2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ(ᠠᠷᠪᠠ)
ᠨᠡᠶᠢᠲᠡᠯᠡᠭᠰᠡᠨ ᠴᠠᠭ᠄
2020/5/14
︽ᠬᠠᠤᠯᠢ ᠴᠠᠭᠠᠵᠠ ᠶᠢ ᠵᠢᠷᠭᠤᠭ᠎ᠠ ᠳᠤ ᠬᠦᠷᠭᠡᠬᠦ︾᠄ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯᠯᠠᠭ᠎ᠠ᠂ ᠬᠠᠤᠯᠢ ᠴᠠᠭᠠᠵᠠ ᠶᠢ ᠠᠯᠪᠠᠨ ᠪᠠᠶᠢᠭᠤᠯᠭ᠎ᠠ᠂ ᠬᠥᠳᠡᠭᠡ ᠲᠤᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ ᠵᠢᠴᠢ ᠪᠠᠶᠢᠭᠤᠯᠭ᠎ᠠ ᠨᠢᠭᠡᠴᠡ ᠳᠤ ᠬᠦᠷᠭᠡᠬᠦ ᠶᠢ ᠬᠡᠯᠡᠨ᠎ᠡ᠃︽ᠬᠤᠶᠠᠷ ᠲᠣᠭᠤᠷᠢᠭ︾ ᠤᠨ ᠬᠤᠪᠢᠶᠠᠷᠢᠯᠠᠯ᠄ ᠠᠮᠤ ᠪᠤᠳᠠᠭ᠎ᠠ ᠦᠢᠯᠡᠳᠪᠦᠷᠢᠯᠡᠬᠦ ᠲᠣᠭᠤᠷᠢᠭ ᠪᠠ ᠭᠤᠣᠯ ᠪᠣᠯᠬᠤ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠬᠠᠮᠠᠭᠠᠯᠠᠯᠲᠠ ᠶᠢᠨ ᠲᠣᠭᠤᠷᠢᠭ᠃︽ᠭᠤᠷᠪᠠᠨ ᠴᠢᠬᠤᠯᠠ ᠨᠢᠭᠡ ᠶᠡᠭᠡ︾᠄ ᠬᠦᠨᠳᠦ ᠴᠢᠬᠤᠯᠠ ᠠᠰᠠᠭᠤᠳᠠᠯ ᠤᠨ ᠰᠢᠢᠳᠪᠦᠷᠢ ᠲᠣᠭᠲᠠᠭᠠᠬᠤ᠂ ᠴᠢᠬᠤᠯᠠ  ᠺᠠᠳ᠋ᠷ ᠤᠨ ᠲᠣᠮᠢᠯᠠᠵᠤ ᠪᠠᠭᠤᠯᠭᠠᠬᠤ᠂ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠤᠭᠤᠯᠤᠯᠲᠠ ᠶᠢᠨ ᠰᠢᠢᠳᠪᠦᠷᠢ ᠲᠣᠭᠲᠠᠭᠠᠬᠤ ᠵᠢᠴᠢ ᠶᠡᠭᠡ ᠬᠡᠮᠵᠢᠶᠡᠨ ᠤ ᠪᠡᠯᠡ ᠮᠦᠩᠭᠦ ᠶᠢᠨ ᠬᠡᠷᠡᠭᠯᠡᠯᠲᠡ᠃︽ᠵᠢᠷᠭᠤᠭ᠎ᠠ ᠶᠢ ᠲᠣᠭᠲᠠᠭᠤᠨ ᠪᠠᠶᠢᠯᠭᠠᠬᠤ︾᠄ ᠠᠵᠢᠯ ᠣᠯᠭᠤᠯᠲᠠ᠂ ᠮᠦᠩᠭᠦᠨ ᠭᠦᠢᠯᠭᠡᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠪᠡᠯᠡ ᠣᠷᠤᠭᠤᠯᠤᠯᠲᠠ᠂ ᠤᠷᠢᠳᠴᠢᠯᠠᠨ ᠵᠢᠱᠢᠯᠲᠡ ᠶᠢ ᠲᠣᠭᠲᠠᠭᠤᠨ ᠪᠠᠶᠢᠯᠭᠠᠬᠤ ᠶᠢ ᠬᠡᠯᠡᠨ᠎ᠡ᠃︽ᠳᠥᠷᠪᠡ ᠶᠢ ᠰᠤᠯᠠᠷᠠᠭᠤᠯᠬᠤ ᠦᠭᠡᠢ︾᠄ ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠰᠤᠯᠠᠷᠠᠭᠤᠯᠬᠤ ᠦᠭᠡᠢ᠂ ᠲᠥᠷᠥ ᠶᠢᠨ ᠪᠣᠳᠤᠯᠭ᠎ᠠ ᠶᠢ ᠰᠤᠯᠠᠷᠠᠭᠤᠯᠬᠤ ᠦᠭᠡᠢ᠂ ᠬᠠᠪᠰᠤᠷᠤᠨ ᠲᠡᠳᠬᠦᠬᠦ ᠪᠠᠨ ᠰᠤᠯᠠᠷᠠᠭᠤᠯᠬᠤ ᠦᠭᠡᠢ᠂ ᠬᠢᠨᠠᠨ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ᠃ᠵᠣᠷᠢᠭᠤᠳᠠ ᠥᠷᠢ ᠠᠴᠠ ᠲᠤᠲᠠᠭᠠᠬᠤ᠄ ᠢᠷᠭᠡᠨ ᠤᠨ ᠬᠡᠷᠡᠭ ᠤᠨ ᠭᠡᠷ᠎ᠡ ᠵᠦᠷᠢᠴᠡᠭᠰᠡᠨ ᠦᠢᠯᠡ ᠠᠵᠢᠯᠯᠠᠭ᠎ᠠ᠃ ᠭᠦᠢᠴᠡᠳᠬᠡᠬᠦ ᠴᠢᠳᠠᠪᠦᠷᠢ ᠲᠠᠢ ᠪᠠᠶᠢᠭᠠᠳ ᠥᠷᠢ ᠥᠭᠴᠡᠭᠡ ᠪᠠᠨ ᠲᠦᠯᠦᠭᠦ ᠦᠭᠡᠢ ᠪᠠᠶᠢᠬᠤ ᠦᠢᠯᠡ ᠠᠵᠢᠯᠯᠠᠭ᠎ᠠ ᠶᠢ ᠬᠡᠯᠡᠨ᠎ᠡ᠃︽ᠣᠯᠠᠨ ᠲᠦᠮᠡᠨᠴᠢ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠢᠨᠵᠧᠨᠧᠷᠢᠩ  ︾ : ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠭᠤᠷᠪᠠᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢᠶᠠᠷ ᠵᠢᠯᠤᠭᠤᠳᠬᠤ ᠲᠠᠪᠴᠠᠩ ᠪᠣᠯᠭᠠᠵᠤ᠂ ᠰᠤᠷᠠᠭ ᠵᠠᠩᠬᠢᠴᠢᠯᠠᠨ ᠶᠡᠷᠦᠩᠬᠡᠶᠢᠯᠡᠨ ᠵᠠᠰᠠᠬᠤ ᠢᠶᠠᠷ ᠲᠤᠯᠭᠠᠭᠤᠷᠢ ᠪᠣᠯᠭᠠᠵᠤ᠂ ᠲᠣᠣᠷᠵᠢᠯ ᠬᠠᠮᠢᠶᠠᠷᠤᠯᠲᠠ ᠪᠠᠷ ᠰᠠᠭᠤᠷᠢ ᠪᠣᠯᠭᠠᠵᠤ᠂ ᠣᠯᠠᠨ ᠨᠡᠶᠢᠲᠡ ᠶᠢᠨ ᠠᠮᠤᠷ ᠲᠥᠪᠰᠢᠨ ᠤ ᠬᠢᠨᠠᠨ ᠡᠵᠡᠮᠰᠢᠬᠦ ᠰᠦᠯᠵᠢᠶᠡᠨ ᠤ ᠬᠡᠷᠡᠭᠯᠡᠭᠡ ᠪᠠᠷ ᠭᠤᠣᠯᠳᠠᠯᠭ᠎ᠠ ᠪᠣᠯᠭᠠᠭᠰᠠᠨ ︽ᠣᠯᠠᠨ ᠲᠦᠮᠡᠨᠴᠢ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠢᠨᠵᠧᠨᠧᠷᠢᠩ︾ ᠢ ᠬᠡᠯᠡᠨ᠎ᠡ᠃︽ᠲᠤᠰᠬᠠᠢ ᠮᠡᠷᠭᠡᠵᠢᠯᠲᠡᠨ ᠬᠠᠮᠲᠤᠷᠠᠨ ᠣᠨᠤᠰᠢᠯᠠᠬᠤ︾᠄ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ ᠤᠷᠢᠵᠤ᠂ ᠬᠤᠯᠪᠤᠭᠳᠠᠯ ᠪᠦᠬᠦᠢ ᠠᠵᠢᠯ ᠲᠥᠷᠥᠯ ᠤᠨ ᠠᠮᠤᠷ ᠲᠦᠪᠰᠢᠨ ᠤ ᠳᠠᠯᠳᠠ ᠭᠡᠮ ᠢ ᠪᠠᠶᠢᠴᠠᠭᠠᠯᠭᠠᠨ᠎ᠠ᠃︽ᠭᠤᠣᠯ ᠨᠠᠭᠤᠷ ᠤᠨ ᠳᠠᠷᠤᠭ᠎ᠠ ᠶᠢᠨ ᠳᠦᠷᠢᠮ︾᠄ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ︽ᠭᠤᠣᠯ ᠨᠠᠭᠤᠷ ᠤᠨ ᠳᠠᠷᠤᠭ᠎ᠠ︾ ᠶᠢᠨ ᠲᠤᠰᠢᠶᠠᠯ ᠢ ᠡᠭᠦᠷᠭᠡᠯᠡᠵᠦ᠂ ᠬᠠᠮᠢᠶ᠎ᠠ ᠪᠦᠬᠦᠢ ᠭᠤᠣᠯ ᠨᠠᠭᠤᠷ ᠤᠨ ᠬᠠᠮᠢᠶᠠᠷᠤᠯᠲᠠ ᠪᠠ ᠬᠠᠮᠠᠭᠠᠯᠠᠯᠲᠠ ᠶᠢᠨ ᠠᠵᠢᠯ ᠢ ᠬᠠᠷᠢᠭᠤᠴᠠᠨ᠎ᠠ᠃︽ᠵᠣᠷᠯᠤᠩ ᠤᠨ ᠥᠭᠡᠷᠡᠴᠢᠯᠡᠯᠲᠡ︾᠄ ᠬᠦᠭᠵᠢᠵᠦ ᠪᠠᠶᠢᠭ᠎ᠠ ᠤᠯᠤᠰ ᠤᠨ ᠵᠣᠷᠯᠤᠩ ᠳᠤ ᠥᠭᠡᠷᠡᠴᠢᠯᠡᠯᠲᠡ ᠬᠢᠬᠦ‍ ᠨᠢᠭᠡ ᠵᠦᠢᠯ ᠤᠨ ᠠᠷᠭ᠎ᠠ ᠬᠡᠮᠵᠢᠶ᠎ᠡ᠃︽ᠨᠢᠭᠡ ᠪᠦᠰᠡ ᠲᠠᠪᠤᠨ ᠲᠣᠭᠤᠷᠢᠭ︾᠄ ᠨᠢᠭᠡ ᠪᠦᠰᠡ ᠭᠡᠳᠡᠭ ᠨᠢ ᠮᠤᠵᠢ ᠶᠢᠨ ᠬᠤᠭᠤᠷᠤᠨᠳᠤᠬᠢ ᠵᠠᠮ ᠤᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷᠯᠢᠭ ᠬᠦᠭᠵᠢᠯᠲᠡ ᠶᠢᠨ ᠵᠢᠱᠢᠶ᠎ᠡ ᠦᠵᠡᠭᠦᠯᠬᠦ ᠪᠦᠰᠡ ᠶᠢ ᠬᠡᠯᠡᠨ᠎ᠡ᠃ ᠲᠠᠪᠤᠨ ᠲᠣᠭᠤᠷᠢᠭ ᠭᠡᠳᠡᠭ ᠨᠢ ᠴᠠᠭᠠᠨᠬᠠᠳᠠ ᠰᠤᠮᠤ᠂ ᠤᠯᠠᠭᠠᠨᠳᠠᠪᠠᠭ᠎ᠠ ᠰᠤᠮᠤ᠂ ᠪᠠᠶᠠᠨ᠋ᠠ᠋ᠭᠤᠯᠠ ᠪᠠᠯᠭᠠᠰᠤ᠂ ᠹᠦ᠋ ᠾᠧ ᠪᠠᠯᠭᠠᠰᠤ᠂ ᠪᠢᠯᠡᠭᠦᠲᠡᠢ ᠪᠠᠯᠭᠠᠰᠤ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠣᠭᠤᠷᠢᠭ ᠢ ᠬᠡᠯᠡᠵᠦ ᠪᠠᠶᠢᠨ᠎ᠠ᠃︽ᠭᠤᠷᠪᠠᠨ ᠪᠦᠲᠦᠭᠡᠭᠳᠡᠬᠦᠨ ᠨᠢᠭᠡ ᠲᠡᠮᠳᠡᠭ︾᠄ ᠪᠤᠬᠢᠷᠳᠤᠯ ᠦᠬᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠳᠤᠯ ᠦᠭᠡᠢ ᠢᠳᠡᠭᠡᠨ᠂ ᠤᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠣᠷᠤᠨ ᠤ ᠲᠡᠮᠳᠡᠭ ᠤᠨ ᠶᠡᠷᠦᠩᠬᠡᠢ ᠨᠡᠷᠡᠶᠢᠳᠦᠯ ᠪᠤᠯᠤᠨ᠎ᠠ᠃︽ᠨᠡᠷᠡᠲᠦ ᠰᠢᠯᠢᠳᠡᠭ ᠣᠨᠴᠠᠯᠢᠭᠲᠤ︾᠄ ᠥᠪᠥᠷ ᠮᠣᠩᠭᠤᠯ ᠣᠷᠤᠨ ᠳᠤ ᠪᠣᠯᠪᠠᠰᠤᠷᠠᠭᠤᠯᠤᠨ ᠦᠢᠯᠡᠳᠪᠦᠷᠢᠯᠡᠭᠰᠡᠨ ᠨᠡᠷᠡᠲᠦ᠂ ᠰᠢᠯᠢᠳᠡᠭ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠᠶᠢᠵᠤ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠣᠯᠤᠭᠠᠶᠢᠯᠠᠭᠴᠢ ᠠᠵᠤ ᠠᠬᠤᠶᠢᠯᠠᠯ ᠤᠨ ᠨᠡᠶᠢᠭᠡᠮᠯᠢᠭ ᠠᠴᠠ ᠥᠪᠥᠷ ᠮᠣᠩᠭᠤᠯ ᠤᠨ ᠨᠡᠷᠡᠲᠦ᠂ ᠰᠢᠯᠢᠳᠡᠭ᠂ ᠣᠨᠴᠠᠯᠢᠭᠲᠤ ᠪᠦᠲᠦᠭᠡᠭᠳᠡᠬᠦᠨ ᠢᠶᠠᠷ ᠦᠨᠡᠯᠡᠵᠡᠢ᠃ ᠨᠡᠷᠡᠲᠦ ᠰᠢᠯᠢᠳᠡᠭ ᠣᠨᠴᠠᠯᠢᠭᠲᠤ ᠲᠠᠸᠠᠷ ᠤᠨ ᠲᠡᠮᠳᠡᠭ ᠢ ᠬᠠᠤᠯᠢ ᠶᠣᠰᠤᠭᠠᠷ ᠳᠠᠩᠰᠠᠯᠠᠨ ᠬᠠᠮᠲᠤ ᠶᠢᠨ ᠲᠠᠸᠠᠷ ᠤᠨ ᠲᠡᠮᠳᠡᠭ ᠪᠣᠯᠭᠠᠵᠤ᠂ ᠬᠠᠤᠯᠢ ᠴᠠᠭᠠᠵᠠ ᠪᠠᠷ ᠬᠠᠮᠠᠭᠠᠯᠠᠨ᠎ᠠ᠃ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠲᠣᠯᠤᠭᠠᠶᠢᠯᠠᠭᠴᠢ ᠠᠵᠤ ᠠᠬᠤᠶᠢᠯᠠᠯ ᠤᠨ ᠨᠡᠶᠢᠭᠡᠮᠯᠢᠭ ᠪᠣᠯ ︽ᠨᠡᠷᠡᠲᠦ ᠰᠢᠯᠢᠳᠡᠭ ᠣᠨᠴᠠᠯᠢᠭᠲᠤ︾ ᠬᠠᠮᠲᠤ ᠶᠢᠨ ᠲᠠᠸᠠᠷ ᠤᠨ ᠲᠡᠮᠳᠡᠭ ᠤᠨ ᠴᠣᠷᠢ ᠶᠢᠨ ᠭᠠᠭᠴᠠ ᠦᠮᠴᠢᠯᠡᠬᠦ  ᠡᠷᠬᠡ ᠪᠠ ᠵᠦᠪᠰᠢᠶᠡᠷᠡᠯ ᠤᠨ ᠡᠷᠬᠡ ᠲᠠᠢ᠃︽ᠮᠧᠩ︾ ᠦᠰᠦᠭ ᠤᠨ ᠲᠡᠮᠳᠡᠭ᠄ ᠥᠪᠥᠷ ᠮᠣᠩᠭᠤᠯ ᠤᠨ ᠴᠢᠨᠠᠷ ᠰᠠᠶᠢᠨ ᠲᠠᠸᠠᠷ ᠢ ᠭᠡᠷᠡᠴᠢᠯᠡᠬᠦ ᠬᠤᠯᠪᠤᠭ᠎ᠠ ᠭᠡᠷᠡᠴᠢᠯᠡᠭᠰᠡᠨ ᠤ ᠳᠠᠷᠠᠭ᠎ᠠ ︽ᠮᠧᠩ︾ ᠦᠰᠦᠭ ᠤᠨ ᠲᠡᠮᠳᠡᠭ ᠬᠠᠳᠠᠵᠤ᠂ ᠪᠦᠬᠦ ᠤᠯᠤᠰ ᠲᠤ ᠲᠦᠭᠡᠮᠡᠯᠵᠢᠭᠦᠯᠦᠨ᠂ ᠥᠪᠥᠷ ᠮᠣᠩᠭᠤᠯ ᠪᠠ ᠥᠪᠥᠷ ᠮᠣᠩᠭᠤᠯ ᠤᠨ ᠴᠢᠨᠠᠷ ᠰᠠᠶᠢᠨ ᠲᠠᠸᠠᠷ ᠢ ᠨᠡᠩ ᠣᠯᠠᠨ ᠬᠦᠮᠦᠨ ᠳᠤ ᠣᠶᠢᠯᠠᠭᠠᠭᠤᠯᠤᠨ᠎ᠠ᠃︽ᠭᠤᠷᠪᠠᠨ ᠲᠣᠭᠤᠷᠢᠭ ᠭᠤᠷᠪᠠᠨ ᠱᠤᠭᠤᠮ︾ ᠤᠨ ᠬᠤᠪᠢᠶᠠᠷᠢᠯᠠᠯ᠄ ᠬᠤᠲᠠ ᠪᠠᠯᠭᠠᠰᠤ᠂ ᠲᠠᠷᠢᠶᠠᠯᠠᠩ᠂ ᠠᠮᠢ ᠠᠬᠤᠢ ᠭᠤᠷᠪᠠᠨ ᠵᠦᠢᠯ ᠤᠨ ᠣᠷᠤᠨ ᠵᠠᠢ ᠶᠢ ᠦᠨᠳᠦᠰᠦᠯᠡᠵᠦ᠂ ᠲᠤᠰ ᠲᠤᠰ ᠲᠡᠭᠦᠨ ᠲᠠᠢ ᠬᠠᠷᠠᠭᠠᠯᠵᠠᠭᠰᠠᠨ ᠬᠤᠲᠠ ᠪᠠᠯᠭᠠᠰᠤ ᠶᠢᠨ ᠬᠢᠯᠢ ᠶᠢᠨ ᠵᠠᠭᠠᠭ᠂ ᠦᠨᠳᠦᠰᠦᠨ ᠲᠠᠷᠢᠶᠠᠯᠠᠩ ᠤᠨ ᠬᠠᠮᠠᠭᠠᠯᠠᠯᠲᠠ ᠶᠢᠨ ᠱᠤᠭᠤᠮ ᠵᠢᠴᠢ ᠠᠮᠢ ᠠᠬᠤᠢ ᠶᠢᠨ ᠬᠠᠮᠠᠭᠠᠯᠠᠯᠲᠠ ᠶᠢᠨ ᠱᠤᠭᠤᠮ ᠵᠡᠷᠭᠡ ᠭᠤᠷᠪᠠᠨ ᠬᠤᠷᠢᠭᠯᠠᠯᠲᠠ ᠶᠢᠨ ᠱᠤᠭᠤᠮ ᠢ ᠬᠡᠯᠡᠨ᠎ᠡ᠃︽ᠣᠯᠠᠨ ᠲᠦᠯᠦᠪᠵᠢᠭᠦᠯᠭᠡ ᠶᠢ ᠨᠢᠭᠡᠲᠦᠭᠦᠯᠬᠦ︾᠄ ᠨᠢᠭᠡ ᠱᠠᠲᠤᠨ ᠤ ᠵᠠᠰᠠᠭ ᠤᠨ ᠣᠷᠳᠣᠨ ᠤ ᠡᠷᠬᠡ ᠲᠤᠰᠢᠶᠠᠯ ᠤᠨ ᠳᠣᠣᠷ᠎ᠠ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ᠂ ᠬᠤᠲᠠ ᠬᠥᠳᠡᠭᠡ ᠶᠢᠨ ᠲᠦᠯᠦᠪᠵᠢᠭᠦᠯᠭᠡ᠂ ᠭᠠᠵᠠᠷ ᠰᠢᠷᠤᠢ ᠶᠢᠨ ᠠᠰᠢᠭᠯᠠᠯᠲᠠ ᠶᠢᠨ ᠲᠦᠯᠦᠪᠵᠢᠭᠦᠯᠭᠡ᠂ ᠣᠷᠴᠢᠨ ᠲᠣᠭᠤᠷᠢᠨ ᠤ ᠬᠠᠮᠠᠭᠠᠯᠠᠯᠲᠠ᠂ ᠲᠡᠥᠬᠡ ᠶᠢᠨ ᠳᠤᠷᠠᠰᠬᠠᠯᠲᠤ ᠪᠤᠳᠠᠰ ᠤᠨ ᠬᠠᠮᠠᠭᠠᠯᠠᠯᠲᠠ᠂ ᠣᠢ ᠰᠢᠭᠤᠢ ᠪᠠ ᠲᠠᠷᠢᠶᠠᠨ ᠭᠠᠵᠠᠷ ᠤᠨ ᠬᠠᠮᠠᠭᠠᠯᠠᠯᠲᠠ᠂ ᠵᠠᠮ ᠬᠠᠷᠢᠯᠴᠠᠭ᠎ᠠ᠂ ᠤᠰᠤᠨ ᠤ ᠡᠬᠢ ᠪᠠᠶᠠᠯᠢᠭ᠂ ᠰᠤᠶᠤᠯ ᠪᠠ ᠠᠮᠢ ᠠᠬᠤᠢ ᠵᠢᠭᠤᠯᠴᠢᠯᠠᠯ ᠤᠨ ᠡᠬᠢ ᠪᠠᠶᠠᠯᠢᠭ᠂ ᠨᠡᠶᠢᠭᠡᠮ ᠤᠨ ᠠᠵᠢᠯ ᠦᠢᠯᠡᠰ ᠤᠨ ᠲᠦᠯᠦᠪᠵᠢᠭᠦᠯᠭᠡ ᠵᠡᠷᠭᠡ ᠶᠢ ᠵᠣᠯᠭᠠᠭᠤᠯᠵᠤ᠂ ︽ᠣᠯᠠᠨ ᠲᠦᠯᠦᠪᠵᠢᠭᠦᠯᠭᠡ︾ ᠠᠴᠠ ᠲᠣᠭᠲᠠᠭᠠᠭᠰᠠᠨ ᠬᠠᠮᠠᠭᠠᠯᠠᠯᠲᠠ ᠶᠢᠨ ᠴᠢᠨᠠᠷᠲᠠᠢ ᠣᠷᠣᠨ ᠵᠠᠢ᠂ ᠵᠠᠭᠠᠭ ᠬᠢᠯᠢ᠂ ᠬᠤᠲᠠ ᠶᠢᠨ ᠬᠡᠪᠴᠢᠶ᠎ᠡ ᠵᠡᠷᠭᠡ ᠭᠤᠣᠯᠳᠠᠯᠭ᠎ᠠ ᠲᠠᠢ ᠣᠷᠤᠨ ᠵᠠᠢ ᠶᠢᠨ ᠪᠣᠯᠵᠤᠲᠤ ᠲᠣᠭᠠᠨ ᠤ ᠨᠢᠭᠡᠲᠦᠯᠲᠡᠢ ᠪᠠᠶᠢᠬᠤ ᠶᠢ ᠪᠠᠲᠤᠯᠠᠵᠤ᠂ ᠨᠢᠭᠡᠲᠦᠯᠲᠡᠢ ᠣᠷᠤᠨ ᠵᠠᠢ ᠶᠢᠨ ᠰᠤᠷᠠᠭ ᠵᠠᠩᠭᠢ ᠶᠢᠨ ᠲᠠᠪᠴᠠᠩ ᠳᠡᠭᠡᠷ᠎ᠡ ᠬᠤᠷᠢᠭᠯᠠᠯᠲᠠ ᠶᠢᠨ ᠱᠤᠭᠤᠮ ᠤᠨ ᠲᠣᠭᠲᠠᠯᠴᠠᠭ᠎ᠠ ᠪᠠᠶᠢᠭᠤᠯᠤᠨ᠂ ᠣᠷᠣᠨ ᠵᠠᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ᠂ ᠭᠠᠵᠠᠷ ᠰᠢᠷᠤᠢ ᠶᠢᠨ ᠡᠬᠢ ᠪᠠᠶᠠᠯᠢᠭ ᠢ ᠪᠦᠲᠦᠮᠵᠢᠲᠡᠢ ᠳᠣᠬᠢᠷᠠᠭᠤᠯᠬᠤ ᠵᠢᠴᠢ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠬᠢᠷᠢ ᠲᠦᠪᠰᠢᠨ ᠪᠠ ᠵᠠᠰᠠᠬᠤ ᠴᠢᠳᠠᠪᠦᠷᠢ ᠢ ᠳᠡᠭᠡᠭᠰᠢᠯᠡᠭᠦᠯᠬᠦ ᠬᠠᠷᠠᠯᠲᠠ ᠶᠢ ᠪᠡᠶᠡᠯᠡᠭᠦᠯᠦᠨ᠎ᠡ᠃ ᠬᠤᠲᠠ ᠲᠣᠭᠤᠷᠢᠭ ᠤᠨ ︽ ᠲᠠᠪᠤᠨ ᠡᠮᠬᠢ ᠵᠠᠮᠪᠠᠷᠠᠭ᠎ᠠ ᠦᠭᠡᠢ︾᠄ ᠳᠡᠯᠭᠡᠭᠡ ᠮᠠᠶᠢᠮᠠᠢ ᠡᠷᠬᠢᠯᠡᠬᠦ᠂ ᠵᠠᠮ ᠡᠵᠡᠯᠡᠬᠦ᠂ ᠵᠠᠷ ᠮᠡᠳᠡᠭᠡ ᠭᠠᠷᠭᠠᠬᠤ᠂ ᠳᠤᠷ᠎ᠠ ᠪᠠᠷ ᠨᠠᠭᠠᠬᠠᠤ᠂ ᠳᠤᠷ᠎ᠠ ᠪᠠᠷ ᠣᠪᠤᠭᠠᠯᠠᠬᠤ ᠵᠡᠷᠭᠡ᠃︽3+1︾ ᠡᠮᠨᠡᠯᠭᠡ ᠶᠢᠨ ᠪᠠᠲᠤᠯᠠᠭ᠎ᠠ ᠶᠢᠨ ᠲᠣᠭᠲᠠᠯᠴᠠᠭ᠎ᠠ᠄ 3 ᠭᠡᠳᠡᠭ ᠨᠢ ᠳᠠᠷᠤᠢ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠵᠢᠴᠢ ᠡᠮᠨᠡᠯᠭᠡ ᠶᠢᠨ ᠠᠪᠤᠷᠠᠨ ᠲᠤᠰᠠᠯᠠᠮᠵᠢ᠃ 1 ᠭᠡᠳᠡᠭ ᠨᠢ ᠳᠠᠷᠤᠢ ᠡᠮᠨᠡᠯᠭᠡ ᠶᠢᠨ ᠳᠠᠭᠠᠳᠬᠠᠯ ᠤᠨ ᠨᠡᠮᠡᠯᠲᠡ᠃︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠄ ᠵᠠᠬ᠎ᠠ ᠳᠡᠯᠭᠡᠭᠦᠷᠴᠢᠯᠡᠭᠰᠡᠨ ᠬᠡᠯᠪᠡᠷᠢ ᠪᠠᠷ ᠬᠦᠳᠡᠭᠡ ᠲᠤᠰᠬᠤᠨ  ᠤ ᠡᠬᠢ ᠪᠠᠶᠠᠯᠢᠭ ᠢ ᠡᠳ᠋ ᠬᠦᠷᠦᠩᠭᠡ ᠪᠣᠯᠭᠠᠬᠤ᠂ ᠪᠡᠯᠡ ᠮᠦᠩᠭᠦ ᠶᠢ ᠬᠤᠪᠢ ᠣᠷᠤᠭᠤᠯᠤᠭᠰᠠᠨ ᠮᠦᠩᠭᠦ ᠪᠣᠯᠭᠠᠬᠤ᠂ ᠲᠠᠷᠢᠶᠠᠴᠢᠳ ᠢ ᠬᠤᠪᠢ ᠣᠷᠤᠭᠤᠯᠤᠭᠴᠢ ᠪᠣᠯᠭᠠᠬᠤ ᠵᠡᠷᠭᠡ ᠭᠤᠷᠪᠠᠨ ᠵᠦᠢᠯ ᠤᠨ ᠦᠭᠡᠷᠡᠴᠢᠯᠡᠯᠲᠡ ᠶᠢ ᠭᠦᠨᠵᠡᠭᠡᠢ ᠦᠷᠨᠢᠭᠦᠯᠵᠦ᠂ ᠬᠦᠳᠡᠭᠡ ᠲᠤᠰᠬᠤᠨ ᠮᠠᠯᠵᠢᠬᠤ ᠣᠷᠤᠨ ᠤ ᠬᠠᠮᠲᠤ ᠨᠡᠶᠢᠲᠡ ᠪᠠ ᠮᠠᠯᠴᠢᠨ ᠲᠠᠷᠢᠶᠠᠴᠢᠳ ᠤᠨ ︽ᠦᠬᠦᠮᠡᠯ ᠡᠬᠢ ᠪᠠᠶᠠᠯᠢᠭ︾ ᠢ ᠬᠤᠪᠢᠷᠠᠭᠤᠯᠤᠭᠠᠳ ︽ᠠᠮᠢᠳᠤ ᠡᠬᠢ ᠪᠠᠶᠠᠯᠢᠭ︾ ᠪᠣᠯᠭᠠᠵᠤ᠂ ᠭᠠᠴᠠᠭ᠎ᠠ ᠲᠤᠰᠬᠤᠨ ᠤ ᠬᠠᠮᠲᠤ ᠨᠡᠶᠢᠲᠡ ᠪᠣᠯᠤᠨ ᠮᠠᠯᠴᠢᠨ ᠲᠠᠷᠢᠶᠠᠴᠢᠳ ᠬᠤᠪᠢ ᠣᠷᠤᠭᠤᠯᠤᠨ ᠠᠰᠢᠭ ᠬᠤᠪᠢᠶᠠᠯᠴᠠᠵᠤ᠂ ᠮᠠᠯᠴᠢᠨ ᠲᠠᠷᠢᠶᠠᠴᠢᠳ ᠤᠨ ᠠᠵᠤ ᠠᠬᠤᠢ ᠶᠢᠨ ᠣᠷᠤᠯᠭ᠎ᠠ ᠶᠢ ᠤᠯᠠᠮ ᠨᠢᠭᠡ ᠠᠯᠬᠤᠮ  ᠨᠡᠮᠡᠭᠳᠡᠭᠦᠯᠦᠨ᠎ᠡ᠃︽ᠣᠷᠣᠯᠠᠨ ᠭᠦᠢᠴᠡᠳᠬᠡᠬᠦ ᠳᠦᠷᠢᠮ︾᠄ ᠪᠠᠭᠠᠷᠢᠨ ᠵᠡᠭᠦᠨ ᠬᠤᠰᠢᠭᠤᠨ ᠤ ᠬᠡᠪᠴᠢᠶᠡᠨ ᠳᠤ᠂ ᠠᠵᠤ ᠦᠢᠯᠡᠰ ᠤᠨ ᠲᠥᠷᠥ ᠶᠢᠨ ᠪᠣᠳᠤᠯᠭ᠎ᠠ ᠳᠤ ᠨᠡᠶᠢᠴᠡᠬᠦ ᠠᠷᠠᠯᠵᠢᠶᠠᠴᠢᠨ ᠤᠷᠢᠵᠤ ᠪᠡᠯᠡ ᠲᠠᠲᠠᠬᠤ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠲᠠᠢ ᠭᠤᠣᠯᠳᠠᠯᠭ᠎ᠠ ᠲᠠᠢ ᠲᠥᠷᠥᠯ ᠵᠦᠢᠯ  ᠢ ᠬᠢᠨᠠᠨ ᠵᠦᠪᠰᠢᠶᠡᠷᠡᠬᠦ ᠠᠵᠢᠯ ᠢ ᠣᠷᠤᠯᠠᠨ ᠭᠦᠢᠴᠡᠳᠬᠡᠬᠦ ᠪᠠᠶᠢᠭᠤᠯᠤᠮᠵᠢ᠂ ᠣᠷᠤᠯᠠᠨ ᠭᠦᠢᠴᠡᠳᠬᠡᠭᠴᠢ ᠠᠴᠠ ᠭᠦᠢᠴᠡᠳᠬᠡᠬᠦ ᠪᠦᠬᠦ ᠶᠠᠪᠤᠴᠠ ᠳᠤ ᠲᠥᠷᠥᠯ ᠵᠦᠢᠯ ᠤᠨ ᠦᠮᠴᠢᠲᠡᠨ ᠢ ᠬᠠᠮᠵᠢᠨ ᠭᠦᠢᠴᠡᠳᠬᠡᠬᠦ‍ ᠨᠢᠭᠡ ᠵᠦᠢᠯ ᠤᠨ ᠦᠢᠯᠡᠴᠢᠯᠡᠭᠡᠨ ᠤᠨ ᠳᠦᠷᠢᠮ ᠢ ᠬᠡᠯᠡᠨ᠎ᠡ᠃︽ᠵᠠᠭᠤᠴᠢᠯᠠᠭᠤᠷ + ᠵᠠᠭᠤᠴᠢᠯᠠᠭᠤᠷ ᠤᠨ ᠪᠣᠰᠤ︾ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ᠄  ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠪᠣᠳᠠᠲᠤ ᠴᠣᠭᠴᠠ᠂ ᠬᠠᠯᠠᠮᠰᠢᠯ ᠤᠲᠠᠰᠤ ᠵᠢᠴᠢ ᠰᠦᠯᠵᠢᠶ᠎ᠡ ᠪᠠᠷ ᠠᠴᠢᠶᠠᠯᠠᠪᠦᠷᠢ ᠪᠣᠯᠭᠠᠵᠤ᠂ ᠬᠤᠲᠠ ᠬᠥᠳᠡᠭᠡ ᠶᠢ ᠪᠦᠷᠬᠦᠭᠰᠡᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤᠨ ᠲᠣᠭᠲᠠᠯᠴᠠᠭ᠎ᠠ ᠶᠢ ᠵᠢᠭᠠᠨ᠎ᠠ᠃ ᠵᠠᠭᠤᠴᠢᠯᠠᠭᠤᠷ᠄ “12348” ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ᠂ 4K ᠤᠶᠤᠨᠲᠤ ᠲᠧᠯᠸᠢᠰ ᠮᠠᠰᠢᠨ ᠤ ᠬᠠᠤᠯᠢ ᠴᠠᠭᠠᠵᠠ ᠶᠢᠨ ᠦᠢᠯᠡᠴᠢᠯᠡᠭᠡ᠃ ᠵᠠᠭᠤᠴᠢᠯᠠᠭᠤᠷ ᠤᠨ ᠪᠣᠰᠤ᠄ ᠭᠤᠷᠪᠠᠨ ᠱᠠᠲᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ᠂ ᠳᠠᠷᠤᠢ ᠬᠤᠰᠢᠭᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠥᠷᠲᠡᠭᠡ᠂ ᠭᠠᠴᠠᠭ᠎ᠠ ᠲᠤᠰᠬᠤᠨ ᠤ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠲᠠᠰᠤᠭ ᠢ ᠪᠠᠭᠲᠠᠭᠠᠨ᠎ᠠ᠃︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ᠄ ᠬᠢᠨᠠᠨ ᠬᠠᠮᠢᠶᠠᠷᠤᠯᠲᠠ ᠶᠢᠨ ᠶᠠᠪᠤᠴᠠ ᠳᠤ᠂ ᠪᠠᠶᠢᠴᠠᠭᠠᠬᠤ ᠡᠲᠡᠭᠡᠳ ᠢᠶᠠᠨ ᠰᠤᠭᠤᠴᠢᠨ ᠲᠤᠭᠳᠠᠭᠠᠵᠤ᠂ ᠬᠠᠤᠯᠢ ᠬᠡᠷᠡᠭᠵᠢᠬᠦᠯᠦᠨ ᠪᠠᠶᠢᠴᠠᠭᠠᠬᠤ ᠠᠵᠢᠯᠳᠠᠨ ᠢᠶᠠᠨ ᠰᠤᠭᠤᠴᠢᠨ ᠲᠣᠮᠢᠯᠠᠬᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠴᠠᠭ ᠲᠤᠬᠠᠢ ᠳᠤᠨᠢ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠣᠷᠳᠣᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号