠤᠲᠠᠨ ᠢ ᠠᠰᠠᠷᠠᠬᠤ ᠪᠠᠶᠢᠭᠤᠯᠤᠮᠵᠢ ᠪᠠ ᠦᠨᠳᠦᠰᠦᠨ ᠱᠠᠲᠤᠨ ᠤ ᠡᠮᠨᠡᠯᠭᠡ ᠶᠢᠨ | ᠪᠠᠶᠢᠭᠤᠯᠤᠮᠵᠢ ᠶᠢ ᠤᠷᠭᠠᠨᠢᠭ ᠤᠶᠠᠯᠳᠤᠭᠤᠯᠤᠨ᠂ ᠨᠠᠰᠤᠲᠠᠨ ᠢ ᠠᠰᠠᠷᠠᠬᠤ ᠦᠢᠯᠡᠰ ᠢ ᠡᠷᠡᠭᠦᠯ ᠢᠶᠠᠷ ᠬᠦᠭᠵᠢᠬᠦᠯᠦᠨ᠎ᠡ᠃ | ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠮᠠᠰᠢᠨ ᠬᠡᠷᠡᠭᠰᠡᠯ ᠲᠦᠬᠦᠷᠵᠢᠭᠰᠡᠨ ᠭᠡᠷ ᠢ ᠪᠦᠲᠦᠭᠡᠨ | ᠪᠠᠶᠢᠭᠤᠯᠵᠤ᠂ ᠪᠦᠬᠦ ᠤᠯᠤᠰ ᠤᠨ ᠦᠨᠳᠦᠰᠦᠨ ᠱᠠᠲᠤᠨ ᠤ ᠬᠢᠲᠠᠳ ᠡᠮ ᠡᠮᠨᠡᠯᠭᠡ ᠶᠢᠨ ᠠᠵᠢᠯ ᠤᠨ ᠲᠡᠷᠢᠭᠦᠨ ᠤ | ᠨᠢᠭᠡᠴᠡ ᠶᠢ ᠡᠭᠦᠳᠦᠨ ᠪᠠᠶᠢᠭᠤᠯᠬᠤ ᠦᠷ᠎ᠡ ᠪᠦᠲᠦᠮᠵᠢ ᠶᠢ ᠪᠠᠲᠤᠳᠬᠠᠨ᠂ ᠮᠣᠩᠭᠤᠯ ᠬᠢᠲᠠᠳ ᠡᠮ ᠡᠮᠨᠡᠯᠭᠡ ᠶᠢᠨ | ᠦᠢᠯᠡᠰ ᠤᠨ ᠡᠷᠡᠭᠦᠯ ᠬᠦᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠪᠠᠶᠢᠩᠭᠤ ᠶᠢᠨ ᠴᠢᠨᠠᠷᠲᠠᠢ ᠪᠠ ᠭᠡᠨᠡᠳᠲᠡ | ᠶᠢᠨ ᠴᠢᠨᠠᠷᠲᠠᠢ ᠬᠠᠯᠳᠠᠪᠦᠷᠢᠲᠤ ᠡᠪᠡᠳᠴᠢᠨ ᠢ ᠬᠢᠨᠠᠨ ᠰᠢᠯᠭᠠᠬᠤ ᠪᠠ ᠠᠶᠤᠯ ᠲᠦᠭᠰᠢᠭᠦᠷᠢ ᠶᠢ ᠬᠢᠨᠠᠨ ᠦᠨᠡᠯᠡᠬᠦ ᠠᠵᠢᠯ | ᠢ ᠴᠢᠩᠭᠠᠳᠬᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ ᠶᠢᠨ ᠤᠷᠳᠤᠮᠵᠢ ᠶᠢᠨ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ | ᠡᠩᠨᠡᠭᠡ ᠪᠠ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ | ᠭᠡᠨᠡᠳᠲᠡ ᠶᠢᠨ ᠴᠢᠨᠠᠷᠲᠠᠢ ᠬᠡᠷᠡᠭ ᠢ ᠰᠢᠢᠳᠪᠦᠷᠢᠯᠡᠬᠦ ᠴᠢᠳᠠᠪᠦᠷᠢ ᠶᠢ ᠳᠡᠭᠡᠭᠰᠢᠯᠡᠭᠦᠯᠦᠨ᠎ᠡ᠃ | —— ᠣᠯᠠᠨ ᠲᠦᠮᠡᠨ ᠤ ᠬᠠᠤᠯᠢ ᠶᠣᠰᠤᠨ ᠤ ᠡᠷᠬᠡ ᠠᠰᠢᠭ ᠢ ᠦᠨᠡᠨᠬᠦ ᠬᠠᠮᠠᠭᠠᠯᠠᠨ᠎ᠠ᠃ ︽ᠵᠠᠭᠤᠴᠢᠯᠠᠭᠤᠷ + | ᠵᠠᠭᠤᠴᠢᠯᠠᠭᠤᠷ ᠤᠨ ᠪᠣᠰᠤ︾ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠬᠡᠷᠡᠭᠯᠡᠵᠦ᠂ ᠠᠷᠠᠳ ᠤᠨ | ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠵᠢᠴᠢ ᠵᠠᠰᠠᠭ ᠵᠠᠬᠢᠷᠭᠠᠨ ᠤ ᠡᠶᠡᠳᠡᠭᠦᠯᠭᠡ ᠶᠢ ᠠᠪᠴᠠᠯᠳᠤᠭᠤᠯᠤᠨ᠂ | ᠬᠠᠷᠢᠯᠴᠠᠨ ᠨᠦᠬᠦᠪᠦᠷᠢᠯᠡᠭᠰᠡᠨ᠂ ᠣᠷᠭᠠᠨᠢᠭ ᠤᠶᠠᠯᠳᠤᠭᠰᠠᠨ ᠵᠢᠴᠢ ᠵᠣᠬᠢᠴᠠᠩᠭᠤᠢ ᠦᠢᠯᠡᠳᠦᠯᠴᠡᠭᠰᠡᠨ ᠡᠶᠡᠳᠡᠭᠦᠯᠭᠡ | ᠶᠢᠨ ᠠᠵᠢᠯ ᠤᠨ ᠪᠠᠶᠢᠳᠠᠯ ᠢ ᠪᠣᠢ ᠪᠣᠯᠭᠠᠨ᠎ᠠ᠃ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ ᠪᠠ ᠠᠯᠬᠤᠮ | ᠶᠠᠪᠤᠴᠠ ᠳᠤ ᠨᠢ ᠴᠢᠩᠭ᠎ᠠ ᠬᠠᠮᠢᠶᠠᠷᠬᠤ ᠶᠢ ᠪᠠᠷᠢᠮᠲᠠᠯᠠᠵᠤ᠂ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢ ᠨᠡᠶᠢᠳᠡᠮ ᠲᠦᠭᠡᠮᠡᠯᠵᠢᠭᠦᠯᠦᠨ᠂ ᠵᠠᠬ᠎ᠠ ᠳᠡᠯᠭᠡᠭᠦᠷ ᠤᠨ ᠡᠮᠬᠢ ᠲᠢᠭᠯᠢᠮ | ᠢ ᠲᠠᠰᠤᠷᠠᠯᠲᠠ ᠦᠭᠡᠢ ᠳᠦᠷᠢᠮᠵᠢᠭᠦᠯᠦᠨ᠎ᠡ᠃ ᠲᠠᠷᠢᠶᠠᠯᠠᠩ ᠳᠤ ᠠᠰᠢᠭᠲᠠᠢ ᠡᠯ᠎ᠡ ᠵᠦᠢᠯ ᠤᠨ ᠲᠦᠷᠦ ᠶᠢᠨ ᠪᠣᠳᠤᠯᠭ᠎ᠠ | ᠶᠢ ᠴᠢᠩᠭ᠎ᠠ ᠨᠠᠶᠢᠳᠠᠪᠦᠷᠢᠵᠢᠭᠤᠯᠵᠤ᠂ ᠪᠡᠯᠡ ᠮᠦᠩᠭᠦ ᠪᠠ ᠲᠦᠷᠦᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠂ | ᠲᠠᠷᠢᠶᠠᠯᠠᠩ ᠳᠤ ᠠᠰᠢᠭᠲᠠᠢ ᠪᠡᠯᠡ ᠮᠦᠩᠭᠦᠨ ᠤ ᠦᠷ᠎ᠡ ᠠᠰᠢᠭ ᠢ ᠬᠠᠮᠤᠭ ᠤᠨ ᠶᠡᠭᠡ ᠪᠠᠷ ᠪᠠᠳᠠᠷᠠᠭᠤᠯᠤᠨ᠎ᠠ᠃ | ᠮᠠᠯᠴᠢᠨ ᠲᠠᠷᠢᠶᠠᠴᠢᠨ ᠬᠦᠯᠦᠰᠦᠨ ᠠᠵᠢᠯᠴᠢᠨ ᠤ ᠴᠠᠯᠢᠩ ᠬᠦᠯᠦᠰᠦ ᠶᠢ ᠪᠠᠲᠤᠯᠠᠬᠤ ᠠᠵᠢᠯ ᠤᠨ ᠣᠷᠲᠤᠮᠵᠢ ᠶᠢᠨ | ᠴᠢᠨᠠᠷᠲᠠᠢ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠬᠠᠮᠲᠤ ᠪᠠᠷ | ᠵᠠᠰᠠᠬᠤ ᠬᠦᠳᠡᠯᠮᠦᠷᠢ ᠶᠢᠨ ᠬᠠᠷᠢᠴᠠᠭ᠎ᠠ ᠶᠢ ᠠᠬᠢᠭᠤᠯᠤᠨ᠎ᠠ᠃ ︽ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ | ᠶᠢ ᠠᠬᠢᠭᠤᠯᠬᠤ ᠣᠨ︾ ᠤ ᠠᠵᠢᠯᠯᠠᠭ᠎ᠠ ᠶᠢ ᠦᠷᠨᠢᠭᠦᠯᠵᠦ᠂ ᠨᠡᠶᠢᠭᠡᠮ ᠲᠣᠭᠤᠷᠢᠭ ᠤᠨ ᠠᠯᠪᠠᠯᠠᠬᠤ ᠭᠠᠵᠠᠷ ᠤᠨ | ᠨᠦᠭᠦᠴᠡᠯ ᠢ ᠦᠨᠡᠨᠬᠦ ᠰᠠᠶᠢᠵᠢᠷᠠᠭᠤᠯᠤᠨ᠎ᠠ᠃ ᠢᠳᠡᠪᠬᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠡᠷ ᠪᠠᠶᠢᠰᠢᠩ | ᠭᠠᠵᠠᠷ ᠬᠦᠷᠦᠩᠭᠡ ᠶᠢᠨ ᠬᠦᠷᠢᠶ᠎ᠡ ᠬᠡᠪᠴᠢᠶᠡᠨ ᠤ ᠲᠡᠥᠬᠡ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠨ᠂ | ᠬᠤᠳᠠᠯᠳᠤᠭ᠎ᠠ ᠪᠠ ᠣᠷᠤᠨ ᠰᠠᠭᠤᠴᠠ ᠶᠢᠨ ᠬᠤᠷᠢᠶᠠᠯᠠᠯ ᠤᠨ ᠦᠨᠡᠮᠯᠡᠯ ᠠᠪᠬᠤ ᠬᠦᠴᠢᠷ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠨ᠎ᠡ᠃ | ᠡᠭᠦᠨ ᠤ ᠬᠠᠮᠲᠤ᠂ ᠪᠢᠳᠡ ᠪᠠᠰᠠ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠲᠠᠷᠠᠭᠤᠯᠵᠤ᠂ ︽ᠠᠷᠪᠠᠨ | ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ ᠴᠢᠨᠠᠷᠯᠢᠭ ᠲᠣᠭᠲᠠᠭᠠᠨ᠎ᠠ᠃ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠦᠢᠯᠡᠴᠢᠯᠡᠭᠡᠨ ᠤ ᠲᠣᠭᠲᠠᠴᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ | ᠣᠷᠤᠨ ᠤ ᠳᠡᠰ ᠤᠨ ᠵᠢᠱᠢᠶ᠎ᠡ ᠦᠵᠡᠭᠦᠯᠬᠦ ᠦᠷᠡᠭᠳᠡᠭᠰᠡᠨ ᠪᠠᠭᠠᠲᠤᠷᠴᠤᠳ ᠤᠨ ᠪᠣᠩᠬᠤᠨ ᠤ ᠭᠠᠵᠠᠷ ᠢ ᠪᠠᠶᠢᠭᠤᠯᠤᠨ᠂ | ᠥᠪᠡᠷᠲᠡᠭᠡᠨ ᠵᠠᠰᠠᠬᠤ ᠣᠷᠤᠨ ᠤ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ︽ᠳᠥᠷᠪᠡᠨ ᠵᠢᠯ ᠳᠠᠷᠠᠭᠠᠯᠠᠨ | ᠲᠡᠷᠢᠭᠦᠯᠡᠬᠦ︾ ᠪᠠᠷ ᠴᠢᠷᠮᠠᠶᠢᠨ᠎ᠠ᠃ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠡᠷᠡᠰ ᠲᠤᠤᠱᠯᠠᠭᠤᠯᠵᠤ᠂ | ᠥᠪᠡᠷᠲᠡᠭᠡᠨ ᠵᠠᠰᠠᠬᠤ ᠣᠷᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ ᠶᠢ ᠦᠷᠭᠦᠯᠵᠢᠯᠡᠨ ᠴᠢᠷᠮᠠᠶᠢᠨ ᠡᠭᠦᠳᠦᠨ᠎ᠡ᠃ ᠣᠯᠠᠨ ᠲᠦᠮᠡᠨ ᠤ ᠪᠣᠯᠪᠠᠰᠤᠨ ᠤ ᠬᠡᠪ ᠪᠣᠯᠪᠠᠰᠤᠷᠠᠯ ᠪᠠ | ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠤᠨ ᠤ | ᠳᠡᠰ ᠤᠨ ᠪᠣᠯᠪᠠᠰᠤᠨ ᠬᠤᠲᠠ ᠪᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠪᠠᠶᠢᠭᠤᠯᠤᠨ᠎ᠠ᠃ ᠲᠤᠭ᠎ᠠ | ᠪᠦᠷᠢᠳᠬᠡᠯ ᠤᠨ ᠬᠠᠤᠯᠢ ᠳᠦᠷᠢᠮᠲᠦ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠣᠯᠣᠳᠤᠭᠠᠷ ᠤᠳᠠᠭᠠᠨ ᠤ | ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠯᠠᠪᠳᠠᠭᠤᠨ ᠦᠷᠨᠢᠭᠦᠯᠦᠨ᠎ᠡ᠃ ᠰᠤᠶᠤᠯ ᠤᠨ | ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭᠠᠨ ᠤ | ᠬᠡᠯᠪᠡᠷᠢ ᠶᠢᠨ ᠰᠠᠭᠤᠷᠢᠨ ᠭᠠᠵᠠᠷ ᠤᠨ ᠠᠮᠤᠷ ᠲᠦᠪᠰᠢᠨ ᠢ ᠪᠠᠲᠤᠯᠠᠨ᠎ᠠ᠃ ᠢᠳᠡᠪᠬᠢᠲᠡᠢ ᠪᠦᠭᠡᠳ ᠪᠦᠲᠦᠮᠵᠢᠲᠡᠢ | ᠠᠷᠭ᠎ᠠ ᠬᠡᠮᠵᠢᠶ᠎ᠡ ᠠᠪᠴᠤ᠂ ᠬᠤᠯᠤᠭᠠᠨ᠎ᠠ ᠶᠢᠨ ᠬᠢᠵᠢᠭ ᠪᠠ ᠠᠹᠷᠢᠺᠠ ᠶᠢᠨ ᠭᠠᠭ᠋ᠠᠢ ᠶᠢᠨ ᠬᠢᠵᠢᠭ ᠢ ᠪᠦᠬᠦ ᠬᠦᠴᠦᠨ | ᠢᠶᠠᠷ ᠬᠤᠷᠢᠭᠯᠠᠨ᠎ᠠ᠃ ᠣᠢ ᠰᠢᠭᠤᠢ ᠲᠠᠯ᠎ᠠ ᠨᠤᠲᠤᠭ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ | ᠪᠠᠷ ᠴᠢᠬᠤᠯᠠᠴᠢᠯᠠᠵᠤ᠂ ᠭᠠᠯ ᠢ ᠰᠡᠷᠭᠡᠶᠢᠯᠡᠬᠦ ᠠᠵᠢᠯ ᠢ ᠪᠠᠶᠢᠩᠭᠤ ᠶᠢᠨ ᠴᠢᠨᠠᠷᠲᠠᠢ ᠠᠳᠬᠤᠨ᠎ᠠ᠃ ᠠᠵᠢᠯᠴᠢᠨ ᠤ | ᠶᠡᠷᠦᠩᠬᠡᠢ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠢᠴᠢ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠠᠵᠢᠯ ᠢ ᠶᠡᠬᠡᠪᠡᠷ ᠳᠡᠮᠵᠢᠵᠦ᠂ ᠠᠮᠤ ᠪᠤᠳᠠᠭᠠᠨ ᠤ | ᠠᠮᠤᠷ ᠲᠥᠪᠰᠢᠨ᠂ ᠳᠠᠩᠰᠠ ᠡᠪᠬᠡᠮᠡᠯ ᠣᠷᠤᠨ ᠨᠤᠲᠤᠭ ᠤᠨ ᠲᠡᠮᠳᠡᠭᠯᠡᠯ᠂ ᠭᠠᠳᠠᠭᠠᠳᠤ ᠶᠠᠪᠤᠳᠠᠯ ᠨᠢᠭᠤᠴᠠ ᠶᠢ | ᠬᠠᠮᠠᠭᠠᠯᠠᠬᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠵᠡᠷᠭᠡ ᠠᠵᠢᠯ ᠢ ᠨᠢᠭᠡᠲᠦᠯᠲᠡᠢ ᠠᠬᠢᠭᠤᠯᠤᠨ᠂ ᠡᠯ᠎ᠡ ᠲᠠᠯ᠎ᠠ | ᠶᠢᠨ ᠠᠵᠢᠯ ᠦᠢᠯᠡᠰ ᠤᠨ ᠰᠢᠨ᠎ᠡ ᠠᠮᠵᠢᠯᠲᠠ ᠶᠢ ᠴᠢᠷᠮᠠᠶᠢᠨ ᠡᠭᠦᠳᠦᠨ᠎ᠡ᠃ |