ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠪᠢᠴᠢᠭ ᠮᠠᠲ᠋ᠧᠷᠢᠶᠠᠯ ᠥᠪᠥᠷ ᠵᠠᠰᠠᠭ ᠠᠯᠪᠠᠨ ᠲᠠᠷᠬᠠᠭᠠᠭᠰᠠᠨ ︹2021︺ 29 ᠳ᠋ᠦ᠋ᠭᠡᠷ ᠲᠣᠭᠠᠲᠤ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ | ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ | ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2020︺ 20 ᠳ᠋ᠤᠭᠠᠷ ᠲᠣᠭᠠᠲᠤ︶ | ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠥᠩᠭᠦᠨ ︵ᠳᠣᠷᠣᠭᠰᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠭᠡᠵᠦ | ᠲᠣᠪᠴᠢᠯᠠᠨ᠎ᠠ︶ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠭᠲᠠᠯᠴᠠᠭ᠎ᠠ᠂ ᠲᠦᠷᠢᠮ ᠤᠨ | ᠲᠣᠭᠲᠠᠯᠴᠠᠭ᠎ᠠ᠂ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠪᠠ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠂ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠡᠮᠴᠢᠯᠡᠭᠡᠨ ᠤ | ᠪᠠᠲᠤᠯᠠᠭ᠎ᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠳᠤᠤᠷᠠᠬᠢ ᠮᠡᠲᠦ ᠠᠷᠭ᠎ᠠ ᠬᠡᠮᠵᠢᠶ᠎ᠡ ᠶᠢ | ᠳᠤᠷᠠᠳᠪᠠ᠃ | ᠨᠢᠭᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ | ᠪᠦᠷᠢᠨᠰᠢᠭᠦᠯᠬᠦ ᠬᠡᠷᠡᠭᠲᠡᠶ | ︵ᠨᠢᠭᠡ︶ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ | ᠨᠠᠮ ᠤᠨ ᠤᠳᠤᠷᠢᠳᠤᠯᠭ᠎ᠠ ᠶᠢ ᠡᠮᠴᠢᠯᠡᠭᠡ ᠪᠠ ᠡᠮᠴᠢᠯᠡᠭᠡᠨ ᠤ ᠪᠠᠲᠤᠯᠠᠭ᠎ᠠ ᠶᠢᠨ ᠪᠥᠬᠦ ᠶᠠᠪᠤᠴᠠ ᠳᠤ ᠲᠤᠭᠤᠰᠢᠯᠠᠭᠤᠯᠵᠤ | ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠤ ᠨᠠᠮ ᠤᠨ ᠪᠠᠶᠢᠭᠤᠯᠤᠯᠲᠠ ᠶᠢᠨ | ᠠᠵᠢᠯ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ | ᠬᠡᠷᠡᠭᠲᠡᠢ᠃ ᠬᠠᠷᠢᠶ᠎ᠠ ᠪᠥᠬᠦᠶ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠠ ᠲᠣᠭᠲᠠᠭᠰᠠᠨ ᠴᠡᠭ ᠤᠨ ᠡᠮ | ᠡᠮᠨᠡᠯᠭᠡ ᠶᠢᠨ ᠪᠠᠶᠢᠭᠤᠯᠤᠮᠵᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠨᠢ ᠦᠨᠡᠨ ᠬᠦ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠣᠭᠲᠠᠭᠰᠠᠨ | ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠤᠳᠤᠷᠢᠳᠬᠤ ᠪᠠᠭ ᠪᠠ ᠤᠳᠤᠷᠢᠳᠬᠤ ᠬᠥᠮᠦᠰ ᠢᠯᠠᠩᠭᠤᠶ᠎ᠠ ᠭᠤᠤᠯ | ᠬᠠᠷᠢᠭᠤᠴᠠᠯᠭᠠᠲᠠᠨ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠡᠳᠡᠨ ᠤ ᠤᠯᠤᠰ | ᠲᠥᠷᠥ ᠶᠢᠨ ᠬᠠᠷᠢᠭᠤᠴᠠᠯᠭ᠎ᠠ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠪᠠ ᠰᠠᠬᠢᠯᠭ᠎ᠠ ᠪᠠᠲᠤ ᠶᠢ ᠬᠡᠷᠡᠭᠵᠢᠭᠦᠯᠦᠨ | ᠬᠠᠷᠢᠭᠤᠴᠠᠯᠭ᠎ᠠ ᠬᠡᠯᠡᠯᠴᠡᠬᠦ ᠶᠢ ᠨᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠤᠷᠢᠭ᠎ᠠ ᠱᠤᠭᠤᠮ ᠢ ᠪᠠᠲᠤ | ᠴᠣᠭᠴᠠᠯᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠶᠠᠷ︶ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠢ᠃ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠤᠯᠢᠵᠢᠯ ᠤᠨ ᠪᠠᠶᠢᠭᠤᠯᠤᠯᠲᠠ | ᠂ ᠪᠠᠷᠢᠮᠵᠢᠶ᠎ᠠ ᠲᠣᠭᠲᠠᠭᠠᠬᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ | ᠵᠡᠷᠭᠡ ᠲᠠᠯ᠎ᠠ ᠳᠠᠬᠢ ᠵᠠᠰᠠᠭ ᠤᠨ ᠣᠷᠳᠣᠨ ᠤ ᠭᠤᠤᠯᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠬᠦᠷᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ | ᠪᠠ ᠡᠮᠴᠢᠯᠡᠭᠡᠨ ᠤ ᠵᠠᠷᠤᠳᠠᠯ ᠢ ᠬᠠᠤᠯᠢ ᠶᠣᠰᠣᠭᠠᠷ ᠬᠢᠨᠠᠨ ᠬᠠᠮᠢᠶᠠᠷᠴᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠬᠡᠬᠦ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ᠂ ᠬᠠᠤᠯᠢ ᠪᠠ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠪᠠ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠᠷ ᠬᠤᠷᠠᠯᠳᠤᠭᠤᠯᠤᠭᠴᠢ ᠪᠣᠯᠭᠠᠭᠰᠠᠨ | ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠭᠰᠡᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ | ᠣᠷᠣᠯᠴᠠᠭᠰᠠᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ | ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠬᠢ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ | ᠠᠵᠢᠯᠯᠠᠭᠠᠨ᠂ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠬᠡᠷᠡᠭᠲᠡᠶ᠃ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠢ ᠰᠢᠮᠳᠠᠭᠤᠯᠵᠤ | ᠪᠠᠶᠢᠭᠠᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠭᠤᠤᠯ | ᠴᠣᠭᠴᠠ ᠶᠢᠨ ᠬᠠᠷᠢᠭᠤᠴᠠᠯᠭ᠎ᠠ ᠶᠢ ᠨᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠡᠳ᠋ ᠤᠨ ᠵᠠᠰᠠᠭ᠂ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠨᠠᠨ ᠪᠤᠳᠤᠬᠤ᠂ ᠭᠠᠶᠢᠯᠢ ᠶᠢᠨ | ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠤᠳ ᠵᠣᠬᠢᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠶ᠃ ︵ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ | ᠴᠠᠭᠠᠵᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠢᠨᠠᠨ ᠪᠤᠳᠤᠬᠤ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ︵ᠭᠤᠷᠪᠠ︶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶ | ᠲᠣᠭᠲᠠᠭᠠᠬᠤ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦᠨ ᠤ ᠬᠡᠷᠡᠭᠯᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠬᠤ ᠬᠡᠷᠡᠭᠲᠡᠢ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠶᠢᠭᠤᠯᠤᠮᠵᠢ ᠪᠠ ᠡᠮᠴᠢᠯᠡᠭᠡᠨ ᠤ | ᠦᠢᠯᠡᠴᠢᠯᠡᠭᠡᠨ ᠤ ᠠᠵᠢᠯ ᠲᠥᠷᠥᠯ ᠳᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠬᠤ ᠶᠢ ᠬᠠᠷᠢᠭᠤᠴᠠᠵᠤ᠂ | ᠡᠮᠴᠢᠯᠡᠭᠡᠨ ᠤ ᠪᠠᠶᠢᠭᠤᠯᠤᠮᠵᠢ ᠵᠢᠴᠢ ᠲᠡᠳᠡᠭᠡᠷ ᠤᠨ ᠡᠮᠨᠡᠯᠭᠡ ᠶᠢᠨ ᠠᠵᠢᠯᠲᠠᠳ ᠤᠨ ᠡᠮᠴᠢᠯᠡᠭᠡᠨ ᠤ ᠦᠢᠯᠡᠴᠢᠯᠡᠬᠦ | ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠨᠢ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠦᠨ᠎ᠡ ᠬᠠᠩᠰᠢ ᠳᠤ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢ ᠬᠠᠷᠢᠭᠤᠴᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ᠂ ᠡᠮ ᠤᠨ ᠵᠦᠢᠯ ᠤᠨ ᠭᠦᠢᠯᠭᠡᠭᠡᠨ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠡᠮ ᠤᠨ | ᠵᠦᠢᠯ ᠤᠨ ᠡᠵᠡᠩᠨᠡᠯᠲᠡ ᠶᠢᠨ ᠠᠵᠢᠯᠯᠠᠭ᠎ᠠ ᠪᠠ ᠠᠵᠢᠯ ᠡᠷᠬᠢᠯᠡᠬᠦ ᠡᠮ ᠨᠠᠶᠢᠷᠠᠭᠴᠢ ᠶᠢᠨ ᠬᠠᠮᠢᠶᠠᠷᠤᠯᠲᠠ ᠶᠢ | ᠵᠢᠷᠤᠮᠵᠢᠭᠤᠯᠬᠤ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦᠨ ᠤ ᠣᠷᠣᠯᠭ᠎ᠠ ᠵᠠᠷᠤᠯᠭ᠎ᠠ᠂ ᠬᠠᠮᠢᠶᠠᠷᠤᠯᠲᠠ ᠪᠠ ᠪᠠᠯᠠ ᠣᠷᠣᠭᠤᠯᠵᠤ ᠡᠵᠡᠩᠨᠡᠨ ᠠᠵᠢᠯᠯᠠᠭᠤᠯᠵᠤ ᠪᠠᠶᠢᠭ᠎ᠠ | ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠬᠤ ᠬᠡᠷᠡᠭᠲᠡᠢ᠃ ᠬᠢᠨᠠᠨ ᠪᠤᠳᠤᠬᠤ ᠰᠠᠯᠠᠭ᠎ᠠ ᠮᠥᠴᠢᠷ ᠨᠢ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠮᠥᠷᠳᠡᠵᠦ ᠬᠢᠨᠠᠨ ᠪᠤᠳᠤᠬᠤ ᠲᠠᠯ᠎ᠠ ᠪᠠᠷ | ᠴᠢᠩᠭᠠᠳᠬᠠᠬᠤ ᠶᠢ ᠬᠠᠷᠢᠭᠤᠴᠠᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ᠂ | ᠬᠡᠷᠡᠭᠯᠡᠭᠰᠡᠨ ᠪᠠᠶᠢᠳᠠᠯ ᠳᠤ ᠬᠢᠨᠠᠨ ᠪᠤᠳᠤᠯᠲᠠ ᠬᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ | ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠡᠯ᠎ᠡ ᠲᠥᠷᠥᠯ ᠤᠨ ᠳᠠᠭᠠᠳᠬᠠᠯ | ᠮᠡᠬᠡᠯᠡᠨ ᠠᠪᠬᠤ ᠠᠰᠠᠭᠤᠳᠠᠯ ᠢ ᠦᠷᠭᠦᠯᠵᠢᠯᠡᠨ ᠠᠩᠬᠠᠷᠬᠤ ᠶᠢᠨ ᠬᠠᠮᠲᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠤ | ᠴᠠᠭ ᠲᠤᠬᠠᠶ ᠳᠤ ᠨᠢ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠭᠦᠯᠬᠦ ᠬᠡᠷᠡᠭᠲᠡᠶ᠃ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠮᠡᠬᠡᠯᠡᠵᠦ ᠠᠪᠤᠭᠰᠠᠨ | ᠰᠡᠵᠢᠭᠯᠡᠯᠲᠡᠶ ᠬᠡᠷᠡᠭ ᠢ ᠴᠠᠭ ᠲᠤᠬᠠᠶ ᠳᠤ ᠨᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠬᠤ | ᠬᠡᠷᠡᠭᠲᠡᠢ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ | ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠨᠢ ᠲᠦᠷᠦᠭᠦᠯᠡᠨ ᠡᠷᠬᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠵᠤ | ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠢ ᠤᠯᠠᠮ ᠨᠢᠭᠡ ᠠᠯᠬᠤᠮ ᠨᠠᠷᠢᠯᠢᠬᠵᠢᠭᠤᠯᠬᠤ ᠬᠡᠷᠡᠭᠲᠡᠶ᠃ ︵ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠬᠢᠨᠠᠨ ᠪᠤᠳᠤᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠳᠥᠷᠪᠡ︶ ᠠᠵᠢᠯ ᠲᠥᠷᠥᠯ ᠤᠨ ᠬᠢᠨ ᠤ ᠥᠪᠡᠷ ᠢ ᠪᠠᠨ ᠱᠠᠭᠠᠷᠳᠠᠬᠤ ᠶᠢ ᠨᠢ ᠠᠬᠢᠭᠤᠯᠬᠤ ᠬᠡᠷᠡᠭᠲᠡᠢ᠃ | ᠠᠵᠢᠯ ᠲᠥᠷᠥᠯ ᠤᠨ ᠵᠢᠷᠤᠮᠵᠢᠯ᠂ ᠮᠡᠷᠭᠡᠵᠢᠯ ᠤᠨ ᠪᠠᠷᠢᠮᠵᠢᠶ᠎ᠠ᠂ ᠠᠵᠢᠯ ᠡᠷᠬᠢᠯᠡᠬᠦ ᠠᠵᠢᠯᠯᠠᠭ᠎ᠠ᠂ ᠬᠠᠮᠢᠶᠠᠷᠤᠯᠲᠠ | ᠦᠢᠯᠡᠴᠢᠯᠡᠭᠡ ᠪᠠ ᠥᠪᠡᠷ ᠢ ᠪᠠᠨ ᠱᠠᠭᠠᠷᠳᠠᠬᠤ ᠪᠠᠶᠢᠭᠤᠯᠤᠯᠲᠠ ᠵᠡᠷᠭᠡ ᠲᠠᠯ᠎ᠠ ᠪᠠᠷ ᠬᠢ ᠡᠮ ᠡᠮᠨᠡᠯᠭᠡ ᠡᠷᠡᠭᠦᠯ | ᠬᠠᠮᠠᠭᠠᠯᠠᠯ ᠤᠨ ᠠᠵᠢᠯ ᠲᠥᠷᠥᠯ ᠤᠨ ᠨᠡᠶᠢᠭᠡᠮᠯᠢᠭ ᠤᠨ ᠢᠳᠡᠪᠬᠢ ᠦᠢᠯᠡᠳᠦᠯ ᠢ ᠨᠢ ᠪᠠᠳᠠᠷᠠᠭᠤᠯᠬᠤ ᠶᠢ ᠢᠳᠡᠪᠬᠢᠲᠡᠶ | ᠠᠬᠢᠭᠤᠯᠵᠤ᠂ ᠠᠵᠢᠯ ᠲᠥᠷᠥᠯ ᠤᠨ ᠵᠢᠷᠤᠮᠵᠢᠯ ᠪᠠ ᠥᠪᠡᠷ ᠢ ᠪᠠᠨ ᠬᠢᠵᠠᠭᠠᠷᠯᠠᠬᠤ ᠶᠢ ᠨᠢ ᠠᠬᠢᠭᠤᠯᠬᠤ ᠬᠡᠷᠡᠭᠲᠡᠶ᠃ | ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠨᠢ ᠬᠠᠤᠯᠢᠵᠢᠯ ᠤᠨ ᠦᠵᠡᠯ ᠤᠬᠠᠮᠰᠠᠷ ᠢᠶᠠᠨ ᠦᠨᠡᠨ ᠬᠦ | ᠴᠢᠩᠭᠠᠷᠠᠭᠤᠯᠵᠤ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠂ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠵᠣᠬᠢᠰᠲᠠᠶ ᠬᠡᠷᠡᠭᠯᠡᠵᠦ᠂ ᠠᠵᠢᠯ ᠲᠥᠷᠥᠯ ᠤᠨ ᠬᠢᠨ ᠤ | ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ ᠶᠢ ᠭᠦᠢᠴᠡᠳᠬᠡᠨ᠂ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ | ᠪᠠ ᠨᠡᠶᠢᠭᠡᠮ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠲᠣᠭᠲᠠᠭᠰᠠᠨ ᠴᠡᠭ ᠤᠨ ᠡᠮ | ᠡᠮᠨᠡᠯᠭᠡ ᠶᠢᠨ ᠪᠠᠶᠢᠭᠤᠯᠤᠮᠵᠢ ᠪᠠ ᠠᠵᠢᠯ ᠬᠢᠭᠰᠡᠳ ᠤᠨ ᠥᠪᠡᠷ ᠢ ᠪᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ | ᠪᠣᠳᠠᠲᠠᠶᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ᠂ ᠬᠥᠮᠦᠨ ᠤ ᠬᠦᠴᠦᠨ ᠤ ᠡᠬᠢ ᠪᠠᠶᠠᠯᠢᠭ᠂ | ᠡᠳ᠋ ᠤᠨ ᠶᠠᠪᠤᠳᠠᠯ᠂ ᠡᠳ᠋ ᠬᠥᠷᠥᠩᠭᠡ᠂ ᠠᠮᠵᠢᠯᠲᠠ ᠪᠦᠲᠦᠮᠵᠢ᠂ ᠰᠢᠰᠲ᠋ᠧᠮ ᠤᠨ ᠠᠮᠤᠷ ᠲᠦᠪᠰᠢᠨ ᠵᠡᠷᠭᠡ | ᠳᠣᠲᠣᠭᠠᠳᠤ ᠳᠠᠬᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡᠨ ᠤ | ᠳᠠᠭᠠᠳᠬᠠᠯ ᠤᠨ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠨ᠂ ᠳᠠᠭᠠᠳᠬᠠᠯ ᠳᠤ ᠣᠷᠣᠯᠴᠠᠭᠰᠠᠳ ᠲᠤ ᠰᠢᠯᠢᠳᠡᠭ | ᠦᠢᠯᠡᠴᠢᠯᠡᠭᠡ ᠬᠠᠩᠭᠠᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠬᠤᠶᠠᠷ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ | ᠲᠦᠷᠢᠮ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠬᠡᠷᠡᠭᠲᠡᠶ | ︵ᠲᠠᠪᠤ︶ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠪᠦᠷᠢᠨᠰᠢᠭᠦᠯᠬᠦ ᠬᠡᠷᠡᠭᠲᠡᠶ᠃ ︽ᠬᠤᠶᠠᠷ ᠢ | ᠲᠠᠰᠢᠷᠠᠮ ᠢᠶᠠᠷ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠤᠯᠪᠣᠭᠠᠯᠠᠵᠤ ᠬᠢᠨᠠᠨ ᠬᠠᠮᠢᠶᠠᠷᠴᠤ ᠬᠠᠤᠯᠢ | ᠬᠡᠷᠡᠭᠵᠢᠭᠦᠯᠬᠦ ᠠᠵᠢᠯᠲᠠᠨ ᠪᠠ ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠶᠢ ᠪᠠᠶᠢᠭᠤᠯᠤᠨ᠂ ᠰᠤᠭᠤᠴᠢᠨ | ᠪᠠᠶᠢᠴᠠᠭᠠᠬᠤ ᠠᠵᠢᠯ ᠤᠨ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠬᠥᠳᠡᠯᠦᠩᠭᠦᠶ ᠪᠠᠷ ᠬᠠᠮᠠᠭᠠᠯᠠᠨ | ᠪᠠᠲᠤᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠡᠳᠦᠷ ᠲᠤᠲᠤᠮ ᠤᠨ ᠪᠠᠶᠢᠴᠠᠭᠠᠯᠲᠠ ᠪᠠᠨ ᠨᠡᠶᠢᠳᠡᠮ | ᠪᠥᠷᠬᠦᠭᠦᠯᠬᠦ ᠶᠢ ᠪᠡᠶᠡᠯᠡᠭᠦᠯᠦᠨ᠎ᠡ︔ ᠬᠠᠷᠢᠴᠠᠯ ᠶᠣᠰᠣᠭᠠᠷ ᠭᠡᠨᠡᠳᠡᠭᠦᠯᠵᠦ ᠮᠥᠷᠳᠡᠨ ᠪᠠᠶᠢᠴᠠᠭᠠᠬᠤ ᠪᠠ ᠠᠶᠢᠮᠠᠭ ᠬᠤᠲᠠ | ᠬᠤᠭᠤᠷᠣᠨᠳᠤ ᠪᠠᠨ ᠬᠠᠷᠢᠯᠴᠠᠨ ᠪᠠᠶᠢᠴᠠᠭᠠᠨ᠎ᠠ︔ ᠤᠯᠤᠰ ᠤᠨ ᠲᠤᠰᠬᠠᠶ ᠪᠠᠶᠢᠴᠠᠭᠠᠯᠲᠠ᠂ ᠭᠤᠤᠯᠳᠠᠯᠭ᠎ᠠ ᠲᠠᠢ | ᠪᠠᠶᠢᠴᠠᠭᠠᠯᠲᠠ᠂ ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠯᠲᠠ ᠵᠡᠷᠭᠡ ᠶᠢ ᠤᠶᠠᠯᠳᠤᠭᠤᠯᠤᠭᠰᠠᠨ ᠣᠯᠠᠨ | ᠬᠡᠯᠪᠡᠷᠢ ᠪᠠᠷ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ︔ ᠣᠯᠠᠨ ᠲᠦᠮᠡᠨ ᠤ ᠢᠯᠡᠴᠢᠯᠡᠨ ᠮᠡᠳᠡᠭᠦᠯᠵᠦ | ᠵᠠᠭᠠᠯᠳᠤᠭᠰᠠᠨ᠂ ᠵᠠᠭᠤᠴᠢᠯᠠᠭᠤᠷ ᠢᠶᠠᠷ ᠢᠯᠡᠴᠢᠯᠡᠭᠰᠡᠨ ᠪᠠ ᠪᠤᠰᠤᠳ ᠰᠠᠯᠠᠭ᠎ᠠ ᠮᠥᠴᠢᠷ ᠤᠨ ᠰᠢᠯᠵᠢᠭᠦᠯᠦᠨ | ᠲᠤᠰᠢᠶᠠᠭᠰᠠᠨ ᠰᠦᠪᠡᠭᠴᠢ ᠳᠤ ᠭᠤᠤᠯᠳᠠᠯᠭ᠎ᠠ ᠲᠠᠢ ᠪᠠᠶᠢᠴᠠᠭᠠᠯᠲᠠ ᠬᠢᠨ᠎ᠡ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ | ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠶᠢᠨ ᠡᠷᠬᠡ ᠮᠡᠳᠡᠯ᠂ ᠲᠠᠰ ᠳᠠᠷᠠᠭᠠᠯᠠᠯ᠂ ᠰᠢᠢᠳᠬᠡᠨ ᠲᠣᠷᠭᠠᠬᠤ | ᠪᠠᠷᠢᠮᠵᠢᠶ᠎ᠠ ᠵᠡᠷᠭᠡ ᠶᠢ ᠵᠢᠷᠤᠮᠵᠢᠭᠤᠯᠤᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ | ᠠᠬᠢᠭᠤᠯᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ | ᠨᠡᠶᠢᠲᠡᠯᠡᠬᠦ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ᠂ ᠬᠠᠤᠯᠢ ᠬᠡᠷᠡᠭᠵᠢᠭᠦᠯᠬᠦ ᠴᠢᠬᠤᠯᠠ ᠶᠡᠭᠡ | ᠲᠣᠭᠲᠠᠭᠠᠯ ᠤᠨ ᠬᠠᠤᠯᠢ ᠲᠦᠷᠢᠮ ᠤᠨ ᠬᠢᠨᠠᠨ ᠬᠠᠷᠭᠤᠭᠤᠯᠤᠯᠲᠠ ᠵᠡᠷᠭᠡ ᠬᠠᠮᠢᠶ᠎ᠠ ᠪᠥᠬᠦᠶ ᠲᠦᠷᠢᠮ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠶᠢᠨ ᠢᠯᠡ ᠲᠣᠳᠣ ᠡᠷᠬᠡ ᠲᠡᠭᠰᠢ ᠲᠥᠪ | ᠭᠤᠤᠯᠴᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠮᠢᠶ᠎ᠠ ᠪᠥᠬᠦᠶ ᠬᠢᠷᠢ ᠬᠡᠮ ᠲᠠᠢ ᠮᠡᠳᠡᠭᠡ ᠵᠠᠩᠭᠢ ᠶᠢᠨ | ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠵᠡᠷᠭᠡ | ᠭᠤᠷᠪᠠᠳᠠᠬᠢ ᠡᠲᠡᠭᠡᠳ ᠤᠨ ᠬᠦᠴᠦᠨ ᠢ ᠢᠳᠡᠪᠬᠢᠲᠡᠶ ᠣᠷᠣᠭᠤᠯᠤᠨ ᠠᠪᠴᠢᠷᠠᠵᠤ᠂ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠤᠨ᠂ ᠬᠢᠨᠠᠯᠲᠠ ᠬᠠᠮᠢᠶᠠᠷᠤᠯᠲᠠ ᠶᠢᠨ ᠲᠤᠰᠬᠠᠶ | ᠮᠡᠷᠬᠡᠵᠢᠯ ᠤᠨ ᠴᠢᠨᠠᠷ᠂ ᠣᠨᠣᠪᠴᠢᠲᠤ ᠴᠢᠨᠠᠷ᠂ ᠦᠷ᠎ᠡ ᠠᠰᠢᠭᠲᠤ ᠴᠢᠨᠠᠷ ᠢ ᠳᠡᠭᠡᠭᠰᠢᠯᠡᠭᠦᠯᠵᠦ᠂ ᠦᠢᠯᠡᠴᠢᠯᠡᠭᠡᠨ ᠤ | ᠠᠵᠢᠯ ᠤᠨ ᠠᠮᠵᠢᠯᠲᠠ ᠪᠦᠲᠦᠮᠵᠢ ᠪᠠᠷ ᠰᠦᠢᠳᠬᠡᠯ ᠲᠤᠰᠢᠶᠠᠬᠤ ᠲᠣᠭᠲᠠᠴᠠ ᠶᠢ ᠬᠡᠷᠡᠭᠵᠢᠭᠦᠯᠬᠦ ᠬᠡᠷᠡᠭᠲᠡᠢ᠃ ︵ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠵᠢᠷᠭᠤᠭ᠎ᠠ︶ ᠣᠶᠤᠨᠴᠢ ᠪᠠᠷ ᠬᠢᠨᠠᠨ ᠡᠵᠡᠮᠳᠡᠬᠦ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠡᠮᠴᠢᠯᠡᠭᠡᠨ ᠤ | ᠪᠠᠲᠤᠯᠠᠭ᠎ᠠ ᠶᠢ ᠪᠠᠷᠢᠮᠵᠢᠶᠠᠵᠢᠭᠤᠯᠬᠤ ᠪᠠ ᠮᠡᠳᠡᠭᠡ ᠵᠠᠩᠭᠢᠴᠢᠯᠠᠬᠤ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ | ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠪᠠ ᠮᠡᠷᠭᠡᠵᠢᠯ ᠤᠨ ᠪᠠᠷᠢᠮᠵᠢᠶ᠎ᠠ ᠶᠢ ᠨᠢᠭᠡᠳᠬᠡᠨ | ᠂ ᠪᠥᠬᠦ ᠣᠷᠣᠨ ᠤ ᠨᠢᠭᠡᠳᠦᠯᠲᠡᠶ᠂ ᠥᠨᠳᠥᠷ ᠦᠷ᠎ᠡ ᠪᠦᠲᠦᠮᠵᠢᠲᠡᠶ᠂ ᠪᠠᠭᠲᠠᠭᠠᠮᠵᠢᠲᠠᠶ᠂ ᠳᠥᠭᠦᠮ ᠳᠥᠲᠡ᠂ ᠠᠮᠤᠷ | ᠲᠦᠪᠰᠢᠨ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠥᠩᠭᠦ ᠶᠢ ᠬᠡᠷᠡᠭᠯᠡᠬᠦ ᠪᠥᠬᠦ ᠶᠠᠪᠤᠴᠠ ᠪᠠᠨ ᠮᠡᠳᠡᠭᠡ ᠵᠠᠩᠭᠢᠴᠢᠯᠠᠬᠤ ᠶᠢ ᠪᠡᠶᠡᠯᠡᠭᠦᠯᠬᠦ ᠬᠡᠷᠡᠭᠲᠡᠢ | ᠃ ᠤᠯᠤᠰ ᠤᠨ ᠣᠶᠣᠨᠴᠢ ᠪᠠᠷ ᠬᠢᠨᠠᠨ ᠡᠵᠡᠮᠳᠡᠬᠦ ᠰᠢᠰᠲ᠋ᠧᠮ ᠯᠦᠭᠡ ᠨᠢᠭᠲᠠ ᠵᠣᠯᠭᠠᠭᠤᠯᠤᠭᠰᠠᠨ ᠥᠪᠡᠷᠲᠡᠭᠡᠨ ᠵᠠᠰᠠᠬᠤ | ᠣᠷᠣᠨ ᠤ ᠱᠠᠲᠤᠨ ᠤ ᠣᠶᠣᠨᠴᠢ ᠪᠠᠷ ᠬᠢᠨᠠᠨ ᠡᠵᠡᠮᠳᠡᠬᠦ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠲᠣᠮᠣ | ᠳ᠋ᠠᠶᠢᠲ᠋ᠠ ᠶᠢᠨ ᠬᠡᠷᠡᠭᠯᠡᠯᠲᠡ ᠶᠢ ᠴᠢᠩᠭᠠᠳᠬᠠᠨ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢ ᠬᠥᠮᠦᠨ ᠤ | ᠬᠦᠴᠦ ᠪᠠᠷ ᠬᠠᠭᠤᠳᠠᠰᠤ ᠰᠤᠭᠤᠯᠵᠤ ᠬᠢᠨᠠᠨ ᠬᠠᠷᠭᠤᠭᠤᠯᠵᠤ ᠪᠠᠶᠢᠭᠰᠠᠨ ᠠᠴᠠ ᠲᠣᠮᠣ ᠳ᠋ᠠᠶᠢᠲ᠋ᠠ ᠪᠠᠷ ᠪᠥᠬᠦ ᠲᠠᠯ᠎ᠠ᠂ | ᠪᠥᠬᠦ ᠶᠠᠪᠤᠴᠠ᠂ ᠪᠥᠬᠦ ᠭᠤᠭᠴᠣᠭᠠᠨ ᠤ ᠣᠶᠣᠨᠴᠢ ᠪᠠᠷ ᠬᠢᠨᠠᠨ ᠡᠵᠡᠮᠳᠡᠬᠦ ᠪᠣᠯᠭᠠᠨ ᠬᠤᠪᠢᠷᠠᠭᠤᠯᠬᠤ ᠶᠢ ᠪᠡᠶᠡᠯᠡᠭᠦᠯᠬᠦ | ᠬᠡᠷᠡᠭᠲᠡᠢ᠃ ᠲᠣᠭᠲᠠᠭᠰᠠᠨ ᠴᠡᠭ ᠤᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠣᠨᠣᠰᠢᠯᠠᠨ ᠡᠮᠨᠡᠬᠦ | ᠠᠵᠢᠯᠯᠠᠭ᠎ᠠ ᠶᠢ ᠬᠥᠲᠥᠯᠥᠨ ᠵᠢᠯᠣᠭᠤᠳᠬᠤ᠂ ᠵᠢᠷᠤᠮᠵᠢᠭᠤᠯᠬᠤ ᠪᠠ ᠬᠢᠨᠠᠨ ᠬᠠᠷᠭᠤᠭᠤᠯᠬᠤ ᠪᠠᠨ ᠴᠢᠩᠭᠠᠳᠬᠠᠵᠤ᠂ | ᠠᠵᠢᠯ ᠶᠠᠪᠤᠳᠠᠯ ᠤᠨ ᠡᠮᠦᠨᠡᠬᠢ ᠪᠠ ᠠᠵᠢᠯ ᠶᠠᠪᠤᠳᠠᠯ ᠤᠨ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠬᠤ ᠬᠡᠷᠡᠭᠲᠡᠢ᠃ ᠡᠮ ᠤᠨ ᠵᠦᠢᠯ᠂ ᠣᠨᠣᠰᠢᠯᠠᠨ ᠡᠮᠨᠡᠬᠦ ᠲᠥᠷᠥᠯ ᠵᠦᠢᠯ ᠪᠠ ᠡᠮᠴᠢᠯᠡᠬᠡᠨ ᠤ | ᠦᠢᠯᠡᠴᠢᠯᠡᠭᠡᠨ ᠤ ᠪᠡᠯᠡᠳᠬᠡᠮᠵᠢ ᠵᠡᠷᠭᠡ ᠶᠢᠨ ᠰᠠᠭᠤᠷᠢ ᠮᠡᠳᠡᠭᠡ ᠵᠠᠩᠭᠢ ᠶᠢᠨ ᠪᠠᠷᠢᠮᠵᠢᠶᠠᠲᠤ ᠬᠥᠮᠥᠷᠭᠡ ᠪᠠ | ᠡᠮᠴᠢᠯᠡᠭᠡᠨ ᠤ ᠵᠦᠭᠯᠡᠭᠦᠷ ᠵᠡᠷᠭᠡ ᠠᠨᠠᠭᠠᠬᠤ ᠤᠬᠠᠭᠠᠨ ᠤ ᠮᠡᠳᠡᠯᠭᠡ ᠶᠢᠨ ᠬᠥᠮᠥᠷᠭᠡ ᠶᠢ ᠲᠠᠰᠤᠷᠠᠯᠲᠠ ᠥᠬᠡᠶ | ᠲᠡᠭᠦᠯᠳᠡᠷᠵᠢᠭᠦᠯᠵᠦ᠂ ᠣᠶᠤᠨᠴᠢ ᠪᠠᠷ ᠬᠢᠨᠠᠨ ᠡᠵᠡᠮᠳᠡᠬᠦ ᠲᠦᠷᠢᠮ ᠢ ᠲᠡᠭᠦᠯᠳᠡᠷᠵᠢᠭᠦᠯᠦᠨ᠂ ᠬᠢᠨᠠᠨ ᠡᠵᠡᠮᠳᠡᠬᠦ | ᠭᠦᠢᠴᠡᠳᠬᠡᠯ ᠲᠤᠭ᠎ᠠ ᠪᠠ ᠣᠶᠤᠨᠴᠢ ᠪᠠᠷ ᠬᠢᠨᠠᠨ ᠡᠵᠡᠮᠳᠡᠬᠦ ᠮᠡᠳᠡᠯᠭᠡ ᠶᠢᠨ ᠬᠥᠮᠥᠷᠭᠡ ᠶᠢ ᠨᠠᠷᠢᠯᠢᠬᠵᠢᠭᠤᠯᠵᠤ᠂ | ᠣᠶᠤᠨᠴᠢ ᠪᠠᠷ ᠬᠢᠨᠠᠨ ᠡᠵᠡᠮᠳᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠡᠮ ᠤᠨ ᠵᠦᠢᠯ᠂ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠣᠷᠣᠭᠤᠯᠬᠤ ᠪᠣᠷᠣᠯᠠᠭᠤᠯᠬᠤ ᠬᠠᠳᠠᠭᠠᠯᠠᠬᠤ ᠠᠵᠢᠯ ᠳᠤ ᠴᠠᠭ | ᠲᠤᠬᠠᠶ ᠳᠤ ᠨᠢ ᠬᠠᠮᠢᠶᠠᠷᠤᠯᠲᠠ ᠬᠢᠬᠦ ᠶᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠸᠢᠳᠢᠣ᠋ ᠪᠠᠷ ᠬᠢᠨᠠᠨ | ᠡᠵᠡᠮᠳᠡᠬᠦ᠂ ᠠᠮᠢᠳᠤ ᠪᠣᠳᠠᠰ ᠤᠨ ᠣᠨᠴᠠᠯᠢᠭ ᠢᠶᠠᠷ ᠢᠯᠭᠠᠨ ᠲᠠᠨᠢᠬᠤ ᠵᠡᠷᠭᠡ ᠮᠡᠷᠭᠡᠵᠢᠯ ᠤᠨ ᠬᠡᠷᠡᠭᠯᠡᠯᠲᠡ ᠶᠢ | ᠲᠤᠷᠰᠢᠯᠲᠡ ᠶᠢᠨ ᠴᠡᠭ ᠰᠣᠩᠭᠤᠵᠦ ᠳᠡᠯᠭᠡᠷᠡᠭᠦᠯᠬᠦ ᠬᠡᠷᠡᠭᠲᠡᠢ᠃ ᠤᠨᠳᠤᠤ ᠭᠠᠵᠠᠷ ᠲᠤ ᠡᠮᠨᠡᠭᠦᠯᠬᠦ᠂ ᠡᠮ ᠬᠤᠳᠠᠯᠳᠤᠨ | ᠠᠪᠤᠪᠠᠯ ᠴᠠᠭ ᠲᠤ ᠨᠢ ᠲᠣᠭᠠᠴᠠᠭ᠎ᠠ ᠬᠢᠬᠦ᠂ ᠲᠣᠭᠠᠴᠠᠭ᠎ᠠ ᠬᠢᠭᠰᠡᠨ ᠲᠤᠭ᠎ᠠ ᠪᠠᠷᠢᠮᠲᠠ ᠪᠠᠨ ᠪᠦᠬᠦᠨ ᠢ ᠰᠦᠯᠵᠢᠶᠡᠨ ᠳᠤ | ᠭᠠᠷᠭᠠᠬᠤ ᠶᠢ ᠨᠢ ᠠᠬᠢᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠳᠣᠯᠤᠭ᠎ᠠ︶ ᠢᠯᠡᠴᠢᠯᠡᠨ ᠮᠡᠳᠡᠭᠦᠯᠦᠭᠰᠡᠨ ᠢ ᠨᠢ ᠱᠠᠩᠨᠠᠨ ᠭᠦᠬᠢᠭᠦᠯᠬᠦ ᠳᠦᠷᠢᠮ ᠢ ᠲᠡᠭᠦᠯᠳᠡᠷᠵᠢᠭᠦᠯᠬᠦ | ᠬᠡᠷᠡᠭᠲᠡᠶ᠃ ᠠᠵᠤ ᠠᠬᠤᠶ ᠨᠡᠶᠢᠭᠡᠮ ᠤᠨ ᠬᠥᠭᠵᠢᠯᠲᠡ ᠪᠠ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ | ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠳᠠᠭᠠᠳᠬᠠᠯ ᠮᠡᠬᠡᠯᠡᠨ ᠠᠪᠬᠤ ᠦᠢᠯᠡ | ᠠᠵᠢᠯᠯᠠᠭ᠎ᠠ ᠶᠢ ᠢᠯᠡᠴᠢᠯᠡᠨ ᠮᠡᠳᠡᠭᠦᠯᠦᠭᠰᠡᠨ ᠢ ᠨᠢ ᠱᠠᠩᠨᠠᠨ ᠭᠥᠬᠢᠭᠦᠯᠬᠦ ᠲᠦᠷᠢᠮ ᠢ ᠲᠡᠭᠦᠯᠳᠡᠷᠵᠢᠭᠦᠯᠵᠦ᠂ ᠢᠯᠡᠴᠢᠯᠡᠨ | ᠮᠡᠳᠡᠭᠦᠯᠪᠡᠯ ᠱᠠᠩᠨᠠᠨ ᠭᠥᠬᠢᠭᠦᠯᠬᠦ ᠬᠡᠪᠴᠢᠶ᠎ᠡ᠂ ᠨᠥᠬᠦᠴᠡᠯ᠂ ᠲᠠᠰ ᠳᠠᠷᠠᠭᠠᠯᠠᠯ᠂ ᠪᠠᠷᠢᠮᠵᠢᠶ᠎ᠠ ᠶᠢ ᠴᠠᠭ ᠲᠤ ᠨᠢ | ᠳᠣᠭᠢᠷᠠᠭᠤᠯᠤᠨ ᠪᠠᠶᠢᠵᠦ ᠳᠣᠭᠢᠷᠠᠭᠤᠯᠬᠤ ᠪᠠ ᠵᠢᠷᠤᠮᠵᠢᠭᠤᠯᠬᠤ ᠬᠡᠷᠡᠭᠲᠡᠢ᠃ ᠢᠯᠡᠴᠢᠯᠡᠨ ᠮᠡᠳᠡᠭᠦᠯᠦᠭᠴᠢ ᠶᠢ ᠬᠠᠮᠢᠶ᠎ᠠ | ᠪᠦᠬᠦᠢ ᠲᠣᠭᠲᠠᠭᠠᠯ ᠶᠣᠰᠣᠭᠠᠷ ᠱᠠᠩᠨᠠᠨ ᠭᠦᠬᠢᠭᠦᠯᠬᠦ ᠪᠠᠨ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠱᠠᠩᠨᠠᠯ ᠤᠨ | ᠮᠥᠩᠭᠦ ᠪᠠᠨ ᠴᠠᠭ ᠲᠤᠬᠠᠶ ᠳᠤ ᠨᠢ ᠣᠯᠭᠤᠵᠤ᠂ ᠣᠯᠠᠨ ᠲᠦᠮᠡᠨ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ | ᠬᠢᠨᠠᠯᠲᠠ ᠲᠠᠯᠪᠢᠬᠤ ᠳᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ᠃ ᠵᠠᠭᠠᠯᠳᠤᠯᠭ᠎ᠠ ᠬᠢᠵᠦ | ᠢᠯᠡᠴᠢᠯᠡᠨ ᠮᠡᠳᠡᠭᠦᠯᠬᠦ ᠵᠠᠮ ᠮᠥᠷ ᠢ ᠰᠢᠯᠤᠭᠤᠳᠬᠠᠵᠤ᠂ ᠢᠯᠡᠴᠢᠯᠡᠨ ᠮᠡᠳᠡᠭᠦᠯᠦᠭᠰᠡᠨ ᠰᠦᠪᠡᠭᠴᠢ ᠪᠠᠷ ᠪᠠᠶᠢᠴᠠᠭᠠᠨ | ᠰᠢᠢᠳᠪᠦᠷᠢᠯᠡᠬᠦ ᠲᠣᠭᠲᠠᠴᠠ ᠶᠢ ᠵᠢᠷᠤᠮᠵᠢᠭᠤᠯᠤᠨ᠂ ᠪᠥᠬᠦ ᠣᠷᠣᠨ ᠤ ᠢᠯᠡᠴᠢᠯᠡᠨ ᠮᠡᠳᠡᠭᠦᠯᠦᠭᠰᠡᠨ ᠰᠦᠪᠡᠭᠴᠢ ᠪᠠᠷ | ᠪᠠᠶᠢᠴᠠᠭᠠᠨ ᠰᠢᠢᠳᠪᠦᠷᠢᠯᠡᠬᠦ ᠨᠢᠭᠡᠳᠦᠯᠲᠡᠶ ᠲᠠᠪᠴᠠᠩ ᠢ ᠪᠠᠶᠢᠭᠤᠯᠵᠤ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢᠨ | ᠮᠡᠳᠡᠭᠡ ᠵᠠᠩᠭᠢ ᠶᠢ ᠴᠤᠭᠯᠠᠭᠤᠯᠬᠤ᠂ ᠬᠡᠷᠡᠭ ᠢ ᠭᠥᠯᠢᠶᠡᠨ ᠠᠪᠴᠤ ᠰᠢᠢᠳᠪᠦᠷᠢᠯᠡᠬᠦ᠂ ᠬᠠᠤᠯᠢ ᠶᠣᠰᠣᠭᠠᠷ ᠪᠠᠶᠢᠴᠠᠭᠠᠬᠤ | ᠂ ᠲᠣᠭᠲᠠᠭᠠᠯ ᠶᠣᠰᠣᠭᠠᠷ ᠰᠢᠢᠳᠪᠦᠷᠢᠯᠡᠬᠦ᠂ ᠦᠷ᠎ᠡ ᠳ᠋ᠦᠩ ᠢ ᠨᠢ ᠬᠠᠷᠢᠭᠤ ᠲᠤᠰᠬᠠᠬᠤ ᠲᠠᠯ᠎ᠠ ᠶᠢᠨ ᠴᠥᠷᠭᠡᠯᠡᠨ | ᠬᠠᠮᠢᠶᠠᠷᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ︔ ᠢᠯᠡᠴᠢᠯᠡᠨ ᠮᠡᠳᠡᠭᠦᠯᠦᠭᠰᠡᠨ ᠰᠦᠪᠡᠭᠴᠢ ᠪᠠᠷ ᠰᠢᠮᠳᠠᠭᠤᠯᠤᠨ | ᠰᠢᠢᠳᠪᠦᠷᠢᠯᠡᠵᠦ ᠭᠦᠢᠴᠡᠳᠬᠡᠬᠦ ᠶᠢ ᠴᠢᠩᠳᠠᠯᠠᠨ᠂ ᠬᠢᠨᠠᠵᠤ ᠬᠠᠷᠭᠤᠭᠤᠯᠤᠭᠰᠠᠨ ᠠᠰᠠᠭᠤᠳᠠᠯ ᠢ ᠴᠢᠩᠭ᠎ᠠ ᠰᠢᠢᠳᠪᠦᠷᠢᠯᠡᠬᠦ | ᠬᠡᠷᠡᠭᠲᠡᠶ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ︶ | ︵ᠨᠠᠢᠮᠠ︶ ᠢᠲᠡᠭᠡᠮᠵᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠬᠡᠷᠡᠭᠲᠡᠶ᠃ ᠦᠢᠯᠡᠴᠢᠯᠡᠭᠡᠨ ᠤ | ᠵᠥᠪᠯᠡᠯᠴᠡᠭᠡᠷ ᠶᠣᠰᠣᠭᠠᠷ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠮᠡᠳᠡᠭᠡ ᠵᠠᠩᠭᠢ ᠮᠡᠳᠡᠭᠦᠯᠬᠦ | ᠳᠦᠷᠢᠮ ᠢ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠰᠠᠭᠤᠷᠢ ᠮᠥᠩᠭᠦᠨ ᠤ | ᠠᠵᠢᠯᠯᠠᠭᠠᠨ ᠤ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠮᠡᠳᠡᠭᠦᠯᠬᠦ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠦᠩᠬᠦᠨ ᠤ ᠬᠢᠨᠠᠯᠲᠠ ᠬᠠᠮᠢᠶᠠᠷᠤᠯᠲᠠ ᠳᠠᠬᠢ ᠢᠲᠡᠭᠡᠮᠵᠢ ᠶᠢᠨ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠬᠦᠯᠵᠦ᠂ ᠭᠦᠢᠴᠡᠳᠬᠡᠬᠦ ᠪᠠᠷ ᠳᠠᠩᠰᠠᠯᠠᠨ ᠲᠡᠮᠳᠡᠭᠯᠡᠬᠦ᠂ ᠬᠢᠷᠢ | ᠴᠢᠳᠠᠮᠵᠢ ᠶᠢ ᠬᠢᠨᠠᠨ ᠬᠠᠷᠭᠤᠭᠤᠯᠬᠤ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠡᠳᠦᠷ ᠲᠤᠲᠤᠮ ᠤᠨ ᠬᠢᠨᠠᠨ | ᠬᠠᠮᠢᠶᠠᠷᠬᠤ᠂ ᠬᠠᠤᠯᠢ ᠬᠡᠷᠡᠭᠵᠢᠭᠦᠯᠵᠦ ᠪᠠᠶᠢᠴᠠᠭᠠᠬᠤ᠂ ᠣᠯᠠᠨ ᠨᠡᠶᠢᠲᠡ ᠶᠢᠨ ᠦᠢᠯᠡᠴᠢᠯᠡᠭᠡᠨ ᠵᠡᠷᠭᠡ ᠪᠥᠬᠦ ᠶᠠᠪᠤᠴᠠ ᠶᠢ | ᠬᠠᠮᠤᠷᠤᠭᠰᠠᠨ ᠪᠠᠶᠢᠬᠤ ᠬᠡᠷᠡᠭᠲᠡᠢ᠃ ᠲᠣᠭᠲᠠᠭᠰᠠᠨ ᠴᠡᠭ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠡᠮᠴᠢᠯᠡᠭᠡᠨ ᠤ | ᠳᠠᠭᠠᠳᠬᠠᠯ ᠤᠨ ᠶᠡᠭᠡ ᠡᠮᠴᠢ ︵ᠡᠮ ᠨᠠᠶᠢᠷᠠᠭᠴᠢ︶ ᠪᠠ ᠳᠠᠭᠠᠳᠬᠠᠯ ᠳᠤ ᠣᠷᠣᠯᠴᠠᠭᠰᠠᠳ ᠤᠨ ᠡᠮᠴᠢᠯᠡᠭᠡᠨ ᠤ | ᠳᠠᠭᠠᠳᠬᠠᠯ ᠤᠨ ᠢᠲᠡᠭᠡᠮᠵᠢ ᠶᠢᠨ ᠲᠡᠮᠳᠡᠭᠯᠡᠯ ᠢ ᠪᠠᠶᠢᠭᠤᠯᠵᠤ᠂ ᠢᠲᠡᠭᠡᠮᠵᠢ ᠶᠢᠨ ᠦᠨᠡᠯᠡᠯᠲᠡ ᠶᠢᠨ ᠳᠦᠷᠢᠮ ᠪᠠ ᠬᠤᠪᠢ | ᠬᠤᠷᠠᠮᠳᠤᠭᠤᠯᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ᠃ ᠲᠣᠭᠲᠠᠭᠰᠠᠨ ᠴᠡᠭ ᠤᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠶᠡᠷᠦᠩᠬᠡᠶ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠲᠣᠭᠲᠠᠴᠠ ᠳᠤ ᠰᠢᠨ᠎ᠡ ᠶᠢ | ᠡᠭᠦᠳᠴᠦ᠂ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ᠂ ᠶᠡᠷᠦᠩᠬᠡᠶ ᠠᠮᠵᠢᠯᠲᠠ ᠪᠦᠲᠦᠮᠵᠢ ᠶᠢ ᠰᠢᠯᠭᠠᠨ | ᠦᠨᠡᠯᠡᠭᠰᠡᠨ ᠦᠷ᠎ᠡ ᠳ᠋ᠦᠩ ᠢ ᠲᠥᠰᠦᠪ ᠤᠨ ᠬᠠᠮᠢᠶᠠᠷᠤᠯᠲᠠ᠂ ᠰᠦᠢᠳᠬᠡᠯ ᠲᠤᠰᠢᠶᠠᠭᠰᠠᠨ ᠢ ᠨᠢ ᠲᠤᠯᠭᠠᠨ | ᠬᠠᠷᠭᠤᠭᠤᠯᠬᠤ᠂ ᠲᠣᠭᠲᠠᠭᠰᠠᠨ ᠴᠡᠭ ᠤᠨ ᠵᠥᠪᠯᠡᠯᠴᠡᠭᠡᠷ ᠢᠶᠠᠷ ᠬᠠᠮᠢᠶᠠᠷᠬᠤ ᠵᠢᠴᠢ ᠡᠮᠴᠢᠯᠡᠭᠡᠨ ᠤ ᠪᠠᠲᠤᠯᠠᠭ᠎ᠠ ᠶᠢᠨ | ᠰᠠᠭᠤᠷᠢ ᠮᠥᠩᠭᠦ ᠶᠢ ᠰᠢᠯᠵᠢᠭᠦᠯᠦᠨ ᠥᠭᠬᠦ ᠯᠦᠭᠡ ᠬᠤᠯᠪᠣᠭᠳᠠᠭᠤᠯᠤᠭᠰᠠᠨ ᠪᠠᠶᠢᠬᠤ ᠬᠡᠷᠡᠭᠲᠡᠶ᠃ ᠡᠮᠴᠢᠯᠡᠭᠡᠨ ᠤ | ᠪᠠᠲᠤᠯᠠᠭ᠎ᠠ ᠶᠢᠨ ᠬᠦᠷᠢᠶᠡᠨ ᠳᠠᠬᠢ ᠢᠲᠡᠭᠡᠮᠵᠢ ᠵᠢᠷᠤᠮᠯᠠᠭᠰᠠᠳ ᠢ ᠬᠤᠯᠪᠣᠭᠠᠯᠠᠨ ᠤᠷᠮᠠᠰᠢᠭᠤᠯᠬᠤ ᠡᠲᠡᠭᠡᠳ ᠪᠠ | ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠡᠲᠡᠭᠡᠳ ᠤᠨ ᠨᠡᠷᠡᠰ ᠤᠨ ᠬᠠᠮᠢᠶᠠᠷᠤᠯᠲᠠ ᠶᠢ | ᠬᠠᠤᠯᠢ ᠪᠠ ᠲᠣᠭᠲᠠᠭᠠᠯ ᠶᠣᠰᠣᠭᠠᠷ ᠴᠢᠩᠭᠠᠳᠬᠠᠨ ᠵᠢᠷᠤᠮᠵᠢᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠶᠢᠰᠦ︶ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠃ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ | ᠲᠦᠷᠢᠮ ᠳᠤ ᠲᠦᠰᠢᠭᠯᠡᠨ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠬᠢᠭᠡᠳ ᠡᠷᠡᠭᠦᠯ ᠬᠠᠮᠠᠭᠠᠯᠠᠯ ᠡᠷᠡᠭᠦᠯ | ᠮᠡᠨᠳᠦ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠰᠠᠯᠠᠭ᠎ᠠ | ᠮᠥᠴᠢᠷ ᠤᠳ ᠤᠨ ᠬᠤᠭᠤᠷᠣᠨᠳᠣ ᠪᠠᠨ ᠬᠠᠮᠵᠢᠯᠴᠠᠬᠤ᠂ ᠬᠠᠮᠵᠢᠯᠴᠠᠨ ᠬᠢᠨᠠᠵᠤ ᠬᠠᠮᠢᠶᠠᠷᠬᠤ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠤᠤᠷᠵᠢᠭᠤᠯᠤᠭᠰᠠᠨ ᠬᠠᠮᠢᠶᠠᠷᠤᠯᠲᠠ ᠶᠢ | ᠬᠡᠷᠡᠭᠵᠢᠭᠦᠯᠬᠦ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠠᠮᠲᠤᠷᠠᠨ ᠬᠥᠳᠡᠯᠦᠯᠴᠡᠬᠦ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠭᠦᠯᠬᠦ ᠶᠢ ᠴᠢᠩᠭᠠᠳᠬᠠᠨ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠵᠡᠷᠭᠡ | ᠰᠢᠰᠲ᠋ᠧᠮ ᠤᠨ ᠲᠠᠪᠴᠠᠩ ᠳᠤ ᠲᠦᠰᠢᠭᠯᠡᠵᠦ᠂ ᠣᠯᠠᠨ ᠰᠠᠯᠠᠭ᠎ᠠ ᠮᠥᠴᠢᠷ ᠤᠨ ᠬᠤᠯᠪᠣᠭᠠᠯᠠᠨ ᠬᠠᠤᠯᠢ ᠬᠡᠷᠡᠭᠵᠢᠭᠦᠯᠬᠦ᠂ | ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ᠂ ᠬᠠᠮᠲᠤ ᠪᠠᠷ ᠵᠠᠰᠠᠵᠤ ᠬᠠᠮᠲᠤ ᠪᠠᠷ ᠬᠠᠮᠢᠶᠠᠷᠬᠤ ᠨᠡᠶᠢᠯᠡᠮᠡᠯ ᠬᠦᠴᠦᠨ ᠢ | ᠴᠢᠩᠭᠠᠷᠠᠭᠤᠯᠬᠤ ᠬᠡᠷᠡᠭᠲᠡᠢ᠃ ᠳᠠᠭᠠᠳᠬᠠᠯ ᠮᠡᠬᠡᠯᠡᠵᠦ ᠠᠪᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠲᠣᠳᠣᠯᠣᠭᠠᠳ | ᠲᠡᠭᠦᠨ ᠯᠦᠭᠡ ᠬᠤᠯᠪᠣᠭᠳᠠᠭᠰᠠᠨ ᠨᠢᠭᠡᠴᠢ ᠪᠠ ᠬᠤᠪᠢ ᠬᠥᠮᠦᠨ ᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠨᠢ | ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠡᠭᠦᠷᠬᠡ ᠬᠠᠷᠢᠭᠤᠴᠠᠯᠭ᠎ᠠ ᠡᠷᠬᠡ ᠮᠡᠳᠡᠯ ᠶᠤᠰᠤᠭᠠᠷ | ᠴᠢᠩᠭ᠎ᠠ ᠰᠢᠢᠳᠪᠦᠷᠢᠯᠡᠬᠦ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠯᠤᠭ᠎ᠠ ᠵᠣᠯᠭᠠᠭᠤᠯᠬᠤ ᠠᠷᠭ᠎ᠠ ᠶᠢ ᠲᠣᠭᠲᠠᠭᠠᠵᠤ᠂ | ᠳᠠᠭᠠᠳᠬᠠᠯ ᠮᠡᠬᠡᠯᠡᠨ ᠠᠪᠬᠤ ᠦᠢᠯᠡ ᠠᠵᠢᠯᠯᠠᠭ᠎ᠠ ᠳᠤ ᠴᠣᠬᠢᠯᠲᠠ ᠥᠭᠬᠦ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠯᠤᠭ᠎ᠠ ᠵᠣᠯᠭᠠᠭᠤᠯᠬᠤ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠠᠷᠪᠠ︶ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠳᠦᠷᠢᠮ ᠲᠣᠭᠲᠠᠴᠠ ᠶᠢ | ᠪᠦᠷᠢᠨᠰᠢᠬᠦᠯᠵᠦ᠂ ᠬᠢᠨᠠᠯᠲᠠ ᠲᠠᠯᠪᠢᠬᠤ ᠵᠠᠮ ᠮᠥᠷ ᠢ ᠥᠷᠭᠡᠳᠬᠡᠨ᠂ ᠨᠡᠶᠢᠭᠡᠮ ᠤᠨ ᠬᠢᠨᠠᠯᠲᠠ ᠲᠠᠯᠪᠢᠭᠴᠢ ᠶᠢᠨ | ᠳᠦᠷᠢᠮ ᠢ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ | ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠬᠤ ᠬᠡᠷᠡᠭᠲᠡᠶ᠃ | ᠬᠠᠤᠯᠢ ᠲᠦᠭᠡᠮᠡᠯᠵᠢᠭᠦᠯᠬᠦ ᠬᠥᠮᠦᠵᠢᠯ ᠢ ᠠᠬᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠠᠮᠤᠷ | ᠲᠦᠪᠰᠢᠨ ᠢ ᠬᠠᠮᠠᠭᠠᠯᠠᠬᠤ ᠣᠯᠠᠨ ᠨᠡᠶᠢᠲᠡ ᠶᠢᠨ ᠤᠬᠠᠮᠰᠠᠷ ᠢ ᠨᠢ ᠴᠢᠩᠭᠠᠷᠠᠭᠤᠯᠬᠤ ᠬᠡᠷᠡᠭᠲᠡᠢ᠃ ᠮᠡᠳᠡᠭᠡ ᠵᠠᠩᠭᠢ ᠶᠢᠨ | ᠢᠯᠡ ᠨᠡᠶᠢᠲᠡᠯᠡᠬᠦ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠬᠡᠬᠦ ᠪᠠᠶᠢᠭᠤᠯᠤᠮᠵᠢ ᠨᠢ ᠵᠢᠯ ᠪᠦᠷᠢ ᠰᠠᠭᠤᠷᠢ ᠮᠥᠩᠭᠦᠨ ᠤ ᠣᠷᠣᠯᠭ᠎ᠠ ᠵᠠᠷᠤᠯᠭ᠎ᠠ᠂ ᠦᠯᠡᠳᠡᠪᠦᠷᠢ ᠪᠠ ᠠᠰᠢᠭ | ᠣᠷᠣᠯᠭ᠎ᠠ ᠶᠢᠨ ᠪᠠᠶᠢᠳᠠᠯ ᠢ ᠨᠡᠶᠢᠭᠡᠮ ᠳᠤ ᠵᠠᠷᠯᠠᠨ ᠨᠡᠶᠢᠲᠡᠯᠡᠵᠦ᠂ ᠲᠣᠭᠲᠠᠭᠰᠠᠨ ᠴᠡᠭ ᠤᠨ ᠡᠮᠴᠢᠯᠡᠭᠡᠨ ᠤ | ᠪᠠᠶᠢᠭᠤᠯᠤᠮᠵᠢ ᠨᠢ ᠬᠠᠤᠯᠢ ᠪᠠ ᠲᠣᠭᠲᠠᠭᠠᠯ ᠶᠣᠰᠣᠭᠠᠷ ᠡᠮ ᠡᠮᠨᠡᠯᠭᠡ ᠶᠢᠨ ᠵᠠᠷᠤᠳᠠᠯ ᠵᠢᠴᠢ ᠵᠠᠷᠤᠳᠠᠯ ᠤᠨ | ᠪᠦᠲᠦᠴᠡ ᠪᠠᠨ ᠢᠯᠡ ᠪᠣᠯᠭᠠᠨ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠶ᠃ ᠰᠣᠨᠢᠨ | ᠮᠡᠳᠡᠭᠡᠨ ᠤ ᠵᠠᠭᠤᠴᠢᠯᠠᠭᠤᠷ᠂ ᠨᠡᠶᠢᠭᠡᠮ ᠤᠨ ᠬᠢᠨᠠᠯᠲᠠ ᠲᠠᠯᠪᠢᠭᠴᠢ ᠶᠢ ᠰᠠᠨᠠᠭᠠᠴᠢᠯᠠᠭ᠎ᠠ ᠠᠴᠠ ᠪᠠᠨ ᠤᠷᠢᠵᠤ | ᠭᠡᠨᠡᠳᠡᠭᠦᠯᠦᠨ ᠮᠥᠷᠳᠡᠵᠦ ᠪᠠᠶᠢᠴᠠᠭᠠᠬᠤ᠂ ᠲᠤᠰᠬᠠᠶ ᠪᠠᠶᠢᠴᠠᠭᠠᠬᠤ᠂ ᠢᠯᠡ ᠪᠠᠷ ᠪᠠᠶᠢᠴᠠᠭᠠᠵᠤ ᠳᠠᠯᠳᠠᠭᠤᠷ | ᠰᠤᠷᠪᠤᠯᠵᠢᠯᠠᠬᠤ ᠵᠡᠷᠭᠡ ᠳᠤ ᠣᠷᠣᠯᠴᠠᠭᠤᠯᠵᠤ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠠᠭᠤᠴᠢᠯᠠᠭᠤᠷ ᠤᠨ | ᠪᠠᠶᠢᠳᠠᠯ ᠢᠶᠠᠨ ᠮᠡᠳᠡᠯᠴᠡᠬᠦ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠳᠠᠭᠠᠳᠬᠠᠯ ᠮᠡᠬᠡᠯᠡᠵᠦ ᠠᠪᠤᠭᠰᠠᠨ ᠦᠢᠯᠡ | ᠠᠵᠢᠯᠯᠠᠭ᠎ᠠ ᠳᠤ ᠴᠣᠬᠢᠯᠲᠠ ᠥᠭᠭᠦᠭᠰᠡᠨ ᠨᠡᠶᠢᠲᠡᠯᠢᠭ ᠬᠡᠷᠡᠭ ᠢ ᠨᠡᠶᠢᠲᠡᠯᠡᠬᠦ ᠬᠡᠷᠡᠭᠲᠡᠢ᠃ ᠤᠯᠠᠮᠵᠢᠯᠠᠯᠲᠤ ᠵᠠᠭᠤᠴᠢᠯᠠᠭᠤᠷ | ᠬᠢᠭᠡᠳ ᠰᠢᠨ᠎ᠡ ᠪᠠᠷ ᠪᠣᠶ ᠪᠣᠯᠤᠭᠰᠠᠨ ᠵᠠᠭᠤᠴᠢᠯᠠᠭᠤᠷ ᠢ ᠭᠦᠢᠴᠡᠳ ᠠᠰᠢᠭᠯᠠᠵᠤ ᠥᠷᠭᠡᠨ ᠳᠡᠯᠭᠡᠷ ᠤᠬᠠᠭᠤᠯᠬᠤ | ᠠᠵᠢᠯ ᠢ ᠥᠷᠨᠢᠭᠦᠯᠵᠦ᠂ ᠤᠬᠠᠭᠤᠯᠬᠤ ᠰᠡᠳᠬᠢᠮᠵᠢ ᠪᠠ ᠠᠷᠭ᠎ᠠ ᠬᠡᠯᠪᠡᠷᠢ ᠠᠷᠭ᠎ᠠ ᠪᠠᠷᠢᠯ ᠢᠶᠠᠨ ᠲᠠᠰᠤᠷᠠᠯᠲᠠ ᠥᠬᠡᠶ | ᠪᠠᠶᠠᠯᠢᠭᠵᠢᠭᠤᠯᠤᠨ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠵᠥᠪ ᠲᠠᠨᠢᠭᠤᠯᠬᠤ ᠪᠠ ᠲᠡᠭᠦᠨ ᠳᠤ ᠰᠠᠨᠠᠭᠠᠴᠢᠯᠠᠭ᠎ᠠ ᠠᠴᠠ ᠨᠢ ᠣᠷᠣᠯᠴᠠᠭᠤᠯᠬᠤ | ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | ᠭᠤᠷᠪᠠ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ | ᠪᠠᠶᠢᠭᠤᠯᠬᠤ ᠬᠡᠷᠡᠭᠲᠡᠶ ︵ᠠᠷᠪᠠᠨ ᠨᠢᠭᠡ︶ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠠᠤᠯᠢᠵᠢᠯ ᠤᠨ | ᠲᠦᠷᠢᠮ ᠤᠨ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ | ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ︾ ᠵᠢᠴᠢ ᠲᠡᠭᠦᠨ ᠯᠦᠭᠡ ᠲᠦᠬᠦᠷᠵᠢᠭᠦᠯᠦᠭᠰᠡᠨ ᠠᠷᠭ᠎ᠠ ᠶᠢ | ᠴᠢᠩᠭ᠎ᠠ ᠬᠡᠷᠡᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠰᠠᠭᠤᠷᠢ ᠮᠥᠩᠭᠦᠨ ᠤ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠬᠢᠨᠠᠮᠠᠭᠠᠶ | ᠨᠠᠶᠢᠳᠠᠪᠤᠷᠢᠵᠢᠭᠤᠯᠤᠨ᠂ ᠬᠢᠨᠠᠯᠲᠠ ᠬᠠᠮᠢᠶᠠᠷᠤᠯᠲᠠ ᠶᠢᠨ ᠡᠷᠬᠡ ᠮᠡᠳᠡᠯ᠂ ᠲᠠᠰ ᠳᠠᠷᠠᠭᠠᠯᠠᠯ ᠪᠠ ᠰᠢᠢᠳᠬᠡᠨ ᠲᠣᠷᠭᠠᠬᠤ | ᠪᠠᠷᠢᠮᠵᠢᠶ᠎ᠠ ᠵᠡᠷᠭᠡ ᠶᠢ ᠵᠢᠷᠤᠮᠵᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ | ᠬᠠᠮᠢᠶᠠᠷᠤᠯᠲᠠ ᠳᠤ ᠵᠢᠷᠤᠮᠯᠠᠬᠤ ᠠᠴᠠ ᠬᠠᠤᠯᠢ ᠲᠠᠢ ᠪᠠᠶᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ | ᠶᠣᠰᠣᠭᠠᠷ ᠬᠢᠨᠠᠨ ᠬᠠᠮᠢᠶᠠᠷᠬᠤ ᠶᠢ ᠠᠬᠢᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠲᠠᠭᠰᠠᠨ ᠴᠡᠭ ᠤᠨ | ᠡᠮ ᠡᠮᠨᠡᠯᠭᠡ ᠶᠢᠨ ᠪᠠᠶᠢᠭᠤᠯᠤᠮᠵᠢ ᠳᠤ ᠵᠥᠪᠯᠡᠯᠴᠡᠭᠡᠷ ᠢᠶᠠᠷ ᠬᠠᠮᠢᠶᠠᠷᠬᠤ ᠶᠢ ᠲᠡᠭᠦᠯᠳᠡᠷᠵᠢᠭᠦᠯᠵᠦ᠂ ᠡᠮᠴᠢᠯᠡᠭᠡᠨ ᠤ | ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠬᠢᠭᠡᠳ ᠡᠮ ᠡᠮᠨᠡᠯᠭᠡ ᠶᠢᠨ ᠪᠠᠶᠢᠭᠤᠯᠤᠮᠵᠢ ᠶᠢᠨ | ᠬᠤᠭᠤᠷᠣᠨᠳᠣ ᠪᠠᠨ ᠵᠥᠪᠳᠡᠯᠴᠡᠨ ᠬᠡᠯᠡᠯᠴᠡᠬᠦ ᠲᠣᠭᠲᠠᠴᠠ ᠶᠢ ᠪᠦᠷᠢᠨᠰᠢᠭᠦᠯᠦᠨ᠂ ᠲᠣᠭᠲᠠᠭᠰᠠᠨ ᠴᠡᠭ ᠤᠨ ᠡᠮ | ᠡᠮᠨᠡᠯᠭᠡ ᠶᠢᠨ ᠪᠠᠶᠢᠭᠤᠯᠤᠮᠵᠢ ᠳᠤ ᠬᠥᠳᠡᠯᠦᠩᠭᠦᠶ ᠬᠠᠮᠢᠶᠠᠷᠤᠯᠲᠠ ᠶᠢ ᠪᠠᠶᠢᠭᠤᠯᠵᠤ᠂ ᠪᠤᠴᠠᠭᠠᠨ ᠭᠠᠷᠭᠠᠬᠤ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠮᠴᠢᠯᠡᠭᠡᠨ ᠤ ᠦᠢᠯᠡᠴᠢᠯᠡᠬᠦ ᠠᠵᠢᠯᠯᠠᠭ᠎ᠠ ᠳᠤ ᠡᠮᠴᠢᠯᠡᠭᠡᠨ ᠤ | ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨᠠᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠬᠢᠨᠠᠨ ᠬᠠᠮᠢᠶᠠᠷᠤᠭᠤᠯᠬᠤ ᠡᠲᠡᠭᠡᠳ ᠢ ᠨᠢ ᠡᠮᠴᠢᠯᠡᠭᠡᠨ ᠤ ᠪᠠᠶᠢᠭᠤᠯᠤᠮᠵᠢ ᠠᠴᠠ ᠡᠮᠨᠡᠯᠭᠡ ᠶᠢᠨ ᠠᠵᠢᠯᠲᠠᠨ ᠬᠦᠷᠲᠡᠯ᠎ᠡ | ᠤᠷᠲᠤᠳᠬᠠᠵᠤ᠂ ᠬᠢᠨᠠᠨ ᠬᠠᠮᠢᠶᠠᠷᠬᠤ ᠭᠤᠤᠯᠳᠠᠯᠭ᠎ᠠ ᠪᠠᠨ ᠡᠮᠴᠢᠯᠡᠭᠡᠨ ᠤ ᠵᠠᠷᠤᠳᠠᠯ ᠢ ᠡᠵᠡᠮᠳᠡᠬᠦ ᠠᠴᠠ ᠡᠮᠴᠢᠯᠡᠭᠡᠨ ᠤ | ᠵᠠᠷᠤᠳᠠᠯ ᠪᠠ ᠡᠮᠴᠢᠯᠡᠭᠡᠨ ᠤ ᠦᠢᠯᠡᠴᠢᠯᠡᠭᠡᠨ ᠤ ᠠᠮᠵᠢᠯᠲᠠ ᠪᠦᠲᠦᠮᠵᠢ ᠬᠤᠶᠠᠷ ᠢ ᠨᠢ ᠡᠵᠡᠮᠳᠡᠬᠦ ᠲᠡᠢᠰᠢ | ᠬᠤᠪᠢᠷᠠᠭᠤᠯᠬᠤ ᠬᠡᠷᠡᠭᠲᠡᠢ᠃ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯ ᠲᠥᠷᠥᠯ ᠤᠨ ᠣᠨᠣᠰᠢᠯᠠᠨ ᠡᠮᠨᠡᠬᠦ | ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠲᠠ ᠶᠢ ᠲᠡᠭᠦᠯᠳᠡᠷᠵᠢᠭᠦᠯᠦᠨ᠂ | ᠡᠮᠴᠢᠯᠡᠭᠡᠨ ᠤ ᠡᠮ ᠨᠠᠶᠢᠷᠠᠭᠴᠢ᠂ ᠵᠣᠷ ᠲᠤ ᠦᠨᠡᠯᠡᠯᠲᠡ ᠬᠢᠬᠦ ᠵᠡᠷᠭᠡ ᠲᠦᠷᠢᠮ ᠢ ᠨᠠᠶᠢᠳᠠᠪᠤᠷᠢᠵᠢᠭᠤᠯᠵᠤ᠂ | ᠡᠮᠴᠢᠯᠡᠭᠡᠨ ᠤ ᠬᠡᠷᠡᠭᠯᠡᠯᠲᠡ ᠪᠠ ᠦᠨᠡᠯᠡᠯᠲᠡ ᠵᠡᠷᠭᠡ ᠶᠢᠨ ᠪᠠᠷᠢᠮᠵᠢᠶ᠎ᠠ ᠶᠢ ᠵᠢᠷᠤᠮᠵᠢᠭᠤᠯᠤᠨ ᠬᠡᠷᠡᠭᠯᠡᠬᠦ ᠪᠠᠨ | ᠴᠢᠩᠭᠠᠷᠠᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ | ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ︶ ︵ | ᠠᠷᠪᠠᠨ ᠬᠤᠶᠠᠷ︶ ᠰᠠᠭᠤᠷᠢ ᠮᠥᠩᠭᠦᠨ ᠤ ᠬᠢᠨᠠᠯᠲᠠ ᠲᠠᠯᠪᠢᠵᠤ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠶ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯᠲᠠᠨ ᠤ ᠬᠦᠴᠦᠨ ᠢ ᠴᠢᠩᠭᠠᠷᠠᠭᠤᠯᠤᠨ | ᠂ ᠮᠡᠷᠭᠡᠵᠢᠯ ᠤᠨ ᠠᠷᠭ᠎ᠠ ᠪᠠᠷᠢᠯ ᠢ ᠴᠢᠩᠭᠠᠷᠠᠭᠤᠯᠬᠤ ᠬᠡᠷᠡᠭᠲᠡᠢ᠃ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠂ ᠠᠵᠢᠯ ᠶᠠᠪᠤᠳᠠᠯ ᠤᠨ ᠡᠷᠬᠡ ᠶᠢᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠡᠷᠬᠡ ᠲᠤᠰᠢᠶᠠᠯ ᠤᠨ ᠬᠡᠪᠴᠢᠶ᠎ᠡ ᠶᠢ ᠲᠣᠳᠣᠷᠬᠠᠶ ᠲᠣᠭᠲᠠᠭᠠᠬᠤ ᠬᠡᠷᠡᠭᠲᠡᠢ︔ ᠡᠮᠴᠢᠯᠡᠭᠡᠨ ᠤ | ᠪᠠᠲᠤᠯᠠᠭ᠎ᠠ ᠶᠢᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠬᠢᠭᠡᠳ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ | ᠵᠥᠪᠯᠡᠯᠴᠡᠭᠡᠷ ᠢᠶᠠᠷ ᠬᠠᠮᠢᠶᠠᠷᠬᠤ ᠬᠠᠷᠢᠴᠠᠭ᠎ᠠ ᠶᠢ ᠰᠢᠯᠤᠭᠤᠳᠬᠠᠵᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ | ᠬᠢᠭᠡᠳ ᠭᠠᠷᠲᠠᠨ ᠭᠦᠢᠴᠡᠳᠬᠡᠬᠦ ᠶᠢᠨ ᠲᠤᠯᠭᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ ᠶᠢᠨ ᠵᠠᠭᠠᠭ ᠢ | ᠲᠣᠳᠣᠷᠬᠠᠶᠢᠯᠠᠨ᠂ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠬᠤ ᠬᠡᠷᠡᠭᠲᠡᠶ᠃ ᠭᠠᠷᠲᠠᠨ ᠭᠦᠢᠴᠡᠳᠬᠡᠬᠦ | ᠪᠠᠶᠢᠭᠤᠯᠤᠮᠵᠢ ᠶᠢᠨ ᠵᠥᠪᠯᠡᠯᠴᠡᠭᠡᠷ ᠢᠶᠠᠷ ᠬᠠᠮᠢᠶᠠᠷᠬᠤ᠂ ᠵᠠᠷᠤᠳᠠᠯ ᠢ ᠬᠢᠨᠠᠨ ᠡᠵᠡᠮᠳᠡᠬᠦ᠂ ᠪᠠᠶᠢᠴᠠᠭᠠᠵᠤ ᠬᠢᠨᠠᠨ | ᠬᠠᠷᠭᠤᠭᠤᠯᠬᠤ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠭᠲᠠᠮᠠᠯ | ᠬᠤᠭᠤᠴᠠᠭ᠎ᠠ ᠲᠠᠢ ᠮᠥᠷᠳᠡᠨ ᠦᠷ᠎ᠡ ᠪᠦᠲᠦᠮᠵᠢ ᠶᠢ ᠨᠢ ᠲᠤᠯᠭᠠᠨ ᠨᠢᠭᠲᠠᠯᠠᠵᠤ᠂ ᠭᠠᠷᠲᠠᠨ ᠭᠦᠢᠴᠡᠳᠬᠡᠬᠦ | ᠪᠠᠶᠢᠭᠤᠯᠤᠮᠵᠢ ᠶᠢᠨ ᠳᠣᠲᠣᠭᠠᠳᠤ ᠶᠢᠨ ᠲᠦᠭᠰᠢᠭᠦᠷᠢ ᠪᠠᠨ ᠡᠵᠡᠮᠳᠡᠬᠦ ᠳᠤ ᠲᠣᠭᠲᠠᠮᠠᠯ ᠬᠤᠭᠤᠴᠠᠭ᠎ᠠ ᠲᠠᠢ ᠦᠨᠡᠯᠡᠨ | ᠵᠢᠱᠢᠯᠲᠡ ᠬᠢᠵᠦ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠳᠣᠲᠣᠭᠠᠳᠤ ᠳᠠᠬᠢ ᠰᠡᠷᠭᠡᠶᠢᠯᠡᠨ ᠡᠵᠡᠮᠳᠡᠬᠦ | ᠱᠤᠭᠤᠮ ᠢ ᠨᠢ ᠪᠠᠬᠢᠵᠢᠭᠦᠯᠬᠦ ᠬᠡᠷᠡᠭᠲᠡᠶ᠃ ᠡᠯ᠎ᠡ ᠱᠠᠲᠤᠨ ᠤ ᠡᠳ᠋ ᠤᠨ ᠵᠠᠰᠠᠭ ᠤᠨ ᠪᠠᠯᠠ ᠮᠥᠩᠭᠦᠨ ᠤ ᠪᠠᠲᠤᠯᠠᠭ᠎ᠠ ᠶᠢ | ᠴᠢᠩᠭᠠᠳᠬᠠᠵᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ ᠰᠠᠭᠤᠷᠢ | ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠨ᠂ ᠡᠮᠴᠢᠯᠡᠭᠡ᠂ ᠺᠣᠮᠫᠢᠦ᠋ᠲ᠋ᠧᠷ᠂ ᠨᠢᠭᠲᠠᠯᠠᠨ | ᠪᠤᠳᠤᠬᠤ᠂ ᠬᠢᠨᠠᠨ ᠪᠤᠳᠤᠬᠤ ᠵᠡᠷᠭᠡ ᠲᠠᠯ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠲᠡᠢ︔ ᠭᠠᠷᠴᠤ | ᠶᠠᠪᠤᠵᠤ ᠪᠣᠯᠪᠠᠰᠤᠷᠠᠭᠤᠯᠬᠤ ᠪᠠ ᠪᠣᠳᠠᠲᠠᠶ ᠪᠠᠶᠢᠴᠠᠭᠠᠯᠲᠠ ᠳᠤ ᠣᠷᠣᠯᠴᠠᠨ ᠪᠠᠶᠢᠴᠠᠭᠠᠬᠤ ᠪᠠᠷ ᠪᠣᠯᠪᠠᠰᠤᠷᠠᠭᠤᠯᠬᠤ ᠶᠢ | ᠣᠷᠣᠯᠠᠭᠤᠯᠵᠤ᠂ ᠬᠢᠨᠠᠨ ᠬᠠᠮᠢᠶᠠᠷᠬᠤ ᠡᠩᠨᠡᠭᠡᠨ ᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ | ᠡᠮᠴᠢᠯᠡᠭᠡᠨ ᠤ ᠪᠠᠶᠢᠭᠤᠯᠤᠮᠵᠢ ᠳᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠳᠤ ᠪᠠᠨ ᠬᠡᠷᠡᠭᠰᠡᠬᠦ ᠠᠵᠢᠯᠲᠠᠨ᠂ | ᠲᠥᠬᠦᠭᠡᠷᠦᠮᠵᠢ ᠪᠠ ᠬᠠᠮᠢᠶ᠎ᠠ ᠪᠦᠬᠦᠢ ᠪᠡᠯᠡᠳᠬᠡᠮᠵᠢ ᠬᠠᠩᠭᠠᠵᠤ ᠥᠭᠬᠦ ᠶᠢ ᠪᠠᠲᠤᠯᠠᠬᠤ ᠬᠡᠷᠡᠭᠲᠡᠢ᠃ ︵ᠬᠠᠷᠢᠭᠤᠴᠠᠬᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ ︵ᠠᠷᠪᠠᠨ ᠭᠤᠷᠪᠠ︶ ᠳᠠᠭᠠᠳᠬᠠᠯ ᠮᠡᠬᠡᠯᠡᠵᠦ ᠠᠪᠤᠭᠰᠠᠨ ᠦᠢᠯᠡ ᠠᠵᠢᠯᠯᠠᠭ᠎ᠠ ᠶᠢ | ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ | ᠮᠥᠩᠭᠦ ᠶᠢ ᠬᠠᠮᠢᠶᠠᠷᠴᠤ ᠬᠡᠷᠡᠭᠯᠡᠭᠰᠡᠨ ᠪᠠᠶᠢᠳᠠᠯ ᠢᠶᠠᠨ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠦᠷᠢᠮ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠠᠯᠳᠠᠰᠢ ᠭᠠᠷᠬᠤ ᠶᠢ ᠬᠤᠷᠢᠭᠯᠠᠬᠤ ᠪᠥᠭᠡᠳ ᠲᠦᠭᠰᠢᠭᠦᠷᠢ ᠶᠢ ᠰᠡᠷᠭᠡᠶᠢᠯᠡᠬᠦ | ᠬᠡᠷᠡᠭᠲᠡᠢ᠃ ᠳᠠᠭᠠᠳᠬᠠᠯ ᠮᠡᠬᠡᠯᠡᠵᠦ ᠠᠪᠤᠭᠰᠠᠨ ᠳᠤ ᠴᠣᠬᠢᠯᠲᠠ ᠥᠭᠴᠦ ᠲᠤᠰᠬᠠᠶᠢᠯᠠᠨ ᠵᠠᠰᠠᠬᠤ ᠠᠵᠢᠯ ᠤᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠳ ᠤᠨ ᠬᠤᠯᠪᠣᠭᠠᠯᠠᠨ ᠬᠠᠤᠯᠢ ᠬᠡᠷᠡᠭᠵᠢᠭᠦᠯᠬᠦ᠂ | ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠦᠨᠳᠦ ᠶᠡᠭᠡ ᠬᠡᠷᠡᠭ ᠢ | ᠬᠤᠯᠪᠣᠭᠠᠯᠠᠨ ᠪᠠᠶᠢᠴᠠᠭᠠᠵᠤ ᠰᠢᠢᠳᠪᠦᠷᠢᠯᠡᠬᠦ ᠠᠵᠢᠯ ᠤᠨ ᠪᠠᠷᠢᠮᠵᠢᠶ᠎ᠠ ᠪᠠ ᠴᠤᠪᠤᠷᠠᠯ ᠢ ᠲᠡᠭᠦᠯᠳᠡᠷᠵᠢᠭᠦᠯᠦᠨ᠂ | ᠵᠥᠪᠯᠡᠯᠴᠡᠭᠡᠷ᠂ ᠵᠠᠰᠠᠭ ᠵᠠᠬᠢᠷᠭᠠᠨ᠂ ᠬᠠᠤᠯᠢ ᠴᠠᠭᠠᠵᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ | ᠳᠠᠭᠠᠳᠬᠠᠯ ᠮᠡᠬᠡᠯᠡᠵᠦ ᠠᠪᠤᠭᠰᠠᠨ ᠨᠢᠭᠡᠴᠢ ᠪᠠ ᠬᠤᠪᠢ ᠬᠥᠮᠦᠨ ᠢ ᠴᠢᠩᠭ᠎ᠠ ᠰᠢᠢᠳᠬᠡᠬᠦ ᠬᠡᠷᠡᠭᠲᠡᠢ᠃ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠤ ᠰᠢᠢᠳᠬᠡᠨ ᠲᠣᠷᠭᠠᠬᠤ ᠡᠷᠴᠢᠮ ᠢᠶᠠᠨ ᠬᠠᠤᠯᠢ ᠪᠠ | ᠲᠣᠭᠲᠠᠭᠠᠯ ᠶᠣᠰᠣᠭᠠᠷ ᠴᠢᠩᠭᠠᠷᠠᠭᠤᠯᠵᠤ᠂ ᠶᠠᠯ᠎ᠠ ᠳᠤ ᠬᠦᠷᠦᠭᠰᠡᠨ ᠢᠶᠠᠷ ᠰᠡᠵᠢᠭᠯᠡᠭᠳᠡᠭᠰᠡᠨ ᠬᠡᠷᠡᠭ ᠢ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠪᠠᠶᠢᠴᠠᠭᠠᠨ ᠳᠣᠲᠣᠯᠠᠭᠠᠳ ᠳᠠᠭᠠᠳᠬᠠᠯ ᠮᠡᠬᠡᠯᠡᠵᠦ ᠠᠪᠤᠭᠰᠠᠨ | ᠦᠢᠯᠡ ᠪᠠᠶᠢᠳᠠᠯ ᠨᠢ ᠣᠨᠴᠠ ᠬᠦᠨᠳᠦ ᠨᠣᠴᠢᠲᠠᠶ ᠪᠠᠶᠢᠭ᠎ᠠ ᠲᠣᠭᠲᠠᠭᠰᠠᠨ ᠴᠡᠭ ᠤᠨ ᠡᠮ ᠡᠮᠨᠡᠯᠭᠡ ᠶᠢᠨ | ᠪᠠᠶᠢᠭᠤᠯᠤᠮᠵᠢ ᠳᠤ᠂ ᠡᠮᠴᠢᠯᠡᠭᠡᠨ ᠤ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠵᠥᠪᠯᠡᠯᠴᠡᠭᠡᠷ ᠢᠶᠠᠨ | ᠬᠦᠴᠦᠨ ᠥᠬᠡᠶ ᠪᠣᠯᠭᠠᠵᠤ᠂ ᠲᠡᠳᠡᠨ ᠤ ᠬᠠᠷᠢᠭᠤᠴᠠᠭᠴᠢ ᠡᠮᠴᠢ ᠶᠢᠨ ᠡᠮᠴᠢᠯᠡᠭᠡᠨ ᠤ ᠳᠠᠭᠠᠳᠬᠠᠯ ᠤᠨ ᠳ᠋ᠦᠩᠨᠡᠨ | ᠪᠤᠳᠤᠬᠤ ᠬᠢᠷᠢ ᠬᠡᠮ ᠢ ᠨᠢ ᠬᠠᠤᠯᠢ ᠶᠣᠰᠣᠭᠠᠷ ᠲᠦᠷ ᠵᠣᠭᠰᠣᠭᠠᠬᠤ ᠬᠡᠷᠡᠭᠲᠡᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠵᠢᠯ ᠢ ᠨᠢ ᠵᠣᠭᠰᠣᠭᠠᠨ ᠴᠡᠭᠴᠡᠯᠡᠬᠦ᠂ | ᠠᠵᠢᠯ ᠡᠷᠭᠢᠯᠡᠬᠦ ︵ᠡᠵᠡᠩᠨᠡᠬᠦ︶ ᠬᠢᠷᠢ ᠬᠡᠮ ᠢ ᠨᠢ ᠬᠦᠴᠦᠨ ᠥᠬᠡᠶ ᠪᠣᠯᠭᠠᠬᠤ᠂ ᠠᠵᠢᠯ ᠡᠷᠭᠢᠯᠡᠬᠦ ᠶᠢ ᠨᠢ | ᠬᠢᠵᠠᠭᠠᠷᠯᠠᠬᠤ ᠵᠡᠷᠭᠡ ᠰᠢᠢᠳᠬᠡᠯ ᠲᠣᠷᠭᠠᠭᠤᠯᠢ ᠥᠭᠬᠦ ᠶᠢ ᠬᠠᠤᠯᠢ ᠶᠣᠰᠣᠭᠠᠷ ᠲᠣᠭᠲᠠᠭᠠᠵᠤ᠂ ᠵᠠᠯᠬᠠᠭᠠᠨ ᠰᠢᠢᠳᠬᠡᠬᠦ | ᠰᠦᠷ ᠬᠦᠴᠦᠨ ᠢ ᠴᠢᠩᠭᠠᠷᠠᠭᠤᠯᠬᠤ ᠬᠡᠷᠡᠭᠲᠡᠶ᠃ ᠳᠠᠭᠠᠳᠬᠠᠯ ᠮᠡᠬᠡᠯᠡᠵᠦ ᠠᠪᠤᠭᠰᠠᠨ ᠦᠢᠯᠡ ᠪᠠᠶᠢᠳᠠᠯ ᠨᠢ ᠬᠦᠨᠳᠦ | ᠨᠣᠴᠢᠲᠠᠶ ᠨᠢᠭᠡᠴᠢ ᠪᠠ ᠬᠤᠪᠢ ᠬᠥᠮᠦᠨ ᠢ ᠪᠣᠯ᠂ ᠢᠲᠡᠭᠡᠮᠵᠢ ᠠᠯᠳᠠᠭᠰᠠᠳ ᠢ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ | ᠡᠲᠡᠭᠡᠳ ᠤᠨ ᠨᠡᠷᠡᠰ ᠲᠤ ᠣᠷᠣᠭᠤᠯᠬᠤ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ᠳᠥᠷᠪᠡ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢ | ᠲᠡᠭᠦᠯᠳᠡᠷᠵᠢᠭᠦᠯᠬᠦ ᠬᠡᠷᠡᠭᠲᠡᠶ ︵ᠠᠷᠪᠠᠨ ᠳᠥᠷᠪᠡ︶ ᠡᠮᠴᠢᠯᠡᠭᠡᠨ ᠤ ᠳᠠᠭᠠᠳᠬᠠᠯ ᠤᠨ ᠬᠠᠮᠢᠶ᠎ᠠ ᠪᠥᠬᠦᠶ ᠲᠦᠷᠢᠮ ᠤᠨ | ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ | ᠬᠢᠬᠦ ᠠᠷᠭ᠎ᠠ ᠬᠡᠯᠪᠡᠷᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠪᠦᠷᠢᠳᠬᠡᠨ ᠬᠤᠪᠢ | ᠲᠣᠭᠲᠠᠭᠠᠬᠤ ᠠᠷᠭ᠎ᠠ ᠶᠢᠨ ᠶᠡᠷᠦᠩᠬᠡᠶ ᠲᠣᠭᠠᠨ ᠤ ᠲᠥᠰᠦᠪ ᠪᠠ ᠡᠪᠡᠳᠴᠢᠨ ᠤ ᠲᠥᠷᠥᠯ ᠤᠨ ᠨᠣᠭᠳᠠᠭᠰᠠᠨ | ᠥᠷᠲᠡᠭ ᠢᠶᠠᠷ ᠰᠦᠢᠳᠬᠡᠯ ᠲᠤᠰᠢᠶᠠᠬᠤ ︵DIP︶᠂ ᠶᠡᠷᠦᠩᠬᠡᠶ ᠲᠣᠭᠠᠨ ᠤ ᠡᠵᠡᠮᠰᠢᠯ ᠳᠠᠬᠢ ᠡᠪᠡᠳᠴᠢᠨ ᠡᠮᠭᠡᠭ ᠤᠨ | ᠣᠨᠣᠰᠢᠯ ᠢᠶᠠᠷ ᠨᠢ ᠬᠠᠮᠢᠶ᠎ᠠ ᠪᠥᠬᠦᠶ ᠪᠠᠭ ᠬᠤᠪᠢᠶᠠᠨ ᠰᠦᠢᠳᠬᠡᠯ ᠲᠤᠰᠢᠶᠠᠬᠤ ︵DRG︶ ᠪᠠᠷ ᠭᠤᠤᠯ | ᠪᠣᠯᠭᠠᠭᠰᠠᠨ ᠲᠣᠭᠠᠴᠠᠭ᠎ᠠ ᠬᠢᠬᠦ ᠣᠯᠠᠨ ᠡᠰᠢᠲᠦ ᠬᠠᠮ ᠠᠷᠭ᠎ᠠ ᠬᠡᠯᠪᠡᠷᠢ ᠶᠢ ᠬᠡᠷᠡᠭᠵᠢᠭᠦᠯᠦᠨ᠂ ᠬᠤᠰᠢᠭᠤ ᠰᠢᠶᠠᠨ ᠤ | ᠬᠡᠪᠴᠢᠶᠡᠨ ᠳᠠᠬᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠬᠠᠮᠲᠤᠷᠠᠭᠤᠯᠤᠨ ᠰᠦᠢᠳᠬᠡᠯ ᠲᠤᠰᠢᠶᠠᠬᠤ | ᠬᠠᠮᠢᠶᠠᠷᠤᠯᠲᠠ ᠶᠢ ᠲᠡᠭᠦᠯᠳᠡᠷᠵᠢᠭᠦᠯᠬᠦ ᠬᠡᠷᠡᠭᠲᠡᠢ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠶᠡᠷᠦᠩᠬᠡᠶ | ᠲᠣᠭᠠᠨ ᠤ ᠲᠥᠰᠦᠪ ᠤᠨ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠭᠦᠯᠵᠦ᠂ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠰᠠᠭᠤᠷᠢ ᠮᠥᠩᠭᠦᠨ ᠤ ᠤᠷᠲᠤᠪᠲᠤᠷ ᠪᠠ | ᠣᠷᠳᠣ ᠬᠤᠭᠤᠴᠠᠭᠠᠨ ᠤ ᠨᠠᠷᠢᠯᠢᠭ ᠲᠣᠭᠠᠴᠠᠭ᠎ᠠ ᠶᠢ ᠴᠢᠩᠭᠠᠳᠬᠠᠵᠤ᠂ ᠣᠷᠣᠯᠭ᠎ᠠ ᠵᠠᠷᠤᠯᠭ᠎ᠠ ᠶᠢᠨ ᠲᠡᠩᠴᠡᠭᠦᠷᠢᠯᠡᠬᠦ | ᠲᠣᠭᠲᠠᠴᠠ ᠪᠠ ᠰᠠᠭᠤᠷᠢ ᠮᠥᠩᠭᠦᠨ ᠤ ᠠᠵᠢᠯᠯᠠᠭᠠᠨ ᠤ ᠲᠦᠭᠰᠢᠭᠦᠷᠢ ᠶᠢ ᠦᠨᠡᠯᠡᠨ ᠵᠢᠱᠢᠬᠦ᠂ ᠰᠡᠷᠡᠮᠵᠢᠯᠡᠭᠦᠯᠬᠦ | ᠲᠣᠭᠲᠠᠴᠠ ᠶᠢ ᠪᠠᠶᠢᠭᠤᠯᠤᠨ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠢ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠬᠠᠷᠠᠭᠠᠯᠵᠠᠯ ᠤᠨ ᠨᠠᠷᠢᠨ ᠬᠠᠭᠤᠳᠠᠰᠤ ᠶᠢᠨ | ᠲᠦᠷᠢᠮ ᠢ ᠨᠠᠶᠢᠳᠠᠪᠤᠷᠢᠵᠢᠭᠤᠯᠵᠤ᠂ ᠦᠨᠳᠦᠰᠦᠨ ᠲᠣᠭᠠᠴᠠᠭ᠎ᠠ ᠬᠢᠬᠦ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠦᠨ᠂ ᠭᠤᠤᠯᠴᠢ ᠪᠥᠭᠡᠳ ᠵᠣᠬᠢᠮᠵᠢᠲᠠᠢ ᠪᠠᠲᠤᠯᠠᠭ᠎ᠠ ᠶᠢ ᠬᠡᠷᠡᠭᠵᠢᠭᠦᠯᠬᠦ ᠬᠡᠷᠡᠭᠲᠡᠢ᠃ ᠭᠠᠵᠠᠷ ᠣᠷᠣᠨ ᠤ | ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠵᠦ᠂ | ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠠᠭᠤᠷᠢ ᠶᠢ ᠰᠢᠯᠢᠳᠡᠭᠵᠢᠭᠦᠯᠬᠦ ᠬᠡᠷᠡᠭᠲᠡᠢ᠃ ︵ | ᠬᠠᠷᠢᠭᠤᠴᠠᠬᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠥᠪᠥᠷ ᠮᠣᠩᠭᠤᠯ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ︶ ︵ᠠᠷᠪᠠᠨ ᠲᠠᠪᠤ︶ ᠡᠮ ᠡᠮᠨᠡᠯᠭᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ | ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠬᠤ ᠬᠡᠷᠡᠭᠲᠡᠶ᠃ ᠡᠮ ᠡᠮᠨᠡᠯᠭᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ | ᠲᠠᠯ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠡᠮ ᠤᠨ | ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ | ᠲᠡᠭᠦᠯᠳᠡᠷᠵᠢᠭᠦᠯᠦᠨ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠳᠤ | ᠬᠢᠨᠠᠨ ᠰᠢᠨᠵᠢᠬᠦ ᠶᠢ ᠴᠢᠩᠭᠠᠳᠬᠠᠵᠤ᠂ ᠡᠮ ᠡᠮᠨᠡᠯᠭᠡ ᠶᠢᠨ ᠦᠨ᠎ᠡ ᠬᠠᠩᠰᠢ ᠶᠢᠨ ᠮᠡᠳᠡᠭᠡ ᠵᠠᠩᠭᠢ᠂ ᠠᠵᠤ ᠦᠢᠯᠡᠰ ᠤᠨ | ᠬᠥᠭᠵᠢᠯᠲᠡ ᠶᠢᠨ ᠵᠢᠭᠠᠯᠲᠠ ᠲᠤᠭ᠎ᠠ ᠶᠢ ᠬᠢᠨᠠᠨ ᠰᠢᠨᠵᠢᠬᠦ ᠪᠠ ᠢᠯᠡ ᠨᠡᠶᠢᠲᠡᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ | ᠂ ᠦᠨ᠎ᠡ ᠬᠠᠩᠰᠢ ᠳᠤ ᠵᠠᠬᠢᠳᠠᠯ ᠢᠶᠠᠷ ᠠᠰᠠᠭᠤᠬᠤ᠂ ᠪᠣᠯᠵᠣᠨ ᠶᠠᠷᠢᠯᠴᠠᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠵᠤ ᠠᠪᠬᠤ ᠶᠢ | ᠦᠷᠭᠦᠯᠵᠢᠯᠡᠨ ᠠᠬᠢᠭᠤᠯᠵᠤ᠂ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ | ᠬᠠᠩᠰᠢ ᠶᠢ ᠪᠠᠭᠤᠷᠠᠭᠤᠯᠬᠤ ᠬᠡᠷᠡᠭᠲᠡᠢ᠃ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠪᠠ ᠳᠠᠭᠠᠭᠠᠴᠢᠯᠠᠯᠲᠠ | ᠵᠠᠷᠯᠠᠨ ᠬᠤᠳᠠᠯᠳᠤᠵᠤ ᠠᠪᠬᠤ ᠦᠨ᠎ᠡ ᠬᠠᠩᠰᠢ ᠳᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ | ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠥᠳᠡᠯᠦᠩᠭᠦᠶ ᠲᠣᠬᠢᠷᠠᠭᠤᠯᠤᠯᠲᠠ ᠶᠢ ᠠᠬᠢᠭᠤᠯᠤᠨ᠂ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ | ᠡᠮᠴᠢᠯᠡᠭᠡᠨ ᠤ ᠦᠢᠯᠡᠴᠢᠯᠡᠭᠡ ᠶᠢᠨ ᠠᠳᠠᠯᠢᠳᠬᠠᠯ ᠦᠨ᠎ᠡ ᠶᠢᠨ ᠬᠠᠷᠢᠴᠠᠭ᠎ᠠ ᠶᠢ ᠠᠯᠬᠤᠮ ᠠᠯᠬᠤᠮ ᠢᠶᠠᠷ | ᠰᠢᠯᠤᠭᠤᠳᠬᠠᠬᠤ ᠬᠡᠷᠡᠭᠲᠡᠢ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠣᠨᠣᠰᠢᠯᠠᠨ ᠡᠮᠨᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠃ | ᠡᠩ ᠤᠨ ᠡᠪᠡᠳᠴᠢᠨ ᠪᠠ ᠡᠷᠡᠭᠦᠯ ᠴᠢᠭᠢᠷᠠᠭ ᠤᠨ ᠠᠰᠠᠭᠤᠳᠠᠯ ᠤᠨ ᠲᠣᠭᠤᠷᠢᠨ ᠳᠤ᠂ ᠲᠣᠬᠢᠷᠠᠬᠤ ᠡᠮᠴᠢᠯᠡᠭᠡᠨ ᠤ | ᠮᠡᠷᠭᠡᠵᠢᠯ ᠢ ᠵᠢᠷᠤᠮᠵᠢᠭᠤᠯᠤᠨ ᠳᠡᠯᠭᠡᠷᠡᠭᠦᠯᠬᠦ ᠬᠡᠷᠡᠭᠲᠡᠢ᠃ ᠡᠮ ᠡᠮᠨᠡᠯᠭᠡ ᠶᠢᠨ ᠠᠵᠢᠯ ᠲᠥᠷᠥᠯ ᠤᠨ ᠨᠢᠭᠲᠠᠯᠠᠨ ᠪᠣᠳᠣᠬᠤ | ᠮᠡᠳᠡᠭᠡ ᠵᠠᠩᠭᠢ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠡᠮ ᠤᠨ ᠵᠦᠢᠯ᠂ | ᠡᠮᠴᠢᠯᠡᠭᠡᠨ ᠳᠤ ᠬᠡᠷᠡᠭᠯᠡᠬᠦ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠬᠡᠶ ᠥᠰᠬᠦ ᠶᠢ ᠨᠢ | ᠲᠤᠰᠬᠠᠶᠢᠯᠠᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠢ᠃ ︵ᠬᠠᠷᠢᠭᠤᠴᠠᠬᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠨᠢ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠤᠨ | ᠲᠣᠭᠲᠠᠯᠴᠠᠭ᠎ᠠ ᠶᠢᠨ ᠥᠭᠡᠷᠡᠴᠢᠯᠡᠯᠲᠡ ᠶᠢ ᠠᠬᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ | ᠤᠳᠤᠷᠢᠳᠤᠯᠭ᠎ᠠ ᠪᠠᠨ ᠴᠢᠩᠭᠠᠳᠬᠠᠨ ᠨᠢᠭᠡᠳᠦᠯᠲᠡᠶ ᠪᠠᠶᠢᠷᠢᠯᠠᠭᠤᠯᠵᠤ ᠵᠣᠬᠢᠴᠠᠭᠤᠯᠤᠨ ᠠᠬᠢᠭᠤᠯᠬᠤ ᠬᠡᠷᠡᠭᠲᠡᠶ᠃ | ᠤᠷᠮᠠᠰᠢᠭᠤᠯᠤᠨ ᠵᠣᠷᠢᠭᠵᠢᠭᠤᠯᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠠᠶᠢᠭᠤᠯᠵᠤ᠂ ᠳᠠᠭᠠᠳᠬᠠᠯ | ᠮᠡᠬᠡᠯᠡᠵᠦ ᠠᠪᠤᠭᠰᠠᠨ ᠳᠤ ᠴᠣᠬᠢᠯᠲᠠ ᠥᠭᠬᠦ ᠠᠵᠢᠯ ᠢ ᠬᠠᠮᠢᠶ᠎ᠠ ᠪᠦᠬᠦᠢ ᠠᠵᠢᠯ ᠤᠨ ᠰᠢᠯᠭᠠᠨ ᠬᠢᠨᠠᠬᠤ ᠳᠤ | ᠣᠷᠣᠭᠤᠯᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠵᠣᠬᠢᠬᠤ ᠡᠭᠦᠷᠭᠡ ᠬᠠᠷᠢᠭᠤᠴᠠᠯᠭ᠎ᠠ ᠪᠠᠨ | ᠬᠠᠤᠯᠢ ᠶᠣᠰᠣᠭᠠᠷ ᠭᠦᠢᠴᠡᠳᠬᠡᠵᠦ᠂ ᠮᠡᠳᠡᠭᠡ ᠵᠠᠩᠭᠢ ᠶᠢᠨ ᠳ᠋ᠠᠶᠢᠲ᠋ᠠ ᠶᠢ ᠬᠠᠮᠲᠤ ᠳᠤ ᠪᠠᠨ ᠬᠦᠷᠲᠡᠬᠦ ᠶᠢ ᠴᠢᠩᠭᠠᠳᠬᠠᠨ | ᠂ ᠰᠠᠯᠠᠭ᠎ᠠ ᠮᠥᠴᠢᠷ ᠤᠳ ᠤᠨ ᠬᠡᠷᠡᠭᠴᠡᠭᠡ ᠱᠠᠭᠠᠷᠳᠠᠯᠭ᠎ᠠ ᠳᠤ ᠢᠳᠡᠪᠬᠢᠲᠡᠶ ᠪᠠᠷ ᠬᠠᠷᠢᠭᠤ ᠥᠭᠴᠦ᠂ ᠬᠤᠯᠪᠣᠭᠠᠯᠠᠨ | ᠬᠥᠳᠡᠯᠦᠯᠴᠡᠵᠦ ᠴᠤᠤᠷᠢᠶᠠᠳᠤᠨ ᠳᠠᠭᠠᠬᠤ ᠶᠢ ᠪᠡᠶᠡᠯᠡᠭᠦᠯᠦᠨ᠂ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠵᠤ᠂ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ | ᠬᠠᠮᠵᠢᠯᠴᠠᠨ ᠠᠬᠢᠭᠤᠯᠬᠤ ᠬᠡᠷᠡᠭᠲᠡᠢ᠃ | 2021 ᠣᠨ ᠤ 6 ᠳ᠋ᠤᠭᠠᠷ ᠰᠠᠷ᠎ᠠ ᠶᠢᠨ 23 ᠤ ᠡᠳᠦᠷ ︵ᠲᠤᠰ ᠪᠢᠴᠢᠭ ᠮᠠᠲ᠋ᠧᠷᠢᠶᠠᠯ ᠢ ᠢᠯᠡ | ᠨᠡᠶᠢᠲᠡᠯᠡᠨ᠎ᠡ︶ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ | ᠠᠩᠭᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ | ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2021 ᠣᠨ ᠤ 6 ᠳ᠋ᠤᠭᠠᠷ ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠪᠠ |