ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ | ᠬᠠᠤᠯᠢ | ︵1984 ᠤᠨ ᠤ 5 ᠰᠠᠷ᠎ᠠ ᠶᠢᠨ 31 ᠤ ᠡᠳᠦᠷ ᠵᠢᠷᠭᠤᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ | ᠬᠤᠷᠠᠯᠳᠤᠭᠠᠨ ᠠᠴᠠ ᠪᠠᠳᠤᠯᠠᠪᠠ 2001 ᠤᠨ ᠤ 2 ᠰᠠᠷ᠎ᠠ ᠶᠢᠨ 28 ᠤ ᠡᠳᠦᠷ ᠶᠢᠰᠦᠳᠦᠬᠡᠷ ᠬᠤᠭᠤᠴᠠᠭᠠᠨ ᠤ | ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨᠪᠠᠶᠢᠩᠭᠤ ᠶᠢᠨ ᠬᠤᠷᠢᠶᠠᠨ ᠤ ᠬᠤᠷᠢᠳᠤᠭᠠᠷ | ᠬᠤᠷᠠᠯᠳᠤᠭᠠᠨ ᠤ ︽︿ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠳᠠᠨ ᠤ ᠤᠷᠤᠨ ᠤ | ᠦᠪᠡᠷᠳᠡᠬᠡᠨ ᠵᠠᠰᠠᠬᠤ ᠬᠠᠤᠯᠢ﹀ ᠳᠤ ᠵᠠᠰᠠᠪᠦᠷᠢ ᠤᠷᠤᠭᠤᠯᠬᠤ ᠲᠤᠬᠠᠢ ᠲᠤᠭᠳᠠᠭᠠᠯ︾ ᠢ ᠦᠨᠳᠤᠰᠤᠯᠠᠨ ᠵᠠᠰᠠᠪᠦᠷᠢ | ᠤᠷᠤᠭᠤᠯᠪᠠ︶ | ᠨᠢᠬᠡᠳᠦᠬᠡᠷ ᠪᠦᠯᠦᠭ ᠶᠠᠷᠦᠩᠬᠡᠢ ᠲᠦᠷᠢᠮ | ᠨᠢᠬᠡᠳᠦᠬᠡᠷ ᠵᠦᠢᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠤᠰᠤᠳᠠᠨ ᠤ ᠤᠷᠤᠨ | ᠤ ᠦᠪᠡᠷᠳᠡᠬᠡᠨ ᠵᠠᠰᠠᠬᠤ ᠬᠠᠤᠯᠢ ᠶᠢ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠨ ᠬᠠᠤᠯᠢ | ᠶᠢ ᠦᠨᠳᠤᠰᠤᠯᠠᠨ ᠲᠤᠭᠳᠠᠭᠠᠪᠠ᠃ | ᠬᠤᠶᠠᠳᠤᠭᠠᠷ ᠵᠦᠢᠯ ᠴᠦᠬᠡᠨ ᠲᠤᠭᠠᠳᠦ ᠦᠨᠳᠤᠰᠤᠳᠠᠨ ᠨᠦᠭᠦᠳ ᠲᠦᠪᠯᠡᠷᠡᠨ ᠰᠠᠭᠤᠵᠤ ᠪᠠᠶᠢᠭ᠎ᠠ | ᠭᠠᠵᠠᠷ ᠤᠷᠤᠨ ᠳᠤ ᠤᠷᠤᠨ ᠤ ᠦᠪᠡᠷᠳᠡᠬᠡᠨ ᠵᠠᠰᠠᠬᠤ ᠶᠢ ᠬᠡᠷᠡᠭᠵᠢᠬᠦᠯᠦᠨ᠎ᠡ᠃ | ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠢ ᠦᠪᠡᠷᠳᠡᠬᠡᠨ ᠵᠠᠰᠠᠬᠤ ᠤᠷᠤᠨ᠂ ᠦᠪᠡᠷᠳᠡᠬᠡᠨ ᠵᠠᠰᠠᠬᠤ | ᠵᠧᠦ᠂ ᠦᠪᠡᠷᠳᠡᠬᠡᠨ ᠵᠠᠰᠠᠬᠤ ᠰᠢᠶᠠᠨ ᠬᠡᠵᠤ ᠬᠤᠪᠢᠶᠠᠨ᠎ᠠ᠃ | ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠪᠦᠬᠦ ᠴᠦᠮ ᠪᠦᠬᠦᠳᠡ ᠨᠠᠶᠢᠷᠠᠮᠳᠠᠬᠤ ᠲᠤᠮᠳᠠᠳᠦ | ᠠᠷᠠᠳ ᠤᠯᠤᠰ ᠤᠨ ᠰᠠᠯᠵᠤ ᠪᠤᠯᠤᠰᠢ ᠦᠭᠡᠢ ᠬᠡᠰᠡᠭ ᠨᠢ ᠮᠦᠨ᠃ | ᠭᠤᠷᠪᠠᠳᠤᠭᠠᠷ ᠵᠦᠢᠯ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠲᠤ ᠦᠪᠡᠷᠳᠡᠬᠡᠨ | ᠵᠠᠰᠠᠬᠤ ᠪᠠᠶᠢᠭᠤᠯᠭ᠎ᠠ ᠪᠠᠶᠢᠭᠤᠯᠤᠨ᠎ᠠ᠂ ᠦᠪᠡᠷᠳᠡᠬᠡᠨ ᠵᠠᠰᠠᠬᠤ ᠪᠠᠶᠢᠭᠤᠯᠭ᠎ᠠ ᠪᠤᠯ ᠤᠯᠤᠰ ᠤᠨ ᠨᠢᠬᠡ ᠱᠠᠳᠤᠨ ᠤ | ᠤᠷᠤᠨ ᠨᠤᠳᠤᠭ ᠤᠨ ᠵᠠᠰᠠᠭ ᠤᠨ ᠡᠷᠬᠡᠳᠦ ᠪᠠᠶᠢᠭᠤᠯᠭ᠎ᠠ ᠮᠦᠨ᠃ | ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠳᠤ | ᠠᠷᠠᠳᠴᠢᠯᠠᠯ ᠲᠦᠪᠯᠡᠷᠡᠯ ᠤᠨ ᠶᠤᠰᠤᠨ ᠤ ᠵᠠᠷᠴᠢᠮ ᠢ ᠬᠡᠷᠡᠭᠵᠢᠬᠦᠯᠦᠨ᠎ᠡ᠃ | ᠲᠦᠷᠪᠡᠳᠦᠬᠡᠷ ᠵᠦᠢᠯ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ | ᠵᠠᠰᠠᠬᠤ ᠪᠠᠶᠢᠭᠤᠯᠭ᠎ᠠ ᠨᠢ ᠦᠨᠳᠤᠰᠤᠨ ᠬᠠᠤᠯᠢ ᠶᠢᠨ ᠭᠤᠷᠪᠠᠳᠤᠭᠠᠷ ᠪᠦᠯᠦᠭ ᠤᠨ ᠲᠠᠪᠤᠳᠤᠭᠠᠷ ᠬᠡᠰᠡᠭ ᠲᠤ | ᠲᠤᠭᠳᠠᠭᠠᠭᠰᠠᠨ ᠤᠷᠤᠨ ᠨᠤᠳᠤᠭ ᠤᠨ ᠲᠦᠷᠦ ᠶᠢᠨ ᠪᠠᠶᠢᠭᠤᠯᠭ᠎ᠠ ᠶᠢᠨ ᠡᠷᠬᠡ ᠲᠤᠰᠢᠶᠠᠯ ᠢ ᠬᠡᠷᠡᠭᠵᠢᠬᠦᠯᠬᠦ ᠶᠢᠨ | ᠬᠠᠮᠳᠦ ᠦᠨᠳᠤᠰᠤᠨ ᠬᠠᠤᠯᠢ ᠪᠤᠯᠤᠨ ᠲᠤᠰ ᠬᠠᠤᠯᠢ ᠵᠢᠴᠢ ᠪᠤᠰᠤᠳ ᠬᠠᠤᠯᠢ ᠴᠠᠭᠠᠵᠠ ᠳᠤ ᠲᠤᠭᠳᠠᠭᠠᠭᠰᠠᠨ ᠡᠷᠬᠡ | ᠶᠢᠨ ᠬᠡᠪᠴᠢᠶ᠎ᠠ ᠶᠤᠰᠤᠭᠠᠷ ᠦᠪᠡᠷᠳᠡᠬᠡᠨ ᠵᠠᠰᠠᠬᠤ ᠡᠷᠬᠡ ᠪᠠᠨ ᠬᠡᠷᠡᠭᠵᠢᠬᠦᠯᠵᠤ᠂ ᠲᠤᠰ ᠤᠷᠤᠨ ᠨᠤᠳᠤᠭ ᠤᠨ ᠢᠶᠠᠨ | ᠪᠤᠳᠠᠳᠦ ᠪᠠᠶᠢᠳᠠᠯ ᠢ ᠦᠨᠳᠤᠰᠤᠯᠠᠨ ᠤᠯᠤᠰ ᠤᠨ ᠬᠠᠤᠯᠢ ᠴᠠᠭᠠᠵᠠ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ | ᠬᠡᠷᠡᠭᠵᠢᠬᠦᠯᠦᠨ᠎ᠡ᠃ | ᠦᠪᠡᠷᠳᠡᠬᠡᠨ ᠵᠠᠰᠠᠬᠤ ᠵᠧᠦ ᠶᠢᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠲᠤᠭᠤᠷᠢᠭ᠂ ᠰᠢᠶᠠᠨ | ᠪᠠᠶᠢᠭᠤᠯᠤᠭᠰᠠᠨ ᠬᠤᠳᠠ ᠶᠢᠨ ᠤᠷᠤᠨ ᠨᠤᠳᠤᠭ ᠤᠨ ᠲᠦᠷᠦ ᠶᠢᠨ ᠪᠠᠶᠢᠭᠤᠯᠭ᠎ᠠ ᠶᠢᠨ ᠡᠷᠬᠡ ᠲᠤᠰᠢᠶᠠᠯ ᠢ | ᠬᠡᠷᠡᠭᠵᠢᠬᠦᠯᠬᠦ ᠶᠢᠨ ᠬᠠᠮᠳᠦ ᠦᠪᠡᠷᠳᠡᠬᠡᠨ ᠵᠠᠰᠠᠬᠤ ᠡᠷᠬᠡ ᠪᠠᠨ ᠬᠡᠷᠡᠭᠵᠢᠬᠦᠯᠦᠨ᠎ᠡ᠂᠃ | ᠲᠠᠪᠤᠳᠤᠭᠠᠷ ᠵᠦᠢᠯ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ | ᠵᠠᠰᠠᠬᠤ ᠪᠠᠶᠢᠭᠤᠯᠭ᠎ᠠ ᠨᠢ ᠡᠷᠬᠡᠪᠰᠢ ᠤᠯᠤᠰ ᠤᠷᠤᠨ ᠤ ᠨᠢᠬᠡᠳᠦᠯ ᠢ ᠬᠠᠮᠠᠭᠠᠯᠠᠨ᠂ ᠦᠨᠳᠤᠰᠤᠨ ᠬᠠᠤᠯᠢ ᠴᠠᠭᠠᠵᠠ ᠶᠢ | ᠲᠤᠰ ᠤᠷᠤᠨ ᠨᠤᠳᠤᠭ ᠲᠠᠭᠠᠨ ᠵᠢᠷᠤᠮᠯᠠᠨ ᠰᠠᠬᠢᠵᠤ ᠬᠡᠷᠡᠭᠵᠢᠬᠦᠯᠬᠦ ᠶᠢ ᠪᠠᠳᠤᠯᠠᠬᠤ ᠬᠡᠷᠡᠭᠳᠡᠢ᠃ | ᠵᠢᠷᠭᠤᠳᠤᠭᠠᠷ ᠵᠦᠢᠯ ᠦᠨᠳᠤᠰᠤᠳᠠᠨ ᠤ ᠦᠪᠡᠷᠳᠡᠬᠡᠨ ᠵᠠᠰᠬᠤ ᠤᠷᠤᠨ ᠨᠤᠳᠤᠭ ᠤᠨ ᠦᠪᠡᠷᠳᠡᠬᠡᠨ ᠵᠠᠰᠠᠬᠤ | ᠪᠠᠶᠢᠭᠤᠯᠭ᠎ᠠ ᠨᠢ ᠦᠨᠳᠤᠰᠤᠳᠠᠨ ᠨᠦᠭᠦᠳ ᠤᠨ ᠠᠷᠠᠳ ᠲᠦᠮᠡᠨ ᠢ ᠤᠳᠤᠷᠢᠳᠴᠦ ᠬᠦᠴᠦᠨ ᠢᠶᠠᠨ ᠲᠦᠪᠯᠡᠷᠡᠬᠦᠯᠦᠨ | ᠨᠡᠶᠢᠬᠡᠮ ᠵᠢᠷᠤᠮ ᠤᠨ ᠤᠳᠤᠬᠢᠴᠢᠯᠠᠬᠤ ᠪᠦᠳᠦᠬᠡᠨ ᠪᠠᠶᠢᠭᠤᠯᠤᠯᠳᠠ ᠬᠢᠨ᠎ᠡ᠃ | ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ | ᠲᠤᠰ ᠤᠷᠤᠨ ᠨᠤᠳᠤᠭ ᠤᠨ ᠢᠶᠠᠨ ᠪᠠᠶᠢᠳᠠᠯ ᠢ ᠦᠨᠳᠤᠰᠤᠯᠠᠵᠤ᠂ ᠦᠨᠳᠤᠰᠤᠨ ᠬᠠᠤᠯᠢ ᠪᠠ ᠬᠠᠤᠯᠢ ᠴᠠᠭᠠᠵᠠ ᠠᠴᠠ | ᠦᠯᠦ ᠵᠦᠷᠢᠴᠡᠬᠦ ᠵᠠᠷᠴᠢᠮ ᠤᠨ ᠲᠤᠤᠷ᠎ᠠ᠂ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠢᠶᠠᠨ | ᠠᠵᠤ ᠠᠬᠤᠢ᠂ ᠰᠤᠶᠤᠯ ᠤᠨ ᠪᠦᠳᠦᠬᠡᠨ ᠪᠠᠶᠢᠭᠤᠯᠤᠯᠳᠠ ᠶᠢᠨ ᠦᠢᠯᠡᠰ ᠤᠨ ᠬᠦᠭᠵᠢᠯᠳᠡ ᠶᠢ ᠲᠦᠷᠬᠡᠳᠬᠡᠬᠦ | ᠤᠨᠴᠠᠭᠠᠢ ᠲᠦᠷᠦ ᠶᠢᠨ ᠪᠤᠳᠤᠯᠭ᠎ᠠ ᠪᠠ ᠠᠮᠢᠳᠤᠯᠢᠭ ᠠᠷᠭ᠎ᠠ ᠬᠡᠮᠵᠢᠶ᠎ᠠ ᠠᠪᠬᠤ ᠡᠷᠬᠡ ᠲᠠᠢ᠃ | ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ | ᠤᠯᠤᠰ ᠤᠨ ᠲᠦᠯᠦᠪᠯᠡᠭᠡ ᠶᠢᠨ ᠵᠢᠯᠤᠭᠤᠳᠤᠯᠭ᠎ᠠ ᠶᠢᠨ ᠲᠤᠤᠷ᠎ᠠ᠂ ᠪᠤᠳᠠᠳᠦ ᠪᠠᠶᠢᠳᠠᠯ ᠠᠴᠠ ᠡᠬᠦᠰᠴᠦ᠂ ᠬᠦᠳᠡᠯᠮᠦᠷᠢ | ᠦᠢᠯᠡᠳᠪᠦᠷᠢᠯᠡᠯ ᠤᠨ ᠨᠤᠷᠮ᠎ᠠ ᠪᠠ ᠠᠵᠤ ᠠᠬᠤᠢ ᠶᠢᠨ ᠦᠷ᠎ᠡ ᠠᠰᠢᠭ ᠢᠶᠠᠨ ᠲᠡᠰᠤᠷᠠᠯᠳᠠ ᠦᠭᠡᠢ ᠲᠡᠬᠡᠭᠰᠢᠯᠡᠬᠦᠯᠵᠤ᠂ | ᠨᠡᠶᠢᠬᠡᠮ ᠤᠨ ᠦᠢᠯᠡᠳᠪᠦᠷᠢᠯᠡᠯ ᠤᠨ ᠬᠦᠴᠦᠨ ᠢ ᠬᠦᠭᠵᠢᠬᠦᠯᠵᠤ᠂ ᠦᠨᠳᠤᠰᠤᠳᠠᠨ ᠨᠦᠭᠦᠳ ᠤᠨ ᠪᠤᠳᠠᠰ ᠤᠨ | ᠠᠮᠢᠳᠤᠷᠠᠯ ᠤᠨ ᠲᠦᠪᠰᠢᠨ ᠢ ᠠᠯᠬᠤᠮ ᠠᠯᠬᠤᠮ ᠢᠶᠠᠷ ᠲᠡᠬᠡᠭᠰᠢᠯᠡᠬᠦᠯᠦᠨ᠎ᠡ᠃ | ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ | ᠦᠨᠳᠤᠰᠤᠳᠠᠨ ᠤ ᠰᠤᠶᠤᠯ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠬᠦᠭᠵᠢᠬᠦᠯᠵᠤ᠂ ᠦᠨᠳᠤᠰᠤᠳᠠᠨ ᠤ | ᠤᠨᠴᠠᠯᠢᠭ ᠪᠦᠬᠦᠢ ᠨᠡᠶᠢᠬᠡᠮ ᠵᠢᠷᠤᠮ ᠤᠨ ᠤᠶᠤᠨ ᠤ ᠪᠤᠯᠪᠠᠰᠤᠨ ᠢ ᠪᠦᠳᠦᠬᠡᠨ ᠪᠠᠶᠢᠭᠤᠯᠵᠤ᠂ ᠦᠨᠳᠤᠰᠤᠳᠠᠨ | ᠨᠦᠭᠦᠳ ᠤᠨ ᠠᠷᠠᠳ ᠲᠦᠮᠡᠨ ᠳᠤ ᠨᠡᠶᠢᠬᠡᠮ ᠵᠢᠷᠤᠮ ᠤᠨ ᠤᠬᠠᠮᠰᠠᠷ ᠬᠢᠬᠡᠳ ᠰᠢᠨᠵᠢᠯᠡᠬᠦ ᠤᠬᠠᠭᠠᠨ ᠰᠤᠶᠤᠯ | ᠪᠤᠯᠪᠠᠰᠤᠷᠠᠯ ᠤᠨ ᠲᠦᠪᠰᠢᠨ ᠢ ᠲᠠᠰᠤᠷᠠᠯᠳᠠ ᠦᠭᠡᠢ ᠲᠡᠬᠡᠭᠰᠢᠯᠡᠬᠦᠯᠦᠨ᠎ᠡ᠃ | ᠲᠤᠯᠤᠳᠤᠭᠠᠷ ᠵᠦᠢᠯ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ | ᠵᠠᠰᠠᠬᠤ ᠪᠠᠶᠢᠭᠤᠯᠭ᠎ᠠ ᠨᠢ ᠤᠯᠤᠰ ᠤᠨ ᠪᠦᠬᠦᠯᠢ ᠴᠤᠭᠴᠠ ᠶᠢᠨ ᠠᠰᠢᠭ ᠲᠤᠰᠠ ᠶᠢ ᠲᠡᠷᠢᠬᠦᠨ ᠳᠤ ᠲᠡᠯᠪᠢᠵᠤ᠂ | ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠶᠢᠨ ᠲᠤᠰᠢᠶᠠᠭᠰᠠᠨ ᠡᠯ᠎ᠠ ᠵᠦᠢᠯ ᠤᠨ ᠡᠬᠦᠷᠬᠡ ᠶᠢ ᠢᠳᠡᠪᠬᠢᠳᠠᠢ | ᠪᠡᠶᠡᠯᠡᠬᠦᠯᠬᠦ ᠬᠡᠷᠡᠭᠳᠡᠢ᠃ | ᠨᠠᠢᠮᠠᠳᠤᠭᠠᠷ ᠵᠦᠢᠯ ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠨᠢ ᠦᠨᠳᠤᠰᠤᠳᠠᠨ ᠤ | ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠶᠢᠨ ᠦᠪᠡᠷᠳᠡᠬᠡᠨ ᠵᠠᠰᠠᠬᠤ ᠡᠷᠬᠡ | ᠪᠠᠨ ᠬᠡᠷᠡᠭᠵᠢᠬᠦᠯᠬᠦ ᠶᠠᠪᠤᠳᠠᠯ ᠢ ᠪᠠᠳᠤᠯᠠᠭ᠎ᠠ ᠲᠠᠢ ᠪᠠᠶᠢᠯᠭᠠᠬᠤ ᠪᠦᠬᠡᠳ ᠦᠨᠳᠤᠰᠤᠳᠠᠨ ᠤ ᠦᠪᠡᠷᠳᠡᠬᠡᠨ ᠵᠠᠰᠠᠬᠤ | ᠤᠷᠤᠨ ᠨᠤᠳᠤᠭ ᠤᠨ ᠤᠨᠴᠠᠯᠢᠭ ᠪᠠ ᠬᠡᠷᠡᠭᠴᠡᠭᠡ ᠶᠢ ᠦᠨᠳᠤᠰᠤᠯᠠᠨ᠂ ᠦᠨᠳᠤᠰᠤᠳᠠᠨ ᠤ ᠦᠪᠡᠷᠳᠡᠬᠡᠨ ᠵᠠᠰᠠᠬᠤ | ᠤᠷᠤᠨ ᠨᠤᠳᠤᠭ ᠢ ᠴᠢᠷᠮᠠᠶᠢᠨ ᠬᠠᠪᠰᠤᠷᠴᠦ ᠪᠠᠶᠢᠭᠠᠳ ᠨᠡᠶᠢᠬᠡᠮ ᠵᠢᠷᠤᠮᠳᠦ ᠪᠦᠳᠦᠬᠡᠨ ᠪᠠᠶᠢᠭᠤᠯᠤᠯᠳᠠ ᠶᠢᠨ ᠦᠢᠯᠡᠰ | ᠢ ᠲᠦᠷᠬᠡᠪᠴᠢᠯᠡᠨ ᠬᠦᠭᠵᠢᠬᠦᠯᠦᠨ᠎ᠡ᠃ | ᠶᠢᠰᠦᠳᠦᠬᠡᠷ ᠵᠦᠢᠯ ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠪᠠ ᠦᠨᠳᠤᠰᠤᠳᠠᠨ ᠤ | ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠦᠨᠳᠤᠰᠤᠳᠠᠨ ᠨᠦᠭᠦᠳ ᠤᠨ | ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠬᠤ ᠨᠡᠶᠢᠬᠡᠮ ᠵᠢᠷᠤᠮ ᠤᠨ ᠦᠨᠳᠤᠰᠤᠳᠠᠨ ᠤ | ᠬᠠᠷᠢᠴᠠᠭ᠎ᠠ ᠶᠢ ᠬᠦᠭᠵᠢᠬᠦᠯᠬᠦ ᠬᠡᠷᠡᠭᠳᠡᠢ᠃ ᠠᠯᠢ ᠴᠦ ᠦᠨᠳᠤᠰᠤᠳᠠᠨ ᠢ ᠭᠠᠳᠠᠭᠤᠷᠴᠢᠯᠠᠬᠤ ᠪᠠ ᠲᠠᠷᠤᠯᠠᠬᠤ ᠶᠢ | ᠴᠠᠭᠠᠵᠠᠯᠠᠵᠤ᠂ ᠦᠨᠳᠤᠰᠤᠳᠠᠨ ᠤ ᠪᠦᠯᠬᠦᠮᠳᠡᠯ ᠢ ᠡᠪᠳᠡᠬᠦ ᠪᠠ ᠦᠨᠳᠤᠰᠤᠳᠠᠨ ᠤ ᠬᠠᠭᠠᠴᠠᠯ ᠭᠠᠷᠭᠠᠬᠤ ᠠᠵᠢᠯᠯᠠᠭ᠎ᠠ | ᠶᠢ ᠴᠠᠭᠠᠵᠠᠯᠠᠨ᠎ᠠ᠃ | ᠠᠷᠪᠠᠳᠤᠭᠠᠷ ᠵᠦᠢᠯ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ | ᠵᠠᠰᠠᠬᠤ ᠪᠠᠶᠢᠭᠤᠯᠭ᠎ᠠ ᠨᠢ ᠲᠤᠰ ᠤᠷᠤᠨ ᠨᠤᠳᠤᠭ ᠤᠨ ᠦᠨᠳᠤᠰᠤᠳᠠᠨ ᠨᠦᠭᠦᠳ ᠤᠨ ᠦᠪᠡᠷ ᠤᠨ ᠦᠬᠡ ᠬᠡᠯᠡ | ᠦᠰᠦᠭ ᠪᠢᠴᠢᠭ ᠢᠶᠠᠨ ᠬᠡᠷᠡᠭᠯᠡᠬᠦ ᠪᠠ ᠬᠦᠭᠵᠢᠬᠦᠯᠬᠦ ᠡᠷᠬᠡ ᠴᠢᠯᠦᠬᠡ ᠲᠠᠢ ᠪᠠᠶᠢᠬᠤ᠂ ᠦᠪᠡᠷ ᠤᠨ ᠵᠠᠩ ᠲᠠᠳᠬᠠᠯ | ᠢᠶᠠᠨ ᠬᠠᠳᠠᠭᠠᠯᠠᠬᠤ ᠪᠤᠶᠤ ᠦᠬᠡᠷᠡᠴᠢᠯᠡᠬᠦ ᠡᠷᠬᠡ ᠴᠢᠯᠦᠬᠡ ᠲᠠᠢ ᠪᠠᠶᠢᠬᠤ ᠶᠢ ᠪᠠᠳᠤᠯᠠᠨ᠎ᠠ᠃ | ᠠᠷᠪᠠᠨ ᠨᠢᠬᠡᠳᠦᠬᠡᠷ ᠵᠦᠢᠯ ᠦᠨᠳᠣᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ | ᠵᠠᠰᠠᠬᠤ ᠪᠠᠶᠢᠭᠤᠯᠭ᠎ᠠ ᠨᠢ ᠦᠨᠳᠤᠰᠤᠳᠠᠨ ᠨᠦᠭᠦᠳ ᠤᠨ ᠠᠷᠠᠳ ᠢᠷᠬᠡᠨ ᠤ ᠱᠠᠰᠢᠨ ᠰᠢᠳᠦᠯᠬᠡ ᠶᠢᠨ ᠡᠷᠬᠡ ᠴᠢᠯᠦᠬᠡ | ᠲᠠᠢ ᠪᠠᠶᠢᠬᠤ ᠶᠢ ᠪᠠᠳᠤᠯᠠᠨ᠎ᠠ᠃ | ᠶᠠᠮᠠᠷᠪᠠ ᠲᠦᠷᠦ ᠶᠢᠨ ᠪᠠᠶᠢᠭᠤᠯᠭ᠎ᠠ᠂ ᠨᠡᠶᠢᠬᠡᠮ ᠤᠨ ᠪᠦᠯᠬᠦᠮ ᠪᠠ ᠬᠤᠪᠢ ᠬᠦᠮᠦᠨ ᠴᠦᠮ ᠠᠷᠠᠳ ᠢᠷᠬᠡᠨ | ᠢ ᠱᠠᠰᠢᠨ ᠰᠢᠳᠦᠬᠦᠯᠬᠦ ᠪᠠᠷ ᠪᠤᠶᠤ ᠱᠠᠰᠢᠨ ᠦᠯᠦ ᠰᠢᠳᠦᠬᠦᠯᠬᠦ ᠪᠠᠷ ᠠᠯᠪᠠᠳᠠᠵᠤ ᠪᠤᠯᠬᠤ ᠦᠭᠡᠢ᠂ ᠱᠠᠰᠢᠨ ᠰᠢᠳᠦᠬᠦ | ᠠᠷᠠᠳ ᠢᠷᠬᠡᠨ ᠪᠠ ᠱᠠᠰᠢᠨ ᠦᠯᠦ ᠰᠢᠳᠦᠬᠦ ᠠᠷᠠᠳ ᠢᠷᠬᠡᠨ ᠢ ᠭᠠᠳᠠᠭᠤᠷᠴᠢᠯᠠᠵᠤ ᠪᠤᠯᠬᠤ ᠦᠭᠡᠢ᠃ | ᠤᠯᠤᠰ ᠠᠴᠠ ᠱᠠᠰᠢᠨ ᠰᠤᠷᠳᠠᠬᠤᠨ ᠤ ᠬᠡᠪ ᠤᠨ ᠠᠵᠢᠯᠯᠠᠭ᠎ᠠ ᠶᠢ ᠬᠠᠮᠠᠭᠠᠯᠠᠨ᠎ᠠ᠃ | ᠬᠡᠨ ᠴᠦ ᠬᠡᠳ ᠱᠠᠰᠢᠨ ᠰᠤᠷᠳᠠᠬᠤᠨ ᠢ ᠠᠰᠢᠭᠯᠠᠨ ᠨᠡᠶᠢᠬᠡᠮ ᠤᠨ ᠡᠮᠬᠢ ᠵᠢᠷᠤᠮ ᠢ ᠡᠪᠳᠡᠬᠦ᠂ ᠠᠷᠠᠳ | ᠢᠷᠬᠡᠨ ᠤ ᠪᠠᠶ᠎ᠠ ᠶᠢᠨ ᠡᠷᠡᠬᠦᠯ ᠮᠡᠨᠳᠦ ᠳᠤ ᠬᠤᠬᠢᠷᠠᠯ ᠤᠴᠠᠷᠠᠭᠤᠯᠬᠤ᠂ ᠤᠯᠤᠰ ᠤᠨ ᠰᠤᠷᠭᠠᠨ ᠬᠦᠮᠦᠵᠢᠯ ᠤᠨ | ᠲᠦᠷᠢᠮ ᠢ ᠬᠠᠷᠰᠢᠯᠠᠬᠤ ᠠᠵᠢᠯᠯᠠᠭ᠎ᠠ ᠶᠢ ᠬᠢᠵᠤ ᠪᠤᠯᠬᠤ ᠦᠭᠡᠢ᠃ | ᠱᠠᠰᠢᠨ ᠰᠤᠷᠳᠠᠬᠤᠨ ᠤ ᠪᠦᠯᠬᠦᠮ ᠪᠠ ᠱᠠᠰᠢᠨ ᠰᠤᠷᠳᠠᠬᠤᠨ ᠤ ᠬᠡᠷᠡᠭ ᠶᠠᠪᠤᠳᠠᠯ ᠢ ᠭᠠᠳᠠᠭᠠᠳᠦ ᠤᠯᠤᠰ ᠤᠨ | ᠬᠦᠴᠦᠨ ᠳᠤ ᠵᠠᠬᠢᠷᠤᠭᠳᠠᠬᠤ ᠦᠭᠡᠢ᠃ | | |