ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠬᠠᠤᠯᠢ ︵ᠲᠦᠷᠪᠡ︶
ᠨᠡᠶᠢᠲᠡᠯᠡᠭᠰᠡᠨ ᠴᠠᠭ᠄
2020/5/15
    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠨᠢ ᠪᠦᠬᠦ ᠤᠯᠤᠰ ᠤᠨ ᠨᠢᠬᠡᠳᠦᠯᠳᠡᠢ ᠡᠳ᠋ ᠤᠨ ᠵᠠᠰᠠᠭ ᠤᠨ ᠪᠠᠶᠢᠭᠤᠯᠤᠯ ᠲᠤᠤᠷ᠎ᠠ ᠤᠯᠤᠰ ᠤᠨ ᠬᠡᠷᠡᠭᠵᠢᠬᠦᠯᠵᠤ ᠪᠠᠶᠢᠭ᠎ᠠ ᠵᠢᠷᠤᠮᠵᠢᠭᠰᠠᠨ ᠡᠳ᠋ ᠤᠨ ᠵᠠᠰᠠᠭ ᠤᠨ ᠰᠢᠯᠵᠢᠬᠦᠯᠦᠨ ᠦᠭᠬᠦ ᠲᠦᠷᠢᠮ ᠢᠶᠠᠷ ᠲᠡᠮᠵᠢᠵᠤ ᠲᠡᠬᠡᠳᠦ ᠱᠠᠳᠤᠨ ᠤ ᠡᠳ᠋ ᠤᠨ ᠵᠠᠰᠠᠭ ᠤᠨ ᠬᠠᠷᠠᠭᠠᠯᠵᠠᠯ ᠢ ᠬᠦᠷᠳᠡᠨ᠎ᠡ     ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠡᠳ᠋ ᠤᠨ ᠵᠠᠰᠠᠭ ᠤᠨ ᠲᠦᠰᠦᠪ ᠤᠨ ᠵᠠᠷᠤᠯᠭ᠎ᠠ  ᠳᠤ᠂ ᠤᠯᠤᠰ ᠤᠨ ᠲᠤᠭᠳᠠᠭᠠᠯ ᠶᠤᠰᠤᠭᠠᠷ ᠪᠡᠯᠡᠳᠬᠡᠯ ᠪᠡᠯᠡ ᠮᠦᠩᠬᠦ ᠭᠠᠷᠭᠠᠵᠤ᠂ ᠲᠦᠰᠦᠪ ᠤᠨ ᠲᠤᠳᠤᠷᠠᠬᠢ ᠪᠡᠯᠡᠳᠬᠡᠯ ᠵᠠᠷᠤᠳᠠᠯ ᠤᠨ ᠡᠵᠡᠯᠡᠬᠦ ᠬᠠᠷᠢᠴᠠᠯ ᠢ ᠶᠠᠷᠦ ᠶᠢᠨ ᠭᠠᠵᠠᠷ ᠤᠷᠤᠨ ᠤ ᠬᠢ ᠠᠴᠠ ᠢᠯᠡᠬᠦᠦ ᠪᠠᠶᠢᠯᠭᠠᠨ᠎ᠠ᠃     ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠡᠳ᠋  ᠤᠨ ᠵᠠᠰᠠᠭ ᠤᠨ ᠲᠦᠰᠦᠪ ᠢ ᠬᠡᠷᠡᠭᠵᠢᠬᠦᠯᠬᠦ ᠶᠠᠪᠤᠴᠠ ᠳᠠᠭᠠᠨ ᠲᠠᠪᠠᠭᠤᠯᠤᠨ ᠬᠤᠷᠢᠶᠠᠭᠰᠠᠨ ᠤᠷᠤᠯᠭ᠎ᠠ ᠪᠠ ᠵᠠᠷᠤᠯᠭ᠎ᠠ  ᠶᠢ ᠠᠷᠪᠢᠯᠠᠭᠰᠠᠨ ᠪᠡᠯᠡ ᠮᠦᠩᠬᠦ ᠪᠠᠨ ᠦᠪᠡᠰᠦᠪᠡᠨ ᠲᠤᠬᠢᠷᠠᠭᠤᠯᠵᠤ ᠬᠡᠷᠡᠭᠯᠡᠨ᠎ᠡ᠃     ᠭᠤᠴᠢᠨ ᠭᠤᠷᠪᠠᠳᠤᠭᠠᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠯᠤᠰ ᠤᠨ ᠲᠤᠭᠳᠠᠭᠠᠭᠰᠠᠨ ᠵᠠᠷᠴᠢᠮ ᠢ ᠦᠨᠳᠤᠰᠤᠯᠠᠨ᠂ ᠲᠤᠰ ᠤᠷᠤᠨ ᠨᠤᠳᠤᠭ ᠤᠨ ᠢᠶᠠᠨ ᠪᠤᠳᠠᠳᠦ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠲᠤᠰ ᠤᠷᠤᠨ ᠨᠤᠳᠤᠭ ᠤᠨ ᠡᠯ᠎ᠠ ᠵᠦᠢᠯ  ᠤᠨ ᠵᠠᠷᠤᠯᠭ᠎ᠠ ᠶᠢᠨ ᠪᠠᠷᠢᠮᠵᠢᠶ᠎ᠠ᠂ ᠤᠷᠤᠨ ᠲᠤᠭ᠎ᠠ᠂ ᠨᠤᠷᠮ᠎ᠠ ᠶᠢᠨ ᠲᠤᠬᠠᠢ ᠨᠦᠬᠦᠪᠦᠷᠢ ᠲᠤᠭᠳᠠᠭᠠᠯ ᠪᠠ ᠪᠤᠳᠠᠳᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠳᠤ ᠮᠡᠳᠡᠬᠦᠯᠦᠨ ᠲᠠᠩᠰᠠᠯᠠᠭᠤᠯᠬᠤ ᠬᠡᠷᠡᠭᠳᠡᠢ  ︔ ᠦᠪᠡᠷᠳᠡᠬᠡᠨ ᠵᠠᠰᠠᠬᠤ ᠵᠧᠦ᠂ ᠦᠪᠡᠷᠳᠡᠬᠡᠨ ᠵᠠᠰᠠᠬᠤ ᠰᠢᠶᠠᠨ ᠤ ᠲᠤᠭᠳᠠᠭᠠᠭᠰᠠᠨ ᠨᠦᠬᠦᠪᠦᠷᠢ ᠲᠤᠭᠳᠠᠭᠠᠯ ᠪᠠ ᠪᠤᠳᠠᠳᠠᠢ ᠠᠷᠭ᠎ᠠ ᠶᠢ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠵᠦᠪᠰᠢᠶᠠᠷᠡᠬᠦᠯᠬᠦ ᠬᠡᠷᠡᠭᠳᠡᠢ᠃     ᠭᠤᠴᠢᠨ ᠲᠦᠷᠪᠡᠳᠦᠬᠡᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠯᠤᠰ ᠤᠨ ᠭᠠᠶᠢᠯᠢ ᠶᠢᠨ ᠬᠠᠤᠯᠢ ᠬᠡᠷᠡᠭᠵᠢᠬᠦᠯᠬᠦ ᠳᠡᠭᠡᠨ ᠤᠯᠤᠰ ᠤᠨ ᠨᠢᠬᠡᠳᠦᠯᠳᠡᠢ ᠬᠢᠨᠠᠨ ᠵᠦᠪᠰᠢᠶᠠᠷᠡᠬᠦ ᠬᠡᠷᠡᠭᠳᠡᠢ ᠭᠠᠶᠢᠯᠢ ᠶᠢ ᠬᠦᠩᠬᠡᠯᠡᠬᠦ ᠪᠠ ᠭᠠᠶᠢᠯᠢ ᠠᠴᠠ ᠬᠡᠯᠳᠦᠷᠢᠬᠦᠯᠬᠦ ᠵᠦᠢᠯ ᠤᠳ  ᠠᠴᠠ ᠭᠠᠳᠠᠨ᠎ᠠ᠂ ᠤᠷᠤᠨ ᠨᠤᠳᠤᠭ ᠤᠨ ᠡᠳ᠋ ᠤᠨ ᠵᠠᠰᠠᠭ ᠤᠨ ᠤᠷᠤᠯᠭ᠎ᠠ ᠳᠤ ᠬᠠᠷᠢᠶᠠᠯᠠᠭᠳᠠᠬᠤ ᠵᠠᠷᠢᠮ ᠵᠦᠢᠯ ᠤᠳ  ᠲᠤ ᠭᠠᠶᠢᠯᠢ ᠲᠠᠳᠠᠪᠦᠷᠢ ᠶᠢᠨ ᠲᠠᠯ᠎ᠠ ᠪᠠᠷ ᠬᠠᠷᠠᠭᠠᠯᠵᠠᠯ ᠦᠵᠡᠬᠦᠯᠬᠦ ᠪᠡ ᠵᠤᠷᠢᠭᠵᠢᠭᠤᠯᠬᠤ ᠴᠢᠬᠤᠯᠠ ᠲᠠᠢ ᠪᠤᠯ ᠭᠠᠶᠢᠯᠢ  ᠶᠢ ᠨᠢ ᠬᠦᠩᠬᠡᠯᠡᠬᠦ ᠪᠤᠶᠤ ᠭᠠᠶᠢᠯᠢ ᠠᠴᠠ ᠬᠡᠯᠳᠦᠷᠢᠬᠦᠯᠵᠤ ᠪᠤᠯᠤᠨ᠎ᠠ᠃ ᠦᠪᠡᠷᠳᠡᠬᠡᠨ ᠵᠠᠰᠠᠬᠤ ᠵᠧᠦ᠂ ᠦᠪᠡᠷᠳᠡᠬᠡᠨ ᠵᠠᠰᠠᠬᠤ ᠰᠢᠶᠠᠨ ᠭᠠᠶᠢᠯᠢ ᠶᠢ ᠬᠦᠩᠬᠡᠯᠡᠬᠦ ᠪᠤᠶᠤ ᠭᠠᠶᠢᠯᠢ ᠠᠴᠠ ᠬᠡᠯᠳᠦᠷᠢᠬᠦᠯᠬᠦ ᠵᠦᠢᠯ ᠢ ᠲᠤᠭᠳᠠᠭᠠᠬᠤ ᠳᠠᠭᠠᠨ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠵᠤ ᠵᠦᠪᠰᠢᠶᠡᠷᠡᠬᠦᠯᠬᠦ ᠬᠡᠷᠡᠭᠳᠡᠢ᠃     ᠭᠤᠴᠢᠨ ᠲᠠᠪᠤᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠨᠢ ᠲᠤᠰ ᠤᠷᠤᠨ ᠨᠤᠳᠤᠭ ᠤᠨ ᠢᠶᠠᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠬᠡᠷᠡᠭᠴᠡᠭᠡ ᠶᠢ ᠦᠨᠳᠤᠰᠤᠯᠠᠨ᠂ ᠬᠠᠤᠯᠢ ᠶᠢᠨ ᠲᠤᠭᠳᠠᠭᠠᠯ ᠶᠤᠰᠤᠭᠠᠷ ᠤᠷᠤᠨ ᠨᠤᠳᠤᠭ ᠤᠨ ᠬᠤᠳᠠᠯᠳᠤᠭᠠᠨ ᠤ ᠪᠠᠩᠬᠢ ᠪᠤᠯᠤᠨ ᠬᠤᠳᠠ ᠬᠦᠳᠡᠭᠡ ᠶᠢᠨ ᠢᠳᠡᠬᠡᠮᠵᠢ  ᠶᠢᠨ ᠬᠤᠷᠰᠢᠶᠠᠨ ᠤ ᠵᠤᠬᠢᠶᠠᠨ ᠪᠠᠶᠢᠭᠤᠯᠤᠯᠳᠠ ᠶᠢ ᠪᠠᠶᠢᠭᠤᠯᠵᠤ ᠪᠤᠯᠤᠨ᠎ᠠ᠃     ᠭᠤᠴᠢᠨ ᠵᠢᠷᠭᠤᠳᠤᠭᠠᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠯᠤᠰ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠦᠨᠳᠤᠰᠤᠯᠠᠵᠤ᠂ ᠬᠠᠤᠯᠢ ᠶᠢᠨ ᠲᠤᠭᠳᠠᠭᠠᠯ ᠶᠤᠰᠤᠭᠠᠷ ᠲᠤᠰ ᠤᠷᠤᠨ ᠨᠤᠳᠤᠭ ᠤᠨ ᠢᠶᠠᠨ ᠰᠤᠷᠭᠠᠨ ᠬᠦᠮᠦᠵᠢᠯ ᠤᠨ ᠲᠦᠯᠦᠪᠵᠢᠬᠦᠯᠬᠡ᠂ ᠡᠯ᠎ᠠ ᠱᠠᠳᠤᠨ ᠤ ᠲᠦᠷᠦᠯ ᠪᠦᠷᠢ ᠶᠢᠨ ᠰᠤᠷᠭᠠᠭᠤᠯᠢ ᠶᠢ ᠪᠠᠶᠢᠷᠢᠯᠠᠭᠤᠯᠬᠤ᠂ ᠰᠤᠷᠤᠯᠭ᠎ᠠ ᠶᠢᠨ ᠲᠦᠷᠢᠮ᠂ ᠰᠤᠷᠭᠠᠭᠤᠯᠢ ᠡᠷᠬᠢᠯᠡᠬᠦ ᠬᠡᠯᠪᠡᠷᠢ᠂ ᠬᠢᠴᠢᠶᠠᠯ ᠬᠦᠮᠦᠵᠢᠯ ᠤᠨ ᠠᠭᠤᠯᠭ᠎ᠠ᠂ ᠬᠢᠴᠢᠶᠠᠯᠯᠠᠬᠦ ᠳᠤ ᠬᠡᠷᠡᠭᠯᠡᠬᠦ ᠬᠡᠯᠡ ᠪᠠ ᠰᠤᠷᠤᠭᠴᠢ ᠡᠯᠰᠡᠬᠦ ᠲᠦᠷᠢᠮ ᠢ ᠲᠤᠭᠳᠠᠭᠠᠨ᠎ᠠ᠃     ᠭᠤᠴᠢᠨ ᠲᠤᠯᠤᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠦᠨᠳᠤᠰᠤᠳᠠᠨ ᠤ ᠰᠤᠷᠭᠠᠨ ᠬᠦᠮᠦᠵᠢᠯ ᠢ ᠡᠵᠡᠨ ᠮᠡᠳᠡᠨ ᠬᠦᠭᠵᠢᠬᠦᠯᠵᠤ᠂ ᠦᠰᠦᠭ ᠦᠯᠦ ᠲᠠᠨᠢᠬᠤ ᠶᠠᠪᠤᠳᠠᠯ ᠢ ᠠᠷᠢᠯᠭᠠᠵᠤ᠂ ᠡᠯ᠎ᠠ ᠲᠦᠷᠦᠯ ᠤᠨ ᠰᠤᠷᠭᠠᠭᠤᠯᠢ ᠶᠢ ᠡᠷᠬᠢᠯᠡᠵᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠦᠬᠡᠮᠡᠯᠵᠢᠬᠦᠯᠵᠤ᠂ ᠡᠩ ᠤᠨ ᠦᠨᠳᠦᠷ ᠲᠡᠰ ᠤᠨ ᠲᠤᠮᠳᠠᠳᠦ ᠵᠡᠷᠬᠡ ᠶᠢᠨ ᠰᠤᠷᠭᠠᠨ ᠬᠦᠮᠦᠵᠢᠯ ᠪᠤᠯᠤᠨ ᠲᠤᠮᠳᠠᠳᠦ ᠵᠡᠷᠬᠡ ᠶᠢᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠢ ᠤᠯᠠᠨ ᠵᠦᠢᠯ ᠤᠨ ᠬᠡᠯᠪᠡᠷᠢ ᠪᠠᠷ ᠬᠦᠭᠵᠢᠬᠦᠯᠵᠤ᠂ ᠨᠦᠬᠦᠴᠡᠯ ᠪᠤᠯᠤᠨ ᠬᠡᠷᠡᠭᠴᠡᠭᠡ ᠪᠠᠨ ᠦᠨᠳᠤᠰᠤᠯᠠᠨ ᠲᠡᠬᠡᠳᠦ ᠵᠡᠷᠬᠡ ᠶᠢᠨ ᠰᠤᠷᠭᠠᠨ ᠬᠦᠮᠦᠵᠢᠯ ᠢ ᠬᠦᠭᠵᠢᠬᠦᠯᠵᠤ᠂ ᠴᠦᠬᠡᠨ ᠲᠤᠭᠠᠳᠦ ᠦᠨᠳᠤᠰᠤᠳᠠᠨ ᠨᠦᠭᠦᠳ ᠤᠨ ᠲᠤᠰᠬᠠᠢ ᠮᠡᠷᠬᠡᠵᠢᠯ ᠤᠨ ᠴᠢᠳᠠᠪᠦᠷᠢᠳᠡᠨ ᠢ ᠬᠦᠮᠦᠵᠢᠬᠦᠯᠦᠨ᠎ᠡ᠃      ᠦᠨᠳᠤᠰᠤᠳᠠᠨ ᠤ ᠦᠪᠡᠷᠳᠡᠬᠡᠨ ᠵᠠᠰᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠴᠦᠬᠡᠨ ᠲᠤᠭᠠᠳᠦ ᠦᠨᠳᠤᠰᠤᠳᠠᠨ ᠤ ᠮᠠᠯᠵᠢᠬᠤ ᠤᠷᠤᠨ ᠪᠠ ᠠᠵᠤ ᠠᠬᠤᠢ ᠶᠢᠨ ᠲᠠᠯ᠎ᠠ ᠪᠠᠷ ᠬᠦᠴᠢᠷᠳᠡᠯ ᠲᠠᠢ᠂ ᠲᠠᠷᠬᠠᠢ ᠰᠠᠭᠤᠵᠤ ᠪᠠᠶᠢᠭ᠎ᠠ ᠴᠦᠬᠡᠨ ᠲᠤᠭᠠᠳᠦ ᠦᠨᠳᠤᠰᠤᠳᠠᠨ ᠤ ᠠᠭᠤᠯᠠᠷᠬᠠᠭ ᠤᠷᠤᠨ ᠳᠤ ᠪᠠᠶᠢᠷᠢ ᠳᠤ ᠰᠠᠭᠤᠬᠤ  ᠪᠠᠷ ᠭᠤᠤᠯ ᠪᠤᠯᠭᠠᠭᠰᠠᠨ ᠪᠠ ᠰᠤᠷᠤᠯᠭ᠎ᠠ ᠶᠢᠨ ᠲᠡᠳᠬᠦᠮᠵᠢ ᠶᠢᠨ ᠮᠦᠩᠬᠦ ᠦᠭᠬᠦ ᠪᠠᠷ ᠭᠤᠤᠯ ᠪᠤᠯᠭᠠᠭᠰᠠᠨ ᠠᠯᠪᠠᠨ  ᠠᠴᠠ ᠡᠷᠬᠢᠯᠡᠭᠰᠡᠨ ᠦᠨᠳᠤᠰᠤᠳᠠᠨ ᠤ ᠪᠠᠭ᠎ᠠ ᠰᠤᠷᠭᠠᠭᠤᠯᠢ ᠪᠠ ᠦᠨᠳᠤᠰᠤᠳᠠᠨ ᠤ ᠲᠤᠮᠳᠠᠳᠦ ᠰᠤᠷᠭᠠᠭᠤᠯᠢ ᠪᠠᠶᠢᠭᠤᠯᠵᠤ᠂ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠯᠭ᠎ᠠ ᠪᠠᠨ ᠲᠡᠬᠦᠰᠬᠡᠬᠦ ᠶᠢ ᠪᠠᠳᠤᠯᠠᠨ᠎ᠠ᠃ ᠰᠤᠷᠭᠠᠭᠤᠯᠢ ᠡᠷᠬᠢᠯᠡᠬᠦ ᠵᠠᠷᠤᠳᠠᠯ ᠪᠤᠯᠤᠨ ᠰᠤᠷᠤᠯᠭ᠎ᠠ ᠶᠢᠨ ᠲᠡᠳᠬᠦᠮᠵᠢ ᠶᠢᠨ ᠮᠦᠩᠬᠦ ᠶᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠠᠴᠠ ᠰᠢᠢᠳᠪᠦᠷᠢᠯᠡᠨ᠎ᠡ᠃ ᠲᠤᠬᠠᠢ ᠶᠢᠨ ᠭᠠᠵᠠᠷ ᠤᠨ ᠡᠳ᠋ ᠤᠨ ᠵᠠᠰᠠᠭ ᠨᠢ ᠬᠦᠴᠢᠷᠳᠡᠢ ᠲᠠᠢ ᠪᠤᠯ ᠲᠡᠬᠡᠳᠦ ᠱᠠᠳᠤᠨ ᠤ ᠡᠳ᠋ ᠤᠨ ᠵᠠᠰᠠᠭ ᠠᠴᠠ ᠨᠦᠬᠦᠪᠦᠷᠢ ᠦᠭᠬᠦ ᠬᠡᠷᠡᠭᠳᠡᠢ᠃      ᠭᠤᠤᠯᠳᠠᠭᠤ ᠴᠦᠬᠡᠨ ᠲᠤᠭᠠᠳᠦ ᠦᠨᠳᠤᠰᠤᠳᠠᠨ ᠤ ᠰᠤᠷᠤᠭᠴᠢ ᠶᠢ ᠡᠯᠰᠡᠬᠦ ᠰᠤᠷᠭᠠᠭᠤᠯᠢ ︵ᠠᠩᠬᠢ︶ ᠪᠠ ᠰᠤᠷᠭᠠᠨ ᠬᠦᠮᠦᠵᠢᠯ ᠤᠨ ᠪᠤᠰᠤᠳ ᠪᠠᠶᠢᠭᠤᠯᠤᠮᠵᠢ ᠨᠢ ᠨᠦᠬᠦᠴᠡᠯ ᠲᠠᠢ ᠪᠤᠯ ᠴᠦᠬᠡᠨ ᠲᠤᠭᠠᠳᠦ ᠦᠨᠳᠤᠰᠤᠳᠠᠨ ᠤ ᠦᠰᠦᠭ ᠪᠢᠴᠢᠭ ᠢᠶᠠᠷ ᠨᠠᠶᠢᠷᠠᠭᠤᠯᠤᠭᠰᠠᠨ ᠰᠤᠷᠬᠤ ᠪᠢᠴᠢᠭ ᠢ ᠬᠡᠷᠡᠭᠯᠡᠬᠦ ᠪᠦᠬᠡᠳ ᠴᠦᠬᠡᠨ ᠲᠤᠭᠠᠳᠦ ᠦᠨᠳᠤᠰᠤᠳᠠᠨ  ᠤ ᠬᠡᠯᠡ ᠪᠠᠷ ᠬᠢᠴᠢᠶᠠᠯᠯᠡᠬᠦ ᠬᠡᠷᠡᠭᠳᠡᠢ︔ ᠪᠠᠶᠢᠳᠠᠯ ᠢᠶᠠᠨ ᠦᠨᠳᠤᠰᠤᠯᠠᠵᠤ ᠪᠠᠶᠢᠭᠠᠳ ᠪᠠᠭ᠎ᠠ ᠰᠤᠷᠭᠠᠭᠤᠯᠢ ᠶᠢᠨ ᠲᠤᠤᠷ᠎ᠠ ᠠᠩᠬᠢ ᠪᠤᠶᠤ ᠲᠡᠬᠡᠷ᠎ᠡ ᠠᠩᠬᠢ ᠠᠴᠠ ᠡᠬᠢᠯᠡᠨ ᠬᠢᠳᠡᠳ ᠬᠡᠯᠡᠨ ᠤ ᠬᠢᠴᠢᠶᠠᠯ ᠤᠷᠤᠵᠤ᠂ ᠪᠦᠬᠦ ᠤᠯᠤᠰ ᠲᠤ ᠨᠡᠶᠢᠳᠡᠮ ᠬᠡᠷᠡᠭᠯᠡᠵᠤ ᠪᠠᠶᠢᠭ᠎ᠠ ᠨᠡᠶᠢᠳᠡᠯᠢᠭ ᠬᠡᠯᠡ ᠪᠤᠯᠤᠨ ᠵᠢᠷᠤᠮᠵᠢᠭᠤᠯᠤᠭᠰᠠᠨ ᠬᠢᠳᠡᠳ ᠦᠰᠦᠭ ᠪᠢᠴᠢᠭ ᠢ ᠲᠡᠯᠬᠡᠷᠡᠬᠦᠯᠦᠨ᠎ᠡ᠃      ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠴᠦᠬᠡᠨ ᠲᠤᠭᠠᠳᠦ ᠦᠨᠳᠤᠰᠤᠳᠠᠨ ᠤ ᠦᠴᠦᠭ ᠪᠢᠴᠢᠭ  ᠢᠶᠠᠷ ᠨᠡᠶᠢᠷᠡᠭᠤᠯᠤᠭᠰᠠᠨ ᠵᠢᠭᠠᠬᠤ ᠮᠠᠲ᠋ᠧᠷᠢᠶᠠᠯ ᠪᠤᠯᠤᠨ ᠬᠡᠪᠯᠡᠭᠳᠡᠬᠦᠨ ᠢ ᠨᠡᠶᠢᠷᠡᠭᠤᠯᠤᠨ ᠤᠷᠴᠢᠭᠤᠯᠬᠤ ᠪᠡ ᠬᠡᠪᠯᠡᠬᠦᠯᠬᠦ ᠠᠵᠢᠯ ᠢ ᠡᠳ᠋ ᠤᠨ ᠵᠠᠰᠠᠭ ᠤᠨ ᠲᠠᠯ᠎ᠠ ᠪᠠᠷ ᠲᠡᠳᠬᠦᠨ ᠲᠡᠮᠵᠢᠬᠦ ᠬᠡᠷᠡᠭᠳᠡᠢ᠃     ᠭᠤᠴᠢᠨ ᠨᠠᠢᠮᠠᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠦᠨᠳᠤᠰᠤᠳᠠᠨ ᠤ ᠬᠡᠯᠪᠡᠷᠢ ᠪᠠ ᠦᠨᠳᠤᠰᠤᠳᠠᠨ ᠤ ᠤᠨᠴᠯᠢᠭ ᠪᠦᠬᠦᠢ ᠤᠳᠬ᠎ᠠ ᠵᠤᠬᠢᠶᠠᠯ᠂ ᠤᠷᠠᠯᠢᠭ᠂ ᠰᠤᠨᠢᠨ ᠮᠡᠳᠡᠬᠡᠯᠡᠯ᠂ ᠬᠡᠪᠯᠡᠯ᠂ ᠷᠡᠳᠢᠤ᠋ ᠨᠡᠪᠳᠡᠷᠡᠬᠦᠯᠬᠡ᠂ ᠺᠢᠨᠣ᠋᠂ ᠲᠧᠯᠸᠢᠰ ᠵᠡᠷᠬᠡ ᠶᠢᠨ ᠦᠨᠳᠤᠰᠤᠳᠠᠨ ᠤ ᠰᠤᠶᠤᠯ ᠤᠨ ᠦᠢᠯᠡᠰ ᠢ ᠡᠵᠡᠨ ᠮᠡᠳᠡᠵᠤ ᠬᠦᠭᠵᠢᠬᠦᠯᠵᠤ᠂ ᠰᠤᠶᠤᠯ ᠤᠨ ᠦᠢᠯᠡᠰ ᠤᠨ ᠤᠷᠤᠭᠤᠯᠤᠯᠳᠠ ᠪᠠᠨ ᠨᠡᠮᠡᠭᠳᠡᠬᠦᠯᠵᠤ᠂ ᠰᠤᠶᠤᠯ ᠤᠨ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠡᠯ᠎ᠠ ᠵᠦᠢᠯ ᠤᠨ ᠰᠤᠶᠤᠯ ᠤᠨ ᠦᠢᠯᠡᠰ ᠤᠨ ᠬᠦᠭᠵᠢᠯᠳᠡ ᠶᠢ ᠲᠦᠷᠬᠡᠳᠬᠡᠨ᠎ᠡ᠃       ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠦᠨᠳᠤᠰᠤᠳᠠᠨ ᠤ ᠲᠡᠤᠬᠡ ᠰᠤᠶᠤᠯ ᠤᠨ ᠨᠤᠮ ᠪᠢᠴᠢᠭ ᠢ ᠴᠤᠭᠯᠠᠭᠤᠯᠬᠤ᠂ ᠡᠮᠬᠢᠳᠬᠡᠬᠦ᠂ ᠤᠷᠴᠢᠭᠤᠯᠬᠤ ᠪᠠ ᠬᠡᠪᠯᠡᠬᠦᠯᠬᠦ ᠠᠵᠢᠯ ᠢ ᠵᠤᠬᠢᠶᠠᠨ ᠪᠠᠶᠢᠭᠤᠯᠵᠤ ᠲᠠᠮᠵᠢᠨ᠎ᠠ᠂ ᠦᠨᠳᠤᠰᠤᠳᠠᠨ ᠤ ᠠᠯᠳᠡᠷᠳᠦ ᠦᠵᠡᠮᠵᠢ ᠡᠷᠳᠡᠨ ᠤ ᠲᠤᠷᠠᠰᠬᠠᠯ᠂ ᠲᠠᠤᠬᠡ ᠶᠢᠨ ᠬᠤᠪᠤᠷ ᠨᠠᠨᠳᠢᠨ ᠲᠤᠷᠠᠰᠬᠠᠯᠳᠦ ᠵᠦᠢᠯ ᠪᠠ ᠲᠠᠤᠬᠡ ᠰᠤᠶᠤᠯ ᠤᠨ ᠪᠤᠰᠤᠳ ᠴᠢᠬᠤᠯᠠ ᠦᠪ ᠢ ᠬᠠᠮᠭᠠᠯᠠᠵᠤ᠂ ᠦᠨᠳᠤᠰᠤᠳᠠᠨ ᠤ ᠤᠯᠠᠮᠵᠢᠯᠠᠯᠳᠦ ᠰᠢᠯᠢᠳᠡᠭ ᠰᠤᠶᠤᠯ ᠢ ᠵᠠᠯᠭᠠᠮᠵᠢᠯᠠᠨ ᠬᠦᠭᠵᠢᠬᠦᠯᠦᠨ᠎ᠡ᠃       ᠭᠤᠴᠢ ᠶᠢᠰᠦᠳᠦᠬᠡᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠲᠤᠰ ᠤᠷᠤᠨ ᠨᠤᠳᠤᠭ ᠤᠨ ᠢᠶᠠᠨ ᠰᠢᠨᠵᠢᠯᠡᠬᠦ ᠤᠬᠠᠭᠠᠨ ᠮᠡᠷᠬᠡᠵᠢᠯ ᠢ ᠬᠦᠭᠵᠢᠬᠦᠯᠬᠦ ᠲᠦᠯᠦᠪᠵᠢᠬᠦᠯᠬᠡ ᠪᠠᠨ ᠡᠵᠡᠨ ᠮᠡᠳᠡᠨ ᠲᠤᠭᠳᠠᠭᠠᠵᠤ᠂ ᠰᠢᠨᠵᠢᠯᠡᠬᠦ ᠤᠬᠠᠭᠠᠨ ᠮᠡᠷᠬᠡᠵᠢᠯ ᠤᠨ ᠮᠡᠳᠡᠯᠬᠡ ᠶᠢ ᠲᠦᠬᠡᠮᠡᠯᠵᠢᠬᠦᠯᠦᠨ᠎ᠡ᠃      ᠲᠦᠴᠢᠳᠦᠬᠡᠷ ᠵᠦᠢᠯ    ᠦᠨᠳᠤᠰᠤᠳᠠᠨ ᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠲᠤᠰ ᠤᠷᠤᠨ ᠨᠤᠳᠤᠭ ᠤᠨ ᠢᠶᠠᠨ ᠡᠮᠴᠢᠯᠡᠭᠡ ᠡᠷᠡᠬᠦᠯ ᠬᠠᠮᠠᠭᠠᠯᠠᠯ ᠤᠨ ᠦᠢᠯᠡᠰ ᠢ ᠬᠦᠭᠵᠢᠬᠦᠯᠬᠦ ᠲᠦᠯᠦᠪᠵᠢᠬᠦᠯᠬᠡ  ᠪᠠᠨ ᠡᠵᠡᠨ ᠮᠡᠳᠡᠨ ᠲᠤᠭᠳᠠᠭᠠᠵᠤ᠂ ᠤᠳᠤ ᠦᠶ᠎ᠡ ᠶᠢᠨ ᠡᠮ ᠡᠮᠨᠡᠯᠬᠡ ᠪᠡ ᠦᠨᠳᠤᠰᠤᠳᠠᠨ ᠤ ᠤᠯᠠᠮᠵᠢᠯᠠᠯᠳᠦ ᠡᠮ ᠡᠮᠨᠡᠯᠬᠡ ᠶᠢ ᠬᠦᠭᠵᠢᠬᠦᠯᠦᠨ᠎ᠡ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠬᠠᠯᠳᠠᠪᠦᠷᠢᠳᠦ ᠡᠪᠡᠳᠴᠢᠨ᠂ ᠤᠷᠤᠨ ᠨᠤᠳᠤᠭ ᠤᠨ ᠡᠪᠡᠳᠴᠢᠨ ᠢ ᠰᠡᠷᠬᠡᠶᠢᠯᠡᠨ ᠬᠢᠵᠠᠭᠠᠷᠯᠠᠬᠤ ᠠᠵᠢᠯ ᠪᠠ ᠡᠬᠡ ᠨᠢᠯᠬᠠᠰ ᠤᠨ ᠡᠷᠡᠬᠦᠯ ᠬᠠᠮᠠᠭᠠᠯᠠᠯ ᠡᠷᠡᠬᠦᠯᠵᠢᠯ ᠤᠨ ᠠᠵᠢᠯ ᠢ ᠴᠢᠩᠭᠠᠳᠬᠠᠵᠤ᠂ ᠡᠮᠴᠢᠯᠡᠭᠡ ᠪᠤᠯᠤᠨ ᠡᠷᠡᠬᠦᠯ ᠬᠠᠮᠠᠭᠠᠯᠠᠯ  ᠤᠨ ᠨᠦᠬᠦᠴᠡᠯ ᠢ ᠰᠠᠶᠢᠵᠢᠷᠠᠭᠤᠯᠤᠨ᠎ᠠ᠃      ᠲᠦᠴᠢᠨ ᠨᠢᠬᠡᠳᠦᠬᠡᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠪᠠᠶ᠎ᠠ ᠶᠢᠨ ᠲᠠᠮᠢᠷ ᠤᠨ ᠦᠢᠯᠡᠰ ᠢ ᠡᠵᠡᠨ ᠮᠡᠳᠡᠨ ᠬᠦᠭᠵᠢᠬᠦᠯᠵᠤ᠂ ᠦᠨᠳᠤᠰᠤᠳᠠᠨ ᠤ ᠤᠯᠠᠮᠵᠢᠯᠠᠯᠳᠦ ᠪᠠᠶ᠎ᠠ ᠶᠢᠨ ᠲᠡᠮᠢᠷ ᠤᠨ ᠬᠦᠳᠡᠯᠬᠡᠬᠡᠨ ᠢ ᠦᠷᠨᠢᠬᠦᠯᠵᠤ᠂ ᠦᠨᠳᠤᠰᠤᠳᠠᠨ ᠨᠦᠭᠦᠳ ᠤᠨ ᠠᠷᠠᠳ ᠲᠦᠮᠡᠨ ᠪᠠ ᠪᠠᠶ᠎ᠠ ᠮᠠᠬᠠᠪᠤᠳ ᠢ ᠴᠢᠬᠢᠷᠠᠭᠵᠢᠭᠤᠯᠤᠨ᠎ᠠ᠃      ᠲᠦᠴᠢᠨ ᠬᠤᠶᠠᠳᠤᠠᠭᠠᠷ ᠵᠦᠢᠯ  ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠮᠡᠷᠬᠡᠵᠢᠯ᠂ ᠰᠤᠶᠤᠯ ᠤᠷᠠᠯᠢᠭ᠂ ᠡᠷᠡᠬᠦᠯ ᠬᠠᠮᠠᠭᠠᠯᠠᠯ᠂ ᠪᠠᠶ᠎ᠠ ᠶᠢᠨ ᠲᠠᠮᠢᠷ ᠵᠡᠷᠬᠡ ᠲᠠᠯ᠎ᠠ ᠪᠠᠷ ᠪᠤᠰᠤᠳ ᠤᠷᠤᠨ ᠨᠤᠳᠤᠭ ᠯᠤᠭ᠎ᠠ ᠰᠤᠯᠢᠯᠴᠠᠬᠤ ᠪᠠ ᠬᠠᠮᠵᠢᠯᠴᠠᠬᠤ ᠠᠵᠢᠯ ᠢ ᠢᠳᠡᠪᠬᠢᠳᠠᠢ ᠦᠷᠨᠢᠬᠦᠯᠦᠨ᠎ᠡ᠃      ᠦᠪᠡᠷᠳᠡᠬᠡᠨ ᠵᠠᠰᠠᠬᠤ ᠤᠷᠤᠨ᠂ ᠦᠪᠡᠷᠳᠡᠬᠡᠨ ᠵᠠᠰᠠᠬᠤ ᠵᠧᠦ ᠶᠢᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠤᠯᠤᠰ ᠤᠨ ᠲᠤᠭᠳᠠᠭᠠᠯ ᠶᠤᠰᠤᠭᠠᠷ ᠰᠤᠷᠭᠠᠨ ᠬᠦᠮᠦᠵᠢᠯ᠂ ᠰᠢᠨᠵᠢᠯᠡᠬᠦ ᠤᠬᠠᠭᠠᠨ ᠮᠡᠷᠬᠡᠵᠢᠯ᠂ ᠰᠤᠶᠤᠯ ᠤᠷᠠᠯᠢᠭ᠂ ᠡᠷᠡᠬᠦᠯ ᠬᠠᠮᠠᠭᠠᠯᠠᠯ᠂ ᠪᠠᠶ᠎ᠠ ᠶᠢᠨ ᠲᠠᠮᠢᠷ ᠵᠡᠷᠬᠡ ᠲᠠᠯ᠎ᠠ ᠪᠠᠷ ᠭᠠᠳᠠᠭᠠᠳᠦ ᠲᠠᠢ ᠰᠤᠯᠢᠯᠴᠠᠭ᠎ᠠ ᠬᠢᠵᠤ ᠪᠤᠯᠤᠨ᠎ᠠ᠃       ᠲᠦᠴᠢᠨ ᠭᠤᠷᠪᠠᠳᠤᠭᠠᠷ ᠵᠦᠢᠯ    ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠬᠠᠤᠯᠢ ᠶᠢᠨ ᠲᠤᠭᠳᠠᠭᠠᠯ ᠢ ᠦᠨᠳᠤᠰᠤᠯᠠᠨ᠂ ᠶᠠᠪᠤᠭᠤᠯ ᠬᠦᠮᠦᠨ ᠠᠮᠠ ᠶᠢ ᠬᠠᠮᠢᠶᠠᠷᠬᠤ ᠲᠦᠷᠢᠮ ᠲᠤᠭᠳᠠᠭᠠᠨ᠎ᠠ᠃       ᠲᠦᠴᠢᠨ ᠲᠦᠷᠪᠡᠳᠦᠬᠡᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠲᠤ ᠲᠦᠯᠦᠪᠯᠡᠭᠡ ᠲᠠᠢ ᠪᠠᠷ ᠬᠡᠤᠬᠡᠳ ᠠᠪᠬᠤ ᠪᠠ ᠴᠢᠬᠢᠷᠠᠭ ᠲᠦᠷᠦᠬᠦᠯᠵᠤ ᠲᠤᠷᠨᠢᠭᠤᠨ ᠦᠰᠬᠡᠬᠦ ᠲᠦᠷᠦ ᠶᠢᠨ ᠪᠤᠳᠤᠯᠭ᠎ᠠ  ᠶᠢ ᠬᠡᠷᠡᠭᠵᠢᠬᠦᠯᠦᠨ᠂ ᠦᠨᠳᠤᠰᠤᠳᠠᠨ ᠨᠦᠭᠦᠳ ᠤᠨ ᠬᠦᠮᠦᠨ ᠠᠮᠠ ᠶᠢᠨ ᠬᠡᠪ ᠴᠢᠨᠠᠷ ᠢ ᠲᠡᠬᠡᠭᠰᠢᠯᠡᠬᠦᠯᠦᠨ᠎ᠡ᠃       ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠬᠠᠤᠯᠢ ᠶᠢᠨ ᠲᠤᠭᠳᠠᠭᠠᠯ ᠢ ᠦᠨᠳᠤᠰᠤᠯᠠᠨ᠂ ᠲᠤᠰ ᠤᠷᠤᠨ ᠨᠤᠳᠤᠭ ᠤᠨ ᠢᠶᠠᠨ ᠪᠤᠳᠠᠳᠦ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠲᠦᠯᠦᠪᠯᠡᠭᠡ ᠲᠠᠢ ᠪᠠᠷ ᠬᠡᠦᠬᠡᠳ ᠠᠪᠬᠤ ᠶᠢ ᠬᠡᠷᠡᠭᠵᠢᠬᠦᠯᠬᠦ ᠠᠷᠭ᠎ᠠ ᠶᠢ ᠲᠤᠭᠳᠠᠭᠠᠨ᠎ᠠ᠃       ᠲᠦᠴᠢᠨ ᠲᠠᠪᠤᠳᠤᠭᠠᠷ ᠵᠦᠢᠯ   ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠨᠢ ᠠᠮᠢᠳᠤᠷᠠᠯ ᠤᠨ ᠤᠷᠴᠢᠨ ᠨᠦᠬᠦᠴᠡᠯ ᠪᠠ ᠠᠮᠢ ᠠᠬᠤᠢ ᠶᠢᠨ ᠤᠷᠴᠢᠨ ᠨᠦᠬᠦᠴᠡᠯ ᠢ ᠬᠠᠮᠠᠭᠠᠯᠠᠨ ᠰᠠᠶᠢᠵᠢᠷᠠᠭᠤᠯᠵᠤ᠂ ᠪᠤᠬᠢᠷᠳᠤᠭᠤᠯᠤᠯ ᠪᠠ ᠪᠤᠰᠤᠳ ᠨᠡᠶᠢᠳᠡ ᠶᠢᠨ ᠬᠤᠤᠷᠳᠠᠭᠤᠯᠤᠯ ᠢ ᠰᠡᠷᠬᠡᠶᠢᠯᠡᠨ ᠵᠠᠰᠠᠵᠤ᠂ ᠬᠦᠮᠦᠨ ᠠᠮᠠ᠂ ᠡᠬᠢ ᠪᠠᠶᠠᠯᠢᠭ ᠪᠤᠯᠤᠨ ᠤᠷᠴᠢᠨ ᠠᠬᠤᠢ ᠶᠢᠨ ᠵᠤᠬᠢᠴᠡᠩᠭᠤᠢ ᠬᠦᠭᠵᠢᠯᠳᠡ  ᠶᠢ ᠪᠠᠶᠠᠯᠠᠬᠦᠯᠦᠨ᠎ᠡ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号