ᠪᠦᠭᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠦᠨᠳᠤᠰᠤᠳᠠᠨ ᠤ ᠤᠷᠤᠨ ᠤ ᠦᠪᠡᠷᠳᠡᠬᠡᠨ ᠵᠠᠰᠠᠬᠤ ᠬᠠᠤᠯᠢ ︵ᠳᠣᠯᠤᠭ᠎ᠠ︶
ᠨᠡᠶᠢᠲᠡᠯᠡᠭᠰᠡᠨ ᠴᠠᠭ᠄
2020/5/15
     ᠵᠢᠷᠠᠨ ᠵᠢᠷᠭᠤᠳᠤᠭᠠᠷ ᠵᠦᠢᠯ   ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠨᠢ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠮᠢ ᠠᠬᠤᠢ ᠶᠢ ᠲᠡᠩᠴᠡᠬᠦᠷᠢᠳᠠᠢ ᠪᠠᠶᠢᠯᠭᠠᠬᠤ᠂ ᠤᠷᠴᠢᠨ ᠠᠬᠤᠢ ᠶᠢ ᠬᠠᠮᠠᠭᠠᠯᠠᠬᠤ ᠴᠢᠬᠤᠯᠠ ᠶᠡᠭᠡ ᠶᠠᠷᠦᠩᠬᠡᠶᠢᠯᠡᠨ ᠵᠠᠰᠠᠬᠤ ᠢᠨᠵᠧᠨᠧᠷᠢᠩ ᠤᠨ ᠵᠦᠢᠯᠡᠰ ᠢ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠬᠡᠨ ᠳᠤ ᠤᠷᠤᠭᠤᠯᠤᠨ ᠨᠢᠬᠡᠳᠦᠯᠳᠡᠢ ᠪᠠᠶᠢᠷᠢᠯᠠᠭᠤᠯᠬᠤ ᠬᠡᠷᠡᠭᠳᠡᠢ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠨᠢ ᠤᠯᠤᠰ ᠤᠷᠤᠨ ᠤ ᠠᠮᠢ ᠠᠬᠤᠢ ᠶᠢ ᠲᠡᠩᠴᠡᠬᠦᠷᠢᠳᠠᠢ ᠪᠠᠶᠢᠯᠭᠠᠬᠤ᠂ ᠤᠷᠴᠢᠨ ᠠᠬᠤᠢ ᠶᠢ ᠬᠠᠮᠠᠭᠠᠯᠠᠬᠤ ᠳᠤ ᠬᠤᠪᠢ ᠨᠡᠮᠡᠷᠢ ᠦᠵᠡᠬᠦᠯᠦᠭᠰᠡᠨ ᠪᠠᠶᠢᠪᠠᠯ ᠤᠯᠤᠰ ᠠᠴᠠ ᠵᠤᠬᠢᠬᠤ ᠬᠡᠮᠵᠢᠶᠠᠨ ᠤ ᠠᠰᠢᠭ ᠲᠤᠰᠠ ᠶᠢᠨ ᠨᠦᠬᠦᠪᠦᠷᠢ ᠦᠭᠬᠦᠨ᠎ᠡ᠃      ᠶᠠᠮᠠᠷᠪᠠ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠦᠨᠳᠤᠰᠤᠳᠠᠨ ᠤ ᠦᠪᠡᠷᠳᠡᠬᠡᠨ ᠵᠠᠰᠠᠬᠤ ᠨᠤᠳᠤᠭ  ᠲᠤ ᠡᠬᠢ ᠪᠠᠶᠠᠯᠢᠭ ᠢ ᠨᠡᠬᠡᠬᠡᠨ ᠠᠰᠢᠭᠯᠠᠬᠤ ᠪᠠ ᠪᠦᠳᠦᠬᠡᠨ ᠪᠠᠶᠢᠭᠤᠯᠤᠯᠳᠠ ᠬᠢᠬᠦ ᠳᠡᠭᠡᠨ ᠪᠦᠳᠦᠮᠵᠢᠳᠠᠢ ᠠᠷᠭ᠎ᠠ ᠬᠡᠮᠵᠢᠶ᠎ᠠ ᠠᠪᠴᠦ ᠪᠠᠶᠢᠭᠠᠳ ᠲᠤᠬᠠᠢ ᠶᠢᠨ ᠭᠠᠵᠠᠷ ᠤᠨ ᠠᠮᠢᠳᠤᠷᠠᠯ ᠤᠨ ᠤᠷᠴᠢᠨ ᠨᠦᠬᠦᠴᠡᠯ ᠪᠤᠯᠤᠨ ᠠᠮᠢ ᠠᠬᠤᠢ  ᠶᠢᠨ ᠤᠷᠴᠢᠨ ᠨᠦᠬᠦᠴᠡᠯ ᠢ ᠬᠠᠮᠠᠭᠠᠯᠠᠨ ᠰᠠᠶᠢᠵᠢᠷᠠᠭᠤᠯᠬᠤ᠂ ᠪᠤᠷᠬᠢᠳᠤᠭᠤᠯᠤᠯ ᠪᠠ ᠪᠤᠰᠤᠳ ᠨᠡᠶᠢᠳᠡ ᠶᠢᠨ ᠬᠤᠤᠷᠳᠠᠭᠤᠯᠤᠯ ᠢ ᠰᠡᠷᠬᠡᠶᠢᠯᠡᠨ ᠵᠠᠰᠠᠬᠤ ᠬᠡᠷᠡᠭᠳᠡᠢ᠃      ᠵᠢᠷᠠᠨ ᠲᠤᠯᠤᠳᠤᠭᠠᠷ ᠵᠦᠢᠯ    ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠶᠢᠨ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠲᠤ ᠪᠠᠶᠢᠭ᠎ᠠ ᠬᠠᠷᠢᠶ᠎ᠠ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠡ  ᠨᠦᠭᠦᠳ ᠤᠯᠤᠰ ᠤᠨ ᠲᠤᠭᠳᠠᠭᠠᠯ ᠢᠶᠠᠷ ᠠᠵᠢᠯᠳᠠᠨ ᠡᠯᠰᠡᠬᠦ ᠳᠡᠭᠡᠨ ᠲᠤᠬᠠᠢ ᠶᠢᠨ ᠭᠠᠵᠠᠷ ᠤᠨ ᠴᠦᠬᠡᠨ ᠲᠤᠭᠠᠳᠦ ᠦᠨᠳᠤᠰᠤᠳᠠᠨ ᠤ ᠬᠦᠮᠦᠰ ᠢ ᠤᠷᠢᠳᠠᠪᠠᠷ ᠡᠯᠰᠡᠨ᠎ᠡ᠃      ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠲᠤ ᠪᠠᠶᠢᠭ᠎ᠠ ᠠᠵᠤ ᠠᠬᠤᠶᠢᠯᠠᠯ᠂ ᠠᠵᠢᠯ ᠦᠢᠯᠡᠰ  ᠤᠨ ᠨᠢᠬᠡᠴᠢ ᠨᠦᠭᠦᠳ ᠲᠤᠬᠠᠢ ᠶᠢᠨ ᠭᠠᠵᠠᠷ ᠤᠨ ᠦᠪᠡᠷᠳᠡᠬᠡᠨ ᠵᠠᠰᠠᠬᠤ ᠪᠠᠶᠢᠭᠤᠯᠭ᠎ᠠ ᠶᠢᠨ ᠦᠪᠡᠷᠳᠡᠬᠡᠨ ᠵᠠᠰᠠᠬᠤ ᠡᠷᠬᠡ ᠶᠢ ᠬᠦᠨᠳᠦᠳᠬᠡᠵᠤ᠂ ᠲᠤᠬᠠᠢ ᠶᠢᠨ ᠭᠠᠵᠠᠷ ᠤᠨ ᠦᠪᠡᠷᠳᠡᠬᠡᠨ ᠵᠠᠰᠠᠬᠤ ᠲᠦᠷᠢᠮ᠂ ᠲᠤᠰᠬᠠᠢ ᠲᠦᠷᠢᠮ ᠬᠢᠬᠡᠳ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ᠂ ᠲᠦᠷᠢᠮ ᠲᠤᠭᠳᠠᠭᠠᠯ ᠢ ᠵᠢᠷᠤᠮᠯᠠᠨ ᠰᠠᠬᠢᠵᠤ᠂ ᠲᠤᠬᠠᠢ ᠶᠢᠨ ᠭᠠᠵᠠᠷ ᠤᠨ ᠦᠪᠡᠷᠳᠡᠬᠡᠨ ᠵᠠᠰᠠᠬᠤ ᠪᠠᠶᠢᠭᠤᠯᠭ᠎ᠠ ᠶᠢᠨ ᠬᠢᠨᠡᠯᠳᠡ ᠶᠢ ᠬᠦᠯᠢᠶᠠᠬᠦ ᠬᠡᠷᠡᠭᠳᠡᠢ᠃      ᠵᠢᠷᠠᠨ ᠨᠠᠢᠮᠠᠳᠤᠭᠠᠷ ᠵᠦᠢᠯ    ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠨᠢ ᠦᠨᠳᠣᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠦᠪᠡᠷᠳᠡᠬᠡᠨ ᠵᠠᠰᠠᠬᠤ ᠪᠠᠶᠢᠭᠤᠯᠭ᠎ᠠ ᠶᠢᠨ ᠵᠦᠪᠰᠢᠶᠠᠷᠡᠯ ᠦᠭᠡᠢ ᠪᠠᠷ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠬᠠᠷᠢᠶ᠎ᠠ ᠠᠵᠤ ᠠᠬᠤᠶᠢᠯᠠᠯ ᠤᠨ ᠬᠠᠷᠢᠶᠠᠯᠠᠭᠳᠠᠬᠤ ᠬᠠᠷᠢᠴᠠᠭ᠎ᠠ ᠶᠢ ᠬᠤᠪᠢᠷᠠᠭᠤᠯᠵᠤ ᠪᠤᠯᠬᠤ ᠦᠭᠡᠢ᠃     ᠵᠢᠷᠠ ᠶᠢᠰᠦᠳᠦᠬᠡᠷ ᠵᠦᠢᠯ   ᠤᠯᠤᠰ ᠤᠷᠤᠨ ᠪᠠ ᠲᠡᠬᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠨᠢ ᠡᠳ᠋ ᠤᠨ ᠵᠠᠰᠠᠭ᠂ ᠮᠦᠩᠬᠦᠨ ᠬᠦᠢᠯᠬᠡᠬᠡ᠂ ᠡᠳ᠋ ᠪᠤᠳᠠᠰ᠂ ᠲᠧᠭᠨᠢᠭ ᠮᠡᠷᠬᠡᠵᠢᠯ᠂ ᠴᠢᠳᠠᠪᠦᠷᠢᠳᠡᠨ ᠵᠡᠷᠬᠡ ᠲᠠᠯ᠎ᠠ ᠪᠠᠷ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠶᠠᠳᠠᠭᠤ ᠬᠦᠴᠢᠷᠳᠡᠢ ᠭᠠᠵᠠᠷ ᠤᠷᠤᠨ ᠢ ᠲᠡᠳᠬᠦᠨ ᠲᠡᠮᠵᠢᠬᠦ ᠡᠷᠴᠢᠮ ᠢᠶᠠᠨ ᠴᠢᠩᠭᠠᠷᠠᠭᠤᠯᠵᠤ᠂ ᠶᠠᠳᠠᠭᠤ ᠬᠦᠴᠢᠷᠳᠡᠢ ᠬᠦᠮᠦᠨ ᠠᠮᠠ ᠶᠢ ᠬᠠᠪᠰᠤᠷᠴᠦ ᠠᠯᠢ ᠪᠤᠯᠬᠤᠶᠢᠴᠠ ᠲᠦᠷᠬᠡᠨ ᠢᠶᠠᠷ ᠶᠠᠳᠠᠭᠤ ᠬᠦᠴᠢᠷᠳᠡᠯ ᠲᠠᠢ ᠪᠠᠶᠢᠳᠠᠯ ᠠᠴᠠ ᠠᠩᠬᠢᠵᠢᠷᠠᠭᠤᠯᠤᠨ ᠴᠢᠨᠡᠬᠡᠯᠢᠭ ᠬᠡᠮᠵᠢᠶᠠᠨ ᠳᠤ ᠬᠦᠷᠬᠡᠨ᠎ᠡ᠃      ᠲᠠᠯᠠᠳᠤᠭᠠᠷ ᠵᠦᠢᠯ    ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠨᠢ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠢ ᠬᠠᠪᠰᠤᠷᠴᠦ ᠲᠤᠬᠠᠢ ᠶᠢᠨ ᠭᠠᠵᠠᠷ ᠤᠨ ᠦᠨᠳᠤᠰᠤᠳᠠᠨ ᠤ ᠲᠤᠳᠤᠷ᠎ᠠ ᠠᠴᠠ ᠡᠯ᠎ᠠ ᠱᠠᠳᠤᠨ ᠤ ᠺᠠᠳ᠋ᠷ᠂ ᠲᠦᠷᠦᠯ ᠪᠦᠷᠢ ᠶᠢᠨ ᠲᠤᠰᠬᠠᠢ ᠮᠡᠷᠬᠡᠵᠢᠯ ᠤᠨ ᠴᠢᠳᠠᠪᠦᠷᠢᠳᠠᠨ ᠪᠠ ᠮᠡᠷᠬᠡᠵᠢᠯᠳᠡᠢ ᠠᠵᠢᠯᠴᠢᠨ ᠢ ᠦᠯᠠᠮᠵᠢ ᠤᠯᠠᠨ ᠬᠦᠮᠦᠵᠢᠬᠦᠯᠬᠦ ᠬᠡᠷᠡᠭᠳᠡᠢ︔ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠬᠡᠷᠡᠭᠴᠡᠭᠡ ᠶᠢ ᠦᠨᠳᠤᠰᠤᠯᠠᠵᠤ᠂ ᠵᠤᠬᠢᠬᠤ ᠲᠤᠭᠠᠨ ᠤ ᠪᠠᠭᠰᠢ᠂ ᠡᠮᠴᠢ᠂ ᠰᠢᠨᠵᠢᠯᠡᠬᠦ ᠤᠬᠠᠭᠠᠨ ᠮᠡᠷᠬᠡᠵᠢᠯ ᠤᠨ ᠠᠵᠢᠯᠳᠠᠨ ᠪᠠ ᠡᠵᠡᠩᠨᠡᠨ ᠬᠠᠮᠢᠶᠠᠷᠬᠤ ᠠᠵᠢᠯᠳᠠᠨ ᠢ ᠤᠯᠠᠨ ᠬᠡᠯᠪᠡᠷᠢ ᠪᠠᠷ ᠰᠢᠯᠵᠢᠬᠦᠯᠦᠨ ᠲᠤᠮᠢᠯᠠᠵᠤ᠂ ᠦᠨᠳᠤᠰᠤᠳᠠᠨ  ᠤ ᠦᠪᠡᠷᠳᠡᠬᠡᠨ ᠵᠠᠰᠠᠬᠤ ᠤᠷᠤᠨ ᠨᠤᠳᠤᠭ ᠤᠨ ᠠᠵᠢᠯ   ᠳᠤ ᠤᠷᠤᠯᠴᠠᠭᠤᠯᠵᠤ᠂ ᠠᠮᠢᠳᠤᠷᠠᠯ ᠤᠨ ᠤᠯᠭᠤᠮᠵᠢ ᠶᠢᠨ ᠲᠠᠯ᠎ᠠ ᠪᠠᠷ ᠲᠡᠳᠡᠨ ᠢ ᠵᠤᠬᠢᠰᠳᠠᠢ ᠬᠠᠷᠠᠭᠠᠯᠵᠠᠬᠤ ᠬᠡᠷᠡᠭᠳᠡᠢ᠃       ᠲᠠᠯᠠᠨ ᠨᠢᠬᠡᠳᠦᠬᠡᠷ ᠵᠦᠢᠯ     ᠤᠯᠤᠰ ᠠᠴᠠ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ  ᠤᠨ ᠰᠤᠷᠭᠠᠨ ᠬᠦᠮᠦᠵᠢᠯ ᠤᠨ ᠤᠷᠤᠭᠤᠯᠤᠯᠳᠠ ᠶᠢ ᠨᠡᠮᠡᠭᠳᠡᠬᠦᠯᠬᠦ ᠶᠢᠨ ᠬᠠᠮᠳᠦ ᠤᠨᠴᠠᠭᠠᠢ ᠠᠷᠭ᠎ᠠ ᠬᠡᠮᠵᠢᠶ᠎ᠠ ᠠᠪᠴᠦ ᠪᠠᠶᠢᠭᠠᠳ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠢ ᠬᠠᠪᠰᠤᠷᠴᠦ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠦᠬᠡᠮᠡᠯᠵᠢᠬᠦᠬᠦ ᠪᠠ ᠰᠤᠷᠭᠠᠨ ᠬᠦᠮᠦᠵᠢᠯ ᠤᠨ ᠪᠤᠰᠤᠳ ᠦᠢᠯᠡᠰ ᠢ ᠬᠦᠭᠵᠢᠬᠦᠯᠬᠦ ᠶᠢ ᠲᠦᠷᠬᠡᠳᠬᠡᠵᠤ᠂ ᠦᠨᠳᠤᠰᠤᠳᠠᠨ ᠨᠦᠭᠦᠳ ᠤᠨ ᠠᠷᠠᠳ ᠲᠦᠮᠡᠨ ᠤ ᠰᠢᠨᠵᠢᠯᠡᠬᠦ ᠤᠬᠠᠭᠠᠨ ᠰᠤᠶᠤᠯ ᠪᠤᠯᠪᠠᠰᠤᠷᠠᠯ ᠤᠨ ᠬᠢᠷᠢ ᠬᠡᠮᠵᠢᠶᠠ  ᠲᠡᠬᠡᠭᠰᠢᠬᠦᠯᠦᠨ᠎ᠡ᠃       ᠤᠯᠤᠰ ᠠᠴᠠ ᠦᠨᠳᠤᠰᠤᠳᠠᠨ ᠤ ᠲᠡᠬᠡᠳᠦ ᠵᠡᠷᠬᠡ ᠶᠢᠨ ᠰᠤᠷᠭᠠᠭᠤᠯᠢ ᠶᠢ ᠡᠷᠬᠢᠯᠡᠵᠤ᠂ ᠲᠡᠬᠡᠳᠦ ᠵᠡᠷᠬᠡ ᠶᠢᠨ ᠰᠤᠷᠭᠠᠭᠤᠯᠢ ᠳᠤ ᠦᠨᠳᠤᠰᠤᠳᠠᠨ ᠤ ᠠᠩᠬᠢ᠂ ᠦᠨᠳᠤᠰᠤᠳᠠᠨ ᠤ ᠪᠡᠯᠡᠳᠬᠡᠯ ᠠᠩᠬᠢ ᠭᠠᠷᠭᠠᠵᠤ ᠴᠦᠬᠡᠨ ᠲᠤᠭᠠᠳᠦ ᠦᠨᠳᠤᠰᠤᠳᠠᠨ ᠤ ᠰᠤᠷᠤᠭᠴᠢᠳ ᠢ ᠲᠤᠰᠬᠠᠶᠢᠯᠠᠨ ᠡᠯᠰᠡᠬᠦ ᠪᠤᠶᠤ ᠭᠤᠤᠯᠴᠢᠯᠠᠨ ᠡᠯᠰᠡᠬᠦ ᠶᠢᠨ ᠬᠠᠮᠳᠦ ᠲᠤᠭᠳᠠᠭᠰᠨ ᠭᠠᠵᠠᠷ ᠠᠴᠠ ᠡᠯᠰᠡᠵᠤ ᠲᠤᠭᠳᠠᠭᠰᠠᠨ ᠭᠠᠵᠠᠷ ᠲᠤ ᠬᠤᠪᠢᠶᠠᠷᠢᠯᠠᠬᠤ ᠠᠷᠭ᠎ᠠ ᠶᠢ ᠠᠪᠴᠦ ᠪᠤᠯᠤᠨ᠎ᠠ᠃ ᠲᠡᠬᠡᠳᠦ ᠵᠡᠷᠬᠡ  ᠶᠢᠨ ᠰᠤᠷᠭᠠᠭᠤᠯᠢ ᠪᠠ ᠲᠤᠮᠳᠠᠳᠦ ᠵᠡᠷᠬᠡ ᠶᠢᠨ ᠲᠤᠰᠬᠠᠢ ᠮᠡᠷᠬᠡᠵᠢᠯ ᠤᠨ ᠰᠤᠷᠭᠠᠭᠤᠯᠢ ᠰᠢᠨ᠎ᠡ ᠰᠤᠷᠤᠭᠴᠢ ᠡᠯᠰᠡᠬᠦ  ᠳᠡᠭᠡᠨ ᠡᠯᠰᠡᠨ ᠠᠪᠬᠤ ᠪᠠᠷᠢᠮᠵᠢᠶ᠎ᠠ ᠪᠠ ᠨᠦᠬᠦᠴᠡᠯ ᠢ ᠴᠦᠬᠡᠨ ᠲᠤᠭᠠᠳᠦ ᠦᠨᠳᠤᠰᠤᠳᠠᠨ ᠤ ᠰᠢᠯᠭᠠᠭᠤᠯᠤᠭᠴᠢᠳ ᠲᠤ ᠵᠤᠬᠢᠰᠳᠠᠢ ᠠᠭᠤᠵᠢᠭᠤ ᠲᠠᠯᠪᠢᠵᠤ᠂ ᠬᠦᠮᠦᠨ ᠠᠮᠠ ᠠᠴᠠ ᠤᠨᠴᠠ ᠴᠦᠬᠡᠨ ᠪᠠᠶᠢᠳᠠᠭ ᠴᠦᠬᠡᠨ ᠲᠤᠭᠠᠳᠦ ᠦᠨᠳᠤᠰᠤᠳᠠᠨ ᠤ ᠰᠢᠯᠭᠠᠭᠤᠯᠤᠭᠴᠢ ᠳᠤ ᠤᠨᠴᠠᠭᠠᠢ ᠬᠠᠷᠠᠭᠠᠯᠵᠠᠯ ᠦᠵᠡᠬᠦᠯᠦᠨ᠎ᠡ᠃ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠬᠢᠬᠡᠳ ᠰᠤᠷᠭᠠᠭᠤᠯᠢ ᠨᠤᠭᠤᠳ ᠤᠯᠠᠨ ᠵᠦᠢᠯ ᠤᠨ ᠠᠷᠭ᠎ᠠ ᠬᠡᠮᠵᠢᠶ᠎ᠠ ᠠᠪᠴᠦ ᠪᠠᠶᠢᠭᠠᠳ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠴᠦᠬᠡᠨ ᠲᠤᠭᠠᠳᠦ ᠦᠨᠳᠤᠰᠤᠳᠠᠨ ᠤ ᠰᠤᠷᠤᠭᠴᠢᠳ ᠤᠨ ᠰᠤᠷᠤᠯᠭ᠎ᠠ  ᠪᠠᠨ ᠲᠡᠬᠦᠰᠬᠡᠬᠦ ᠳᠤᠨᠢ ᠬᠠᠪᠰᠤᠷᠴᠦ ᠲᠤᠰᠠᠯᠠᠬᠤ ᠬᠡᠷᠡᠭᠳᠡᠢ᠃      ᠤᠯᠤᠰ ᠠᠴᠠ ᠬᠦᠭᠵᠢᠭᠰᠡᠨ ᠭᠠᠵᠠᠷ ᠤᠷᠤᠨ ᠳᠤ ᠦᠨᠳᠤᠰᠤᠳᠠᠨ ᠤ ᠲᠤᠮᠳᠠᠳᠦ ᠰᠤᠷᠭᠠᠭᠤᠯᠢ ᠪᠠᠶᠢᠭᠤᠯᠬᠤ ᠪᠤᠶᠤ ᠡᠩ ᠤᠨ ᠲᠤᠮᠳᠠᠳᠦ ᠰᠤᠷᠭᠠᠭᠤᠯᠢ ᠳᠤ ᠦᠨᠳᠤᠰᠤᠳᠠᠨ ᠤ ᠠᠩᠬᠢ ᠶᠢ ᠡᠷᠬᠢᠯᠡᠨ᠂ ᠴᠦᠬᠡᠨ ᠲᠤᠭᠠᠳᠦ ᠦᠨᠳᠤᠰᠤᠳᠠᠨ ᠤ ᠰᠤᠷᠤᠭᠴᠢᠳ ᠢ ᠡᠯᠰᠡᠵᠤ ᠲᠤᠮᠳᠠᠳᠦ ᠵᠡᠷᠬᠡ ᠶᠢᠨ ᠰᠤᠷᠭᠠᠨ ᠬᠦᠮᠦᠵᠢᠯ ᠬᠦᠷᠳᠡᠬᠡᠨ᠎ᠡ᠃      ᠤᠯᠤᠰ ᠠᠴᠠ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠢ ᠬᠠᠪᠰᠤᠷᠤᠨ ᠡᠯ᠎ᠠ ᠦᠨᠳᠤᠰᠤᠳᠠᠨ ᠤ ᠪᠠᠭᠰᠢᠨᠠᠷ ᠢ ᠬᠦᠮᠦᠵᠢᠬᠦᠯᠦᠨ ᠪᠤᠯᠪᠠᠰᠤᠷᠠᠭᠤᠯᠤᠨ᠎ᠠ᠃ ᠤᠯᠤᠰ ᠠᠴᠠ ᠡᠯ᠎ᠠ ᠦᠨᠳᠤᠰᠤᠳᠠᠨ ᠤ ᠪᠠᠭᠰᠢᠨᠠᠷ ᠪᠤᠯᠤᠨ ᠪᠠᠭᠰᠢᠯᠠᠬᠤ ᠨᠦᠬᠦᠴᠡᠯ ᠳᠤ ᠨᠡᠶᠢᠴᠡᠭᠰᠡᠨ ᠡᠯ᠎ᠠ ᠦᠨᠳᠤᠰᠤᠳᠠᠨ ᠤ ᠰᠤᠷᠤᠯᠭ᠎ᠠ ᠲᠡᠬᠦᠰᠦᠭᠰᠡᠳ ᠤᠨ ᠦᠨᠳᠤᠰᠤᠳᠠᠨ ᠤ ᠦᠪᠡᠷᠳᠡᠬᠡᠨ ᠵᠠᠰᠠᠬᠤ ᠤᠷᠤᠨ ᠨᠤᠳᠤᠭ ᠲᠤ ᠤᠴᠢᠵᠤ ᠰᠤᠷᠭᠠᠨ ᠬᠦᠮᠦᠵᠢᠬᠦᠯᠬᠦ ᠵᠢᠭᠠᠨ ᠰᠤᠷᠭᠠᠬᠤ ᠠᠵᠢᠯ ᠬᠢᠬᠦ ᠢ ᠨᠢ ᠵᠤᠬᠢᠶᠠᠨ ᠪᠠᠶᠢᠭᠤᠯᠤᠨ ᠵᠤᠷᠢᠭᠵᠢᠭᠤᠭᠤᠯᠬᠤ ᠶᠢᠨ ᠬᠠᠮᠳᠦ ᠲᠡᠳᠡᠨ ᠳᠤ ᠵᠤᠬᠢᠴᠠᠩᠭᠤᠢ ᠬᠠᠷᠠᠭᠠᠯᠵᠠᠯ ᠦᠵᠡᠬᠦᠯᠦᠨ᠎ᠡ᠃       ᠲᠠᠯᠠᠨ ᠬᠤᠶᠠᠳᠤᠭᠠᠷ ᠵᠦᠢᠯ     ᠲᠡᠬᠡᠳᠦ ᠱᠠᠳᠤᠨ ᠤ ᠲᠦᠷᠦ ᠶᠢᠨ ᠪᠠᠶᠢᠭᠤᠯᠭ᠎ᠠ ᠨᠢ ᠦᠨᠳᠤᠰᠤᠳᠠᠨ  ᠨᠦᠭᠦᠳ ᠤᠨ ᠺᠠᠳ᠋ᠷ ᠪᠠ ᠤᠯᠠᠨ ᠲᠦᠮᠡᠨ ᠳᠤ ᠦᠨᠳᠤᠰᠤᠳᠠᠨ ᠤ ᠲᠦᠷᠦ ᠶᠢᠨ ᠪᠤᠳᠤᠯᠭ᠎ᠠ ᠶᠢᠨ ᠬᠦᠮᠦᠵᠢᠯ ᠬᠢᠬᠦ ᠪᠠᠨ ᠴᠢᠩᠭᠠᠳᠬᠠᠵᠤ᠂ ᠦᠨᠳᠤᠰᠤᠳᠠᠨ ᠤ ᠲᠦᠷᠦ ᠶᠢᠨ ᠪᠤᠳᠤᠯᠭ᠎ᠠ ᠪᠠ ᠬᠤᠯᠪᠤᠭᠳᠠᠯ ᠪᠦᠬᠦᠢ ᠬᠠᠤᠯᠢ ᠴᠠᠭᠠᠵᠠ ᠶᠢ ᠰᠠᠬᠢᠵᠤ ᠬᠡᠷᠡᠭᠵᠢᠬᠦᠯᠵᠤ ᠪᠠᠶᠢᠭ᠎ᠠ ᠪᠠᠶᠢᠳᠠᠯ ᠢ ᠦᠷᠬᠦᠯᠵᠢ ᠪᠠᠶᠢᠴᠠᠭᠠᠬᠤ ᠬᠡᠷᠡᠭᠳᠡᠢ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号