2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ(ᠨᠠᠢᠮᠠ)
ᠨᠡᠶᠢᠲᠡᠯᠡᠭᠰᠡᠨ ᠴᠠᠭ᠄
2020/5/14
     ᠵᠠᠰᠠᠭ ᠤᠨ ᠣᠷᠳᠤᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠᠲᠦᠯᠦᠭᠡᠯᠡᠭᠴᠢᠳ ᠡ᠂ ᠴᠢᠨᠠᠷᠯᠢᠭ ᠬᠦᠭᠵᠢᠯᠲᠡ ᠶᠢᠨ ᠬᠦᠨᠳᠦ ᠡᠭᠦᠷᠭᠡ ᠮᠦᠷᠦᠨ ᠳᠡᠭᠡᠷ᠎ᠡ ᠲᠠᠯᠪᠢᠭᠳᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠴᠠᠭ ᠪᠠᠴᠢᠮ ᠪᠤᠢ᠃ ᠪᠢᠳᠡ ᠢᠮᠠᠭᠲᠠ ᠲᠡᠥᠬᠡ᠂ ᠠᠷᠠᠳ ᠲᠦᠮᠡᠨ ᠪᠣᠯᠤᠨ ᠠᠵᠢᠯ ᠦᠢᠯᠡᠰ ᠲᠤ ᠪᠠᠨ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠤᠷ ᠢᠶᠠᠷ ᠵᠠᠰᠠᠭ ᠶᠠᠪᠤᠭᠤᠯᠬᠤ ᠴᠢᠳᠠᠪᠦᠷᠢ ᠪᠠ ᠦᠢᠯᠡᠴᠢᠯᠡᠭᠡᠨ ᠤ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠬᠠᠨᠤᠮᠵᠢᠲᠠᠢ ᠵᠠᠰᠠᠭ  ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃—— ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠨ᠎ᠡ᠃ ᠤᠯᠤᠰ ᠲᠦᠷᠦ ᠶᠢᠨ ᠰᠠᠬᠢᠯᠭ᠎ᠠ ᠪᠠᠲᠤ ᠪᠠ ᠶᠣᠰᠤ ᠳᠦᠷᠢᠮ ᠢ ᠲᠡᠷᠢᠭᠦᠨ ᠳᠤ ᠲᠠᠯᠪᠢᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠦᠵᠡᠯ ᠰᠠᠨᠠᠭᠠᠨ ᠤ ᠪᠠᠶᠢᠭᠤᠯᠤᠯᠲᠠ ᠪᠠᠨ ᠴᠢᠩᠭᠠᠳᠬᠠᠨ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠦᠵᠡᠯ ᠰᠠᠨᠠᠭᠠᠨ ᠤ ᠬᠡᠯᠪᠡᠷᠢ ᠶᠢᠨ ᠠᠵᠢᠯ ᠢ ᠴᠢᠩᠭ᠎ᠠ ᠠᠳᠬᠤᠨ᠂ ᠨᠠᠮ ᠤᠨ ᠭᠡᠰᠢᠭᠦᠨ ᠺᠠᠳ᠋ᠷ ᠤᠨ ᠤᠯᠤᠰ ᠲᠦᠷᠦ ᠶᠢᠨ ᠵᠣᠭᠰᠤᠯᠲᠠ᠂ ᠤᠯᠤᠰ ᠲᠦᠷᠦ ᠶᠢᠨ ᠡᠭᠦᠷᠭᠡ ᠬᠠᠷᠢᠭᠤᠴᠠᠯᠭ᠎ᠠ ᠵᠢᠴᠢ ᠤᠯᠤᠰ ᠲᠦᠷᠦ ᠶᠢᠨ ᠤᠬᠠᠮᠰᠠᠷ ᠢ ᠨᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠥᠪ ᠤᠨ ᠲᠦᠷᠦ ᠶᠢᠨ ᠪᠣᠳᠤᠯᠭ᠎ᠠ ᠴᠢᠭᠯᠡᠯᠲᠡ ᠶᠢ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠤᠨ ᠵᠢᠴᠢ ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠤ᠂ ᠲᠣᠭᠤᠷᠢᠨ ᠪᠠᠶᠢᠴᠠᠭᠠᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠰᠠᠶᠢᠲᠤᠷ ᠴᠡᠭᠴᠡᠯᠡᠨ ᠵᠠᠰᠠᠵᠤ᠂ ᠵᠠᠰᠠᠭ ᠤᠨ ᠵᠠᠷᠯᠢᠭ ᠢ ᠰᠢᠯᠤᠭᠤᠬᠠᠨ ᠶᠠᠪᠤᠭᠳᠠᠭᠤᠯᠵᠤ᠂ ᠵᠠᠷᠯᠢᠭ ᠵᠢᠭᠠᠪᠤᠷᠢ ᠶᠢ ᠲᠠᠭᠠᠨ᠂ ᠵᠠᠰᠠᠭ ᠤᠨ ᠣᠷᠳᠤᠨ ᠤ ᠠᠵᠢᠯ ᠤᠨ ᠵᠦᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠢᠮᠠᠭᠲᠠ ᠪᠠᠲᠤᠯᠠᠨ᠎ᠠ᠃——  ᠬᠠᠤᠯᠢ ᠪᠠᠷ ᠵᠠᠰᠠᠭ ᠶᠠᠪᠤᠭᠤᠯᠵᠤ᠂ ᠢᠲᠡᠭᠡᠯ ᠬᠦᠨᠳᠦ ᠪᠠᠨ ᠳᠡᠭᠡᠭᠰᠢᠯᠡᠭᠦᠯᠦᠨ᠎ᠡ᠃ ᠬᠠᠤᠯᠢ ᠪᠠᠷ ᠵᠠᠰᠠᠬᠤ ᠦᠵᠡᠯ ᠤᠬᠠᠮᠰᠠᠷ ᠪᠠ ᠠᠷᠭ᠎ᠠ ᠬᠡᠯᠪᠡᠷᠢ ᠶᠢ ᠵᠠᠰᠠᠭ ᠤᠨ ᠣᠷᠳᠤᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠪᠠᠷ ᠵᠠᠰᠠᠭ ᠶᠠᠪᠤᠭᠤᠯᠤᠨ᠎ᠠ᠃ ᠬᠠᠤᠯᠢ ᠪᠠᠷ ᠬᠤᠰᠢᠭᠤ  ᠪᠠᠨ ᠵᠠᠰᠠᠬᠤ ᠠᠵᠢᠯ ᠢ ᠭᠦᠨᠵᠡᠭᠡᠢ ᠠᠬᠢᠭᠤᠯᠵᠤ᠂ ︽ᠳᠣᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠂ ︽ᠪᠠᠭᠠᠷᠢᠨ ᠵᠡᠭᠦᠨ ᠬᠤᠰᠢᠭᠤᠨ ᠤ ᠬᠠᠤᠯᠢ ᠲᠦᠭᠡᠮᠡᠯᠵᠢᠭᠦᠯᠬᠦ ᠠᠶᠠᠯᠠᠯ︾ ᠤᠨ ᠠᠵᠢᠯᠯᠠᠭ᠎ᠠ ᠦᠷᠨᠢᠭᠦᠯᠦᠨ᠎ᠡ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠶᠢᠨ ᠬᠢᠨᠠᠯᠲᠠ ᠪᠠ ᠠᠵᠢᠯ ᠤᠨ ᠬᠢᠨᠠᠯᠲᠠ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ  ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠤ ᠳᠤᠷᠠᠳᠤᠯᠭ᠎ᠠ ᠶᠢ ᠰᠠᠶᠢᠲᠤᠷ ᠪᠡᠶᠡᠯᠡᠭᠦᠯᠦᠨ᠎ᠡ᠃ ᠵᠠᠰᠠᠭ ᠵᠠᠬᠢᠷᠭᠠᠨ  ᠤ ᠬᠦᠨᠳᠦ ᠴᠢᠬᠤᠯᠠ ᠰᠢᠢᠳᠪᠦᠷᠢ ᠶᠢᠨ ᠬᠠᠤᠯᠢ ᠳᠤ ᠲᠣᠭᠲᠠᠭᠰᠠᠨ ᠠᠯᠬᠤᠮ ᠳᠠᠷᠠᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠤ᠂ ︽ᠭᠤᠷᠪᠠᠨ ᠴᠢᠬᠤᠯᠠ ᠨᠢᠭᠡ ᠶᠡᠭᠡ︾ ᠳᠦᠷᠢᠮ ᠪᠠ ᠴᠢᠬᠤᠯᠠ ᠵᠦᠢᠯᠡᠰ ᠤᠨ ᠵᠢᠭᠠᠪᠦᠷᠢ ᠠᠪᠬᠤ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠢᠯᠡ ᠪᠣᠯᠭᠠᠬᠤ ᠪᠠᠷᠢᠮᠵᠢᠶᠠᠵᠢᠭᠰᠠᠨ ᠪᠠ ᠳᠦᠷᠢᠮᠵᠢᠭᠰᠡᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ  ᠠᠬᠢᠭᠤᠯᠵᠤ᠂  ᠬᠠᠤᠯᠢ ᠪᠠᠷ ᠵᠠᠰᠠᠬᠤ ᠵᠠᠮ ᠳᠡᠭᠡᠷ᠎ᠡ ᠵᠠᠰᠠᠭ ᠵᠠᠬᠢᠷᠭᠠᠨ ᠤ ᠡᠷᠬᠡ ᠶᠢ ᠲᠤᠤᠱᠯᠠᠭᠤᠯᠤᠨ᠎ᠠ᠃—— ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠪᠣᠳᠠᠲᠠᠢ ᠶᠢ ᠡᠷᠬᠢᠮᠯᠡᠨ ᠢᠳᠡᠪᠬᠢᠲᠡᠢ ᠠᠵᠢᠯᠯᠠᠨ᠎ᠠ᠃  ᠭᠦᠢᠴᠡᠳᠬᠡᠬᠦ ᠴᠢᠳᠠᠪᠦᠷᠢ ᠪᠠ ᠨᠠᠶᠢᠳᠠᠪᠦᠷᠢᠵᠢᠭᠤᠯᠬᠤ ᠴᠢᠳᠠᠪᠦᠷᠢ ᠪᠠᠨ ᠳᠡᠭᠡᠭᠰᠢᠯᠡᠬᠦᠯᠬᠦ ᠶᠢ ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠨ ᠠᠳᠬᠤᠵᠤ᠂ ᠡᠯ᠎ᠡ ᠲᠠᠯ᠎ᠠ ᠶᠢᠨ ᠠᠵᠢᠯ ᠤᠨ ︽ᠳᠤᠰᠤᠭᠰᠠᠨ ᠭᠠᠵᠠᠷ ᠲᠤ ᠪᠠᠨ ᠳᠠᠭᠤ ᠲᠠᠢ︾ ᠪᠠᠶᠢᠬᠤ ᠶᠢ ᠪᠠᠲᠤᠯᠠᠨ᠎ᠠ᠃ ︽ᠤᠭ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ  ᠤᠨ ᠦᠷ᠎ᠡ ᠪᠦᠲᠦᠮᠵᠢ ᠶᠢ ᠪᠠᠲᠤᠳᠬᠠᠵᠤ᠂ ᠪᠠᠶᠢᠴᠠᠭᠠᠯᠲᠠ ᠰᠤᠳᠤᠯᠭᠠᠨ ᠤ ᠠᠵᠢᠯ ᠢ ᠴᠢᠩᠭᠠᠳᠬᠠᠨ᠂ ᠨᠢᠭᠡᠳᠦᠭᠡᠷ ᠹᠷᠤᠨᠲ ᠲᠤ ᠭᠦᠨᠵᠡᠭᠡᠶᠢᠷᠡᠨ ᠪᠣᠳᠠᠳᠤ ᠠᠷᠭ᠎ᠠ ᠬᠡᠮᠵᠢᠶ᠎ᠡ ᠪᠠᠷ ᠪᠣᠳᠠᠲᠠᠢ ᠠᠵᠢᠯ ᠬᠢᠨ᠎ᠡ᠃ ᠵᠠᠰᠠᠭ ᠤᠨ ᠣᠷᠳᠤᠨ ᠤ ᠴᠢᠳᠠᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠠᠵᠢᠯ ᠤᠨ ᠦᠷ᠎ᠡ ᠪᠦᠲᠦᠮᠵᠢ ᠶᠢᠨ ᠬᠢᠨᠠᠨ ᠰᠢᠯᠭᠠᠯᠲᠠ ᠶᠢ ᠴᠢᠩᠭᠠᠳᠬᠠᠨ᠂ ᠭᠤᠤᠯᠳᠠᠯᠭ᠎ᠠ ᠲᠠᠢ ᠠᠵᠢᠯ ᠤᠨ ᠨᠠᠷᠢᠨ ᠳᠠᠩᠰᠠᠲᠤ ᠬᠠᠮᠢᠶᠠᠷᠤᠯᠲᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠰᠤᠷᠲᠠᠯ ᠤᠨ ᠥᠭᠡᠷᠡᠴᠢᠯᠡᠯᠲᠡ ᠶᠢ ᠰᠤᠯᠠᠷᠠᠭᠤᠯᠤᠰᠢ ᠦᠭᠡᠢ ᠠᠳᠬᠤᠵᠤ᠂ ᠦᠨᠳᠦᠰᠦᠨ ᠱᠠᠲᠤᠨ  ᠤ ᠳᠠᠷᠤᠭᠠᠰᠤ ᠶᠢ ᠦᠨᠡᠨᠬᠦ ᠬᠦᠩᠭᠡᠯᠡᠨ᠂ ᠵᠠᠰᠠᠭ ᠤᠨ ᠣᠷᠳᠤᠨ ᠤ ᠳᠦᠷᠢᠮᠵᠢᠭᠰᠡᠨ ᠪᠢᠴᠢᠭ ᠮᠠᠲ᠋ᠧᠷᠢᠶᠠᠯ ᠪᠠ ᠡᠯ᠎ᠡ ᠵᠦᠢᠯ ᠤᠨ ᠬᠤᠷᠠᠯ ᠢ ᠤᠯᠠᠮ ᠨᠢᠭᠡ ᠠᠯᠬᠤᠮ ᠴᠦᠭᠡᠳᠬᠡᠵᠦ᠂ ᠤᠶᠤᠨ ᠴᠢᠳᠠᠯ ᠢᠶᠠᠨ ᠬᠦᠭᠵᠢᠯᠲᠡ ᠶᠢ ᠡᠷᠢᠯᠬᠢᠯᠡᠬᠦ ᠪᠠ ᠪᠣᠳᠠᠲᠠᠢ ᠨᠠᠶᠢᠳᠠᠪᠦᠷᠢᠵᠢᠭᠤᠯᠤᠯᠲᠠ ᠳᠡᠭᠡᠷ᠎ᠡ ᠵᠠᠷᠤᠴᠠᠭᠤᠯᠤᠨ᠎ᠠ᠃—— ᠠᠷᠢᠭᠤᠨ ᠴᠢᠭᠴᠢ ᠪᠠᠷ ᠵᠠᠰᠠᠭ ᠪᠠᠷᠢᠵᠤ ᠦᠨᠳᠦᠰᠦᠨ ᠱᠤᠭᠤᠮ ᠢ ᠪᠠᠷᠢᠮᠲᠠᠯᠠᠨ᠎ᠠ᠃ ᠢᠮᠠᠭᠲᠠ ᠠᠷᠢᠭᠤᠨ ᠴᠢᠭᠴᠢ ᠪᠠᠷ ᠪᠡᠶ᠎ᠡ ᠪᠠᠨ ᠪᠠᠷᠢᠬᠤ ᠶᠢ ᠵᠠᠰᠠᠭ ᠤ ᠣᠷᠳᠤᠨ ᠤ ᠠᠵᠢᠯ ᠤᠨ ᠦᠨᠳᠦᠰᠦᠨ ᠱᠠᠭᠠᠷᠳᠠᠯᠭ᠎ᠠ ᠪᠣᠯᠭᠠᠨ ᠠᠳᠬᠤᠵᠤ᠂ ᠨᠠᠮ ᠤᠨ ᠰᠤᠷᠲᠠᠯ ᠴᠢᠭᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠭᠦᠢᠴᠡᠳᠬᠡᠨ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠣᠢ ᠪᠣᠯᠭᠠᠵᠤ᠂ ᠶᠤᠰᠤ ᠰᠤᠷᠲᠠᠬᠤᠨ ᠤ ᠦᠨᠳᠦᠰᠦᠨ ᠱᠤᠭᠤᠮ ᠢ ᠪᠠᠷᠢᠮᠲᠠᠯᠠᠨ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠢ ᠰᠠᠬᠢᠨ᠎ᠠ᠃ ᠲᠣᠭᠤᠷᠢᠨ ᠪᠠᠶᠢᠴᠠᠭᠠᠯᠲᠠ ᠪᠠ ᠬᠢᠨᠠᠨ ᠪᠣᠳᠤᠯᠲᠠ ᠶᠢᠨ ᠦᠷ᠎ᠡ ᠳ᠋ᠦᠩ ᠢ ᠠᠰᠢᠠᠯᠠᠵᠤ᠂ ᠴᠢᠭᠴᠢ ᠵᠠᠰᠠᠭ ᠤᠨ ᠠᠶᠤᠯ ᠲᠦᠭᠰᠢᠭᠦᠷᠢᠲᠠᠢ ᠴᠡᠭ ᠢ ᠨᠠᠷᠢᠨ ᠪᠠᠶᠢᠴᠠᠭᠠᠵᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠤᠨ ᠲᠣᠭᠲᠠᠯᠴᠠᠭ᠎ᠠ ᠶᠢ ᠪᠦᠷᠢᠨᠰᠢᠭᠦᠯᠦᠨ᠎ᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠳᠣᠬᠢᠷᠠᠭᠤᠯᠤᠯᠲᠠ ᠶᠢᠨ ᠪᠦᠬᠦᠶᠢᠯᠡ ᠶᠠᠪᠤᠴᠠ ᠶᠢ ᠢᠯᠡ  ᠪᠣᠯᠭᠠᠵᠤ᠂ ᠣᠯᠠᠨ ᠨᠡᠶᠢᠲᠡ ᠶᠢᠨ ᠪᠡᠯᠡ ᠮᠦᠩᠭᠦ᠂ ᠡᠬᠢ ᠪᠠᠶᠠᠯᠢᠭ ᠵᠢᠴᠢ ᠢᠨᠵᠧᠨᠧᠷᠢᠩ ᠵᠡᠷᠭᠡ ᠬᠦᠷᠢᠶ᠎ᠡ ᠬᠡᠪᠴᠢᠶᠡᠨ ᠤ ᠬᠢᠨᠠᠨ ᠬᠠᠮᠢᠶᠠᠷᠤᠯᠲᠠ ᠪᠠ ᠮᠦᠷᠳᠡᠯᠲᠡ ᠶᠢ ᠴᠢᠩᠭᠠᠳᠬᠠᠨ᠂ ᠠᠭᠤᠷᠬᠠᠢ ᠶᠢᠨ ᠡᠬᠢ ᠪᠠᠶᠠᠯᠢᠭ ᠤᠨ ᠬᠦᠷᠢᠶ᠎ᠡ ᠬᠡᠪᠴᠢᠶᠡᠨ ᠤ ᠳᠣᠪᠤᠶᠢᠮ᠎ᠠ ᠠᠰᠠᠭᠤᠳᠠᠯ ᠤᠨ ᠲᠤᠰᠬᠠᠢ ᠴᠡᠭᠴᠡᠯᠡᠯᠲᠡ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶ᠎ᠡ ᠬᠡᠪᠴᠢᠶᠡᠨ ᠤ ᠲᠤᠰᠬᠠᠢ ᠴᠡᠭᠴᠡᠯᠡᠯᠲᠡ ᠶᠢ ᠡᠬᠢᠯᠡᠭᠦᠯᠵᠦ᠂ ᠬᠠᠤᠯᠢ ᠴᠠᠭᠠᠵᠠ᠂ ᠰᠠᠬᠢᠯᠭ᠎ᠠ ᠪᠠᠲᠤ᠂ ᠳᠦᠷᠢᠮ ᠲᠣᠭᠲᠠᠭᠠᠯ ᠢ ᠵᠦᠷᠢᠴᠡᠭᠰᠡᠨ ᠠᠰᠠᠭᠤᠳᠠᠯ ᠤᠳ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠺᠠᠳ᠋ᠷ ᠠᠵᠢᠯᠲᠠᠨ ᠤ ᠠᠷᠢᠭᠤᠨ ᠴᠢᠭᠴᠢ᠂ ᠵᠠᠰᠠᠭ ᠤᠨ ᠣᠷᠳᠤᠨ ᠤ ᠠᠷᠢᠭᠤᠨ ᠴᠡᠪᠡᠷ᠂ ᠤᠯᠤᠰ ᠲᠦᠷᠦ ᠶᠢᠨ ᠢᠯᠡ ᠲᠣᠳᠣ ᠪᠠᠶᠢᠬᠤ ᠶᠢ ᠠᠬᠢᠭᠤᠯᠤᠨ᠎ᠠ᠃ ᠲᠦᠯᠦᠭᠡᠯᠡᠭᠴᠢᠳ ᠡ᠂ ᠰᠢᠷᠭᠠᠭᠤ ᠲᠡᠮᠡᠴᠡᠯ ᠢᠶᠠᠷ ᠬᠦᠰᠡᠯ ᠮᠦᠷᠦᠭᠡᠳᠦᠯ ᠢᠶᠠᠨ ᠪᠡᠶᠡᠯᠡᠭᠦᠯᠵᠦ᠂ ᠰᠢᠮᠳᠡᠯ ᠴᠢᠷᠮᠠᠶᠢᠯᠭ᠎ᠠ ᠪᠠᠷ ᠥᠩᠭᠡ ᠭᠢᠯᠪᠠᠭ᠎ᠠ ᠶᠢ ᠠᠪᠴᠢᠷᠠᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠤᠭᠤᠷᠢᠨ ᠳᠤ ᠪᠦᠯᠬᠦᠮᠳᠡᠨ ᠨᠢᠭᠲᠠᠷᠠᠵᠤ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠪᠣᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠵᠣᠷᠢᠭᠲᠠᠢ ᠡᠭᠦᠷᠭᠡᠯᠡᠵᠦ᠂ ᠪᠠᠭᠠᠷᠢᠨ ᠵᠡᠭᠦᠨ ᠬᠤᠰᠢᠭᠤᠨ ᠤ ᠴᠢᠨᠠᠷᠯᠢᠭ ᠬᠦᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠂ ᠪᠦᠬᠦ ᠬᠤᠰᠢᠭᠤᠨ ᠤ ᠠᠷᠠᠳ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠪᠦᠬᠦ ᠲᠠᠯ᠎ᠠ ᠪᠠᠷ ᠴᠢᠨᠡᠭᠡᠯᠢᠭᠵᠢᠭᠰᠡᠨ ᠨᠡᠶᠢᠭᠡᠮ ᠳᠤ ᠬᠠᠮᠲᠤ ᠪᠠᠷ ᠳᠠᠪᠰᠢᠨ ᠣᠷᠤᠵᠤ ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠠᠵᠤ ᠠᠬᠤᠢ ᠨᠡᠶᠢᠭᠡᠮ  ᠤᠨ ᠡᠷᠡᠭᠦᠯ ᠬᠦᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠶ᠎ᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号