ᠮᠦᠩᠬᠡᠳᠠᠯᠠᠢ
ᠨᠡᠶᠢᠲᠡᠯᠡᠭᠰᠡᠨ ᠴᠠᠭ᠄
2021/1/19

ᠲᠤᠪᠴᠢ ᠨᠠᠮᠳᠠᠷ᠄

ᠮᠦᠩᠬᠡᠳᠠᠯᠠᠢ᠂ ᠡᠷᠡᠭᠲᠡᠢ᠂ ᠮᠣᠩᠭᠤᠯ ᠦᠨᠳᠦᠰᠦᠲᠡᠨ᠂ 1967 ᠣᠨ ᠤ 1 ᠰᠠᠷ᠎ᠠ ᠳᠤ ᠥᠪᠥᠷ ᠮᠣᠩᠭᠤᠯ ᠤᠨ

ᠪᠠᠭᠠᠷᠢᠨ ᠪᠠᠷᠠᠭᠤᠨ ᠬᠤᠰᠢᠭᠤᠨ ᠳᠤ ᠲᠥᠷᠥᠪᠡ᠃ ᠶᠡᠭᠡ ᠰᠤᠷᠭᠠᠭᠤᠯᠢ ᠶᠢᠨ ᠵᠢᠩᠬᠢᠨᠢ ᠠᠩᠬᠢ ᠶᠢᠨ ᠰᠤᠷᠤᠯᠭ᠎ᠠ ᠶᠢᠨ

ᠨᠠᠮᠲᠠᠷ ᠲᠠᠢ᠃ 1989 ᠣᠨ ᠤ 7 ᠰᠠᠷ᠎ᠠ ᠳᠤ ᠠᠵᠢᠯ ᠤᠨ ᠭᠠᠷᠤᠭ᠎ᠠ ᠠᠪᠴᠤ᠂ 1986 ᠣᠨ ᠤ 6 ᠰᠠᠷ᠎ᠠ ᠳᠤ

ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠪᠡ᠃ ᠣᠳᠣ ᠳᠤᠮᠳᠠᠳᠤ ᠤᠯᠤᠰ ᠤᠨ ᠡᠪ ᠬᠠᠮᠲᠤ ᠨᠠᠮ ᠤᠨ

ᠪᠠᠭᠠᠷᠢᠨ ᠵᠡᠭᠦᠨ ᠬᠤᠰᠢᠭᠤᠨ ᠤ ᠬᠤᠷᠢᠶ᠎ᠠ ᠶᠢᠨ ᠳᠡᠳ᠋ ᠱᠦᠵᠢ᠂ ᠬᠤᠰᠢᠭᠤ ᠠᠷᠠᠳ ᠤᠨ ᠵᠠᠰᠠᠭ ᠤᠨ ᠣᠷᠳᠣᠨ ᠤ

ᠬᠤᠰᠢᠭᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠣᠢ᠃

1985 ᠣᠨ ᠤ 9 ᠰᠠᠷ᠎ᠠ — 1989 ᠣᠨ ᠤ 7 ᠰᠠᠷ᠎ᠠ ᠪᠣᠯᠲᠠᠯ᠎ᠠ ᠥᠪᠥᠷ ᠮᠣᠩᠭᠤᠯ ᠤᠨ ᠶᠡᠭᠡ

ᠰᠤᠷᠭᠠᠭᠤᠯᠢ ᠳᠤ ᠮᠣᠩᠭᠤᠯ ᠬᠡᠯᠡ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠢᠶᠠᠷ ᠰᠤᠷᠤᠯᠴᠠᠪᠠ︔

1989 ᠣᠨ ᠤ 7 ᠰᠠᠷ᠎ᠠ — 1995 ᠣᠨ ᠤ 3 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ

ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠷᠭᠠᠨ ᠬᠦᠮᠦᠵᠢᠯ ᠰᠢᠨᠵᠢᠯᠡᠬᠦ

ᠤᠬᠠᠭᠠᠨ ᠰᠤᠶᠤᠯ ᠡᠷᠡᠭᠦᠯ ᠬᠠᠮᠠᠭᠠᠯᠠᠯ ᠤᠨ ᠵᠦᠪᠯᠡᠯ ᠤᠨ ᠠᠵᠢᠯᠲᠠᠨ᠂ ᠠᠯᠪᠠᠨ ᠭᠡᠷ ᠤᠨ ᠨᠠᠷᠢᠨ ᠪᠢᠴᠢᠭᠡᠴᠢ︔

1995 ᠣᠨ ᠤ 3 ᠰᠠᠷ᠎ᠠ — 1996 ᠣᠨ ᠤ 12 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ

ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠢᠷᠭᠡᠨ ᠤ ᠬᠠᠤᠯᠢ ᠶᠢᠨ

ᠵᠦᠪᠯᠡᠯ ᠤᠨ ᠳᠡᠳ᠋ ᠡᠷᠬᠢᠯᠡᠭᠴᠢ︔

1996 ᠣᠨ ᠤ 12 ᠰᠠᠷ᠎ᠠ — 1999 ᠣᠨ ᠤ 11 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ

ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ︔

1999 ᠣᠨ ᠤ 11 ᠰᠠᠷ᠎ᠠ — 2000 ᠣᠨ ᠤ 10 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ

ᠴᠠᠭᠠᠨᠨᠠᠭᠤᠷ ᠰᠤᠮᠤ ᠶᠢᠨ ᠨᠠᠮ ᠤᠨ ᠬᠤᠷᠢᠶᠠᠨ ᠤ ᠱᠦᠵᠢ︔

2000 ᠣᠨ ᠤ 10 ᠰᠠᠷ᠎ᠠ — 2003 ᠣᠨ ᠤ 12 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ

ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ︔

2003 ᠣᠨ ᠤ 12 ᠰᠠᠷ᠎ᠠ — 2006 ᠣᠨ ᠤ 6 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ

ᠵᠠᠰᠠᠭ ᠤᠨ ᠣᠷᠳᠣᠨ ᠤ ᠳᠡᠳ᠋ ᠳᠠᠷᠤᠭ᠎ᠠ ︵ᠡᠨᠡᠬᠦ ᠬᠤᠭᠤᠴᠠᠭᠠᠨ ᠳᠤ 2005 ᠣᠨ ᠤ 5 ᠰᠠᠷ᠎ᠠ — 2005

ᠣᠨ ᠤ 8 ᠰᠠᠷ᠎ᠠ ᠪᠣᠯᠲᠠᠯ᠎ᠠ ᠵᠧᠵᠢᠶᠠᠩ ᠮᠤᠵᠢ ᠶᠢᠨ ᠸᠧᠨᠵᠸᠦ ᠬᠤᠲᠠ ᠶᠢᠨ ᠼᠠᠩᠨᠠᠨ ᠰᠢᠶᠠᠨ ᠤ ᠳᠠᠷᠤᠭ᠎ᠠ ᠶᠢᠨ

ᠲᠤᠰᠠᠯᠠᠭᠴᠢ ᠪᠠᠷ ᠲᠦᠷ ᠴᠠᠭ ᠠᠵᠢᠯᠯᠠᠪᠠ︶︔

2006 ᠣᠨ ᠤ 6 ᠰᠠᠷ᠎ᠠ — 2007 ᠣᠨ ᠤ 10 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ

ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ︔

2007 ᠣᠨ ᠤ 10 ᠰᠠᠷ᠎ᠠ — 2011 ᠣᠨ ᠤ 5 ᠰᠠᠷ᠎ᠠ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ

ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ  ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ︵ᠡᠨᠡᠬᠦ

ᠬᠤᠭᠤᠴᠠᠭᠠᠨ ᠳᠤ 2007 ᠣᠨ ᠤ 3 ᠰᠠᠷ᠎ᠠ — 2008 ᠣᠨ ᠤ 2 ᠰᠠᠷ᠎ᠠ ᠪᠣᠯᠲᠠᠯ᠎ᠠ ᠥᠪᠡᠷᠲᠡᠭᠡᠨ ᠵᠠᠰᠠᠬᠤ

ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠠᠯ ᠠᠵᠤ ᠠᠬᠤᠢ ᠶᠢᠨ ᠭᠠᠵᠠᠷ ᠤᠨ ᠳᠡᠳ᠋ ᠳᠠᠷᠤᠭ᠎ᠠ

 ᠪᠠᠷ ᠲᠦᠷ ᠴᠠᠭ ᠠᠵᠢᠯᠯᠠᠪᠠ︶︔  

2011 ᠣᠨ ᠤ 5 ᠰᠠᠷ᠎ᠠ — 2013 ᠣᠨ ᠤ 1 ᠰᠠᠷ᠎ᠠ ᠪᠣᠯᠲᠠᠯ᠎ᠠ ᠠᠷᠤ ᠬᠤᠷᠴᠢᠨ ᠬᠤᠰᠢᠭᠤᠨ ᠤ ᠨᠠᠮ ᠤᠨ

ᠬᠤᠷᠢᠶᠠᠨ ᠤ ᠳᠡᠳ᠋ ᠱᠦᠵᠢ︔

2013 ᠣᠨ ᠤ 1 ᠰᠠᠷ᠎ᠠ — 2013 ᠣᠨ ᠤ 4 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ

ᠤᠯᠠᠭᠠᠨᠬᠠᠳᠠ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ︔

2013 ᠣᠨ ᠤ 4 ᠰᠠᠷ᠎ᠠ — 2015 ᠣᠨ ᠤ 8 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ

ᠤᠯᠠᠭᠠᠨᠬᠠᠳᠠ ᠬᠤᠲᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ︵ᠭᠠᠵᠠᠷ ᠤᠨ ᠳᠡᠰ︶  

2015 ᠣᠨ ᠤ 8 ᠰᠠᠷ᠎ᠠ — 2016 ᠣᠨ ᠤ 2 ᠰᠠᠷ᠎ᠠ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ

ᠪᠠᠭᠠᠷᠢᠨ ᠵᠡᠭᠦᠨ ᠬᠤᠰᠢᠭᠤᠨ ᠤ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠤᠨ

 ᠤ ᠣᠷᠤᠯᠠᠭᠴᠢ ᠬᠤᠰᠢᠭᠤᠨ ᠳᠠᠷᠤᠭ᠎ᠠ

2016 ᠣᠨ ᠤ 2 ᠰᠠᠷ᠎ᠠ ᠠᠴᠠ ᠣᠳᠣ ᠪᠣᠯᠲᠠᠯ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ ᠵᠡᠭᠦᠨ

ᠬᠤᠰᠢᠭᠤᠨ ᠤ ᠬᠤᠷᠢᠶ᠎ᠠ ᠶᠢᠨ ᠳᠡᠳ᠋ ᠱᠦᠵᠢ᠂ ᠠᠷᠠᠳ ᠤᠨ ᠵᠠᠰᠠᠭ ᠤᠨ ᠣᠷᠳᠤᠨ ᠤ ᠬᠤᠰᠢᠭᠤᠨ ᠳᠠᠷᠤᠭ᠎ᠠ  

ᠠᠵᠢᠯ ᠤᠨ ᠬᠤᠪᠢᠶᠠᠷᠢ  

ᠬᠤᠰᠢᠭᠤ ᠵᠠᠰᠠᠭ ᠤᠨ ᠣᠷᠳᠣᠨ ᠤ ᠪᠦᠬᠦ ᠲᠠᠯ᠎ᠠ ᠶᠢᠨ ᠠᠵᠢᠯ ᠢ ᠡᠷᠬᠢᠯᠡᠵᠦ᠂ ᠬᠢᠨᠠᠨ ᠪᠣᠳᠤᠬᠤ ᠠᠵᠢᠯ ᠢ ᠬᠠᠷᠢᠭᠤᠴᠠᠨ

᠂ ᠬᠢᠨᠠᠨ ᠪᠣᠳᠣᠬᠤ ᠲᠤᠪᠴᠢᠶ᠎ᠠ ᠶᠢ ᠬᠤᠪᠢᠶᠠᠷᠢᠯᠠᠨ ᠬᠠᠮᠢᠶᠠᠷᠤᠨ᠎ᠠ᠃

 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号