ᠪᠠᠷᠠᠭᠤᠨ ᠬᠤᠳᠠ ᠵᠡᠭᠡᠯᠢ ᠭᠤᠳᠤᠮᠵᠢ ᠶᠢᠨ  ᠪᠸᠢ ᠰᠢᠨ ᠵᠢᠶᠧ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ︽ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠰᠠᠶᠢᠨ ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠬᠤ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/10/21
   10 ᠰᠠᠷ᠎ᠠ ᠶᠢᠨ 19 ᠤ ᠡᠳᠦᠷ᠂  ᠪᠠᠷᠠᠭᠤᠨ ᠬᠤᠳᠠ ᠵᠡᠭᠡᠯᠢ ᠭᠤᠳᠤᠮᠵᠢ ᠶᠢᠨ ᠪᠧᠢ ᠰᠢᠨ ᠵᠢᠶᠧ ᠨᠡᠶᠢᠭᠡᠮ ᠲᠣᠭᠤᠷᠢᠭ ᠯᠢᠨᠳᠦ᠋ᠩ ᠤᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠰᠣᠷᠣᠭᠴᠢ ᠪᠤᠯᠤᠨ ᠬᠠᠮᠲᠤ ᠪᠠᠷ ᠪᠠᠶᠢᠭᠤᠯᠬᠤ ᠨᠢᠭᠡᠴᠡ ᠲᠠᠢ ᠬᠠᠮᠲᠤᠷᠠᠨ ᠬᠠᠷᠢᠶ᠎ᠠ ᠲᠣᠭᠤᠷᠢᠭ ᠤᠨ ᠢᠶᠠᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠪᠡ᠃      ᠠᠵᠢᠯᠯᠠᠭ᠎ᠠ ᠳᠤ ᠣᠷᠣᠯᠴᠠᠭᠰᠠᠨ 300 ᠭᠠᠷᠤᠶ ᠰᠠᠶᠢᠨ ᠳᠤᠷ᠎ᠠ ᠶᠢᠨ ᠠᠵᠢᠯᠯᠠᠭᠴᠢ᠂ ᠰᠤᠷᠤᠭᠴᠢᠳ ︽ᠪᠤᠵᠠᠷ ᠠᠴᠠ ᠠᠶᠤᠬᠤ ᠥᠬᠡᠶ᠂ ᠶᠠᠳᠠᠷᠠᠬᠤ ᠠᠴᠠ ᠠᠶᠤᠬᠤ ᠥᠬᠡᠶ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠭᠦᠶ᠋ᠴᠡᠳ ᠪᠠᠳᠠᠷᠠᠭᠤᠯᠵᠤ᠂ ᠬᠠᠷᠢᠶᠠᠲᠤ ᠣᠷᠣᠨ ᠤ ᠬᠡᠷᠡᠮ ᠳᠡᠭᠡᠷᠡᠬᠢ ︽ᠦᠬᠡᠷ ᠢᠯᠢᠳᠦ︾᠂ ᠠᠰᠠᠷ ᠤᠨ ᠬᠤᠩᠭᠢᠯ ᠳᠠᠬᠢ ᠵᠢᠵᠢᠭ ᠵᠠᠷ᠂ ᠨᠣᠭᠤᠭᠠᠷᠠᠭᠤᠯᠤᠯᠲᠠ ᠶᠢᠨ ᠪᠦᠰᠡᠨ ᠳᠠᠬᠢ ᠥᠨᠴᠥᠭ ᠪᠤᠯᠤᠩ ᠢ ᠳᠠᠯᠳᠠᠯᠠᠭᠰᠠᠨ ᠴᠠᠭᠠᠨ ᠬᠤᠭ ᠨᠣᠪᠰᠢ᠂ ᠲᠠᠮᠠᠬᠢᠨ ᠲᠣᠯᠣᠭᠠᠶ ᠪᠠ ᠵᠢᠮᠢᠰ ᠤᠨ ᠬᠠᠯᠢᠰᠤ ᠴᠠᠭᠠᠰᠤᠨ ᠦᠷᠦᠪᠳᠡᠰᠦ ᠵᠡᠷᠭᠡ ᠶᠢ ᠲᠥᠪᠯᠡᠷᠡᠭᠦᠯᠦᠨ ᠴᠡᠪᠡᠷᠯᠡᠵᠦ᠂ ᠣᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠬᠠᠷᠢᠶᠠᠲᠤ ᠣᠷᠣᠨ ᠤ ᠳᠦᠷᠰᠦ ᠪᠠᠶᠢᠳᠠᠯ  ᠴᠤ ᠰᠢᠨ᠎ᠡ ᠪᠣᠯᠵᠠᠶ᠃      
ᠲᠣᠰ ᠤᠳᠠᠭᠠᠨ ᠤ ᠴᠡᠪᠡᠷᠯᠡᠬᠦ ᠠᠵᠢᠯᠯᠠᠭ᠎ᠠ ᠪᠠᠷ ᠳᠡᠮᠵᠢᠨ᠂ ᠬᠠᠷᠢᠶᠠᠲᠤ ᠣᠷᠣᠨ ᠤ ︽ᠪᠤᠵᠠᠷ᠂ ᠡᠷᠦᠶ ᠬᠤᠷᠤᠶ ᠥᠬᠡᠶ ᠂ ᠠᠨᠠᠶ︾ ᠪᠠᠶᠢᠬᠤ ᠦᠵᠡᠭᠳᠡᠯ ᠢ ᠪᠦᠲᠦᠮᠵᠢᠲᠡᠶ ᠰᠠᠶᠢᠵᠢᠷᠠᠭᠤᠯᠵᠤ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠠᠩ ᠴᠡᠪᠡᠷ ᠲᠡᠭᠰᠢ᠂ ᠡᠶ᠎ᠡ ᠵᠣᠬᠢᠴᠠᠩᠭᠤᠶ ᠭᠤᠶᠣ ᠰᠠᠶᠢᠬᠠᠨ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠪᠠ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号