ᠳᠡᠳ᠋ ᠲᠡᠷᠢᠭᠦᠯᠡᠭᠴᠢ᠄ ᠵᠧᠩ ᠭᠦᠸᠧ ᠵᠢᠶᠦ᠋ᠨ
ᠨᠡᠶᠢᠲᠡᠯᠡᠭᠰᠡᠨ ᠴᠠᠭ᠄
2021/1/18

ᠲᠤᠪᠴᠢ ᠨᠠᠮᠳᠠᠷ᠄

ᠵᠧᠩ ᠭᠦᠸᠧ ᠵᠢᠶᠦ᠋ᠨ᠂ ᠡᠷᠡᠭᠲᠡᠢ᠂ ᠮᠣᠩᠭᠤᠯ ᠦᠨᠳᠦᠰᠦᠲᠡᠨ᠂ 1962 ᠣᠨ ᠤ 6 ᠰᠠᠷ᠎ᠠ ᠳᠤ ᠤᠯᠠᠭᠠᠨᠬᠠᠳᠠ

ᠬᠤᠲᠠ ᠶᠢᠨ ᠪᠠᠭᠠᠷᠢᠨ ᠵᠡᠭᠦᠨ ᠬᠤᠰᠢᠭᠤᠨ ᠳᠤ ᠲᠦᠷᠦᠵᠠᠢ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ

ᠰᠤᠷᠤᠯᠭ᠎ᠠ ᠶᠢᠨ ᠨᠠᠮᠲᠠᠷ ᠲᠠᠢ᠂ 1980 ᠣᠨ ᠤ 9 ᠰᠠᠷ᠎ᠠ ᠳᠤ ᠠᠵᠢᠯ ᠳᠤ ᠣᠷᠤᠵᠤ᠂ 1986 ᠣᠨ ᠤ 3

ᠰᠠᠷ᠎ᠠ ᠳᠤ ᠡᠪ ᠬᠠᠮᠲᠤ ᠨᠠᠮ ᠤᠨ ᠭᠡᠰᠢᠭᠦᠨ ᠢᠶᠠᠷ ᠡᠯᠰᠡᠭᠳᠡᠪᠡ᠃ ᠣᠳᠣ ᠤᠯᠤᠰ ᠲᠥᠷᠥ ᠶᠢᠨ ᠵᠦᠪᠯᠡᠯᠭᠡᠨ ᠤ

ᠪᠠᠭᠠᠷᠢᠨ ᠵᠡᠭᠦᠨ ᠬᠤᠰᠢᠭᠤᠨ ᠤ ᠵᠦᠪᠯᠡᠯ ᠤᠨ ᠳᠡᠳ᠋ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠵᠦ ᠪᠣᠢ᠃

1980 ᠣᠨ ᠤ 9 ᠰᠠᠷ᠎ᠠ — 1984 ᠣᠨ ᠤ 4 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ ᠯᠢᠨᠳᠦ᠋ᠩ

ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ᠂ ᠪᠠᠭᠠᠷᠢᠨ ᠵᠡᠭᠦᠨ ᠬᠤᠰᠢᠭᠤᠨ ᠤ ᠢᠳᠡᠭᠡᠨ ᠤᠮᠳᠠᠭᠠᠨ ᠤ

ᠦᠢᠯᠡᠴᠢᠯᠡᠭᠡᠨ ᠤ ᠺᠤᠮᠫᠠᠨᠢ ᠶᠢᠨ ᠠᠵᠢᠯᠲᠠᠨ︔

1984 ᠣᠨ ᠤ 4 ᠰᠠᠷ᠎ᠠ — 1992 ᠣᠨ ᠤ 3 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ

ᠨᠠᠮ ᠤᠨ ᠪᠠᠭᠠᠷᠢᠨ ᠵᠡᠭᠦᠨ ᠬᠤᠰᠢᠭᠤᠨ ᠤ ᠬᠤᠷᠢᠶ᠎ᠠ ᠶᠢᠨ ᠠᠬᠠᠮᠠᠳ ᠺᠠᠳ᠋ᠷ ᠤᠨ ᠲᠣᠪᠴᠢᠶ᠎ᠠ᠂ ᠨᠢᠭᠡᠲᠦᠮᠡᠯ ᠹᠷᠤᠨᠲ ᠤᠨ

ᠬᠡᠯᠲᠡᠰ ᠤᠨ ᠺᠠᠳ᠋ᠷ︔

1992 ᠣᠨ ᠤ 3 ᠰᠠᠷ᠎ᠠ — 1995 ᠣᠨ ᠤ 9 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ

ᠨᠠᠮ ᠤᠨ ᠪᠠᠭᠠᠷᠢᠨ ᠵᠡᠭᠦᠨ ᠬᠤᠰᠢᠭᠤᠨ ᠤ ᠪᠠᠶᠠᠨᠭᠤᠤ ᠰᠢᠶᠠᠩ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ

ᠪᠠᠶᠢᠴᠠᠭᠠᠬᠤ ᠬᠤᠷᠢᠶᠠᠨ ᠤ ᠱᠦᠵᠢ︔

1995 ᠣᠨ ᠤ 9 ᠰᠠᠷ᠎ᠠ — 1997 ᠣᠨ ᠤ 9 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ

ᠨᠠᠮ ᠤᠨ ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠨ ᠣᠪᠣᠭ᠎ᠠ ᠰᠢᠶᠠᠩ ᠤᠨ ᠬᠤᠷᠢᠶᠠᠨ ᠤ ᠳᠡᠳ᠋ ᠱᠦᠵᠢ᠂

ᠵᠠᠰᠠᠭ ᠤᠨ ᠣᠷᠳᠤᠨ ᠤ ᠳᠠᠷᠤᠭ᠎ᠠ︔

1997 ᠣᠨ ᠤ 9 ᠰᠠᠷ᠎ᠠ — 2001 ᠣᠨ ᠤ 2 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ ᠱᠢᠨᠠ

ᠤᠰᠤᠨ ᠴᠦᠭᠦᠷᠦᠮ ᠤᠨ ᠬᠠᠮᠢᠶᠠᠷᠤᠯᠲᠠ ᠶᠢᠨ ᠭᠠᠵᠠᠷ ᠤᠨ ᠡᠷᠬᠢᠯᠡᠭᠴᠢ︔

2001 ᠣᠨ ᠤ 2 ᠰᠠᠷ᠎ᠠ — 2002 ᠣᠨ ᠤ 3 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ

ᠨᠠᠮ ᠤᠨ ᠪᠠᠭᠠᠷᠢᠨ ᠵᠡᠭᠦᠨ ᠬᠤᠰᠢᠭᠤᠨ ᠤ ᠲᠦᠯᠦᠪᠯᠡᠭᠡᠨ ᠤ ᠵᠦᠪᠯᠡᠯ ᠤᠨ ᠡᠭᠦᠷ ᠤᠨ ᠺᠣᠮᠢᠰ ᠤᠨ ᠱᠦᠵᠢ᠂

ᠲᠦᠯᠦᠪᠯᠡᠭᠡᠨ ᠤ ᠵᠦᠪᠯᠡᠯ ᠤᠨ ᠳᠡᠳ᠋ ᠡᠷᠬᠢᠯᠡᠭᠴᠢ︔

2002 ᠣᠨ ᠤ 3 ᠰᠠᠷ᠎ᠠ — 2004 ᠣᠨ ᠤ 3 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ ᠡᠳ᠋ ᠤᠨ

ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠯᠲᠡ ᠶᠢᠨ ᠤᠳᠤᠷᠢᠳᠬᠤ

ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ︔

2004 ᠣᠨ ᠤ 3 ᠰᠠᠷ᠎ᠠ — 2006 ᠣᠨ ᠤ 2 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ︔

2006 ᠣᠨ ᠤ 2 ᠰᠠᠷ᠎ᠠ — 2009 ᠣᠨ ᠤ 3 ᠰᠠᠷ᠎ᠠ ᠪᠣᠯᠲᠠᠯ᠎ᠠ ᠪᠠᠭᠠᠷᠢᠨ ᠵᠡᠭᠦᠨ ᠬᠤᠰᠢᠭᠤᠨ ᠤ

ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠣᠪᠴᠢᠶᠠᠨ ᠤ ᠳᠠᠷᠤᠭ᠎ᠠ︔

2009 ᠣᠨ ᠤ 3 ᠰᠠᠷ᠎ᠠ — 2012 ᠣᠨ ᠤ 10 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ

ᠨᠠᠮ ᠤᠨ ᠪᠠᠭᠠᠷᠢᠨ ᠵᠡᠭᠦᠨ ᠬᠤᠰᠢᠭᠤᠨ ᠤ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠲᠣᠪᠴᠢᠶᠠᠨ ᠤ ᠨᠠᠮ ᠤᠨ

ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ︔

2012 ᠣᠨ ᠤ 10 ᠰᠠᠷ᠎ᠠ — ᠤᠯᠤᠰ ᠲᠥᠷᠥ ᠶᠢᠨ ᠵᠦᠪᠯᠡᠯᠭᠡᠨ ᠤ ᠪᠠᠭᠠᠷᠢᠨ ᠵᠡᠭᠦᠨ ᠬᠤᠰᠢᠭᠤᠨ ᠤ ᠵᠦᠪᠯᠡᠯ

 ᠤᠨ ᠳᠡᠳ᠋ ᠲᠡᠷᠢᠭᠦᠯᠡᠭᠴᠢ᠃

ᠠᠵᠢᠯ ᠤᠨ ᠬᠤᠪᠢᠶᠠᠷᠢ᠄

ᠲᠡᠷᠢᠭᠦᠯᠡᠭᠴᠢ ᠶᠢᠨ ᠠᠵᠢᠯ ᠢ ᠬᠠᠮᠵᠢᠯᠴᠠᠵᠤ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠨᠠᠷᠢᠨ ᠪᠢᠴᠢᠭᠡᠴᠢ

 ᠶᠢᠨ ᠭᠠᠵᠠᠷ᠂ ᠮᠡᠳᠡᠭᠡ ᠵᠠᠩᠬᠢ ᠬᠢᠭᠡᠳ ᠭᠡᠰᠢᠭᠦᠳ ᠤᠨ ᠬᠠᠷᠢᠯᠴᠠᠬᠤ ᠵᠦᠪᠯᠡᠯ ᠢ ᠬᠤᠪᠢᠶᠠᠷᠢᠯᠠᠨ ᠬᠠᠮᠢᠶᠠᠷᠤᠨ᠎ᠠ᠃

ᠬᠤᠰᠢᠭᠤ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠯᠪᠠᠨ

ᠭᠡᠷ᠂ ᠵᠠᠰᠠᠭ ᠤᠨ ᠣᠷᠳᠤᠨ ᠤ ᠠᠯᠪᠠᠨ ᠭᠡᠷ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂

ᠵᠣᠬᠢᠶᠠᠨ ᠪᠠᠶᠢᠭᠤᠯᠬᠤ ᠬᠡᠯᠲᠡᠰ᠂ ᠨᠢᠭᠡᠲᠦᠮᠡᠯ ᠹᠷᠤᠨᠲ ᠤᠨ ᠬᠡᠯᠲᠡᠰ᠂ ᠣᠷᠤᠨ ᠲᠤᠭ᠎ᠠ ᠶᠢᠨ ᠠᠯᠪᠠᠨ ᠭᠡᠷ᠂

ᠦᠢᠯᠡᠳᠪᠦᠷᠢ ᠬᠤᠳᠠᠯᠳᠤᠭᠠᠨ ᠤ ᠬᠤᠯᠪᠤᠭᠠᠲᠤ ᠬᠤᠷᠠᠯ᠂ ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ

ᠡᠪ ᠬᠠᠮᠲᠤ ᠵᠠᠯᠠᠭᠤᠴᠤᠳ ᠤᠨ ᠪᠠᠭᠠᠷᠢᠨ ᠵᠡᠭᠦᠨ ᠬᠤᠰᠢᠭᠤᠨ ᠤ ᠬᠤᠷᠢᠶ᠎ᠠ᠂ ᠡᠮᠡᠭᠲᠡᠶᠢᠴᠦᠳ ᠤᠨ ᠬᠤᠯᠪᠤᠭᠠᠲᠤ

ᠬᠤᠷᠠᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠂ ᠵᠡᠮᠳᠡᠭᠴᠦᠳ ᠤᠨ ᠬᠤᠯᠪᠤᠭ᠎ᠠ᠂

ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠬᠤ ᠲᠣᠪᠴᠢᠶ᠎ᠠ᠂ ᠰᠢᠤᠳᠠᠨ ᠤ

ᠶᠠᠪᠤᠳᠠᠯ ᠤᠨ ᠲᠣᠪᠴᠢᠶ᠎ᠠ᠂ ᠳᠤᠮᠳᠠᠳᠤ ᠤᠯᠤᠰ ᠤᠨ ᠨᠢᠭᠡᠲᠦᠮᠡᠯ ᠬᠤᠯᠪᠤᠭ᠎ᠠ ᠶᠢᠨ ᠪᠠᠭᠠᠷᠢᠨ ᠵᠡᠭᠦᠨ ᠬᠤᠰᠢᠭᠤᠨ ᠤ

ᠬᠤᠪᠢᠶᠠᠷᠢ ᠺᠤᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠤᠭ᠎ᠠ ᠶᠢᠨ ᠪᠠᠭᠠᠷᠢᠨ ᠵᠡᠭᠦᠨ ᠬᠤᠰᠢᠭᠤᠨ ᠤ

ᠬᠤᠪᠢᠶᠠᠷᠢ ᠺᠤᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠤᠭ᠎ᠠ ᠶᠢᠨ ᠪᠠᠭᠠᠷᠢᠨ ᠵᠡᠭᠦᠨ ᠬᠤᠰᠢᠭᠤᠨ ᠤ

ᠬᠤᠪᠢᠶᠠᠷᠢ ᠺᠤᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠤ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ

ᠣᠷᠤᠭᠤᠯᠤᠭᠰᠠᠨ ᠬᠢᠵᠠᠭᠠᠷᠲᠤ ᠺᠤᠮᠫᠠᠨᠢ ᠶᠢᠨ ᠥᠪᠥᠷ ᠮᠣᠩᠭᠤᠯ ᠤᠨ ᠤᠯᠠᠭᠠᠨᠬᠠᠳᠠ ᠶᠢᠨ ᠪᠠᠭᠠᠷᠢᠨ ᠵᠡᠭᠦᠨ

ᠬᠤᠰᠢᠭᠤᠨ ᠤ ᠡᠵᠡᠩᠨᠡᠯᠲᠡ ᠶᠢᠨ ᠬᠡᠯᠲᠡᠰ ᠤᠨ ᠴᠢᠯᠠᠭᠤᠨ ᠲᠣᠰᠤᠨ ᠤ ᠺᠤᠮᠫᠠᠨᠢ᠂ ᠥᠪᠥᠷ ᠮᠣᠩᠭᠤᠯ ᠤᠨ

ᠤᠯᠠᠭᠠᠨᠬᠠᠳᠠ ᠬᠤᠲᠠ ᠶᠢᠨ ᠲᠠᠪᠤᠰᠤᠨ ᠤ ᠦᠢᠯᠡᠰ ᠤᠨ ᠺᠤᠮᠫᠠᠨᠢ ᠶᠢᠨ ᠪᠠᠭᠠᠷᠢᠨ ᠵᠡᠭᠦᠨ ᠬᠤᠰᠢᠭᠤᠨ ᠳᠠᠬᠢ ᠰᠠᠯᠪᠤᠷᠢ

ᠺᠤᠮᠫᠠᠨᠢ ᠲᠠᠢ ᠬᠠᠷᠢᠯᠴᠠᠨ᠎ᠠ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号