ᠯᠢ ᠬᠤᠣ ᠨᠠᠨ
ᠨᠡᠶᠢᠲᠡᠯᠡᠭᠰᠡᠨ ᠴᠠᠭ᠄
2021/1/18

  ᠲᠤᠪᠴᠢ ᠨᠠᠮᠳᠠᠷ ᠄

ᠯᠢ ᠬᠤᠣ ᠨᠠᠨ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 5 ᠰᠠᠷ᠎ᠠ ᠳᠤ ᠦᠪᠦᠷ ᠮᠣᠩᠭᠤᠯ ᠤᠨ

ᠥᠪᠡᠷᠲᠡᠭᠡᠨ ᠵᠠᠰᠠᠬᠤ ᠣᠷᠣᠨ ᠤ ᠨᠢᠩᠴᠧᠩ ᠰᠢᠶᠠᠨ ᠳᠤ ᠲᠦᠷᠦᠵᠠᠢ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ

ᠨᠠᠮᠲᠠᠷ ᠲᠠᠢ᠂ 1991 ᠣᠨ ᠤ 9 ᠰᠠᠷ᠎ᠠ ᠳᠤ ᠠᠵᠢᠯ ᠤᠨ ᠭᠠᠷᠤᠭ᠎ᠠ ᠠᠪᠴᠤ᠂ 1992 ᠣᠨ ᠤ 12 ᠰᠠᠷ᠎ᠠ ᠳᠤ

ᠡᠪ ᠬᠠᠮᠲᠤ ᠨᠠᠮ ᠳᠤ ᠡᠯᠰᠡᠭᠳᠡᠪᠡ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ

ᠬᠤᠰᠢᠭᠤᠨ ᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠵᠦ ᠪᠣᠢ᠃

1987 ᠤᠨ ᠤ 9 ᠰᠠᠷ᠎ᠠ —1991 ᠤᠨ ᠤ 8 ᠰᠠᠷ᠎ᠠ ᠪᠣᠯᠲᠠᠯ᠎ᠠ ᠠᠨ ᠱᠠᠨ ᠪᠣᠯᠤᠳ ᠲᠡᠮᠦᠷ ᠤᠨ ᠳᠡᠭᠡᠳᠦ

ᠰᠤᠷᠭᠠᠭᠤᠯᠢ ᠳᠤ ᠰᠤᠷᠤᠯᠴᠠᠪᠠ︔

1991 ᠤᠨ ᠤ 9 ᠰᠠᠷ᠎ᠠ —1992 ᠤᠨ ᠤ 6 ᠰᠠᠷ᠎ᠠ ᠪᠣᠯᠲᠠᠯ᠎ᠠ ᠤᠯᠠᠭᠠᠨᠬᠠᠳᠠ ᠬᠤᠲᠠ ᠶᠢᠨ ᠰᠢᠬᠢᠷ

ᠠᠷᠢᠬᠢ ᠶᠢᠨ ᠺᠤᠮᠫᠠᠨᠢ ᠶᠢᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠠᠯᠠᠭᠠᠨ ᠳᠤ ᠠᠵᠢᠯᠯᠠᠪᠠ︔

1992 ᠤᠨ ᠤ 6 ᠰᠠᠷ᠎ᠠ —1992 ᠤᠨ ᠤ 9 ᠰᠠᠷ᠎ᠠ ᠪᠣᠯᠲᠠᠯ᠎ᠠ ᠤᠯᠠᠭᠠᠨᠬᠠᠳᠠ ᠬᠤᠲᠠ ᠶᠢᠨ ᠰᠢᠬᠢᠷ

ᠠᠷᠢᠬᠢ ᠶᠢᠨ ᠺᠤᠮᠫᠠᠨᠢ ᠶᠢᠨ ᠬᠠᠷ᠎ᠠ ᠠᠷᠢᠬᠢ ᠦᠢᠯᠡᠳᠪᠦᠷᠢᠯᠡᠬᠦ ᠰᠠᠯᠠᠭᠠᠨ ᠳᠤ ᠠᠵᠢᠯᠯᠠᠵᠠᠢ︔          

1992 ᠤᠨ ᠤ 9 ᠰᠠᠷ᠎ᠠ —1996 ᠤᠨ ᠤ 1 ᠰᠠᠷ᠎ᠠ ᠪᠣᠯᠲᠠᠯ᠎ᠠ ᠤᠯᠠᠭᠠᠨᠬᠠᠳᠠ ᠬᠤᠲᠠ ᠶᠢᠨ ᠬᠤᠲᠤᠩ

ᠠᠷᠠᠳ ᠤᠨ ᠬᠤᠳᠠᠯᠳᠤᠭ᠎ᠠ ᠶᠢᠨ ᠳᠡᠳ᠋ ᠵᠠᠬᠢᠷᠤᠯ᠂ ᠵᠠᠬᠢᠷᠤᠯ᠂ ᠨᠠᠮ ᠤᠨ ᠡᠭᠦᠷ ᠤᠨ ᠱᠦᠵᠢ ᠶᠢᠨ ᠲᠤᠰᠢᠶᠠᠯ ᠢ

ᠡᠭᠦᠷᠭᠡᠯᠡᠪᠡ︔          

1996 ᠤᠨ ᠤ 1 ᠰᠠᠷ᠎ᠠ —1999 ᠤᠨ ᠤ 1 ᠰᠠᠷ᠎ᠠ ᠪᠣᠯᠲᠠᠯ᠎ᠠ ᠤᠯᠠᠭᠠᠨᠬᠠᠳᠠ ᠬᠤᠲᠠ ᠶᠢᠨ ᠰᠢᠬᠢᠷ

ᠠᠷᠢᠬᠢ ᠶᠢᠨ ᠺᠤᠮᠫᠠᠨᠢ ᠶᠢᠨ ᠳᠡᠳ᠋ ᠶᠡᠷᠦᠩᠬᠡᠢ ᠵᠠᠬᠢᠷᠤᠯ︔        

1999 ᠤᠨ ᠤ 1 ᠰᠠᠷ᠎ᠠ —2000 ᠤᠨ ᠤ 11 ᠰᠠᠷ᠎ᠠ ᠪᠣᠯᠲᠠᠯ᠎ᠠ ᠤᠯᠠᠭᠠᠨᠬᠠᠳᠠ ᠬᠤᠲᠠ ᠶᠢᠨ ᠰᠢᠬᠢᠷ

ᠠᠷᠢᠬᠢ ᠶᠢᠨ ᠺᠤᠮᠫᠠᠨᠢ ᠶᠢᠨ ᠶᠡᠷᠦᠩᠬᠡᠢ ᠵᠠᠬᠢᠷᠤᠯ᠂ ᠨᠠᠮ ᠤᠨ ᠬᠤᠷᠢᠶ᠎ᠠ ᠶᠢᠨ ᠳᠡᠳ᠋ ᠱᠦᠵᠢ︔          

2000 ᠤᠨ ᠤ 11 ᠰᠠᠷ᠎ᠠ —2004 ᠤᠨ ᠤ 1 ᠰᠠᠷ᠎ᠠ ᠪᠣᠯᠲᠠᠯ᠎ᠠ ᠯᠢᠨᠰᠢ ᠰᠢᠶᠠᠨ ᠤ ᠠᠷᠠᠳ ᠤᠨ ᠵᠠᠰᠠᠭ ᠤᠨ

ᠣᠷᠳᠣᠨ ᠤ ᠳᠡᠳ᠋  ᠳᠠᠷᠤᠭ᠎ᠠ︔          

2004 ᠤᠨ ᠤ 1 ᠰᠠᠷ᠎ᠠ —2007 ᠤᠨ ᠤ 9 ᠰᠠᠷ᠎ᠠ ᠪᠣᠯᠲᠠᠯ᠎ᠠ ᠬᠠᠷᠠᠴᠢᠨ ᠬᠤᠰᠢᠭᠤᠨ ᠤ ᠠᠷᠠᠳ ᠤᠨ

ᠵᠠᠰᠠᠭ ᠤᠨ ᠣᠷᠳᠣᠨ ᠤ ᠳᠡᠳ᠋ ᠳᠠᠷᠤᠭ᠎ᠠ

2005 ᠤᠨ ᠤ 4 ᠰᠠᠷ᠎ᠠ —2005 ᠤᠨ ᠤ 7 ᠰᠠᠷ᠎ᠠ ᠪᠣᠯᠲᠠᠯ᠎ᠠ ᠵᠢᠶᠠᠩᠰᠦ ᠮᠤᠵᠢ ᠶᠢᠨ ᠦᠰᠢ ᠬᠤᠲᠠ ᠶᠢᠨ

ᠪᠢᠨ ᠬᠤ᠋ ᠲᠣᠭᠤᠷᠢᠭ ᠲᠤ ᠲᠣᠭᠤᠷᠢᠭ ᠤᠨ ᠳᠠᠷᠤᠭ᠎ᠠ ᠶᠢᠨ ᠲᠤᠰᠠᠯᠠᠭᠴᠢ ᠪᠠᠷ ᠲᠤᠰᠢᠶᠠᠯ ᠡᠭᠦᠷᠭᠡᠯᠡᠵᠡᠢ︶︔        

2007 ᠤᠨ ᠤ 9 ᠰᠠᠷ᠎ᠠ —2008 ᠤᠨ ᠤ 8 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ

ᠬᠠᠷᠠᠴᠢᠨ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂

ᠵᠠᠰᠠᠭ ᠤᠨ ᠣᠷᠳᠣᠨ ᠤ ᠳᠡᠳ᠋ ᠳᠠᠷᠤᠭ᠎ᠠ︔          

2008 ᠤᠨ ᠤ 8 ᠰᠠᠷ᠎ᠠ —2010 ᠤᠨ ᠤ 10 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ

ᠨᠠᠮ ᠤᠨ ᠬᠠᠷᠠᠴᠢᠨ ᠬᠤᠰᠢᠭᠤᠨ ᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋

ᠳᠠᠷᠤᠭ᠎ᠠ︔          

2010 ᠤᠨ ᠤ 10 ᠰᠠᠷ᠎ᠠ —2011ᠤᠨ ᠤ 2 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ

ᠨᠠᠮ ᠤᠨ ᠬᠠᠷᠠᠴᠢᠨ ᠬᠤᠰᠢᠭᠤᠨ ᠤ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠤᠯᠠᠭᠴᠢ ᠳᠠᠷᠤᠭ᠎ᠠ︔

         

2011 ᠤᠨ ᠤ 2 ᠰᠠᠷ᠎ᠠ — 2015 ᠤᠨ ᠤ 1 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ

ᠨᠠᠮ ᠤᠨ ᠬᠠᠷᠠᠴᠢᠨ ᠬᠤᠰᠢᠭᠤᠨ ᠤ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ︔        

2015 ᠤᠨ ᠤ 1 ᠰᠠᠷ᠎ᠠ — ᠣᠳᠣ ᠪᠣᠯᠲᠠᠯ᠎ᠠ ᠲᠤᠮᠳᠠᠳᠤ ᠤᠯᠤᠰ ᠤᠨ ᠡᠪ ᠬᠠᠮᠳᠤ ᠨᠠᠮ ᠤᠨ ᠪᠠᠭᠠᠷᠢᠨ ᠵᠡᠬᠦᠨ

ᠬᠤᠰᠢᠭᠤᠨ ᠤ ᠬᠤᠷᠢᠶ᠎ᠠ ᠱᠦᠵᠢ  

ᠠᠵᠢᠯ ᠤᠨ ᠬᠤᠪᠢᠶᠠᠷᠢ᠄

ᠬᠤᠰᠢᠭᠤ ᠨᠠᠮ ᠤᠨ ᠬᠤᠷᠢᠶᠠᠨ ᠤ ᠪᠦᠬᠦ ᠲᠠᠯ᠎ᠠ ᠶᠢᠨ ᠠᠵᠢᠯ ᠢ ᠡᠷᠬᠢᠯᠡᠨ᠎ᠡ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号