ᠮᠠᠨ ᠤ ᠬᠤᠰᠢᠭᠤ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠬᠦ 2021 ᠣᠨ ᠤ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ ᠡᠷᠭᠢᠯᠡᠭᠰᠡᠨ
ᠨᠡᠶᠢᠲᠡᠯᠡᠭᠰᠡᠨ ᠴᠠᠭ᠄
2021/10/21
   ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂  ᠤᠶᠢᠷ᠎ᠠ ᠳᠤ᠂  ᠬᠤᠰᠢᠭᠤ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠪᠡᠭᠡᠵᠢᠩ ᠬᠤᠲᠠ ᠶᠢᠨ ᠠᠵᠢᠯ ᠲᠠᠨᠢᠯᠴᠠᠭᠤᠯᠬᠤ  ᠦᠢᠯᠡᠴᠢᠯᠡᠬᠡᠨ ᠤ ᠲᠥᠪ᠂ ᠪᠡᠭᠡᠵᠢᠩ ᠬᠤᠲᠠ ᠶᠢᠨ ᠱᠦᠨ ᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠢᠶᠠᠷ ᠬᠠᠪᠰᠤᠷᠤᠨ ᠲᠡᠳᠬᠦᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ 2021 ᠣᠨ ᠤ ᠨᠠᠮᠤᠷ ᠤᠨ ᠤᠯᠠᠷᠢᠯ ᠤᠨ ᠠᠵᠢᠯᠲᠠᠨ ᠡᠯᠰᠡᠬᠦ ᠴᠤᠭᠯᠠᠭᠠᠨ ᠰᠢᠨᠬᠤᠸᠠ ᠲᠠᠯᠠᠪᠠᠶ ᠳᠤ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠮᠠ ᠶᠠ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠮᠠ ᠶᠠ ᠹᠧᠩ᠂ ᠠᠵᠢᠯ ᠤᠯᠭᠤᠬᠤ ᠦᠢᠯᠡᠴᠢᠯᠡᠭᠡᠨ ᠤ ᠠᠵᠢᠯ ᠢ ᠦᠨᠡᠨᠬᠦ ᠰᠠᠶᠢᠲᠤᠷ ᠬᠢᠵᠦ᠂ ᠠᠵᠢᠯᠳᠠᠨ ᠬᠡᠷᠡᠭᠯᠡᠬᠦ ᠠᠵᠤ ᠠᠬᠤᠶᠢᠯᠠᠯ ᠪᠣᠯᠤᠨ ᠡᠯᠰᠡᠭᠳᠡᠭᠰᠡᠳ ᠤᠨ ᠬᠤᠭᠤᠷᠤᠨᠳᠤᠬᠢ ᠬᠥᠭᠦᠷᠭᠡ ᠬᠤᠯᠪᠤᠭᠠᠰᠤ ᠶᠢᠨ ᠦᠢᠯᠡᠳᠦᠯ  ᠢᠶᠠᠨ ᠬᠦᠢᠴᠡᠳ ᠪᠠᠳᠠᠷᠠᠭᠤᠯᠵᠤ᠂ ᠨᠡᠩ ᠪᠦᠲᠦᠮᠵᠢᠲᠡᠢ ᠬᠠᠪᠰᠤᠷᠤᠯᠭ᠎ᠠ ᠦᠵᠡᠭᠦᠯᠦᠨ᠂ ᠨᠡᠩ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ︔ᠡᠯᠰᠡᠯᠳᠡ ᠳᠤ ᠤᠷᠤᠯᠴᠠᠭᠰᠠᠳ ᠠᠵᠠ ᠵᠠᠪᠰᠢᠶᠠᠨ ᠢ ᠡᠵᠡᠮᠳᠡᠨ᠂ ᠠᠵᠤ ᠠᠬᠤᠶᠢᠯᠠᠯ ᠲᠠᠢ ᠢᠳᠡᠪᠬᠢᠲᠡᠢ ᠪᠠᠷ ᠰᠠᠨᠠᠯ ᠪᠤᠳᠤᠯ ᠢᠶᠠᠨ ᠰᠤᠯᠢᠯᠴᠠᠨ ᠤᠶᠢᠯᠠᠭᠠᠯᠴᠠᠵᠤ᠂ ᠥᠪᠡᠷ ᠤᠨ ᠪᠡᠶ᠎ᠡ ᠳᠡᠭᠡᠨ ᠳᠤᠬᠢᠷᠠᠬᠤ ᠠᠵᠢᠯ ᠤᠨ ᠪᠠᠶᠢᠷᠢ ᠤᠯᠬᠤ ᠪᠠᠷ ᠴᠢᠷᠮᠠᠶᠢᠬᠤ ᠶᠢ ᠬᠦᠰᠡᠭᠰᠡᠨ ᠪᠠᠶᠢᠨ᠎ᠠ᠃     ᠤᠢᠢᠯᠠᠭᠠᠭᠰᠠᠠ ᠢᠶᠠᠷ᠂ ᠥᠪᠥᠷ ᠮᠣᠩᠭᠤᠯ ᠤᠨ ᠬᠢᠩᠭᠠᠨ ᠵᠡᠰ ᠴᠠᠶᠢᠷ ᠬᠠᠶᠢᠯᠤᠭᠤᠯᠬᠤ ᠬᠢᠵᠠᠭᠠᠷᠲᠤ ᠺᠣᠮᠫᠠᠨᠢ᠂ ᠪᠡᠭᠡᠵᠢᠩ ᠤᠨ ᠡᠤ ᠮᠧᠢ ᠪᠦᠯᠦᠭᠯᠡᠯ᠂ ᡁᠢ ᠭᠦᠸᠧ ᠬᠠᠩᠭᠠᠨ ᠪᠣᠷᠣᠯᠠᠭᠤᠯᠬᠤ ᠬᠢᠵᠠᠭᠠᠷᠲᠤ ᠺᠣᠮᠫᠠᠨᠢ ᠵᠢᠴᠢ ᠪᠡᠭᠡᠵᠢᠩ ᠤᠨ ᠱᠦᠨ ᠢ ᠲᠣᠭᠤᠷᠢᠭ ᠤᠨ 8 ᠠᠵᠤ ᠠᠬᠤᠶᠢᠯᠠᠯ ᠲᠠᠢ ᠨᠡᠶᠢᠳᠡ 31 ᠠᠵᠤ ᠠᠬᠤᠶᠢᠯᠠᠯ ᠲᠤᠬᠠᠢ ᠶᠢᠨ ᠲᠠᠯᠠᠪᠤᠷ ᠲᠤ ᠠᠵᠢᠯᠴᠢᠨ ᠡᠯᠰᠡᠵᠦ᠂ ᠬᠤᠭᠤᠯᠠᠨ ᠬᠡᠷ ᠤᠨ ᠦᠢᠯᠡᠴᠢᠯᠡᠭᠴᠢ᠂ ᠬᠤᠭᠤᠯᠠ ᠬᠦᠷᠭᠡᠭᠴᠢ ᠵᠡᠷᠭᠡ 110 ᠠᠵᠢᠯ ᠲᠦᠷᠦᠯ ᠤᠨ 2200 ᠭᠠᠷᠤᠢ ᠠᠵᠢᠯ ᠤᠨ ᠪᠠᠶᠢᠷᠢ ᠭᠠᠷᠭᠠᠵᠤ᠂ ᠠᠵᠢᠯ ᠡᠷᠢᠭᠰᠡᠳ ᠲᠤ  ᠠᠵᠢᠯ ᠤᠯᠬᠤ ᠦᠷᠭᠡᠨ ᠲᠠᠪᠴᠠᠩ ᠬᠠᠩᠭᠠᠵᠠᠢ᠃                                                            
 
ᠢᠷᠡᠯᠲᠡ᠄ ᠪᠠᠭᠠᠷᠢᠨ ᠵᠡᠭᠦᠨ ᠬᠤᠰᠢᠭᠤᠨ  ᠤ ᠬᠠᠮ ᠵᠠᠭᠤᠴᠢᠯᠠᠭᠤᠷᠢ ᠶᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号