| ᠤᠷᠴᠢᠮᠬᠠᠨ᠂ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠤᠳᠠᠭᠠᠨ ᠤ ᠬᠤᠷᠠᠯ ᠬᠤᠷᠠᠯᠳᠤᠵᠤ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠠᠩ | ᠴᠢᠩ ᠬᠤ᠋᠂ ᠳᠡᠳ᠋ ᠡᠷᠬᠢᠯᠡᠭᠴᠢ ᠹᠠᠨ ᠶᠠ ᠰᠢᠤ᠂ ᠰᠢᠨᠡᠪᠠᠶᠠᠷ᠂ ᠱᠣᠣ ᠯᠢ ᠵᠢᠶᠦ᠋ᠨ᠂ ᠲᠢᠶᠠᠨ ᠼᠠᠢ ᠯᠢ ᠬᠤᠷᠠᠯ ᠳᠤ | ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠪᠦᠦ | ᠱᠤᠸᠠᠩ ᠴᠢᠤᠸᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶᠠᠨ ᠤ ᠱᠦᠵᠢ ᠰᠦᠨ ᠾᠧ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ ᠬᠤ᠋ ᠳ᠋ᠠ ᠶᠦᠩ | ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ᠠᠵᠢᠯᠳᠠᠨ ᠤ ᠶᠠᠪᠤᠳᠠᠯ ᠢ ᠲᠣᠮᠢᠯᠠᠵᠤ ᠪᠠᠭᠤᠯᠭᠠᠬᠤ ᠲᠥᠰᠦᠯ ᠢ ᠪᠠᠲᠤᠯᠠᠵᠤ᠂ ᠸᠠᠩ ᠴᠢᠩ ᠬᠤ᠋ | ᠲᠣᠮᠢᠯᠠᠭᠳᠠᠭᠰᠠᠳ ᠲᠤ ᠲᠣᠮᠢᠯᠠᠯᠲᠠ ᠶᠢᠨ ᠪᠢᠴᠢᠭ ᠣᠯᠭᠤᠭᠰᠠᠨ ᠪᠥᠭᠡᠳ ᠦᠨᠳᠦᠰᠦᠨ ᠬᠠᠤᠯᠢ ᠳᠤ ᠲᠠᠩᠭᠠᠷᠢᠭᠯᠠᠬᠤ | ᠶᠣᠰᠣᠯᠠᠯ ᠶᠠᠪᠤᠭᠤᠯᠵᠠᠢ᠃ | ᠬᠤᠷᠠᠯ ᠳᠡᠭᠡᠷ᠎ᠡ ᠰᠢᠢᠳᠪᠦᠷᠢ ᠶᠢᠨ ᠲᠥᠰᠦᠯ ᠢ ᠤᠩᠰᠢᠨ ᠨᠡᠶᠢᠲᠡᠯᠡᠵᠦ᠂ ︽ᠪᠠᠭᠠᠷᠢᠨ ᠵᠡᠭᠦᠨ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨ᠎ᠡ ᠨᠢᠭᠡ ᠬᠤᠭᠤᠴᠠᠭᠠᠨ ᠤ | ᠰᠤᠮᠤ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠷᠣᠨ | ᠲᠤᠭ᠎ᠠ ᠶᠢ ᠲᠣᠭᠲᠠᠭᠠᠬᠤ ᠲᠤᠬᠠᠶ ᠰᠢᠢᠳᠪᠦᠷᠢ ︵ᠲᠥᠰᠦᠯ︶︾ ᠶᠢ ᠪᠠᠲᠤᠯᠠᠪᠠ᠃ ᠪᠠᠭᠠᠷᠢᠨ ᠵᠡᠭᠦᠨ ᠬᠤᠰᠢᠭᠤᠨ ᠤ | ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠭᠤᠴᠠᠭ᠎ᠠ | ᠰᠣᠯᠢᠬᠤ ᠰᠣᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠲᠤᠯᠠᠪᠠ᠃ ᠪᠠᠭᠠᠷᠢᠨ | ᠵᠡᠭᠦᠨ ᠬᠤᠰᠢᠭᠤᠨ ᠤ ᠬᠤᠰᠢᠭᠤ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠬᠢᠨᠠᠨ ᠵᠥᠪᠯᠡᠵᠦ ᠪᠠᠳᠤᠯᠠᠭᠰᠠᠨ | ᠪᠠᠶᠢᠨ᠎ᠠ᠃ |