ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠬᠠᠤᠯᠢ(ᠨᠢᠭᠡ)
ᠨᠡᠶᠢᠲᠡᠯᠡᠭᠰᠡᠨ ᠴᠠᠭ᠄
2020/5/15
     ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠬᠠᠤᠯᠢ                              ︵1984 ᠤᠨ ᠤ 5 ᠰᠠᠷ᠎ᠠ ᠶᠢᠨ 31᠎ ᠤ ᠡᠳᠦᠷ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠪᠠᠳᠤᠯᠠᠪᠠ  2001 ᠤᠨ ᠤ 2 ᠰᠠᠷ᠎ᠠ ᠶᠢᠨ 28᠎ ᠤ ᠡᠳᠦᠷ ᠶᠢᠰᠦᠳᠦᠬᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ‍ᠤᠨ‌‍ᠪᠠᠶᠢᠩᠭᠤ ᠶᠢᠨ ᠬᠤᠷᠢᠶᠠᠨ ᠤ ᠬᠤᠷᠢᠳᠤᠭᠠᠷ ᠬᠤᠷᠠᠯᠳᠤᠭᠠᠨ ᠤ ︽︿ᠪᠦᠬᠦᠳᠡ ᠨᠠᠶᠢᠷᠠᠮᠳᠠᠬᠤ ᠲᠤᠮᠳᠠᠳᠦ ᠠᠷᠠᠳ  ᠤᠯᠤᠰ ᠤᠨ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠬᠠᠤᠯᠢ﹀᠎ ᠳᠤ ᠵᠠᠰᠠᠪᠦᠷᠢ ᠤᠷᠤᠭᠤᠯᠬᠤ ᠲᠤᠬᠠᠢ ᠲᠤᠭᠳᠠᠭᠠᠯ︾᠎ ᠢ ᠦᠨᠳᠤᠰᠤᠯᠠᠨ ᠵᠠᠰᠠᠪᠦᠷᠢ ᠤᠷᠤᠭᠤᠯᠪᠠ︶       ᠨᠢᠬᠡᠳᠦᠬᠡᠷ ᠪᠦᠯᠦᠭ  ᠶᠠᠷᠦᠩᠬᠡᠢ ᠲᠦᠷᠢᠮ       ᠨᠢᠬᠡᠳᠦᠬᠡᠷ ᠵᠦᠢᠯ    ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠤᠷᠤᠨ ᠎ ᠤ ᠦᠪᠡᠷᠳᠡᠬᠡᠨ ᠵᠠᠰᠠᠬᠤ ᠬᠠᠤᠯᠢ ᠶᠢ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠨ ᠬᠠᠤᠯᠢ ᠎ ᠶᠢ ᠦᠨᠳᠤᠰᠤᠯᠠᠨ ᠲᠤᠭᠳᠠᠭᠠᠪᠠ᠃       ᠬᠤᠶᠠᠳᠤᠭᠠᠷ ᠵᠦᠢᠯ     ᠴᠦᠬᠡᠨ ᠲᠤᠭᠠᠳᠦ ᠦᠨᠳᠤᠰᠤᠳᠠᠨ ᠨᠦᠭᠦᠳ ᠲᠦᠪᠯᠡᠷᠡᠨ ᠰᠠᠭᠤᠵᠤ ᠪᠠᠶᠢᠭ᠎ᠠ ᠭᠠᠵᠠᠷ ᠤᠷᠤᠨ ᠳᠤ ᠤᠷᠤᠨ ᠤ ᠦᠪᠡᠷᠳᠡᠬᠡᠨ ᠵᠠᠰᠠᠬᠤ ᠶᠢ ᠬᠡᠷᠡᠭᠵᠢᠬᠦᠯᠦᠨ᠎ᠡ᠃ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠢ ᠦᠪᠡᠷᠳᠡᠬᠡᠨ ᠵᠠᠰᠠᠬᠤ ᠤᠷᠤᠨ᠂ ᠦᠪᠡᠷᠳᠡᠬᠡᠨ ᠵᠠᠰᠠᠬᠤ ᠵᠧᠦ᠂ ᠦᠪᠡᠷᠳᠡᠬᠡᠨ ᠵᠠᠰᠠᠬᠤ ᠰᠢᠶᠠᠨ ᠬᠡᠵᠤ ᠬᠤᠪᠢᠶᠠᠨ᠎ᠠ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠪᠦᠬᠦ ᠴᠦᠮ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠰᠠᠯᠵᠤ ᠪᠤᠯᠤᠰᠢ ᠦᠭᠡᠢ ᠬᠡᠰᠡᠭ ᠨᠢ ᠮᠦᠨ᠃       ᠭᠤᠷᠪᠠᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠲᠤ ᠦᠪᠡᠷᠳᠡᠬᠡᠨ ᠵᠠᠰᠠᠬᠤ ᠪᠠᠶᠢᠭᠤᠯᠭ᠎ᠠ ᠪᠠᠶᠢᠭᠤᠯᠤᠨ᠎ᠠ᠂ ᠦᠪᠡᠷᠳᠡᠬᠡᠨ ᠵᠠᠰᠠᠬᠤ ᠪᠠᠶᠢᠭᠤᠯᠭ᠎ᠠ ᠪᠤᠯ ᠤᠯᠤᠰ ᠤᠨ ᠨᠢᠬᠡ ᠱᠠᠳᠤᠨ ᠤ ᠤᠷᠤᠨ ᠨᠤᠳᠤᠭ ᠤᠨ ᠵᠠᠰᠠᠭ ᠤᠨ ᠡᠷᠬᠡᠳᠦ ᠪᠠᠶᠢᠭᠤᠯᠭ᠎ᠠ ᠮᠦᠨ᠃       ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠳᠤ ᠠᠷᠠᠳᠴᠢᠯᠠᠯ ᠲᠦᠪᠯᠡᠷᠡᠯ ᠤᠨ ᠶᠤᠰᠤᠨ ᠤ ᠵᠠᠷᠴᠢᠮ ᠢ ᠬᠡᠷᠡᠭᠵᠢᠬᠦᠯᠦᠨ᠎ᠡ᠃       ᠲᠦᠷᠪᠡᠳᠦᠬᠡᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠦᠨᠳᠤᠰᠤᠨ ᠬᠠᠤᠯᠢ ᠶᠢᠨ ᠭᠤᠷᠪᠠᠳᠤᠭᠠᠷ ᠪᠦᠯᠦᠭ ᠤᠨ ᠲᠠᠪᠤᠳᠤᠭᠠᠷ ᠬᠡᠰᠡᠭ ᠲᠤ ᠲᠤᠭᠳᠠᠭᠠᠭᠰᠠᠨ ᠤᠷᠤᠨ ᠨᠤᠳᠤᠭ ᠤᠨ ᠲᠦᠷᠦ ᠶᠢᠨ ᠪᠠᠶᠢᠭᠤᠯᠭ᠎ᠠ ᠶᠢᠨ ᠡᠷᠬᠡ ᠲᠤᠰᠢᠶᠠᠯ ᠢ ᠬᠡᠷᠡᠭᠵᠢᠬᠦᠯᠬᠦ ᠶᠢᠨ ᠬᠠᠮᠳᠦ ᠦᠨᠳᠤᠰᠤᠨ ᠬᠠᠤᠯᠢ ᠪᠤᠯᠤᠨ ᠲᠤᠰ ᠬᠠᠤᠯᠢ ᠵᠢᠴᠢ ᠪᠤᠰᠤᠳ ᠬᠠᠤᠯᠢ ᠴᠠᠭᠠᠵᠠ ᠳᠤ ᠲᠤᠭᠳᠠᠭᠠᠭᠰᠠᠨ ᠡᠷᠬᠡ ᠎ ᠶᠢᠨ ᠬᠡᠪᠴᠢᠶ᠎ᠠ ᠶᠤᠰᠤᠭᠠᠷ ᠦᠪᠡᠷᠳᠡᠬᠡᠨ ᠵᠠᠰᠠᠬᠤ ᠡᠷᠬᠡ ᠪᠠᠨ ᠬᠡᠷᠡᠭᠵᠢᠬᠦᠯᠵᠤ᠂ ᠲᠤᠰ ᠤᠷᠤᠨ ᠨᠤᠳᠤᠭ ᠤᠨ ᠢᠶᠠᠨ ᠪᠤᠳᠠᠳᠦ ᠪᠠᠶᠢᠳᠠᠯ ᠢ ᠦᠨᠳᠤᠰᠤᠯᠠᠨ ᠤᠯᠤᠰ ᠤᠨ ᠬᠠᠤᠯᠢ ᠴᠠᠭᠠᠵᠠ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠬᠦᠯᠦᠨ᠎ᠡ᠃       ᠦᠪᠡᠷᠳᠡᠬᠡᠨ ᠵᠠᠰᠠᠬᠤ ᠵᠧᠦ ᠶᠢᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠲᠤᠭᠤᠷᠢᠭ᠂ ᠰᠢᠶᠠᠨ ᠪᠠᠶᠢᠭᠤᠯᠤᠭᠰᠠᠨ ᠬᠤᠳᠠ ᠶᠢᠨ ᠤᠷᠤᠨ ᠨᠤᠳᠤᠭ ᠤᠨ ᠲᠦᠷᠦ ᠶᠢᠨ ᠪᠠᠶᠢᠭᠤᠯᠭ᠎ᠠ ᠶᠢᠨ ᠡᠷᠬᠡ ᠲᠤᠰᠢᠶᠠᠯ ᠢ ᠬᠡᠷᠡᠭᠵᠢᠬᠦᠯᠬᠦ ᠶᠢᠨ ᠬᠠᠮᠳᠦ ᠦᠪᠡᠷᠳᠡᠬᠡᠨ ᠵᠠᠰᠠᠬᠤ ᠡᠷᠬᠡ ᠪᠠᠨ ᠬᠡᠷᠡᠭᠵᠢᠬᠦᠯᠦᠨ᠎ᠡ᠂᠃       ᠲᠠᠪᠤᠳᠤᠭᠠᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠡᠷᠬᠡᠪᠰᠢ ᠤᠯᠤᠰ ᠤᠷᠤᠨ ᠤ ᠨᠢᠬᠡᠳᠦᠯ ᠢ ᠬᠠᠮᠠᠭᠠᠯᠠᠨ᠂ ᠦᠨᠳᠤᠰᠤᠨ ᠬᠠᠤᠯᠢ ᠴᠠᠭᠠᠵᠠ ᠶᠢ ᠲᠤᠰ ᠤᠷᠤᠨ ᠨᠤᠳᠤᠭ ᠲᠠᠭᠠᠨ ᠵᠢᠷᠤᠮᠯᠠᠨ ᠰᠠᠬᠢᠵᠤ ᠬᠡᠷᠡᠭᠵᠢᠬᠦᠯᠬᠦ ᠶᠢ ᠪᠠᠳᠤᠯᠠᠬᠤ ᠬᠡᠷᠡᠭᠳᠡᠢ᠃       ᠵᠢᠷᠭᠤᠳᠤᠭᠠᠷ ᠵᠦᠢᠯ  ᠦᠨᠳᠤᠰᠤᠳᠠᠨ ᠤ ᠦᠪᠡᠷᠳᠡᠬᠡᠨ ᠵᠠᠰᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠦᠨᠳᠤᠰᠤᠳᠠᠨ ᠨᠦᠭᠦᠳ ᠤᠨ ᠠᠷᠠᠳ ᠲᠦᠮᠡᠨ ᠢ ᠤᠳᠤᠷᠢᠳᠴᠦ ᠬᠦᠴᠦᠨ ᠢᠶᠠᠨ ᠲᠦᠪᠯᠡᠷᠡᠬᠦᠯᠦᠨ ᠨᠡᠶᠢᠬᠡᠮ ᠵᠢᠷᠤᠮ ᠤᠨ ᠤᠳᠤᠬᠢᠴᠢᠯᠠᠬᠤ ᠪᠦᠳᠦᠬᠡᠨ ᠪᠠᠶᠢᠭᠤᠯᠤᠯᠳᠠ ᠬᠢᠨ᠎ᠡ᠃       ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠲᠤᠰ ᠤᠷᠤᠨ ᠨᠤᠳᠤᠭ ᠤᠨ ᠢᠶᠠᠨ ᠪᠠᠶᠢᠳᠠᠯ ᠢ ᠦᠨᠳᠤᠰᠤᠯᠠᠵᠤ᠂ ᠦᠨᠳᠤᠰᠤᠨ ᠬᠠᠤᠯᠢ ᠪᠠ ᠬᠠᠤᠯᠢ ᠴᠠᠭᠠᠵᠠ ᠠᠴᠠ ᠦᠯᠦ ᠵᠦᠷᠢᠴᠡᠬᠦ ᠵᠠᠷᠴᠢᠮ ᠤᠨ ᠲᠤᠤᠷ᠎ᠠ᠂ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠢᠶᠠᠨ ᠠᠵᠤ ᠠᠬᠤᠢ᠂ ᠰᠤᠶᠤᠯ ᠤᠨ ᠪᠦᠳᠦᠬᠡᠨ ᠪᠠᠶᠢᠭᠤᠯᠤᠯᠳᠠ ᠶᠢᠨ ᠦᠢᠯᠡᠰ ᠤᠨ ᠬᠦᠭᠵᠢᠯᠳᠡ ᠶᠢ ᠲᠦᠷᠬᠡᠳᠬᠡᠬᠦ ᠤᠨᠴᠠᠭᠠᠢ ᠲᠦᠷᠦ ᠶᠢᠨ ᠪᠤᠳᠤᠯᠭ᠎ᠠ ᠪᠠ ᠠᠮᠢᠳᠤᠯᠢᠭ ᠠᠷᠭ᠎ᠠ ᠬᠡᠮᠵᠢᠶ᠎ᠠ ᠠᠪᠬᠤ ᠡᠷᠬᠡ ᠲᠠᠢ᠃       ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠯᠤᠰ ᠤᠨ ᠲᠦᠯᠦᠪᠯᠡᠭᠡ ᠶᠢᠨ ᠵᠢᠯᠤᠭᠤᠳᠤᠯᠭ᠎ᠠ ᠶᠢᠨ ᠲᠤᠤᠷ᠎ᠠ᠂ ᠪᠤᠳᠠᠳᠦ ᠪᠠᠶᠢᠳᠠᠯ ᠠᠴᠠ ᠡᠬᠦᠰᠴᠦ᠂ ᠬᠦᠳᠡᠯᠮᠦᠷᠢ ᠦᠢᠯᠡᠳᠪᠦᠷᠢᠯᠡᠯ ᠤᠨ ᠨᠤᠷᠮ᠎ᠠ ᠪᠠ ᠠᠵᠤ ᠠᠬᠤᠢ ᠶᠢᠨ ᠦᠷ᠎ᠡ ᠠᠰᠢᠭ ᠢᠶᠠᠨ ᠲᠡᠰᠤᠷᠠᠯᠳᠠ ᠦᠭᠡᠢ ᠲᠡᠬᠡᠭᠰᠢᠯᠡᠬᠦᠯᠵᠤ᠂ ᠨᠡᠶᠢᠬᠡᠮ ᠤᠨ ᠦᠢᠯᠡᠳᠪᠦᠷᠢᠯᠡᠯ ᠤᠨ ᠬᠦᠴᠦᠨ ᠢ ᠬᠦᠭᠵᠢᠬᠦᠯᠵᠤ᠂ ᠦᠨᠳᠤᠰᠤᠳᠠᠨ ᠨᠦᠭᠦᠳ ᠤᠨ ᠪᠤᠳᠠᠰ ᠤᠨ ᠠᠮᠢᠳᠤᠷᠠᠯ ᠤᠨ ᠲᠦᠪᠰᠢᠨ ᠢ ᠠᠯᠬᠤᠮ ᠠᠯᠬᠤᠮ ᠢᠶᠠᠷ ᠲᠡᠬᠡᠭᠰᠢᠯᠡᠬᠦᠯᠦᠨ᠎ᠡ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠦᠨᠳᠤᠰᠤᠳᠠᠨ ᠤ ᠰᠤᠶᠤᠯ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠬᠦᠭᠵᠢᠬᠦᠯᠵᠤ᠂ ᠦᠨᠳᠤᠰᠤᠳᠠᠨ ᠤ ᠤᠨᠴᠠᠯᠢᠭ ᠪᠦᠬᠦᠢ ᠨᠡᠶᠢᠬᠡᠮ ᠵᠢᠷᠤᠮ ᠤᠨ ᠤᠶᠤᠨ ᠤ ᠪᠤᠯᠪᠠᠰᠤᠨ ᠢ ᠪᠦᠳᠦᠬᠡᠨ ᠪᠠᠶᠢᠭᠤᠯᠵᠤ᠂ ᠦᠨᠳᠤᠰᠤᠳᠠᠨ ᠎ ᠨᠦᠭᠦᠳ ᠤᠨ ᠠᠷᠠᠳ ᠲᠦᠮᠡᠨ ᠳᠤ ᠨᠡᠶᠢᠬᠡᠮ ᠵᠢᠷᠤᠮ ᠤᠨ ᠤᠬᠠᠮᠰᠠᠷ ᠬᠢᠬᠡᠳ ᠰᠢᠨᠵᠢᠯᠡᠬᠦ ᠤᠬᠠᠭᠠᠨ ᠰᠤᠶᠤᠯ ᠪᠤᠯᠪᠠᠰᠤᠷᠠᠯ ᠤᠨ ᠲᠦᠪᠰᠢᠨ ᠢ ᠲᠠᠰᠤᠷᠠᠯᠳᠠ ᠦᠭᠡᠢ ᠲᠡᠬᠡᠭᠰᠢᠯᠡᠬᠦᠯᠦᠨ᠎ᠡ᠃       ᠲᠤᠯᠤᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠯᠤᠰ ᠤᠨ ᠪᠦᠬᠦᠯᠢ ᠴᠤᠭᠴᠠ ᠶᠢᠨ ᠠᠰᠢᠭ ᠲᠤᠰᠠ ᠶᠢ ᠲᠡᠷᠢᠬᠦᠨ ᠳᠤ ᠲᠡᠯᠪᠢᠵᠤ᠂ ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠶᠢᠨ ᠲᠤᠰᠢᠶᠠᠭᠰᠠᠨ ᠡᠯ᠎ᠠ ᠵᠦᠢᠯ ᠤᠨ ᠡᠬᠦᠷᠬᠡ ᠶᠢ ᠢᠳᠡᠪᠬᠢᠳᠠᠢ ᠪᠡᠶᠡᠯᠡᠬᠦᠯᠬᠦ ᠬᠡᠷᠡᠭᠳᠡᠢ᠃       ᠨᠠᠢᠮᠠᠳᠤᠭᠠᠷ ᠵᠦᠢᠯ     ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠨᠢ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠶᠢᠨ ᠦᠪᠡᠷᠳᠡᠬᠡᠨ ᠵᠠᠰᠠᠬᠤ ᠡᠷᠬᠡ ᠎ ᠪᠠᠨ ᠬᠡᠷᠡᠭᠵᠢᠬᠦᠯᠬᠦ ᠶᠠᠪᠤᠳᠠᠯ ᠢ ᠪᠠᠳᠤᠯᠠᠭ᠎ᠠ ᠲᠠᠢ ᠪᠠᠶᠢᠯᠭᠠᠬᠤ ᠪᠦᠬᠡᠳ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠤᠨᠴᠠᠯᠢᠭ ᠪᠠ ᠬᠡᠷᠡᠭᠴᠡᠭᠡ ᠶᠢ ᠦᠨᠳᠤᠰᠤᠯᠠᠨ᠂ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠢ ᠴᠢᠷᠮᠠᠶᠢᠨ ᠬᠠᠪᠰᠤᠷᠴᠦ ᠪᠠᠶᠢᠭᠠᠳ ᠨᠡᠶᠢᠬᠡᠮ ᠵᠢᠷᠤᠮᠳᠦ ᠪᠦᠳᠦᠬᠡᠨ ᠪᠠᠶᠢᠭᠤᠯᠤᠯᠳᠠ ᠶᠢᠨ ᠦᠢᠯᠡᠰ ᠎ ᠢ ᠲᠦᠷᠬᠡᠪᠴᠢᠯᠡᠨ ᠬᠦᠭᠵᠢᠬᠦᠯᠦᠨ᠎ᠡ᠃       ᠶᠢᠰᠦᠳᠦᠬᠡᠷ ᠵᠦᠢᠯ     ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠪᠠ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠦᠨᠳᠤᠰᠤᠳᠠᠨ ᠨᠦᠭᠦᠳ ᠤᠨ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠤ ᠨᠡᠶᠢᠬᠡᠮ ᠵᠢᠷᠤᠮ ᠤᠨ ᠦᠨᠳᠤᠰᠤᠳᠠᠨ ᠤ ᠬᠠᠷᠢᠴᠠᠭ᠎ᠠ ᠶᠢ ᠬᠦᠭᠵᠢᠬᠦᠯᠬᠦ ᠬᠡᠷᠡᠭᠳᠡᠢ᠃ ᠠᠯᠢ ᠴᠦ ᠦᠨᠳᠤᠰᠤᠳᠠᠨ ᠢ ᠭᠠᠳᠠᠭᠤᠷᠴᠢᠯᠠᠬᠤ ᠪᠠ ᠲᠠᠷᠤᠯᠠᠬᠤ ᠶᠢ ᠴᠠᠭᠠᠵᠠᠯᠠᠵᠤ᠂ ᠦᠨᠳᠤᠰᠤᠳᠠᠨ ᠤ ᠪᠦᠯᠬᠦᠮᠳᠡᠯ ᠢ ᠡᠪᠳᠡᠬᠦ ᠪᠠ ᠦᠨᠳᠤᠰᠤᠳᠠᠨ ᠤ ᠬᠠᠭᠠᠴᠠᠯ ᠭᠠᠷᠭᠠᠬᠤ ᠠᠵᠢᠯᠯᠠᠭ᠎ᠠ ᠎ ᠶᠢ ᠴᠠᠭᠠᠵᠠᠯᠠᠨ᠎ᠠ᠃       ᠠᠷᠪᠠᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠲᠤᠰ ᠤᠷᠤᠨ ᠨᠤᠳᠤᠭ ᠤᠨ ᠦᠨᠳᠤᠰᠤᠳᠠᠨ ᠨᠦᠭᠦᠳ ᠤᠨ ᠦᠪᠡᠷ ᠤᠨ ᠦᠬᠡ ᠬᠡᠯᠡ ᠦᠰᠦᠭ ᠪᠢᠴᠢᠭ ᠢᠶᠠᠨ ᠬᠡᠷᠡᠭᠯᠡᠬᠦ ᠪᠠ ᠬᠦᠭᠵᠢᠬᠦᠯᠬᠦ ᠡᠷᠬᠡ ᠴᠢᠯᠦᠬᠡ ᠲᠠᠢ ᠪᠠᠶᠢᠬᠤ᠂ ᠦᠪᠡᠷ ᠤᠨ ᠵᠠᠩ ᠲᠠᠳᠬᠠᠯ ᠎ ᠢᠶᠠᠨ ᠬᠠᠳᠠᠭᠠᠯᠠᠬᠤ ᠪᠤᠶᠤ ᠦᠬᠡᠷᠡᠴᠢᠯᠡᠬᠦ ᠡᠷᠬᠡ ᠴᠢᠯᠦᠬᠡ ᠲᠠᠢ ᠪᠠᠶᠢᠬᠤ ᠶᠢ ᠪᠠᠳᠤᠯᠠᠨ᠎ᠠ᠃       ᠠᠷᠪᠠᠨ ᠨᠢᠬᠡᠳᠦᠬᠡᠷ ᠵᠦᠢᠯ    ᠦᠨᠳᠣᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠦᠨᠳᠤᠰᠤᠳᠠᠨ ᠨᠦᠭᠦᠳ ᠤᠨ ᠠᠷᠠᠳ ᠢᠷᠬᠡᠨ ᠤ ᠱᠠᠰᠢᠨ ᠰᠢᠳᠦᠯᠬᠡ ᠶᠢᠨ ᠡᠷᠬᠡ ᠴᠢᠯᠦᠬᠡ ᠎ ᠲᠠᠢ ᠪᠠᠶᠢᠬᠤ ᠶᠢ ᠪᠠᠳᠤᠯᠠᠨ᠎ᠠ᠃       ᠶᠠᠮᠠᠷᠪᠠ ᠲᠦᠷᠦ ᠶᠢᠨ ᠪᠠᠶᠢᠭᠤᠯᠭ᠎ᠠ᠂ ᠨᠡᠶᠢᠬᠡᠮ ᠤᠨ ᠪᠦᠯᠬᠦᠮ ᠪᠠ ᠬᠤᠪᠢ ᠬᠦᠮᠦᠨ ᠴᠦᠮ ᠠᠷᠠᠳ ᠢᠷᠬᠡᠨ ᠎ ᠢ ᠱᠠᠰᠢᠨ ᠰᠢᠳᠦᠬᠦᠯᠬᠦ ᠪᠠᠷ ᠪᠤᠶᠤ ᠱᠠᠰᠢᠨ ᠦᠯᠦ ᠰᠢᠳᠦᠬᠦᠯᠬᠦ ᠪᠠᠷ ᠠᠯᠪᠠᠳᠠᠵᠤ ᠪᠤᠯᠬᠤ ᠦᠭᠡᠢ᠂ ᠱᠠᠰᠢᠨ ᠰᠢᠳᠦᠬᠦ ᠠᠷᠠᠳ ᠢᠷᠬᠡᠨ ᠪᠠ ᠱᠠᠰᠢᠨ ᠦᠯᠦ ᠰᠢᠳᠦᠬᠦ ᠠᠷᠠᠳ ᠢᠷᠬᠡᠨ ᠢ ᠭᠠᠳᠠᠭᠤᠷᠴᠢᠯᠠᠵᠤ ᠪᠤᠯᠬᠤ ᠦᠭᠡᠢ᠃       ᠤᠯᠤᠰ ᠠᠴᠠ ᠱᠠᠰᠢᠨ ᠰᠤᠷᠳᠠᠬᠤᠨ ᠤ ᠬᠡᠪ ᠤᠨ ᠠᠵᠢᠯᠯᠠᠭ᠎ᠠ ᠶᠢ ᠬᠠᠮᠠᠭᠠᠯᠠᠨ᠎ᠠ᠃       ᠬᠡᠨ ᠴᠦ ᠬᠡᠳ ᠱᠠᠰᠢᠨ ᠰᠤᠷᠳᠠᠬᠤᠨ ᠢ ᠠᠰᠢᠭᠯᠠᠨ ᠨᠡᠶᠢᠬᠡᠮ ᠤᠨ ᠡᠮᠬᠢ ᠵᠢᠷᠤᠮ ᠢ ᠡᠪᠳᠡᠬᠦ᠂ ᠠᠷᠠᠳ ᠢᠷᠬᠡᠨ ᠤ ᠪᠠᠶ᠎ᠠ ᠶᠢᠨ ᠡᠷᠡᠬᠦᠯ ᠮᠡᠨᠳᠦ ᠳᠤ ᠬᠤᠬᠢᠷᠠᠯ ᠤᠴᠠᠷᠠᠭᠤᠯᠬᠤ᠂ ᠤᠯᠤᠰ ᠤᠨ ᠰᠤᠷᠭᠠᠨ ᠬᠦᠮᠦᠵᠢᠯ ᠤᠨ ᠲᠦᠷᠢᠮ ᠢ ᠬᠠᠷᠰᠢᠯᠠᠬᠤ ᠠᠵᠢᠯᠯᠠᠭ᠎ᠠ ᠶᠢ ᠬᠢᠵᠤ ᠪᠤᠯᠬᠤ ᠦᠭᠡᠢ᠃       ᠱᠠᠰᠢᠨ ᠰᠤᠷᠳᠠᠬᠤᠨ ᠤ ᠪᠦᠯᠬᠦᠮ ᠪᠠ ᠱᠠᠰᠢᠨ ᠰᠤᠷᠳᠠᠬᠤᠨ ᠤ ᠬᠡᠷᠡᠭ ᠶᠠᠪᠤᠳᠠᠯ ᠢ ᠭᠠᠳᠠᠭᠠᠳᠦ ᠤᠯᠤᠰ ᠤᠨ ᠬᠦᠴᠦᠨ ᠳᠤ ᠵᠠᠬᠢᠷᠤᠭᠳᠠᠬᠤ ᠦᠭᠡᠢ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号