ᠪᠦᠬᠦ ᠬᠤᠰᠢᠭᠤᠨ ᠤ ᠭᠠᠵᠠᠷ ᠬᠦᠳᠡᠯᠦᠯᠳᠡ ᠶᠢᠨ ᠭᠠᠮᠰᠢᠭ ᠠᠴᠠ ᠰᠡᠷᠭᠡᠶᠢᠯᠡᠵᠦᠭᠠᠮᠰᠢᠭ ᠢ ᠪᠠᠭᠠᠰᠬᠠᠬᠤ ᠠᠵᠢᠯ ᠤᠨ ᠬᠤᠷᠠᠯ ᠬᠤᠷᠠᠯᠳᠤ᠋
ᠨᠡᠶᠢᠲᠡᠯᠡᠭᠰᠡᠨ ᠴᠠᠭ᠄
2021/10/21
   ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠠᠩᠭᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠱᠦᠵᠢ ᠷᠧᠨ ᠰᠢ ᠵᠡᠷᠭᠡ ᠬᠤᠰᠢᠭᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠭᠠᠵᠠᠷ ᠤᠨ ᠲᠠᠰ ᠤᠨ ᠤᠳᠤᠷᠢᠳᠤᠯᠭ᠎ᠠ ᠵᠢᠴᠢ ᠪᠥᠬᠦ ᠬᠤᠰᠢᠭᠤᠨ ᠤ ᠳᠡᠳ᠋ ᠰᠠᠯᠠᠭᠠᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠤ᠋ ᠳ᠋ᠦᠩ ᠶᠢᠩ ᠬᠤᠷᠠᠯ ᠢ ᠡᠷᠭᠢᠯᠡᠪᠡ᠃     ᠬᠤᠷᠠᠯ ᠳᠡᠭᠡᠷ᠎ᠡ᠂ ᠲᠥᠪ ᠤᠨ ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠦᠨᠳᠦᠰᠦᠲᠡᠨ ᠤ ᠺᠠᠳ᠋ᠷ ᠤᠨ ᠰᠤᠷᠭᠠᠨ ᠬᠥᠮᠦᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ ᠯᠢᠦ ᠪᠦᠦ ᠮᠢᠩ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠳᠠᠨᠢᠬᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠠᠴᠠ ᠳᠤᠷᠠᠳᠤᠭᠰᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠰᠢᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠠᠷᠠᠯᠲᠠ ᠶᠢ ᠪᠠᠲᠤ ᠴᠣᠭᠴᠠᠯᠠᠬᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠵᠡᠷᠭᠡ ᠭᠤᠷᠪᠠᠨ ᠲᠠᠯ᠎ᠠ ᠪᠠᠷ  ᠭᠤᠤᠯᠳᠠᠯᠭ᠎ᠠ ᠶᠢ ᠨᠢ ᠲᠤᠪᠤᠶᠢᠯᠭᠠᠵᠤ᠂ ᠰᠢᠰᠲ᠋ᠧᠮ ᠲᠠᠢ ᠲᠠᠶᠢᠯᠪᠤᠷᠢᠯᠠᠪᠠ᠃    ᠬᠤᠷᠠᠯ ᠠᠴᠠ ᠴᠢᠬᠤᠯᠠᠴᠢᠯᠠᠭᠰᠡᠨ ᠨᠢ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠠᠨᠠᠭᠠᠴᠢᠯᠠᠭ᠎ᠠ ᠠᠴᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠪᠥᠭᠡᠳ ᠪᠠᠴᠢᠮ ᠤᠯᠤᠰ ᠲᠦᠷᠦ ᠶᠢᠨ ᠡᠭᠦᠷᠭᠡ ᠪᠣᠯᠭᠠᠵᠤ᠂ ᠦᠨᠡᠨᠬᠦ ᠴᠢᠩᠭ᠎ᠠ ᠠᠳᠬᠤᠵᠤ᠂ ᠰᠠᠶᠢᠲᠤᠷ ᠠᠳᠬᠤᠵᠤ᠂ ᠪᠣᠳᠠᠲᠠᠢ ᠠᠳᠬᠤᠬᠤ ᠬᠡᠷᠡᠭᠲᠡᠢ᠃ ᠦᠨᠳᠦᠰᠦᠲᠡᠨ ᠤ ᠠᠵᠢᠯ ᠤᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠭᠦᠨᠵᠡᠭᠡᠢ ᠣᠶᠢᠯᠠᠭᠠᠨ᠂ ᠦᠵᠡᠯ ᠰᠠᠨᠠᠭ᠎ᠠ ᠪᠠ ᠦᠢᠯ᠎ᠡ ᠠᠵᠢᠯᠯᠠᠭ᠎ᠠ ᠪᠠᠨ ᠨᠢᠭᠡᠳᠭᠡᠵᠣ᠂ ᠡᠭᠦᠨ ᠤ ᠤᠯᠠᠮ ᠢᠶᠠᠷ ᠦᠨᠳᠦᠰᠦᠲᠡᠨ ᠤ ᠠᠵᠢᠯ ᠤᠨ ᠲᠣᠭᠲᠠᠭᠤᠨ ᠢᠶᠠᠷ ᠬᠥᠭᠵᠢᠬᠦ ᠶᠢ ᠪᠦᠬᠦ ᠬᠦᠴᠦᠨ  ᠢᠶᠠᠷ ᠢᠶᠠᠨ ᠠᠬᠢᠭᠤᠯᠬᠤ ᠬᠡᠷᠡᠭᠲᠡᠢ᠃ ᠨᠢᠭᠡᠳᠦᠯᠲᠡᠶ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠵᠤ᠂ ᠦᠨᠳᠦᠰᠦᠲᠡᠨ ᠤ ᠠᠵᠢᠯ ᠢ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠠᠳᠬᠤᠵᠣ᠂ ᠡᠭᠦᠨ ᠤ ᠤᠯᠠᠮ ᠢᠶᠠᠷ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠤᠱᠯᠠᠭᠤᠯᠵᠤ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠥᠬᠡᠶ ᠪᠠᠲᠤ ᠴᠣᠭᠴᠠᠯᠠᠬᠤ ᠬᠡᠷᠡᠭᠲᠡᠶ ᠭᠡᠵᠠᠢ᠃
 
ᠢᠷᠡᠯᠲᠡ᠄ ᠪᠠᠭᠠᠷᠢᠨ ᠵᠡᠭᠦᠨ ᠬᠤᠰᠢᠭᠤᠨ  ᠤ ᠬᠠᠮ ᠵᠠᠭᠤᠴᠢᠯᠠᠭᠤᠷᠢ ᠶᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号