ᠬᠤᠰᠢᠭᠤ ᠤᠯᠤᠰ ᠲᠥᠷᠥ ᠶᠢᠨ ᠵᠥᠪᠯᠡᠯᠭᠡᠨ 2021 ᠣᠨ ᠤ ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠪᠠᠶᠢᠳᠠᠯ ᠢ ᠵᠦᠪᠳᠡᠯᠴᠡᠬᠦ ᠰᠠᠭᠤᠳᠠᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2021/10/18
   
    ᠤᠶᠢᠷ᠎ᠠ ᠳᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ 2021 ᠣᠨ ᠤ ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠪᠠᠶᠢᠳᠠᠯ ᠢ ᠵᠦᠪᠳᠡᠯᠴᠡᠬᠦ ᠰᠠᠭᠤᠳᠠᠯ ᠤᠨ ᠬᠤᠷᠠᠯ  ᠬᠤᠷᠠᠯᠳᠤᠵᠤ᠂ ᠱᠧᠨ ᡁᠢ ᠴᠢᠶᠠᠩ᠂ ᠮᠠ ᠱᠤ᠋ ᠶᠸᠦ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠶ ᠺᠣᠮᠢᠰ ᠂ ᠬᠡᠰᠡᠭ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠡᠯ᠎ᠡ  ᠬᠠᠷᠢᠭᠤᠴᠠᠨ ᠭᠦᠢᠴᠡᠳᠭᠡᠬᠦ ᠨᠢᠭᠡᠴᠡ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠶ᠃      ᠶᠠᠷᠢᠯᠴᠠᠬᠤ ᠬᠤᠷᠠᠯ ᠳᠡᠭᠡᠷ᠎ᠡ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠡᠷᠭᠡ 28 ᠰᠠᠨᠠᠯ ᠳᠤᠷᠠᠳᠤᠯᠭ᠎ᠠ ᠶᠢ ᠳᠠᠭᠠᠭᠠᠨ ᠭᠦᠢᠴᠡᠳᠭᠡᠬᠦ ᠨᠢᠭᠡᠴᠡ ᠠᠴᠠ ᠰᠠᠨᠠᠯ ᠳᠤᠷᠠᠳᠤᠯᠭ᠎ᠠ ᠶᠢ ᠭᠦᠢᠴᠡᠳᠭᠡᠭᠰᠡᠨ ᠪᠠᠶᠢᠳᠠᠯ ᠢᠶᠠᠨ ᠮᠡᠳᠡᠭᠳᠡᠵᠦ᠂ ᠰᠠᠨᠠᠯ ᠲᠤᠷᠠᠳᠤᠭᠴᠢ ᠠᠴᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠳᠤ ᠦᠨᠡᠯᠡᠭᠡ ᠬᠢᠵᠡᠶ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠪᠦᠦ ᠱᠤᠸᠠᠩ ᠴᠢᠤᠸᠠᠨ ᠪᠣᠯᠤᠨ ᠬᠤᠰᠢᠭᠤᠨ ᠳᠡᠳ᠋ ᠳᠠᠷᠤᠭ᠎ᠠ ᠵᠠᠩ ᠶᠠᠨ ᠢᠯᠡᠷᠬᠡᠶᠢᠯᠡᠬᠦ ᠳᠡᠭᠡᠨ᠂ ᠬᠤᠰᠢᠭᠤ ᠵᠠᠰᠠᠭ ᠤᠨ ᠣᠷᠳᠣᠨ ᠎ ᠠᠴᠠ ᠰᠠᠨᠠᠯ ᠳᠤᠷᠠᠳᠤᠯᠭ᠎ᠠ ᠶᠢ  ᠭᠦᠢᠴᠡᠳᠭᠡᠬᠦ ᠠᠵᠢᠯ ᠢ ᠢᠮᠠᠭᠲᠠ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ ᠂ ᠬᠡᠪ ᠤᠨ ᠠᠵᠢᠯ ᠢᠶᠠᠨ ᠰᠠᠶᠢᠲᠤᠷ ᠠᠳᠬᠤᠭᠰᠠᠨ ᠰᠠᠭᠤᠷᠢᠨ ᠳᠡᠭᠡᠷ᠎ᠡ᠂ ᠬᠤᠰᠢᠭᠤ ᠵᠠᠰᠠᠭ ᠤᠨ ᠣᠷᠳᠣᠨ  ᠰᠢᠢᠳᠪᠦᠷᠢᠯᠡᠬᠦ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠢᠢᠳᠪᠦᠷᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠰᠠᠨᠠᠯ ᠳᠤᠷᠠᠳᠤᠯᠭ᠎ᠠ ᠶᠢ ᠮᠥᠷᠳᠡᠨ ᠪᠠᠶᠢᠴᠠᠭᠠᠵᠤ ᠱᠠᠭᠠᠷᠳᠠᠨ ᠭᠦᠢᠴᠡᠳᠭᠡᠬᠦ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠂ ᠰᠠᠨᠠᠯ ᠳᠤᠷᠠᠳᠤᠯᠭ᠎ᠠ ᠶᠢᠨ ᠠᠵᠢᠯ ᠪᠦᠬᠦᠨ ᠳᠤ ᠬᠠᠷᠢᠭᠤ ᠦᠭᠴᠦ᠂ ᠨᠢᠭᠡᠳ ᠨᠢᠭᠡᠳ ᠪᠠᠷ ᠪᠤᠳᠠᠳᠠᠢ ᠪᠠᠷ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ ᠢᠷᠡᠵᠡᠢ᠃  ᠬᠠᠮᠳᠤ ᠳᠤᠨᠢ ᠡᠯ᠎ᠡ  ᠬᠠᠮᠢᠶ᠎ᠠ ᠪᠦᠬᠦᠢ ᠪᠠᠶᠢᠭᠤᠯᠤᠯᠭ᠎ᠠ ᠨᠢᠭᠡᠴᠡ ᠶᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠭᠦᠢᠴᠡᠳᠭᠡᠬᠦ ᠡᠷᠴᠢᠮ ᠢᠶᠠᠨ ᠴᠢᠩᠭᠠᠷᠠᠭᠤᠯᠵᠤ᠂ ᠰᠢᠢᠳᠪᠦᠷᠢᠯᠡᠬᠦ ᠠᠯᠬᠤᠮ ᠲᠠᠷᠠᠭ᠎ᠠ ᠶᠢ ᠲᠦᠷᠢᠮᠵᠢᠭᠦᠯᠦᠨ᠂ ᠠᠵᠢᠯ ᠭᠦᠢᠴᠡᠳᠭᠡᠬᠦ ᠴᠢᠨᠠᠷ ᠴᠢᠨᠰᠠᠭ᠎ᠠ ᠪᠠᠨ ᠲᠡᠭᠡᠭᠰᠢᠯᠡᠭᠦᠯᠵᠦ᠂ ᠨᠢᠭᠡᠨᠲᠡ  ᠰᠢᠢᠳᠪᠦᠷᠢᠯᠡᠵᠦ ᠳᠠᠭᠤᠰᠤᠭᠰᠠᠨ ᠰᠠᠨᠠᠯ ᠲᠤᠷᠠᠳᠤᠯᠭ᠎ᠠ ᠶᠢ ᠲᠠᠬᠢᠨ ᠪᠠᠶᠢᠴᠠᠭᠠᠵᠤ᠂ ᠳᠤᠲᠠᠭᠤ ᠲᠤᠷᠭᠤᠨ ᠢᠶᠠᠨ ᠨᠦᠬᠦᠵᠦ᠂ ᠶᠠᠭ ᠰᠢᠢᠳᠪᠦᠷᠢᠯᠡᠵᠦ ᠪᠠᠶᠢᠭ᠎ᠠ ᠱᠠᠳᠤᠨ ᠳᠠᠭᠠᠨ ᠪᠠᠶᠢᠬᠤ ᠰᠠᠨᠠᠯ ᠲᠤᠷᠠᠳᠤᠯᠭ᠎ᠠ ᠶᠢᠨ ᠰᠢᠢᠳᠪᠦᠷᠢᠯᠡᠬᠦ ᠠᠬᠢᠴᠠ ᠶᠢ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠰᠠᠨᠠᠯ ᠲᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠳᠡᠭᠡᠷ᠎ᠡ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠱᠧᠨ ᡁᠢ ᠴᠢᠶᠠᠩ ᠡᠯ᠎ᠡ  ᠬᠠᠷᠢᠭᠤᠴᠠᠨ ᠰᠢᠢᠳᠪᠦᠷᠢᠯᠡᠬᠦ ᠨᠢᠭᠡᠴᠡ ᠶᠢᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠠᠵᠢᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠰᠠᠨᠠᠯ ᠳᠤᠷᠠᠳᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠨᠠᠶᠢᠳᠠᠪᠤᠷᠢᠵᠢᠭᠤᠯᠬᠤ ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠵᠠᠢ᠃ ᠱᠧᠨ ᡁᠢ ᠴᠢᠶᠠᠩ ᠢᠯᠡᠷᠬᠡᠶᠢᠯᠡᠬᠦ ᠳᠡᠭᠡᠨ᠂ ᠡᠯ᠎ᠡ ᠰᠠᠯᠠᠭ᠎ᠠ ᠮᠥᠴᠢᠷ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠵᠥᠪᠯᠡᠯ ᠤᠨ ᠠᠯᠪᠠᠨ ᠬᠡᠷ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠪᠠᠶᠢᠩᠭᠤ ᠎ ᠶᠢᠨ ᠬᠤᠷᠢᠶᠠᠨ ᠤ ᠠᠩᠬᠠᠳᠤᠭᠠᠷ ᠬᠤᠷᠠᠯ ᠳᠠᠬᠢ  ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠲᠤᠬᠠᠶ ᠵᠢᠭᠠᠪᠤᠷᠢ ᠪᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ ᠶᠢ  ᠰᠢᠢᠳᠪᠦᠷᠢᠯᠡᠬᠦ ᠶᠢ ︽ᠪᠢ ᠣᠯᠠᠨ ᠲᠦᠮᠡᠨ ᠳᠤ ᠪᠤᠳᠠᠳᠤ ᠠᠵᠢᠯ ᠬᠢᠵᠦ ᠥᠭᠬᠦ︾ ᠪᠣᠳᠠᠲᠠᠶ ᠦᠢᠯᠡᠳᠦᠯᠭᠡ ᠪᠣᠯᠭᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠦᠪᠳᠡᠯᠴᠡᠭᠡ ᠪᠠᠷ ᠳᠡᠮᠵᠢᠨ᠂ ᠣᠯᠠᠨ ᠲᠦᠮᠡᠨ ᠳᠤ ᠬᠠᠷᠢᠭᠤ ᠥᠭᠴᠦ᠂ ᠠᠷᠠᠳ ᠤᠨ ᠬᠦᠰᠡᠯ ᠰᠠᠨᠠᠭ᠎ᠠ  ᠳᠤ ᠨᠡᠶᠢᠴᠡᠭᠦᠯᠦᠨ᠂ ᠣᠯᠠᠨ ᠲᠦᠮᠡᠨ ᠤ ᠠᠩᠬᠠᠷᠴᠤ ᠪᠠᠶᠢᠭ᠎ᠠ ᠪᠤᠳᠠᠳᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠡᠢ᠃     ᠱᠧᠨ ᡁᠢ ᠴᠢᠶᠠᠩ᠂ ᠴᠢᠨᠠᠷ ᠢ ᠬᠥᠭᠡᠭᠡᠴᠡᠯᠳᠦᠬᠦ ᠶᠠᠪᠤᠳᠠᠯ ᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ  ᠵᠦᠪᠳᠡᠯᠴᠡᠭᠡᠨ ᠤ ᠠᠵᠢᠯ ᠤᠨ ᠵᠢᠩᠬᠢᠨᠢ ᠦᠨ᠎ᠡ ᠦᠷᠳᠡᠭ ᠪᠣᠯᠭᠠᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠵᠦᠪᠳᠡᠯᠴᠡᠭᠡᠨ ᠤ  ᠵᠤᠬᠢᠴᠠᠮᠵᠢ ᠪᠣᠯᠤᠨ ᠠᠷᠭ᠎ᠠ ᠶᠢᠨ ᠲᠠᠯ᠎ᠠ ᠪᠠᠷ ᠲᠠᠰᠤᠷᠠᠯᠲᠠ ᠦᠭᠡᠶ ᠰᠢᠨ᠎ᠡ ᠶᠢ ᠡᠭᠦᠳᠴᠦ᠂ ᠬᠠᠷᠢᠭᠤᠴᠠᠨ ᠭᠦᠢᠴᠡᠳᠭᠡᠬᠦ ᠨᠢᠭᠡᠴᠡ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠎ ᠪᠠᠨ ᠦᠨᠡᠨᠬᠦ ᠴᠢᠩᠭᠠᠳᠬᠠᠵᠤ᠂ ᠬᠠᠷᠢᠭᠤᠴᠠᠯᠭ᠎ᠠ ᠶᠢ ᠪᠤᠳᠠᠳᠠᠢ ᠪᠠᠷ ᠨᠠᠶᠢᠳᠠᠪᠤᠷᠢᠵᠢᠭᠤᠯᠤᠨ᠂ ᠭᠡᠰᠢᠭᠦᠳ ᠲᠠᠢ ᠤᠶᠢᠯᠠᠭᠠᠯᠴᠠᠨ ᠬᠠᠮᠵᠢᠯᠴᠠᠬᠤ ᠶᠢ ᠴᠢᠩᠭᠠᠳᠬᠠᠵᠤ᠂ ᠲᠠᠩ ᠭᠠᠭᠴᠠ ᠪᠢᠴᠢᠭ ᠤᠨ ᠬᠠᠷᠢᠭᠤᠯᠲᠠ ᠠᠴᠠ ᠲᠤᠬᠠᠶ ᠶᠢᠨ ᠲᠠᠯᠠᠪᠤᠷ ᠲᠤ ᠨᠢ ᠬᠠᠷᠢᠭᠤᠯᠲᠠ ᠥᠭᠬᠦ᠂ ᠲᠥᠪᠯᠡᠷᠡᠭᠦᠯᠦᠨ ᠬᠠᠷᠢᠭᠤ ᠥᠭᠬᠦ ᠵᠡᠷᠭᠡ ᠣᠯᠠᠨ ᠵᠦᠢᠯ  ᠤᠨ ᠬᠡᠯᠪᠡᠷᠢ ᠎ ᠳᠤ ᠬᠤᠪᠢᠷᠠᠭᠤᠯᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃                      ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ      
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ ᠮᠤᠩᠭᠤᠯ ᠨᠠᠶᠢᠷᠠᠭᠤᠯᠬᠤ ᠬᠡᠯᠳᠡᠰ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号