ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠬᠠᠤᠯᠢ ︵ᠬᠤᠶᠠᠷ︶
ᠨᠡᠶᠢᠲᠡᠯᠡᠭᠰᠡᠨ ᠴᠠᠭ᠄
2020/5/15
     ᠬᠤᠶᠠᠳᠤᠭᠠᠷ ᠪᠦᠯᠦᠭ    ᠦᠨᠳᠤᠰᠤᠳᠠᠨ   ᠤ ᠦᠪᠡᠷᠳᠡᠬᠡᠨ  ᠵᠠᠰᠠᠬᠤ ᠤᠷᠤᠨ  ᠨᠤᠳᠤᠭ   ᠢ ᠪᠠᠶᠢᠭᠤᠯᠬᠤ ᠪᠠ ᠦᠪᠡᠷᠳᠡᠬᠡᠨ ᠵᠠᠰᠠᠬᠤ ᠪᠠᠶᠢᠭᠤᠯᠭ᠎ᠠ ᠶᠢ ᠪᠦᠷᠢᠯᠳᠦᠬᠦᠯᠬᠦ      ᠠᠷᠪᠠᠨ ᠬᠤᠶᠠᠳᠤᠭᠠᠷ ᠵᠦᠢᠯ  ᠴᠦᠬᠡᠨ ᠲᠤᠭᠠᠳᠦ ᠦᠨᠳᠤᠰᠤᠳᠠᠨ ᠤ ᠲᠦᠪᠯᠡᠷᠡᠨ ᠰᠠᠭᠤᠵᠤ ᠪᠠᠶᠢᠭ᠎ᠠ ᠭᠠᠵᠠᠷ  ᠲᠤ ᠲᠤᠬᠠᠢ ᠶᠢᠨ ᠭᠠᠵᠠᠷ ᠤᠨ ᠦᠨᠳᠤᠰᠤᠳᠠᠨ ᠤ ᠬᠠᠷᠢᠴᠠᠭ᠎ᠠ᠂ ᠠᠵᠤ ᠠᠬᠤᠢ ᠶᠢᠨ ᠬᠦᠭᠵᠢᠯᠳᠡ ᠵᠡᠷᠬᠡ ᠨᠦᠬᠦᠴᠡᠯ ᠢ ᠦᠨᠳᠤᠰᠤᠯᠠᠬᠦ ᠶᠢᠨ ᠬᠠᠮᠳᠦ ᠲᠡᠤᠬᠡ ᠶᠢᠨ ᠪᠠᠶᠢᠳᠠᠯ ᠢᠶᠠᠷ ᠯᠠᠪᠯᠠᠯᠳᠠ ᠪᠤᠯᠭᠠᠵᠤ᠂ ᠨᠢᠬᠡ ᠪᠤᠶᠤ ᠴᠦᠬᠡᠨ ᠲᠤᠭᠠᠳᠦ ᠦᠨᠳᠤᠰᠤᠳᠠᠨ ᠤ ᠲᠦᠪᠯᠡᠷᠡᠨ ᠰᠠᠭᠤᠵᠤ ᠪᠠᠶᠢᠭ᠎ᠠ ᠭᠠᠵᠠᠷ ᠢᠶᠠᠷ ᠰᠠᠭᠤᠷᠢ ᠪᠤᠯᠭᠠᠭᠰᠠᠨ ᠦᠪᠡᠷᠳᠡᠬᠡᠨ ᠵᠠᠰᠠᠬᠤ ᠤᠷᠤᠨ ᠨᠤᠳᠤᠭ ᠢ ᠪᠠᠶᠢᠭᠤᠯᠵᠤ ᠪᠤᠯᠤᠨ᠎ᠠ᠃     ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠲᠤᠳᠤᠷᠠᠬᠢ ᠪᠤᠰᠤᠳ ᠴᠦᠬᠡᠨ ᠲᠤᠭᠠᠳᠦ ᠦᠨᠳᠤᠰᠤᠳᠠᠨ ᠤ ᠲᠦᠪᠯᠡᠷᠡᠨ ᠰᠠᠭᠤᠵᠤ ᠪᠠᠶᠢᠭ᠎ᠠ ᠭᠠᠵᠠᠷ ᠲᠤ ᠵᠤᠬᠢᠴᠠᠩᠭᠤᠢ ᠦᠪᠡᠷᠳᠡᠬᠡᠨ ᠵᠠᠰᠠᠬᠤ ᠤᠷᠤᠨ ᠨᠤᠳᠤᠭ ᠪᠤᠶᠤ ᠦᠨᠳᠤᠰᠤᠳᠠᠨ ᠤ ᠰᠢᠶᠠᠩ ᠪᠠᠶᠢᠭᠤᠯᠤᠨ᠎ᠠ᠃     ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠲᠤ ᠲᠤᠰ ᠭᠠᠵᠠᠷ ᠤᠨ ᠢᠶᠠᠨ ᠪᠤᠳᠠᠳᠦ ᠪᠠᠶᠢᠳᠠᠯ ᠢ ᠦᠨᠳᠤᠰᠤᠯᠠᠨ᠂ ᠬᠢᠳᠡᠳ ᠦᠨᠳᠤᠰᠤᠳᠠᠨ ᠤ ᠪᠤᠶᠤ ᠪᠤᠰᠤᠳ ᠦᠨᠳᠤᠰᠤᠳᠠᠨ ᠤ ᠰᠠᠭᠤᠭᠠᠯᠢ ᠠᠷᠠᠳ ᠤᠨ ᠲᠤᠭᠤᠷᠢᠭ ᠪᠠ ᠬᠤᠳᠠ ᠪᠠᠯᠭᠠᠰᠦ ᠶᠢ ᠨᠢᠬᠡ ᠪᠦᠯᠦᠭ ᠪᠠᠭᠳᠠᠭᠠᠵᠤ ᠪᠤᠯᠤᠨ᠎ᠠ᠃     ᠠᠷᠪᠠᠨ ᠭᠤᠷᠪᠠᠳᠤᠭᠠᠷ ᠵᠦᠢᠯ    ᠤᠨᠴᠠᠭᠠᠢ ᠪᠠᠶᠢᠳᠠᠯ ᠢ ᠭᠠᠷᠭᠠᠪᠠᠯ᠂ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠨᠡᠷᠡᠶᠢᠳᠤᠯ ᠢ ᠤᠷᠤᠨ ᠨᠤᠳᠤᠭ ᠤᠨ ᠨᠡᠷᠡᠶᠢᠳᠤᠯ᠂ ᠦᠨᠳᠤᠰᠤᠳᠠᠨ ᠤ ᠨᠡᠷᠡᠶᠢᠳᠤᠯ᠂ ᠵᠠᠰᠠᠭ ᠵᠠᠬᠢᠷᠭᠠᠨ ᠤ ᠪᠠᠶᠢᠷᠢ ᠰᠠᠭᠤᠷᠢ ᠶᠢᠨ ᠲᠡᠰ ᠲᠠᠷᠠᠭᠠᠯᠠᠯ ᠢᠶᠠᠷ ᠪᠦᠷᠢᠯᠳᠦᠬᠦᠯᠦᠨ᠎ᠡ᠃     ᠠᠷᠪᠠᠨ ᠲᠦᠷᠪᠡᠳᠦᠬᠡᠷ ᠵᠦᠢᠯ  ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠢ ᠪᠠᠶᠢᠭᠤᠯᠬᠤ᠂ ᠤᠷᠤᠨ ᠨᠤᠳᠤᠭ ᠤᠨ ᠵᠠᠭᠠᠭ ᠬᠢᠵᠠᠭᠠᠷ ᠢ ᠨᠢ ᠲᠤᠭᠳᠠᠭᠠᠬᠤ᠂ ᠨᠡᠷᠡᠶᠢᠳᠤᠯ ᠢ ᠨᠢ ᠪᠦᠷᠢᠯᠳᠦᠬᠦᠯᠬᠦ ᠳᠤ ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠨᠢ ᠬᠤᠯᠪᠤᠭᠳᠠᠯ ᠪᠦᠬᠦᠢ ᠤᠷᠤᠨ ᠨᠤᠳᠤᠭ ᠤᠨ ᠲᠦᠷᠦ ᠶᠢᠨ ᠪᠠᠶᠢᠭᠤᠯᠭ᠎ᠠ  ᠲᠠᠢ ᠬᠠᠮᠳᠦ ᠪᠠᠷ ᠬᠤᠯᠪᠤᠭᠳᠠᠯ ᠪᠦᠬᠦᠢ ᠦᠨᠳᠤᠰᠤᠳᠠᠨ ᠤ ᠲᠦᠯᠦᠬᠡᠯᠡᠭᠴᠢ ᠲᠠᠢ ᠬᠦᠢᠴᠡᠳ ᠵᠦᠪᠳᠡᠵᠤ ᠲᠤᠭᠳᠠᠭᠠᠭᠠᠳ᠂ ᠬᠠᠤᠯᠢ ᠳᠤ ᠲᠤᠭᠳᠠᠭᠠᠭᠰᠨ ᠵᠢᠷᠤᠮ ᠶᠤᠰᠤᠭᠠᠷ ᠲᠡᠬᠡᠭᠰᠢ ᠮᠡᠳᠡᠬᠦᠯᠵᠤ ᠵᠦᠪᠰᠢᠶᠠᠷᠡᠬᠦᠯᠦᠨ᠎ᠡ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠢ ᠨᠢᠬᠡᠨᠳᠡ ᠪᠠᠶᠢᠭᠤᠯᠤᠭᠰᠠᠨ ᠤ ᠬᠤᠶᠢᠨ᠎ᠠ᠂ ᠬᠠᠤᠯᠢ ᠳᠤ ᠲᠤᠭᠳᠠᠭᠠᠭᠰᠠᠨ ᠵᠢᠷᠤᠮ ᠢ ᠲᠡᠮᠵᠢᠬᠤ ᠪᠠᠷ ᠬᠠᠰᠤᠬᠤ ᠪᠤᠶᠤ ᠨᠡᠶᠢᠯᠡᠬᠦᠯᠵᠤ ᠪᠤᠯᠬᠤ ᠦᠭᠡᠢ︔ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠵᠠᠭᠠᠭ ᠬᠢᠵᠠᠭᠠᠷ ᠢ ᠨᠢᠬᠡᠨᠳᠡ ᠲᠤᠭᠳᠠᠭᠠᠭᠰᠠᠨ ᠤ ᠬᠤᠶᠢᠨ᠎ᠠ᠂ ᠬᠠᠤᠯᠢ ᠳᠤ ᠲᠤᠭᠳᠠᠭᠠᠭᠰᠠᠨ ᠵᠢᠷᠤᠮ ᠢ ᠲᠡᠮᠵᠢᠬᠤ ᠦᠭᠡᠢ ᠪᠠᠷ ᠬᠤᠪᠢᠷᠠᠭᠤᠯᠵᠤ ᠪᠤᠯᠬᠤ ᠦᠭᠡᠢ︔ ᠦᠨᠡᠬᠡᠷ ᠬᠠᠰᠤᠬᠤ᠂ ᠨᠡᠶᠢᠯᠡᠬᠦᠯᠬᠦ ᠪᠤᠶᠤ ᠬᠤᠪᠢᠷᠠᠭᠤᠯᠬᠤ ᠴᠢᠬᠤᠯᠠᠳᠠᠢ ᠪᠤᠯ ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠲᠠᠢ ᠬᠦᠢᠴᠡᠳ ᠵᠦᠪᠳᠡᠵᠤ ᠲᠤᠭᠳᠠᠭᠠᠭᠠᠳ᠂ ᠬᠠᠤᠯᠢ ᠳᠤ ᠲᠤᠭᠳᠠᠭᠠᠭᠰᠠᠨ ᠵᠢᠷᠤᠮ ᠤᠨ ᠶᠤᠰᠤᠭᠠᠷ ᠲᠡᠭᠡᠭᠰᠢ ᠮᠡᠳᠡᠬᠦᠯᠵᠤ ᠵᠦᠪᠰᠢᠶᠠᠷᠡᠬᠦᠯᠬᠦ ᠬᠡᠷᠡᠭᠳᠡᠢ᠃      ᠠᠷᠪᠠᠨ ᠲᠠᠪᠤᠳᠤᠭᠠᠷ ᠵᠦᠢᠯ   ᠦᠪᠡᠷᠳᠡᠬᠡᠨ ᠵᠠᠰᠠᠬᠤ ᠤᠷᠤᠨ᠂ ᠦᠪᠡᠷᠳᠡᠬᠡᠨ ᠵᠠᠰᠠᠬᠤ ᠵᠧᠦ᠂ ᠦᠪᠡᠷᠳᠡᠬᠡᠨ ᠵᠠᠰᠠᠬᠤ ᠰᠢᠶᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠠ ᠠᠷᠠᠳ ᠤᠨ ᠵᠠᠰᠠᠭ ᠤᠨ ᠤᠷᠳᠤᠨ ᠪᠤᠯ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠮᠦᠨ᠃     ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠲᠤᠰ ᠱᠠᠳᠤᠨ ᠤ ᠪᠠᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠪᠠ ᠲᠡᠬᠡᠳᠦ ᠨᠢᠬᠡ ᠱᠠᠳᠤᠨ ᠤ ᠲᠦᠷᠦ ᠶᠢᠨ ᠵᠠᠰᠠᠭ ᠵᠠᠷᠬᠢᠭᠠᠨ ᠤ ᠪᠠᠶᠢᠭᠤᠯᠭ᠎ᠠ ᠳᠤ ᠬᠠᠷᠢᠭᠤᠴᠠᠬᠤ ᠪᠦᠬᠡᠳ ᠠᠵᠢᠯ ᠢᠶᠠᠨ ᠮᠡᠳᠡᠬᠦᠯᠦᠨ᠎ᠡ᠂ ᠲᠤᠰ ᠱᠠᠳᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠤ ᠲᠤᠰ ᠱᠠᠳᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠠᠷᠢᠭᠤᠴᠠᠬᠤ ᠪᠦᠬᠡᠳ ᠠᠵᠢᠯ ᠢᠶᠠᠨ ᠮᠡᠳᠡᠬᠦᠯᠦᠨ᠎ᠡ᠃ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠷᠠᠳ ᠤᠨ ᠵᠠᠰᠠᠭ  ᠤᠨ ᠤᠷᠳᠤᠨ ᠪᠤᠯ ᠴᠦᠮ ᠲᠦᠷᠦ ᠶᠢᠨ ᠶᠠᠪᠤᠳᠠᠯ ᠤᠨ ᠬᠤᠷᠢᠶᠠᠨ ᠤ ᠨᠢᠬᠡᠳᠦᠯᠳᠡᠢ ᠤᠳᠤᠷᠢᠳᠤᠯᠭ᠎ᠠ ᠲᠤᠤᠷᠠᠬᠢ ᠲᠦᠷᠦ ᠶᠢᠨ ᠵᠠᠰᠭ ᠵᠠᠬᠢᠷᠭᠠᠨ ᠤ ᠪᠠᠶᠢᠭᠤᠯᠭ᠎ᠠ ᠮᠦᠨ᠂ ᠴᠦᠮ ᠲᠦᠷᠦ ᠶᠢᠨ ᠶᠠᠪᠤᠳᠠᠯ ᠤᠨ ᠬᠤᠷᠢᠶ᠎ᠠ ᠶᠢ ᠲᠠᠭᠠᠬᠤ ᠬᠡᠷᠡᠭᠳᠡᠢ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠶᠢᠨ ᠵᠤᠬᠢᠶᠠᠨ ᠪᠠᠶᠢᠭᠤᠯᠤᠯᠳᠠ ᠪᠤᠯᠤᠨ ᠠᠵᠢᠯ ᠢ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠦᠨᠳᠤᠰᠤᠯᠠᠨ᠂ ᠦᠨᠳᠤᠰᠤᠳᠠᠨ ᠤ ᠦᠪᠡᠷᠳᠡᠬᠡᠨ ᠵᠠᠰᠠᠬᠤ ᠣᠷᠤᠨ ᠨᠤᠳᠤᠭ ᠤᠨ ᠦᠪᠡᠷᠳᠡᠬᠡᠨ ᠵᠠᠰᠠᠬᠤ ᠲᠦᠷᠢᠮ ᠪᠤᠶᠤ ᠲᠤᠰᠬᠠᠢ ᠲᠦᠷᠢᠮ ᠢᠶᠠᠷ ᠲᠤᠭᠳᠠᠭᠠᠨ᠎ᠠ᠃     ᠠᠷᠪᠠᠨ ᠵᠢᠷᠭᠤᠳᠤᠭᠠᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠳᠤ ᠤᠷᠤᠨ ᠤ ᠦᠪᠡᠷᠳᠡᠬᠡᠨ ᠵᠠᠰᠠᠬᠤ ᠶᠢ ᠬᠡᠷᠡᠭᠵᠢᠬᠦᠯᠵᠤ ᠪᠠᠶᠢᠭ᠎ᠠ ᠦᠨᠳᠤᠰᠤᠳᠠᠨ ᠤ ᠲᠦᠯᠦᠬᠡᠯᠡᠭᠴᠢ ᠪᠠᠶᠢᠬᠤ ᠠᠴᠠ ᠭᠠᠳᠠᠨ᠎ᠠ᠂ ᠲᠤᠰ ᠵᠠᠰᠠᠭ ᠵᠠᠬᠢᠷᠭᠠᠨ ᠤ ᠤᠷᠤᠨ ᠳᠤ ᠰᠠᠭᠤᠵᠤ ᠪᠠᠶᠢᠭ᠎ᠠ ᠪᠤᠰᠤᠳ ᠦᠨᠳᠤᠰᠤᠳᠠᠨ ᠤ ᠵᠤᠬᠢᠬᠤ ᠲᠤᠭᠠᠨ ᠤ ᠲᠦᠯᠦᠬᠡᠯᠡᠭᠴᠢ ᠴᠦ ᠪᠠᠶᠢᠬᠤ ᠬᠡᠷᠡᠭᠳᠡᠢ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠳᠤ ᠤᠷᠤᠨ ᠤ ᠦᠪᠡᠷᠳᠡᠬᠡᠨ ᠵᠠᠰᠠᠬᠤ ᠶᠢ ᠬᠡᠷᠡᠭᠵᠢᠬᠦᠯᠵᠤ ᠪᠠᠶᠢᠭ᠎ᠠ ᠦᠨᠳᠤᠰᠤᠳᠠᠨ ᠤ ᠪᠠ ᠪᠤᠰᠤᠳ ᠴᠦᠬᠡᠨ ᠲᠤᠭᠠᠳᠦ ᠦᠨᠳᠤᠰᠤᠳᠠᠨ ᠤ ᠲᠦᠯᠦᠬᠡᠯᠡᠭᠴᠢᠳ ᠤᠨ ᠡᠵᠡᠯᠡᠬᠦ ᠲᠤᠭ᠎ᠠ ᠪᠠ ᠬᠠᠷᠢᠴᠠᠯ ᠢ ᠬᠠᠤᠯᠢ ᠪᠠᠷ ᠲᠤᠭᠳᠠᠭᠠᠭᠰᠠᠨ ᠵᠠᠷᠴᠢᠮ ᠢ ᠦᠨᠳᠤᠰᠤᠯᠠᠵᠤ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠲᠤᠭᠳᠠᠭᠠᠬᠤ ᠪᠦᠬᠡᠳ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠬᠦᠯᠵᠤ ᠲᠡᠩᠰᠡᠯᠠᠭᠤᠯᠤᠨ᠎ᠠ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠳᠤᠷ᠎ᠠ᠂ ᠤᠷᠤᠨ ᠤ ᠦᠪᠡᠷᠳᠡᠬᠡᠨ ᠵᠠᠰᠠᠬᠤ ᠶᠢ ᠬᠡᠷᠡᠭᠵᠢᠬᠦᠯᠵᠤ ᠪᠠᠶᠢᠭ᠎ᠠ ᠦᠨᠳᠤᠰᠤᠳᠠᠨ ᠤ ᠠᠷᠠᠳ ᠢᠷᠬᠡᠳ ᠡᠷᠬᠢᠯᠡᠭᠴᠢ ᠪᠤᠶᠤ ᠲᠡᠳ᠋ ᠡᠷᠬᠢᠯᠡᠭᠴᠢ ᠪᠤᠯᠤᠭᠰᠠᠨ ᠪᠠᠶᠢᠬᠤ ᠬᠡᠷᠡᠭᠳᠡᠢ᠃     ᠠᠷᠪᠠᠨ ᠲᠤᠯᠤᠳᠤᠭᠠᠷ ᠵᠦᠢᠯ   ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠬᠡᠨ ᠵᠠᠰᠠᠬᠤ ᠵᠧᠦ  ᠶᠢᠨ ᠲᠠᠷᠤᠭ᠎ᠠ᠂ ᠦᠪᠡᠷᠳᠡᠬᠡᠨ ᠵᠠᠰᠠᠬᠤ ᠰᠢᠶᠠᠨ ᠤ ᠲᠠᠷᠤᠭ᠎ᠠ ᠶᠢᠨ ᠲᠤᠰᠢᠶᠠᠯ ᠢ ᠤᠷᠤᠨ ᠤ ᠦᠪᠡᠷᠳᠡᠬᠡᠨ ᠵᠠᠰᠠᠬᠤ ᠶᠢ ᠬᠡᠷᠡᠭᠵᠢᠬᠦᠯᠵᠤ ᠪᠠᠶᠢᠭ᠎ᠠ ᠦᠨᠳᠤᠰᠤᠳᠠᠨ ᠤ ᠠᠷᠠᠳ ᠢᠷᠬᠡᠨ ᠡᠬᠦᠷᠬᠡᠯᠡᠨ᠎ᠡ᠃ ᠦᠪᠡᠷᠳᠡᠬᠡᠨ ᠵᠠᠰᠠᠬᠤ ᠤᠷᠤᠨ᠂ ᠦᠪᠡᠷᠳᠡᠬᠡᠨ ᠵᠠᠰᠠᠬᠤ ᠵᠧᠦ᠂ ᠦᠪᠡᠷᠳᠡᠬᠡᠨ ᠵᠠᠰᠠᠬᠤ ᠰᠢᠶᠠᠨ ᠤ ᠠᠷᠠᠳ ᠤᠨ ᠵᠠᠰᠠᠭ ᠤᠨ ᠤᠷᠳᠤᠨ ᠤ ᠪᠤᠰᠤᠳ ᠪᠦᠷᠢᠯᠳᠦᠬᠦᠨ ᠨᠡᠷ᠎ᠡ ᠶᠢᠨ ᠲᠤᠳᠤᠷ᠎ᠠ᠂ ᠤᠷᠤᠨ ᠤ ᠦᠪᠡᠷᠳᠡᠬᠡᠨ ᠵᠠᠰᠠᠬᠤ ᠶᠢ ᠬᠡᠷᠡᠭᠵᠢᠬᠦᠯᠵᠤ ᠪᠠᠶᠢᠭ᠎ᠠ ᠦᠨᠳᠤᠰᠤᠳᠠᠨ  ᠤ ᠪᠠ ᠪᠤᠰᠤᠳ ᠴᠦᠬᠡᠨ ᠲᠤᠭᠠᠳᠦ ᠦᠨᠳᠤᠰᠤᠳᠠᠨ ᠤ ᠬᠦᠮᠦᠰ ᠢ ᠵᠦᠢ ᠵᠤᠬᠢᠰᠳᠠᠢ ᠲᠤᠬᠢᠷᠠᠭᠤᠯᠬᠤ ᠬᠡᠷᠡᠭᠳᠡᠢ᠃     ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠳᠡᠬᠡᠨ ᠵᠠᠰᠠᠬᠤ ᠵᠧᠦ ᠶᠢᠨ ᠲᠠᠷᠤᠭ᠎ᠠ᠂ ᠦᠪᠡᠷᠳᠡᠬᠡᠨ ᠵᠠᠰᠠᠬᠤ ᠰᠢᠶᠠᠨ ᠤ ᠲᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠦᠨ᠎ᠡ᠃ ᠦᠪᠡᠷᠳᠡᠬᠡᠨ ᠵᠠᠰᠠᠬᠤ ᠤᠷᠤᠨ ᠤ ᠲᠠᠷᠢᠬᠦᠯᠡᠭᠴᠢ᠂ ᠦᠪᠡᠷᠳᠡᠬᠡᠨ ᠵᠠᠰᠬᠤ ᠵᠧᠦ ᠶᠢᠨ ᠲᠠᠷᠤᠭ᠎ᠠ᠂ ᠦᠪᠡᠷᠳᠡᠬᠡᠨ ᠵᠠᠰᠠᠬᠤ ᠰᠢᠶᠠᠨ ᠤ ᠲᠠᠷᠤᠭ᠎ᠠ  ᠨᠢ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠵᠢᠯ ᠢ ᠲᠤᠰ ᠲᠤᠰ ᠡᠷᠬᠢᠯᠡᠨ᠎ᠡ᠃     ᠠᠷᠪᠠᠨ ᠨᠠᠢᠮᠠᠳᠤᠭᠠᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠳᠤ ᠬᠠᠷᠢᠶᠠᠯᠠᠭᠳᠠᠬᠤ ᠠᠵᠢᠯ ᠤᠨ ᠰᠠᠯᠠᠭ᠎ᠠ ᠮᠦᠴᠢᠷ ᠤᠨ ᠺᠠᠳ᠋ᠷᠴᠤᠳ ᠤᠨ ᠲᠤᠳᠤᠷ᠎ᠠ᠂ ᠤᠷᠤᠨ  ᠤ ᠦᠪᠡᠷᠳᠡᠬᠡᠨ ᠵᠠᠰᠠᠬᠤ ᠶᠢ ᠬᠡᠷᠡᠭᠵᠢᠬᠦᠯᠵᠤ ᠪᠠᠶᠢᠭ᠎ᠠ ᠦᠨᠳᠤᠰᠤᠳᠠᠨ ᠤ ᠪᠠ ᠪᠤᠰᠤᠳ ᠴᠦᠬᠡᠨ ᠲᠤᠭᠠᠳᠦ ᠦᠨᠳᠤᠰᠤᠳᠠᠨ ᠤ ᠬᠦᠮᠦᠰ ᠢ ᠵᠦᠢ ᠵᠤᠬᠢᠰᠳᠠᠢ ᠲᠤᠬᠢᠷᠠᠭᠤᠯᠬᠤ ᠬᠡᠷᠡᠭᠳᠡᠢ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号