ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠬᠠᠤᠯᠢ ︵ᠭᠤᠷᠪᠠ︶
ᠨᠡᠶᠢᠲᠡᠯᠡᠭᠰᠡᠨ ᠴᠠᠭ᠄
2020/5/15
      ᠭᠤᠷᠪᠠᠳᠤᠭᠠᠷ ᠪᠦᠯᠦᠭ     ᠦᠪᠡᠷᠳᠡᠬᠡᠨ ᠵᠠᠰᠠᠬᠤ ᠪᠠᠶᠢᠭᠤᠯᠭ᠎ᠠ ᠶᠢᠨ ᠦᠪᠡᠷᠳᠡᠬᠡᠨ ᠵᠠᠰᠠᠬᠤ ᠡᠷᠬᠡ        ᠠᠷᠪᠠ ᠶᠢᠰᠦᠳᠦᠬᠡᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠷᠠᠳ  ᠤᠨ ᠲᠦᠯᠦᠬᠡᠯᠡᠭᠴᠢᠳ ᠤᠨ ᠶᠡᠭᠡ ᠬᠤᠷᠠᠯ ᠨᠢ ᠲᠤᠰ ᠭᠠᠵᠠᠷ ᠤᠨ ᠦᠨᠳᠤᠰᠤᠳᠠᠨ ᠤ ᠪᠠᠨ ᠤᠯᠤᠰ ᠲᠦᠷᠦ᠂ ᠠᠵᠤ ᠠᠬᠤᠢ ᠪᠠ ᠰᠤᠶᠤᠯ ᠤᠨ ᠤᠨᠴᠠᠯᠢᠭ ᠢ ᠦᠨᠳᠤᠰᠤᠯᠠᠵᠤ᠂ ᠦᠪᠡᠷᠳᠡᠬᠡᠨ ᠵᠠᠰᠠᠬᠤ ᠲᠦᠷᠢᠮ ᠪᠠ ᠲᠤᠰᠬᠠᠢ ᠲᠦᠷᠢᠮ ᠢ ᠲᠤᠭᠳᠠᠭᠠᠬᠤ ᠡᠷᠬᠡ ᠲᠠᠢ᠃ ᠦᠪᠡᠷᠳᠡᠬᠡᠨ ᠵᠠᠰᠠᠬᠤ ᠤᠷᠤᠨ ᠤ ᠦᠪᠡᠷᠳᠡᠬᠡᠨ ᠵᠠᠰᠠᠬᠤ ᠲᠦᠷᠢᠮ ᠪᠠ ᠲᠤᠰᠬᠠᠢ ᠲᠦᠷᠢᠮ ᠨᠢ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ  ᠳᠤ ᠮᠡᠳᠡᠬᠦᠯᠵᠤ ᠵᠦᠪᠰᠢᠶᠠᠷᠡᠬᠦᠯᠦᠭᠰᠡᠨ ᠤ ᠲᠠᠷᠠᠭ᠎ᠠ ᠬᠦᠴᠦᠨ ᠲᠠᠢ ᠪᠤᠯᠤᠨ᠎ᠠ᠃ ᠦᠪᠡᠷᠳᠡᠬᠡᠨ ᠵᠠᠰᠠᠬᠤ ᠵᠧᠦ᠂ ᠦᠪᠡᠷᠳᠡᠬᠡᠨ ᠵᠠᠰᠠᠬᠤ ᠰᠢᠶᠠᠨ ᠤ ᠦᠪᠡᠷᠳᠡᠬᠡᠨ ᠵᠠᠰᠠᠬᠤ ᠲᠦᠷᠢᠮ ᠪᠠ ᠲᠤᠰᠬᠠᠢ ᠲᠦᠷᠢᠮ ᠨᠢ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠬᠦᠯᠵᠤ ᠵᠦᠪᠰᠢᠶᠡᠷᠡᠬᠦᠯᠦᠭᠰᠡᠨ ᠤ ᠲᠠᠷᠠᠭ᠎ᠠ ᠬᠦᠴᠦᠨ ᠲᠠᠢ ᠪᠤᠯᠬᠤ ᠪᠦᠬᠡᠳ ᠲᠡᠬᠦᠨ ᠢ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠯᠤᠨ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠵᠤ ᠲᠠᠩᠰᠠᠯᠠᠭᠤᠯᠬᠤ ᠬᠡᠷᠡᠭᠳᠡᠢ᠃      ᠬᠤᠷᠢᠳᠤᠭᠠᠷ ᠵᠦᠢᠯ   ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠶᠢᠨ ᠰᠢᠢᠳᠪᠦᠷᠢ᠂ ᠲᠤᠭᠳᠠᠭᠠᠯ᠂ ᠵᠠᠷᠯᠢᠭ ᠪᠠ ᠵᠢᠭᠠᠪᠦᠷᠢ ᠨᠢ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠪᠤᠳᠠᠳᠦ ᠪᠠᠶᠢᠳᠠᠯ ᠲᠠᠢ ᠲᠤᠬᠢᠷᠠᠬᠤ ᠦᠬᠡᠢ ᠪᠠᠶᠢᠪᠠᠯ᠂ ᠦᠪᠡᠷᠳᠡᠬᠡᠨ ᠵᠠᠰᠠᠬᠤ ᠪᠠᠶᠢᠭᠤᠯᠭ᠎ᠠ ᠨᠢ ᠲᠤᠰ ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠳᠠᠭᠠᠨ ᠮᠡᠳᠡᠬᠦᠯᠦᠨ ᠵᠦᠪᠰᠢᠶᠠᠷᠡᠬᠦᠯᠦᠬᠡᠳ᠂ ᠵᠤᠬᠢᠴᠠᠭᠤᠯᠤᠨ ᠬᠤᠪᠢᠷᠠᠭᠤᠯᠵᠤ ᠬᠡᠷᠡᠭᠵᠢᠬᠦᠯᠬᠦ ᠪᠤᠶᠤ ᠬᠡᠷᠡᠭᠵᠢᠬᠦᠯᠬᠦ ᠪᠠᠨ ᠵᠤᠭᠰᠤᠭᠠᠵᠤ ᠪᠤᠯᠤᠨ᠎ᠠ︔ ᠲᠤᠰ ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠨᠢ ᠮᠡᠳᠡᠬᠦᠯᠦᠯᠳᠡ ᠶᠢ ᠬᠦᠯᠢᠶᠠᠨ ᠠᠪᠤᠭᠰᠠᠨ ᠡᠳᠦᠷ ᠠᠴᠠ ᠡᠬᠢᠯᠡᠨ ᠵᠢᠷᠡᠨ ᠡᠳᠦᠷ ᠤᠨ ᠲᠤᠳᠤᠷ᠎ᠠ ᠬᠠᠷᠢᠭᠤᠯᠳᠠ ᠦᠭᠬᠦ ᠬᠡᠷᠡᠭᠳᠡᠢ᠃      ᠬᠤᠷᠢᠨ ᠨᠢᠬᠡᠳᠦᠬᠡᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠡᠬᠦᠷᠬᠡ ᠲᠤᠰᠢᠶᠠᠯ ᠢᠶᠠᠨ ᠬᠦᠢᠴᠡᠳᠬᠡᠬᠦ ᠳᠡᠭᠡᠨ ᠲᠤᠰ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠲᠦᠷᠢᠮ ᠤᠨ ᠲᠤᠭᠳᠠᠭᠠᠯ ᠶᠤᠰᠤᠭᠠᠷ᠂ ᠲᠤᠬᠠᠢ ᠶᠢᠨ ᠭᠠᠵᠠᠷ  ᠲᠤ ᠨᠡᠶᠢᠳᠡᠮ ᠬᠡᠷᠡᠭᠯᠡᠵᠤ ᠪᠠᠶᠢᠭ᠎ᠠ ᠨᠢᠬᠡ ᠪᠤᠶᠤ ᠬᠡᠳᠦᠨ ᠵᠦᠢᠯ ᠤᠨ ᠦᠬᠡ ᠬᠡᠯᠡ ᠦᠰᠦᠭ ᠪᠢᠴᠢᠭ ᠢ ᠬᠡᠷᠡᠭᠯᠡᠨ᠎ᠡ︔ ᠨᠡᠶᠢᠳᠡᠮ ᠬᠡᠷᠡᠭᠯᠡᠵᠤ ᠪᠠᠶᠢᠭ᠎ᠠ ᠬᠡᠳᠦᠨ ᠵᠦᠢᠯ ᠤᠨ ᠦᠬᠡ ᠬᠡᠯᠡ ᠦᠰᠦᠭ ᠪᠢᠴᠢᠭ ᠢ ᠵᠡᠷᠬᠡᠪᠡᠷ ᠬᠡᠷᠡᠭᠯᠡᠨ ᠡᠬᠦᠷᠬᠡ ᠲᠤᠰᠢᠶᠠᠯ ᠢᠶᠠᠨ ᠬᠦᠢᠴᠡᠳᠬᠡᠬᠦ ᠳᠤ ᠬᠦᠷᠪᠡᠯ᠂ ᠤᠷᠤᠨ ᠤ ᠦᠪᠡᠷᠳᠡᠬᠡᠨ ᠵᠠᠰᠠᠬᠤ ᠶᠢ ᠬᠡᠷᠡᠭᠵᠢᠬᠦᠯᠵᠤ ᠪᠠᠶᠢᠭ᠎ᠠ ᠦᠨᠳᠤᠰᠤᠳᠠᠨ ᠤ ᠦᠬᠡ ᠬᠡᠯᠡ ᠦᠰᠦᠭ ᠪᠢᠴᠢᠭ ᠢᠶᠠᠷ ᠭᠤᠤᠯ ᠪᠤᠯᠭᠠᠵᠤ ᠪᠤᠯᠤᠨ᠎ᠠ᠃      ᠬᠤᠷᠢᠨ ᠬᠤᠶᠠᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠨᠡᠶᠢᠬᠡᠮ ᠵᠢᠷᠤᠮᠳᠦ ᠪᠦᠳᠦᠬᠡᠨ ᠪᠠᠶᠢᠭᠤᠯᠤᠯᠳᠠ ᠶᠢᠨ ᠬᠡᠷᠡᠭᠴᠡᠭᠡ ᠶᠢ ᠦᠨᠳᠤᠰᠤᠯᠠᠨ᠂ ᠤᠯᠠᠨ ᠵᠦᠢᠯ ᠤᠨ ᠠᠷᠭ᠎ᠠ ᠬᠡᠮᠵᠢᠶ᠎ᠠ ᠠᠪᠴᠦ ᠲᠤᠰ ᠭᠠᠵᠠᠷ ᠤᠨ ᠢᠶᠠᠨ ᠦᠨᠳᠤᠰᠤᠳᠠᠨ ᠨᠦᠭᠦᠳ ᠤᠨ ᠲᠤᠳᠤᠷ᠎ᠠ  ᠠᠴᠠ ᠡᠯ᠎ᠠ ᠱᠠᠳᠤᠨ ᠤ ᠺᠠᠳ᠋ᠷ᠂ ᠰᠢᠨᠵᠢᠯᠡᠬᠦ ᠤᠬᠠᠭᠠᠨ ᠮᠡᠷᠬᠡᠵᠢᠯ᠂ ᠡᠵᠡᠩᠨᠡᠯᠳᠡ ᠬᠠᠮᠢᠶᠠᠷᠤᠯᠳᠠ ᠵᠡᠷᠬᠡ ᠲᠦᠷᠦᠯ ᠪᠦᠷᠢ ᠶᠢᠨ ᠲᠤᠰᠬᠠᠢ ᠠᠵᠢᠯ ᠤᠨ ᠴᠢᠳᠠᠪᠦᠷᠢᠳᠡᠨ ᠪᠠ ᠮᠡᠷᠬᠡᠵᠢᠯᠳᠡᠢ ᠠᠵᠢᠯᠴᠢᠨ ᠢ ᠦᠯᠡᠮᠵᠢ ᠤᠯᠠᠨ ᠬᠦᠮᠦᠵᠢᠬᠦᠯᠵᠤ᠂ ᠲᠡᠳᠡᠨ ᠤ ᠦᠢᠯᠡᠳᠦᠯ ᠢ ᠪᠦᠷᠢᠨ ᠪᠠᠳᠠᠷᠠᠭᠤᠯᠬᠤ ᠪᠦᠬᠡᠳ ᠴᠦᠬᠡᠨ ᠲᠤᠭᠠᠳᠦ ᠦᠨᠳᠤᠰᠤᠳᠠᠨ ᠤ ᠡᠮᠡᠭᠳᠡᠶᠢᠴᠤᠳ ᠤᠨ ᠲᠤᠳᠤᠷ᠎ᠠ ᠠᠴᠠ ᠡᠯ᠎ᠠ ᠱᠠᠳᠤᠨ ᠤ ᠺᠠᠳ᠋ᠷ ᠪᠠ ᠲᠦᠷᠦᠯ ᠪᠦᠷᠢ ᠶᠢᠨ ᠠᠵᠢᠯ ᠤᠨ ᠲᠤᠰᠬᠠᠢ ᠮᠡᠷᠬᠡᠵᠢᠯ ᠤᠨ ᠴᠢᠳᠠᠪᠦᠷᠢᠳᠡᠨ ᠢ ᠠᠩᠬᠠᠷᠤᠨ ᠬᠦᠮᠦᠵᠢᠬᠦᠯᠦᠨ᠎ᠡ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠠᠵᠢᠯᠳᠠᠨ ᠡᠯᠰᠡᠵᠤ ᠬᠡᠷᠡᠭᠯᠡᠬᠦ ᠳᠡᠭᠡᠨ ᠤᠷᠤᠨ ᠤ ᠦᠪᠡᠷᠳᠡᠬᠡᠨ ᠵᠠᠰᠠᠬᠤ ᠶᠢ ᠬᠡᠷᠡᠭᠵᠢᠬᠦᠯᠵᠤ ᠪᠠᠶᠢᠭ᠎ᠠ ᠦᠨᠳᠤᠰᠤᠳᠠᠨ ᠪᠠ ᠪᠤᠰᠤᠳ ᠴᠦᠬᠡᠨ ᠲᠤᠭᠠᠳᠦ ᠦᠨᠳᠤᠰᠤᠳᠠᠨ ᠤ ᠬᠦᠮᠦᠰ ᠲᠤ ᠵᠤᠬᠢᠰᠳᠠᠢ ᠬᠠᠷᠠᠭᠠᠯᠵᠠᠯ ᠦᠵᠡᠬᠦᠯᠬᠦ ᠬᠡᠷᠡᠭᠳᠡᠢ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠲᠦᠷᠦᠯ ᠪᠦᠷᠢ ᠶᠢᠨ ᠲᠤᠰᠬᠠᠢ ᠮᠡᠷᠬᠡᠵᠢᠯ ᠤᠨ ᠬᠦᠮᠦᠰ ᠤᠨ ᠦᠪᠡᠷᠳᠡᠬᠡᠨ ᠵᠠᠰᠠᠬᠤ ᠤᠷᠤᠨ ᠨᠤᠳᠤᠭ ᠤᠨ ᠡᠯ᠎ᠠ ᠵᠦᠢᠯ ᠤᠨ ᠪᠦᠳᠦᠬᠡᠨ ᠪᠠᠶᠢᠭᠤᠯᠤᠯᠳᠠ ᠶᠢᠨ ᠠᠵᠢᠯ ᠳᠤ ᠤᠷᠤᠯᠴᠠᠬᠤ ᠳᠤᠨᠢ ᠬᠠᠷᠠᠭᠠᠯᠵᠠᠯ ᠦᠵᠡᠬᠦᠯᠵᠤ᠂ ᠵᠤᠷᠢᠭᠵᠢᠭᠤᠯᠬᠤ ᠶᠢᠨ ᠲᠤᠰᠠᠳᠠ ᠤᠨᠴᠠᠭᠠᠢ ᠠᠷᠭ᠎ᠠ ᠬᠡᠮᠵᠢᠶ᠎ᠠ ᠠᠪᠴᠦ ᠪᠤᠯᠤᠨ᠎ᠠ᠃      ᠬᠤᠷᠢᠨ ᠭᠤᠷᠪᠠᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠢ ᠤᠯᠤᠰ ᠤᠨ ᠲᠤᠭᠳᠠᠭᠠᠯ ᠶᠤᠰᠤᠭᠠᠷ ᠠᠵᠢᠯᠳᠠᠨ ᠡᠯᠰᠡᠬᠦ ᠳᠡᠭᠡᠨ ᠴᠦᠬᠡᠨ ᠲᠤᠭᠠᠳᠦ ᠦᠨᠳᠤᠰᠤᠳᠠᠨ ᠤ ᠬᠦᠮᠦᠰ ᠢ ᠤᠷᠢᠳᠠᠪᠡᠷ ᠡᠯᠰᠡᠬᠦ ᠬᠡᠷᠡᠭᠳᠡᠢ ᠪᠦᠬᠡᠳ ᠬᠦᠳᠡᠭᠡ ᠲᠤᠰᠬᠤᠨ ᠪᠠ ᠮᠠᠯᠵᠢᠬᠤ ᠤᠷᠤᠨ ᠳᠠᠬᠢ ᠴᠦᠬᠡᠨ ᠲᠤᠭᠠᠳᠦ ᠦᠨᠳᠤᠰᠤᠳᠠᠨ ᠤ ᠬᠦᠮᠦᠨ ᠠᠮᠠ ᠶᠢᠨ ᠲᠤᠳᠤᠷ᠎ᠠ ᠠᠴᠠ ᠡᠯᠰᠡᠵᠤ ᠪᠤᠯᠤᠨ᠎ᠠ᠃      ᠬᠤᠷᠢᠨ ᠲᠦᠷᠪᠡᠳᠦᠬᠡᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠯᠤᠰ ᠤᠨ ᠴᠡᠷᠢᠭ ᠤᠨ ᠶᠠᠪᠤᠳᠠᠯ ᠤᠨ ᠲᠦᠷᠢᠮ ᠪᠠ ᠲᠤᠬᠠᠢ ᠶᠢᠨ ᠭᠠᠵᠠᠷ  ᠤᠨ ᠢᠶᠠᠨ ᠪᠤᠳᠠᠳᠠᠢ ᠬᠡᠷᠡᠭᠴᠡᠭᠡ ᠶᠢ ᠦᠨᠳᠤᠰᠤᠯᠠᠨ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠠᠷᠡᠬᠦᠯᠦᠭᠰᠡᠨ᠂ ᠲᠤᠰ ᠤᠷᠤᠨ ᠨᠤᠳᠤᠭ ᠤᠨ ᠢᠶᠠᠨ ᠨᠡᠶᠢᠬᠡᠮ ᠤᠨ ᠠᠮᠤᠷ ᠲᠦᠪᠰᠢᠨ ᠢ ᠬᠠᠮᠠᠭᠠᠯᠠᠬᠤ ᠲᠤᠳᠤᠭᠠᠳᠦ ᠶᠢ ᠬᠠᠮᠠᠭᠠᠯᠠᠬᠤ ᠴᠡᠷᠢᠭ ᠠᠩᠬᠢ ᠪᠠᠶᠢᠭᠤᠯᠵᠤ ᠪᠤᠯᠤᠨ᠎ᠠ᠃      ᠬᠤᠷᠢᠨ ᠲᠠᠪᠤᠳᠤᠭᠠᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠯᠤᠰ ᠤᠨ ᠲᠦᠯᠦᠪᠯᠡᠭᠡ ᠶᠢᠨ ᠵᠢᠯᠤᠭᠤᠳᠤᠯᠭ᠎ᠠ ᠶᠢᠨ ᠲᠤᠤᠷ᠎ᠠ᠂ ᠲᠤᠰ ᠤᠷᠤᠨ ᠨᠤᠳᠤᠭ ᠤᠨ ᠢᠶᠠᠨ ᠤᠨᠴᠠᠯᠢᠭ ᠪᠠ ᠬᠡᠷᠡᠭᠴᠡᠭᠡ ᠶᠢ ᠦᠨᠳᠤᠰᠤᠯᠠᠨ᠂ ᠠᠵᠤ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠴᠢᠭᠯᠡᠯᠳᠡ᠂ ᠲᠦᠷᠦ ᠶᠢᠨ ᠪᠤᠳᠤᠯᠭ᠎ᠠ ᠪᠠ ᠲᠦᠯᠦᠪᠯᠡᠭᠡ ᠶᠢ ᠲᠤᠭᠳᠠᠭᠠᠵᠤ᠂ ᠤᠷᠤᠨ ᠨᠤᠳᠤᠭ  ᠤᠨ ᠴᠢᠨᠠᠷᠳᠠᠢ ᠠᠵᠤ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠦᠢᠯᠡᠰ ᠢ ᠡᠵᠡᠨ ᠮᠡᠳᠡᠵᠤ ᠲᠤᠬᠢᠷᠠᠭᠤᠯᠤᠨ ᠬᠠᠮᠢᠶᠠᠷᠤᠨ᠎ᠠ᠃      ᠬᠤᠷᠢᠨ ᠵᠢᠷᠭᠤᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠨᠡᠶᠢᠬᠡᠮ ᠵᠢᠷᠤᠮ ᠤᠨ ᠵᠠᠷᠴᠢᠮ ᠢ ᠪᠠᠷᠢᠮᠳᠠᠯᠠᠬᠤ ᠤᠷᠢᠳᠠᠯ ᠤᠨ ᠲᠤᠤᠷ᠎ᠠ᠂ ᠬᠠᠤᠯᠢ ᠶᠢᠨ ᠲᠤᠭᠳᠠᠭᠠᠯ ᠪᠠ ᠲᠤᠰ ᠤᠷᠤᠨ ᠨᠤᠳᠤᠭ ᠤᠨ ᠢᠶᠠᠨ ᠠᠵᠤ ᠠᠬᠤᠢ ᠶᠢᠨ ᠬᠦᠭᠵᠢᠯᠳᠡ ᠶᠢᠨ ᠤᠨᠴᠠᠯᠢᠭ ᠢ ᠦᠨᠳᠤᠰᠤᠯᠠᠨ᠂ ᠦᠢᠯᠡᠳᠪᠦᠷᠢᠯᠡᠯ ᠤᠨ ᠬᠠᠷᠢᠴᠠᠭ᠎ᠠ ᠪᠤᠯᠤᠨ ᠠᠵᠤ ᠠᠬᠤᠢ ᠶᠢᠨ ᠪᠦᠳᠦᠴᠡ ᠶᠢ ᠵᠦᠢ ᠵᠤᠬᠢᠰᠳᠠᠢ ᠲᠤᠬᠢᠷᠠᠭᠤᠯᠵᠤ᠂ ᠨᠡᠶᠢᠬᠡᠮ ᠵᠢᠷᠤᠮ ᠤᠨ ᠵᠠᠬ᠎ᠠ ᠲᠡᠯᠬᠡᠬᠦᠷ ᠤᠨ ᠠᠵᠤ ᠠᠬᠤᠢ ᠶᠢ ᠴᠢᠷᠮᠡᠶᠢᠨ ᠬᠦᠭᠵᠢᠬᠦᠯᠦᠨ᠎ᠡ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠨᠡᠶᠢᠳᠡ ᠶᠢᠨ ᠦᠮᠴᠢᠯᠡᠯ ᠢᠶᠠᠷ ᠭᠤᠤᠯ ᠴᠤᠭᠴᠠ ᠪᠤᠯᠭᠠᠭᠰᠠᠨ ᠤᠯᠠᠨ ᠲᠦᠷᠦᠯ ᠤᠨ ᠦᠮᠴᠢᠯᠡᠯ ᠤᠨ ᠠᠵᠤ ᠠᠬᠤᠢ  ᠶᠢ ᠬᠠᠮᠳᠦ ᠪᠠᠷ ᠬᠦᠭᠵᠢᠬᠦᠯᠬᠦ ᠠᠵᠤ ᠠᠬᠤᠢ ᠶᠢᠨ ᠦᠨᠳᠤᠰᠤᠨ ᠪᠠᠶᠢᠭᠤᠯᠤᠯ ᠢ ᠪᠠᠷᠢᠮᠳᠠᠯᠠᠵᠤ᠂ ᠨᠡᠶᠢᠳᠡ ᠶᠢᠨ ᠦᠮᠴᠢᠯᠠᠯ ᠤᠨ ᠪᠤᠰᠤ ᠠᠵᠤ ᠠᠬᠤᠢ ᠶᠢ ᠬᠦᠭᠵᠢᠬᠦᠯᠬᠦ ᠶᠢ ᠵᠤᠷᠢᠭᠵᠢᠭᠤᠯᠤᠨ᠎ᠠ᠃      ᠬᠤᠷᠢᠨ ᠲᠤᠯᠤᠳᠤᠭᠠᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠬᠠᠤᠯᠢ ᠶᠢᠨ ᠲᠤᠭᠳᠠᠭᠠᠯ ᠢ ᠦᠨᠳᠤᠰᠤᠯᠠᠨ᠂ ᠲᠤᠰ ᠤᠷᠤᠨ ᠨᠤᠳᠤᠭ ᠤᠨ  ᠢᠶᠠᠨ ᠲᠤᠳᠤᠷᠠᠬᠢ ᠨᠤᠳᠤᠭ ᠪᠡᠯᠴᠢᠬᠡᠷ ᠪᠠ ᠤᠢ ᠰᠢᠭᠤᠢ ᠶᠢᠨ ᠦᠮᠴᠢᠯᠡᠬᠦ ᠡᠷᠬᠡ ᠪᠠ ᠬᠡᠷᠡᠭᠯᠡᠬᠦ ᠡᠷᠬᠡ ᠶᠢ ᠲᠤᠭᠳᠠᠭᠠᠨ᠎ᠠ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠨᠤᠳᠤᠭ ᠪᠡᠯᠴᠢᠬᠡᠷ ᠪᠠ ᠤᠢ ᠰᠢᠭᠤᠢ ᠶᠢ ᠬᠠᠮᠠᠭᠠᠯᠠᠨ᠂ ᠪᠦᠳᠦᠬᠡᠨ ᠪᠠᠶᠢᠭᠤᠯᠵᠤ᠂ ᠡᠪᠡᠰᠦ ᠮᠤᠳᠤ ᠲᠠᠷᠢᠬᠤ ᠶᠢ ᠵᠤᠬᠢᠶᠠᠨ ᠪᠠᠶᠢᠭᠤᠯᠵᠤ ᠵᠤᠷᠢᠭᠵᠢᠭᠤᠯᠤᠨ᠎ᠠ᠃ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠤ ᠶᠠᠮᠠᠷᠪᠠ ᠠᠷᠭ᠎ᠠ ᠪᠠᠷᠢᠯ ᠢᠶᠠᠷ ᠨᠤᠳᠤᠭ ᠪᠡᠯᠴᠢᠬᠡᠷ ᠪᠠ ᠤᠢ ᠰᠢᠭᠤᠢ ᠶᠢ ᠡᠪᠳᠡᠬᠦ ᠶᠢ ᠴᠠᠭᠠᠵᠠᠯᠠᠨ᠎ᠠ᠃ ᠨᠤᠳᠤᠭ ᠪᠡᠯᠴᠢᠬᠡᠷ ᠪᠠ ᠤᠢ ᠰᠢᠭᠤᠢ ᠶᠢᠨ ᠪᠡᠯᠴᠢᠬᠡᠷ ᠢ ᠡᠪᠳᠡᠨ ᠤᠢ ᠮᠤᠳᠤ ᠶᠢ ᠰᠦᠢᠳᠬᠡᠨ ᠭᠠᠵᠠᠷ ᠭᠠᠭᠠᠯᠪᠦᠷᠢᠯᠡᠬᠤ ᠶᠢ ᠴᠢᠩᠭ᠎ᠠ ᠴᠠᠭᠠᠵᠠᠯᠠᠨ᠎ᠠ᠃      ᠬᠤᠷᠢᠨ ᠨᠠᠢᠮᠠᠳᠤᠭᠠᠷ ᠵᠦᠢᠯ     ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠬᠠᠤᠯᠢ ᠶᠢᠨ ᠲᠤᠭᠳᠠᠭᠠᠯ ᠶᠤᠰᠤᠭᠠᠷ ᠲᠤᠰ ᠤᠷᠤᠨ ᠨᠤᠳᠤᠭ ᠤᠨ ᠢᠶᠠᠨ ᠪᠠᠶᠢᠭᠠᠯᠢ ᠶᠢᠨ ᠡᠬᠢ ᠪᠠᠶᠠᠯᠢᠭ ᠢ ᠬᠠᠮᠢᠶᠠᠷᠴᠦ ᠬᠠᠮᠠᠭᠠᠯᠠᠨ᠎ᠠ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠬᠠᠤᠯᠢ ᠶᠢᠨ ᠲᠤᠭᠳᠠᠭᠠᠯ ᠪᠠ ᠤᠯᠤᠰ ᠤᠨ ᠨᠢᠬᠡᠳᠦᠯᠳᠡᠢ ᠲᠦᠯᠦᠪᠵᠢᠬᠦᠯᠬᠡ ᠶᠢ ᠦᠨᠳᠤᠰᠤᠯᠠᠨ ᠲᠤᠰ ᠤᠷᠤᠨ ᠨᠤᠳᠤᠭ ᠤᠨ ᠨᠡᠬᠡᠬᠡᠨ ᠠᠰᠢᠭᠯᠠᠵᠤ ᠪᠤᠯᠬᠤ ᠪᠠᠶᠢᠭᠠᠯᠢ ᠶᠢᠨ ᠡᠬᠢ ᠪᠠᠶᠠᠯᠢᠭ ᠢ ᠤᠷᠢᠳᠠᠪᠡᠷ ᠵᠦᠢ ᠵᠤᠬᠢᠰᠳᠠᠢ ᠪᠠᠷ ᠨᠡᠬᠡᠬᠡᠨ ᠠᠰᠢᠭᠯᠠᠨ᠎ᠠ᠃      ᠬᠤᠷᠢ ᠶᠢᠰᠦᠳᠦᠬᠡᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠯᠤᠰ ᠤᠨ ᠲᠦᠯᠦᠪᠯᠡᠭᠡ ᠶᠢᠨ ᠵᠢᠯᠤᠭᠤᠳᠤᠯᠭ᠎ᠠ ᠶᠢᠨ ᠲᠤᠤᠷ᠎ᠠ᠂ ᠲᠤᠰ ᠤᠷᠤᠨ ᠨᠤᠳᠤᠭ  ᠤᠨ ᠢᠶᠠᠨ ᠡᠳ᠋ ᠤᠨ ᠬᠦᠴᠦᠨ᠂ ᠪᠤᠳᠠᠰ ᠤᠨ ᠬᠦᠴᠦᠨ ᠪᠠ ᠪᠤᠰᠤᠳ ᠪᠤᠳᠠᠳᠠᠢ ᠨᠦᠬᠦᠴᠡᠯ ᠢ ᠦᠨᠳᠤᠰᠤᠯᠠᠨ᠂ ᠤᠷᠤᠨ ᠨᠤᠳᠤᠭ ᠤᠨ ᠦᠨᠳᠤᠰᠤᠨ ᠪᠦᠳᠦᠬᠡᠨ ᠪᠠᠶᠢᠭᠤᠯᠤᠯᠳᠠ ᠶᠢᠨ ᠵᠦᠢᠯᠡᠰ ᠢ ᠡᠵᠡᠨ ᠮᠡᠳᠡᠵᠤ ᠲᠤᠬᠢᠷᠠᠭᠤᠯᠤᠨ᠎ᠠ᠃      ᠭᠤᠴᠢᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠲᠤᠰ ᠤᠷᠤᠨ ᠨᠤᠳᠤᠭ ᠲᠤ ᠬᠠᠷᠢᠶᠠᠯᠠᠭᠳᠠᠬᠤ ᠠᠵᠤ ᠠᠬᠤᠶᠢᠯᠠᠯ᠂ ᠠᠵᠢᠯ ᠦᠢᠯᠡᠰ ᠢ ᠡᠵᠡᠨ ᠮᠡᠳᠡᠵᠤ ᠬᠠᠮᠢᠶᠠᠷᠤᠨ᠎ᠠ᠃      ᠭᠤᠴᠢᠨ ᠨᠢᠬᠡᠳᠦᠬᠡᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠨᠢ ᠤᠯᠤᠰ ᠤᠨ ᠲᠤᠭᠳᠠᠭᠠᠯ ᠶᠤᠰᠤᠭᠠᠷ ᠭᠠᠳᠠᠭᠠᠳᠦ ᠠᠵᠤ ᠠᠬᠤᠢ ᠠᠷᠠᠯᠵᠢᠶᠠᠨ ᠤ ᠠᠵᠢᠯᠯᠠᠭ᠎ᠠ ᠶᠢ ᠦᠷᠨᠢᠬᠦᠯᠵᠤ ᠪᠤᠯᠤᠨ᠎ᠠ᠂ ᠲᠦᠷᠦ  ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠠᠷᠡᠬᠦᠯᠦᠭᠰᠡᠨ ᠭᠠᠳᠠᠭᠠᠳᠦ ᠠᠷᠠᠯᠵᠢᠶᠠᠨ ᠤ ᠭᠠᠷᠠᠮ ᠭᠠᠷᠭᠠᠵᠤ ᠪᠤᠯᠤᠨ᠎ᠠ᠃      ᠭᠠᠳᠠᠭᠠᠳᠦ ᠤᠯᠤᠰ ᠲᠠᠢ ᠬᠢᠯᠢ ᠨᠡᠶᠢᠯᠠᠵᠤ ᠪᠠᠶᠢᠭ᠎ᠠ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠳ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠬᠦᠯᠦᠭᠰᠡᠨ ᠬᠢᠯᠢ ᠶᠢᠨ ᠠᠷᠠᠯᠵᠢᠶ᠎ᠠ ᠦᠷᠨᠢᠬᠦᠯᠵᠤ ᠪᠤᠯᠤᠨ᠎ᠠ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠭᠠᠳᠠᠭᠠᠳᠦ ᠠᠵᠤ ᠠᠬᠤᠢ ᠠᠷᠠᠯᠵᠢᠶᠠᠨ ᠤ ᠠᠵᠢᠯᠯᠠᠭ᠎ᠠ ᠶᠢ ᠦᠷᠨᠢᠬᠦᠯᠬᠦ ᠳᠡᠭᠡᠨ ᠤᠯᠤᠰ ᠤᠨ ᠬᠠᠷᠠᠭᠠᠯᠵᠠᠯᠳᠦ ᠲᠦᠷᠦ ᠶᠢᠨ ᠪᠤᠳᠤᠯᠭ᠎ᠠ ᠶᠢ ᠬᠦᠷᠳᠡᠨ᠎ᠡ᠃      ᠭᠤᠴᠢᠨ ᠬᠤᠶᠠᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠡᠳ᠋ ᠤᠨ ᠵᠠᠰᠠᠭ ᠪᠤᠯ ᠨᠢᠬᠡ ᠱᠠᠳᠤᠨ ᠤ ᠡᠳ᠋ ᠤᠨ ᠵᠠᠰᠠᠭ ᠮᠦᠨ᠂ ᠤᠯᠤᠰ ᠤᠨ ᠡᠳ᠋ ᠤᠨ ᠵᠠᠰᠠᠭ ᠤᠨ ᠪᠦᠷᠢᠯᠳᠦᠬᠦᠨ ᠬᠡᠰᠡᠭ ᠮᠦᠨ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠷᠤᠨ ᠨᠤᠳᠤᠭ ᠤᠨ ᠡᠳ᠋ ᠤᠨ ᠵᠠᠰᠠᠭ ᠢ ᠬᠠᠮᠢᠶᠠᠷᠬᠤ ᠲᠠᠯ᠎ᠠ ᠪᠠᠷ ᠦᠪᠡᠷᠳᠡᠬᠡᠨ ᠵᠠᠰᠠᠬᠤ ᠡᠷᠬᠡᠲᠠᠢ᠃ ᠤᠯᠤᠰ ᠤᠨ ᠡᠳ᠋ ᠤᠨ ᠵᠠᠰᠠᠭ ᠤᠨ ᠪᠠᠶᠢᠭᠤᠯᠤᠯ ᠤᠨ ᠶᠤᠰᠤᠭᠠᠷ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠡᠳ᠋ ᠤᠨ ᠵᠠᠰᠠᠭ ᠲᠤ ᠬᠠᠷᠢᠶᠠᠯᠠᠭᠳᠠᠬᠤ ᠤᠷᠤᠯᠭ᠎ᠠ ᠪᠦᠬᠦᠨ ᠢ ᠴᠦᠮ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠡᠵᠡᠨ ᠮᠡᠳᠡᠵᠤ ᠲᠤᠬᠢᠷᠠᠭᠤᠯᠵᠤ ᠬᠡᠷᠡᠭᠯᠡᠬᠦ ᠶᠤᠰᠤᠳᠠᠢ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号