ᠤᠨᠴᠠᠯᠠᠨ ᠬᠠᠯᠠᠮᠵᠢᠯᠠᠬᠤ ᠡᠳᠡᠭᠡᠳ ᠨᠢ ᠶᠠᠮᠠᠷ ᠬᠦᠮᠦᠰ ᠢ ᠵᠢᠭᠠᠳᠠᠭ ᠪᠤᠢ︖ ᠬᠠᠷᠢᠭᠤᠯᠳᠠ᠄ ︽ᠴᠡᠷᠢᠭ ᠤᠨ | ᠬᠦᠮᠦᠨ ᠳᠤ ᠠᠰᠠᠷᠠᠮᠵᠢ ᠶᠢᠨ ᠤᠨᠴᠠ ᠬᠠᠷᠠᠭᠠᠯᠵᠠᠯ ᠤᠯᠭᠤᠬᠤ ᠳᠦᠷᠢᠮ︾ ᠢ ᠦᠨᠳᠦᠰᠦᠯᠡᠪᠡᠯ᠂ ᠤᠨᠴᠠᠯᠠᠨ | ᠬᠠᠯᠠᠮᠵᠢᠯᠠᠬᠤ ᠡᠳᠡᠭᠡᠳ ᠭᠡᠳᠡᠭ ᠨᠢ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠤᠳᠤ ᠪᠠᠷ ᠢᠶᠠᠨ | ᠠᠯᠪᠠ ᠬᠠᠭᠠᠵᠤ ᠪᠠᠶᠢᠭ᠎ᠠ ᠴᠡᠷᠢᠭ᠂ ᠤᠳᠤ ᠪᠠᠷ ᠢᠶᠠᠨ ᠠᠯᠪᠠ ᠬᠠᠭᠠᠵᠤ ᠪᠠᠶᠢᠭ᠎ᠠ ᠪᠤᠶᠤ ᠠᠯᠪᠠ ᠬᠠᠭᠠᠬᠤ ᠠᠴᠠ ᠪᠠᠨ | ᠬᠠᠯᠠᠭᠳᠠᠭᠰᠠᠨ ᠵᠡᠮᠳᠡᠭ ᠴᠡᠷᠢᠭ ᠬᠢᠭᠡᠳ ᠴᠡᠷᠢᠭ ᠠᠴᠠ ᠬᠠᠯᠠᠭᠳᠠᠭᠰᠠᠳ᠂ ᠴᠡᠷᠢᠭ ᠠᠴᠠ ᠪᠠᠭᠤᠭᠰᠠᠳ᠂ ᠦᠷᠡᠭᠳᠡᠭᠰᠡᠨ | ᠪᠠᠭᠠᠳᠤᠷᠴᠤᠳ ᠤᠨ ᠭᠡᠷ ᠪᠦᠯᠢ ᠶᠢᠨ ᠬᠢᠨ᠂ ᠠᠯᠪᠠᠨ ᠤᠴᠢᠷ ᠢᠶᠠᠷ ᠦᠷᠡᠭᠳᠡᠭᠰᠡᠨ ᠴᠡᠷᠢᠭ ᠤᠨ ᠭᠡᠷ ᠪᠦᠯᠢ ᠶᠢᠨ ᠬᠢᠨ᠂ | ᠡᠪᠡᠳᠴᠢᠨ ᠢᠶᠠᠷ ᠨᠠᠰᠤ ᠪᠠᠷᠠᠭᠰᠠᠨ ᠴᠡᠷᠢᠭ ᠤᠨ ᠭᠡᠷ ᠪᠦᠯᠢ ᠶᠢᠨ ᠬᠢᠨ᠂ ᠳᠠᠶᠢᠨ ᠳᠤ ᠤᠷᠤᠯᠴᠠᠵᠤ ᠳᠤᠷᠰᠢᠯᠳᠠ | ᠰᠤᠷᠢᠯᠳᠠ ᠳᠤ ᠤᠷᠤᠯᠴᠠᠭᠠᠳ ᠴᠡᠷᠢᠭ ᠤᠨ ᠠᠯᠪᠠᠨ ᠠᠴᠠ ᠪᠠᠭᠤᠭᠰᠠᠨ ᠠᠵᠢᠯ ᠦᠭᠡᠢ ᠬᠦᠮᠦᠰ ︵ᠦᠷᠡᠨ ᠤ | ᠠᠭᠤᠷᠬᠠᠢ ᠨᠡᠭᠡᠭᠡᠬᠦ ᠴᠡᠷᠢᠭ ᠠᠩᠬᠢ ᠶᠢᠨ ᠴᠡᠷᠢᠭ ᠠᠴᠠ ᠬᠠᠯᠠᠭᠳᠠᠭᠰᠠᠳ︶᠂ ᠵᠠᠷᠢᠮ ᠪᠦᠬᠦᠯᠢ 60 ᠨᠠᠰᠤᠯᠠᠭᠰᠠᠨ | ᠬᠦᠳᠡᠭᠡ ᠳᠤᠰᠬᠤᠨ ᠤ ᠡᠷᠦᠭᠡ ᠠᠮᠠ ᠶᠢᠨ ᠳᠠᠩᠰᠠ ᠲᠠᠢ ︵ᠬᠤᠳᠠ ᠪᠠᠯᠭᠠᠰᠤᠨ ᠤ ᠠᠵᠢᠯ ᠦᠭᠡᠢ ᠬᠦᠮᠦᠰ︶ | ᠴᠡᠷᠢᠭ ᠠᠴᠠ ᠬᠠᠯᠠᠭᠳᠠᠭᠰᠠᠳ ᠬᠢᠭᠡᠳ ᠦᠷᠡᠭᠳᠡᠭᠰᠡᠨ ᠪᠠᠭᠠᠳᠤᠷᠴᠤᠳ ᠤᠨ ᠦᠷ᠎ᠡ ᠭᠡᠤᠭᠡᠳ ︵ᠤᠯᠤᠰ | ᠪᠠᠶᠢᠭᠤᠯᠤᠭᠳᠠᠬᠤ ᠠᠴᠠ ᠡᠮᠤᠨ᠎ᠠ ᠬᠢᠯᠢᠰ ᠪᠤᠷᠤᠭᠤ ᠪᠠᠷ ᠠᠯᠠᠭᠳᠠᠭᠠᠳ ᠰᠡᠬᠦᠯᠡᠷ ᠨᠢ ᠴᠠᠭᠠᠳᠬᠠᠭᠳᠠᠭᠰᠠᠳ ᠤᠨ ᠦᠷ᠎ᠡ | ᠭᠡᠤᠭᠡᠳ ᠪᠠᠭᠳᠠᠨ᠎ᠠ︶᠂ ᠤᠳᠤ ᠪᠠᠷ ᠢᠶᠠᠨ ᠴᠡᠷᠢᠭ ᠤᠨ ᠠᠯᠪᠠ ᠬᠠᠭᠠᠵᠤ ᠪᠠᠶᠢᠭ᠎ᠠ ᠬᠦᠮᠦᠰ ᠤᠨ ᠭᠡᠷ ᠪᠦᠯᠢ ᠶᠢᠨ ᠬᠢᠨ | ᠵᠡᠷᠭᠡ ᠶᠢ ᠵᠢᠭᠠᠨ᠎ᠠ᠃ | ᠶᠠᠮᠠᠷ ᠰᠢᠤᠬᠠᠨ ᠴᠡᠷᠢᠭ ᠠᠴᠠ ᠪᠠᠭᠤᠭᠰᠠᠳ ᠨᠢ ᠬᠦᠳᠡᠭᠡ ᠳᠤᠰᠬᠤᠨ ᠤ ᠠᠬᠠᠮᠠᠳ ᠴᠡᠷᠢᠭ ᠠᠴᠠ | ᠪᠠᠭᠤᠭᠰᠠᠳ ᠤᠨ ᠬᠤᠭᠤᠴᠠᠭ᠎ᠠ ᠲᠠᠢ ᠭᠡᠮᠵᠢᠶᠡᠳᠤ ᠨᠦᠬᠦᠪᠤᠷᠢ ᠶᠢ ᠬᠦᠷᠳᠡᠵᠤ ᠪᠤᠯᠬᠤ ᠪᠤᠢ︖ ᠬᠠᠷᠢᠭᠤᠯᠳᠠ᠄ | 1954 ᠤᠨ ᠤ 10 ᠰᠠᠷ᠎ᠠ ᠶᠢᠨ 31 ᠤ ᠡᠳᠤᠷ ᠠᠴᠠ ᠡᠬᠢᠯᠡᠨ ᠠᠯᠪᠠᠨ ᠵᠢᠷᠤᠮ ᠤᠨ ᠴᠡᠷᠢᠭ ᠤᠨ ᠠᠯᠪᠠ ᠶᠢᠨ | ᠳᠦᠷᠢᠮ ᠢ ᠳᠤᠷᠰᠢᠨ ᠭᠡᠷᠡᠭᠵᠢᠬᠦᠯᠬᠦ ᠠᠴᠠ ᠡᠮᠤᠨ᠎ᠠ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠭᠰᠠᠨ | ᠠᠷᠠᠳ ᠤᠨ ᠴᠡᠷᠢᠭ ᠠᠩᠬᠢ ᠳᠤ ᠤᠷᠤᠭᠰᠠᠨ ᠪᠦᠭᠡᠳ ᠴᠡᠷᠢᠭ ᠠᠩᠬᠢ ᠠᠴᠠ ᠴᠡᠷᠢᠭ ᠠᠴᠠ ᠪᠠᠭᠤᠯᠭᠠᠬᠤ ᠭᠠᠷᠳᠠᠮ | ᠬᠢᠭᠰᠡᠨ᠂ ᠦᠨᠦ ᠬᠦᠳᠡᠭᠡ ᠳᠤᠰᠬᠤᠨ ᠵᠢᠴᠢ ᠬᠤᠳᠠ ᠳᠤ ᠰᠠᠭᠤᠭ᠎ᠠ ᠠᠵᠢᠯ ᠦᠭᠡᠢ ᠴᠡᠷᠢᠭ ᠠᠴᠠ ᠪᠠᠭᠠᠤᠭᠰᠠᠳ᠂ | ᠴᠡᠷᠢᠭ ᠠᠴᠠ ᠬᠠᠯᠠᠭᠳᠠᠭᠰᠠᠳ ᠲᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠡᠳ ᠳᠡᠳᠡᠨ ᠤ ᠡᠷᠦᠭᠡ ᠠᠮᠠ ᠶᠢᠨ ᠳᠠᠩᠰᠠ ᠨᠢ | ᠪᠠᠶᠢᠭ᠎ᠠ ᠭᠠᠵᠠᠷ ᠤᠨ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠨᠢ ᠳᠤᠭᠳᠠᠭᠰᠠᠨ ᠪᠠᠷᠢᠮᠵᠢᠶ᠎ᠠ ᠶᠤᠰᠤᠭᠠᠷ ᠬᠦᠳᠡᠭᠡ ᠳᠤᠰᠬᠤᠨ ᠳᠤ ᠪᠠᠶᠢᠭ᠎ᠠ ᠠᠬᠠᠮᠠᠳ ᠴᠡᠷᠢᠭ ᠠᠴᠠ | ᠪᠠᠭᠤᠭᠰᠠᠳ ᠤᠨ ᠬᠤᠭᠤᠴᠠᠭ᠎ᠠ ᠲᠠᠢ ᠭᠡᠮᠵᠢᠶᠡᠳᠤ ᠨᠦᠬᠦᠪᠤᠷᠢ ᠶᠢ ᠤᠯᠭᠤᠵᠤ ᠪᠤᠯᠤᠨ᠎ᠠ᠃ | ᠶᠠᠮᠠᠷ ᠰᠢᠤᠬᠠᠨ ᠴᠡᠷᠢᠭ ᠠᠴᠠ ᠬᠠᠯᠠᠭᠳᠠᠭᠰᠠᠳ ᠨᠢ ᠡᠪᠡᠳᠴᠢᠨ ᠢᠶᠠᠷ ᠨᠤᠳᠤᠭ ᠲᠠᠭᠠᠨ ᠬᠠᠷᠢᠭᠰᠠᠨ ᠴᠡᠷᠢᠭ ᠠᠴᠠ | ᠬᠠᠯᠠᠭᠳᠠᠭᠰᠠᠳ ᠤᠨ ᠬᠤᠭᠤᠴᠠᠭ᠎ᠠ ᠲᠠᠢ ᠭᠡᠮᠵᠢᠶᠡᠳᠤ ᠨᠦᠬᠦᠪᠤᠷᠢ ᠶᠢ ᠬᠦᠷᠳᠡᠵᠤ ᠪᠤᠯᠬᠤ ᠪᠤᠢ︖ ᠬᠠᠷᠢᠭᠤᠯᠳᠠ᠄ | ᠳᠤᠤᠷᠠᠬᠢ ᠨᠦᠬᠦᠴᠡᠯ ᠳᠤ ᠨᠡᠶᠢᠴᠡᠬᠦ᠋ᠢᠴᠡ ᠴᠡᠷᠢᠭ ᠠᠴᠠ ᠬᠠᠯᠠᠭᠳᠠᠭᠰᠠᠳ ᠲᠤ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠡᠳ | ᠳᠡᠳᠡᠨ ᠤ ᠡᠷᠦᠭᠡ ᠠᠮᠠ ᠶᠢᠨ ᠳᠠᠩᠰᠠ ᠨᠢ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠳᠡᠰ ᠤᠨ ᠠᠷᠠᠳ ᠤᠨ | ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠡᠪᠡᠳᠴᠢᠨ ᠢᠶᠠᠷ ᠨᠤᠳᠤᠭ ᠲᠠᠭᠠᠨ | ᠬᠠᠷᠢᠭᠰᠠᠨ ᠴᠡᠷᠢᠭ ᠠᠴᠠ ᠬᠠᠯᠠᠭᠳᠠᠭᠰᠠᠳ ᠤᠨ ᠬᠤᠭᠤᠴᠠᠭ᠎ᠠ ᠲᠠᠢ ᠭᠡᠮᠵᠢᠶᠡᠳᠤ ᠨᠦᠬᠦᠪᠤᠷᠢ ᠶᠢ ᠤᠯᠭᠤᠨ᠎ᠠ᠄ ︵ᠨᠢᠭᠡ | ︶ ᠴᠡᠷᠢᠭ ᠤᠨ ᠠᠯᠪᠠ ᠬᠠᠭᠠᠵᠤ ᠪᠠᠶᠢᠭ᠎ᠠ ᠬᠤᠭᠤᠴᠠᠭᠠᠨ ᠳᠤ ᠤᠳᠠᠭᠠᠨ ᠴᠢᠨᠠᠷ ᠲᠠᠢ ᠡᠪᠡᠳᠴᠢᠨ ᠳᠤ ᠨᠡᠷᠪᠡᠭᠳᠡᠭᠡᠳ | ᠠᠷᠠᠢ ᠵᠡᠮᠳᠡᠭ ᠤᠨ ᠳᠡᠰ ᠬᠢᠨᠠᠨ ᠳᠤᠭᠳᠠᠭᠠᠬᠤ ᠨᠦᠬᠦᠴᠡᠯ ᠳᠤ ᠬᠦᠷᠦᠭᠡᠳᠦᠢ ᠬᠦᠮᠦᠰ︔ ︵ᠬᠤᠶᠠᠷ︶ ᠴᠡᠷᠢᠭ ᠠᠴᠠ | ᠬᠠᠯᠠᠭᠳᠠᠭᠰᠠᠨ ᠳᠠᠩᠰᠠ ᠡᠪᠭᠡᠮᠡᠯ ᠳᠤ ᠨᠢ ᠠᠩᠬᠠᠨ ᠤ ᠡᠪᠡᠳᠴᠢᠯᠡᠭᠰᠡᠨ ᠳᠡᠮᠳᠡᠭᠯᠡᠯ ᠲᠠᠢ ᠪᠤᠶᠤ ᠠᠩᠬᠠᠨ ᠤ | ᠡᠮᠴᠢᠯᠡᠭᠡᠨ ᠤ ᠳᠡᠮᠳᠡᠭᠯᠡᠯ ᠲᠠᠢ ᠬᠦᠮᠦᠰ᠃ | ᠶᠠᠮᠠᠷ ᠰᠢᠤᠬᠠᠨ ᠴᠡᠷᠢᠭ ᠠᠴᠠ ᠬᠠᠯᠠᠭᠳᠠᠭᠰᠠᠳ ᠨᠢ ᠳᠠᠶᠢᠨ ᠳᠤ ᠤᠷᠤᠯᠴᠠᠭᠰᠠᠨ ᠴᠡᠷᠢᠭ ᠠᠴᠠ ᠪᠠᠭᠤᠭᠰᠠᠳ ᠤᠨ | ᠠᠮᠢᠳᠤᠷᠠᠯ ᠤᠨ ᠨᠦᠬᠦᠪᠤᠷᠢ ᠤᠯᠵᠤ ᠪᠤᠯᠬᠤ ᠪᠤᠢ︖ ᠬᠠᠷᠢᠭᠤᠯᠳᠠ᠄ ᠳᠤᠤᠷᠠᠬᠢ ᠨᠦᠬᠦᠴᠡᠯ ᠳᠤ ᠨᠡᠶᠢᠴᠡᠬᠦ᠋ᠢᠴᠡ | ᠴᠡᠷᠢᠭ ᠠᠴᠠ ᠬᠠᠯᠠᠭᠳᠠᠭᠰᠠᠳ ᠲᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠡᠳ ᠳᠡᠳᠡᠨ ᠤ ᠡᠷᠦᠭᠡ ᠠᠮᠠ ᠶᠢᠨ ᠳᠠᠩᠰᠠ ᠨᠢ | ᠪᠠᠶᠢᠭ᠎ᠠ ᠭᠠᠵᠠᠷ ᠤᠨ ᠬᠤᠰᠢᠭᠤ ᠰᠢᠶᠠᠨ ᠤ ᠳᠡᠰ ᠤᠨ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠨᠢ ᠳᠠᠶᠢᠨ ᠳᠤ ᠤᠷᠤᠯᠴᠠᠭᠰᠠᠨ ᠭᠡᠰᠡᠭ ᠪᠦᠯᠦᠭ ᠴᠡᠷᠢᠭ ᠠᠴᠠ ᠪᠠᠭᠤᠭᠰᠠᠳ ᠤᠨ ᠠᠮᠢᠳᠤᠷᠠᠯ ᠤᠨ | ᠨᠦᠬᠦᠪᠤᠷᠢ ᠤᠯᠭᠤᠨ᠎ᠠ᠄ ︵ᠨᠢᠭᠡ︶ 1954 ᠤᠨ ᠤ 11 ᠰᠠᠷ᠎ᠠ ᠶᠢᠨ 1 ᠠᠴᠠ ᠬᠤᠶᠢᠨ᠎ᠠ ᠴᠡᠷᠢᠭ ᠲᠤ | ᠤᠷᠤᠭᠰᠠᠳ︔ ︵ᠬᠤᠶᠠᠷ︶ ᠴᠡᠷᠢᠭ ᠠᠴᠠ ᠬᠠᠯᠠᠭᠳᠠᠵᠤ ᠬᠦᠳᠡᠭᠡ ᠳᠤᠰᠬᠤᠨ ᠮᠠᠯᠵᠢᠬᠤ ᠤᠷᠤᠨ ᠳᠤ ᠬᠠᠷᠢᠭᠰᠠᠨ | ᠪᠤᠶᠤ ᠭᠡᠳᠦ᠋ᠢᠪᠡᠷ ᠴᠡᠷᠢᠭ ᠠᠴᠠ ᠬᠠᠯᠠᠭᠳᠠᠭᠠᠳ ᠬᠤᠳᠠ ᠪᠠᠯᠭᠠᠰᠤᠨ ᠳᠤ ᠬᠠᠷᠢᠭᠰᠠᠨ ᠪᠤᠯᠪᠠᠴᠤ᠂ ᠠᠵᠢᠯᠯᠠᠬᠤ | ᠨᠢᠭᠡᠴᠡ ᠦᠭᠡᠢ ᠮᠦᠷᠳᠡᠭᠡᠨ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠬᠦᠮᠦᠰ︔ ︵ᠭᠤᠷᠪᠠ︶ | ᠭᠠᠳᠠᠭᠠᠳᠤ ᠶᠢᠨ ᠳᠦᠷᠢᠮᠡᠭᠡᠶᠢᠯᠡᠯ ᠢ ᠡᠰᠡᠷᠬᠦᠴᠡᠨ᠂ ᠡᠭᠡ ᠤᠯᠤᠰ ᠤᠨ ᠨᠢᠭᠡᠳᠤᠯ ᠢ ᠪᠡᠶᠡᠯᠡᠬᠦᠯᠵᠤ᠂ ᠤᠯᠤᠰ ᠤᠨ | ᠨᠤᠳᠤᠭ ᠳᠡᠪᠢᠰᠭᠡᠷ ᠪᠤᠯᠤᠨ ᠡᠷᠭᠡ ᠮᠡᠳᠡᠯ ᠤᠨ ᠪᠦᠷᠢᠨ ᠪᠦᠳᠦᠨ ᠬᠠᠮᠠᠭᠠᠠᠯᠨᠨ᠂ ᠤᠯᠤᠰ ᠤᠨ ᠠᠮᠤᠷ ᠳᠦᠪᠰᠢᠨ ᠢ | ᠬᠠᠮᠠᠭᠠᠯᠠᠬᠤ ᠶᠢᠨ ᠳᠤᠰᠠᠳᠠ ᠳᠤ ᠬᠢᠭᠰᠡᠨ ᠵᠡᠪᠰᠡᠭᠳᠤ ᠬᠦᠴᠤᠨ ᠤ ᠴᠤᠬᠢᠯᠳᠠ ᠪᠤᠶᠤ ᠳᠠᠶᠢᠰᠤᠨ ᠢ ᠡᠰᠡᠷᠬᠦᠴᠡᠬᠦ | ᠴᠡᠷᠢᠭ ᠤᠨ ᠶᠠᠪᠤᠳᠠᠯ ᠤᠨ ᠠᠵᠢᠯᠯᠠᠭ᠎ᠠ ᠳᠤ ᠤᠷᠤᠯᠴᠠᠭᠰᠠᠳ᠃ |