10 ᠰᠠᠷ᠎ᠠ ᠶᠢᠨ 14 ᠤ ᠡᠳᠦᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠨᠬᠤᠸᠠ | ᠲᠠᠯᠠᠪᠠᠶ ᠳᠤ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ | ᠠᠷᠠᠳ ᠲᠦᠮᠡᠨ ᠳᠤ ᠲᠦᠰᠢᠭᠯᠡᠬᠦ︾ ᠪᠠᠷ ᠭᠤᠤᠯ ᠰᠡᠳᠦᠪ ᠪᠣᠯᠭᠠᠭᠰᠠᠨ ︽ᠤᠯᠤᠰ ᠤᠨ ᠰᠦᠯᠵᠢᠶᠡᠨ ᠤ ᠠᠮᠤᠷ | ᠲᠦᠪᠰᠢᠨ ᠤ ᠤᠬᠠᠭᠤᠯᠭ᠎ᠠ ᠶᠢᠨ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠤᠬᠠᠶ ᠶᠢᠨ ᠲᠠᠯᠠᠪᠠᠶ ᠳᠤ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ᠂ ᠰᠦᠷᠳᠡᠭᠦᠯᠦᠯ ᠢ | ᠡᠰᠡᠷᠭᠦᠴᠡᠬᠦ ᠪᠠ ᠣᠨᠴᠠ ᠴᠠᠭᠳᠠᠭᠠᠨ ᠤ ᠶᠡᠭᠡ ᠠᠩᠭᠢ ᠶᠢᠨ ᠠᠷᠠᠳ ᠤᠨ ᠴᠠᠭᠳᠠᠭ᠎ᠠ᠂ ᠨᠠᠨ ᠰᠢᠨ ᠵᠡᠭᠡᠯᠢ ᠨᠡᠶᠢᠭᠡᠮ | ᠲᠣᠭᠤᠷᠢᠭ ᠤᠨ ᠠᠵᠢᠯᠲᠠᠨ ᠠᠴᠠ ᠤᠬᠠᠭᠤᠯᠭ᠎ᠠ ᠶᠢᠨ ᠤᠷᠢᠶ᠎ᠠ ᠡᠯᠭᠦᠬᠦ᠂ ᠤᠬᠠᠭᠤᠯᠭ᠎ᠠ ᠶᠢᠨ ᠰᠠᠮᠪᠠᠷ᠎ᠠ ᠳᠡᠯᠭᠡᠬᠦ᠂ | ᠤᠬᠠᠭᠤᠯᠭ᠎ᠠ ᠶᠢᠨ ᠲᠠᠪᠴᠠᠩ ᠪᠠᠶᠢᠭᠤᠯᠬᠤ᠂ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ | ᠴᠢᠬᠤᠯᠠ ᠴᠢᠨᠠᠷ ᠪᠠ ᠰᠦᠯᠵᠢᠶᠡᠨ ᠤ ᠠᠮᠤᠷ ᠲᠦᠪᠰᠢᠨ ᠤ ᠤᠨᠠᠭᠤᠯᠢ ᠶᠢ ᠰᠡᠷᠭᠡᠶᠢᠯᠡᠬᠦ ᠴᠢᠬᠤᠯᠠ ᠴᠢᠨᠠᠷ ᠢ | ᠭᠤᠤᠯᠳᠠᠯᠭ᠎ᠠ ᠲᠠᠢ ᠤᠬᠠᠭᠤᠯᠪᠠ᠃ | ᠠᠷᠠᠳ ᠤᠨ ᠴᠠᠭᠳᠠᠭ᠎ᠠ ᠠᠴᠠ ᠣᠯᠠᠨ ᠲᠦᠮᠡᠨ ᠳᠤ ᠰᠦᠯᠵᠢᠶᠡᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ | ᠪᠠ ᠳᠣᠲᠣᠭᠠᠳᠤ ᠶᠢ ᠬᠠᠮᠠᠭᠠᠯᠠᠬᠤ ᠶᠠᠮᠤᠨ ᠤ ᠨᠡᠶᠢᠲᠡᠯᠡᠭᠰᠡᠨ 48 ᠵᠦᠢᠯ ᠤᠨ ᠪᠠᠶᠢᠩᠭᠤ ᠲᠣᠬᠢᠶᠠᠯᠳᠤᠳᠠᠭ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠢ ᠨᠠᠷᠢᠨ ᠲᠠᠶᠢᠯᠪᠤᠷᠢᠯᠠᠵᠤ᠂ ᠰᠦᠯᠵᠢᠶᠡᠨ ᠤ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠶᠢ ᠢᠯᠡᠴᠢᠯᠡᠬᠦ ᠶᠢᠨ ᠬᠠᠮᠲᠤ ᠣᠯᠠᠨ ᠲᠦᠮᠡᠨ ᠳᠤ ︽ ᠪᠦᠬᠦ ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ | APP ᠶᠢ ᠳᠡᠯᠭᠡᠷᠡᠭᠦᠯᠦᠨ ᠤᠬᠠᠭᠤᠯᠵᠤ᠂ ᠣᠯᠠᠨ ᠲᠦᠮᠡᠨ ᠤ ᠰᠦᠯᠵᠢᠶᠡᠨ ᠤ ᠠᠮᠤᠷ ᠲᠦᠪᠰᠢᠨ ᠢ ᠬᠠᠮᠠᠭᠠᠯᠠᠬᠤ | ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠰᠦᠯᠵᠢᠶᠡᠨ ᠤ ᠠᠮᠤᠷ ᠲᠦᠪᠰᠢᠨ ᠤ ︽ᠬᠥᠮᠦᠨ ᠪᠦᠬᠦᠨ | ᠬᠠᠷᠢᠭᠤᠴᠠᠯᠭ᠎ᠠ ᠲᠠᠢ᠂ ᠬᠥᠮᠦᠨ ᠪᠦᠬᠦᠨ ᠣᠷᠣᠯᠴᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ | ᠰᠦᠯᠵᠢᠶᠡᠨ ᠤ ᠠᠮᠤᠷ ᠲᠦᠪᠰᠢᠨ ᠤ ᠤᠬᠠᠮᠰᠠᠷ ᠢ ᠬᠥᠮᠦᠰ ᠤᠨ ᠰᠡᠳᠬᠢᠯ ᠳᠤ ᠭᠦᠨ ᠰᠠᠭᠤᠭᠳᠠᠭᠤᠯᠵᠤ᠂ ᠰᠠᠶᠢᠨ | ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠪᠠ ᠨᠡᠶᠢᠭᠡᠮ ᠤᠨ ᠦᠷ᠎ᠡ ᠨᠥᠯᠥᠭᠡ ᠶᠢ ᠣᠯᠤᠭᠰᠠᠨ ᠪᠠᠶᠢᠨ᠎ᠠ᠃ | |