ᠨᠡᠶᠢᠭᠡᠮ ᠤᠨ ᠠᠰᠠᠷᠠᠮᠵᠢ ᠶᠢᠨ ᠳᠤᠬᠠᠢ
ᠨᠡᠶᠢᠲᠡᠯᠡᠭᠰᠡᠨ ᠴᠠᠭ᠄
2021/10/21
    ᠮᠠᠨ ᠤ ᠤᠷᠤᠨ ᠤ ᠨᠡᠶᠢᠭᠡᠮ ᠠᠴᠠ ᠡᠷᠬᠢᠯᠡᠭᠰᠡᠨ ᠨᠠᠰᠤᠳᠠᠶᠢᠴᠤᠳ ᠢ ᠠᠰᠠᠷᠠᠬᠤ ᠪᠠᠶᠢᠭᠤᠯᠤᠮᠵᠢ ᠶᠢᠨ ᠰᠠᠭᠤᠬᠤ ᠤᠷᠤ ᠳᠤ ᠭᠡᠷᠬᠢᠨ ᠨᠦᠬᠦᠪᠤᠷᠢ ᠤᠯᠭᠤᠬᠤ ᠪᠤᠢ︖ ᠬᠠᠷᠢᠭᠤᠯᠳᠠ᠄ ᠨᠡᠶᠢᠭᠡᠮ ᠤ ᠬᠦᠴᠤᠨ ᠠᠴᠠ ᠡᠷᠬᠢᠯᠡᠭᠰᠡᠨ ᠠᠰᠢᠭ ᠤᠯᠵᠠᠪᠤᠷᠢ ᠶᠢᠨ ᠪᠤᠰᠤ ᠨᠡᠰᠤᠳᠠᠶᠢᠴᠤᠳ ᠢ ᠠᠰᠠᠷᠠᠬᠤ ᠪᠠᠶᠢᠭᠤᠯᠤᠮᠵᠢ ᠶᠢᠨ ᠰᠠᠭᠤᠬᠤ ᠤᠷᠤ ᠪᠦᠷᠢ ︵ᠨᠡᠶᠢᠳᠡ ᠶᠢᠨ ᠳᠦᠬᠦᠭᠡᠷᠦᠮᠵᠢ 30 ᠳᠡᠭᠰᠢ ᠳᠦᠷᠪᠡᠯᠵᠢᠨ ᠮᠧᠳ᠋ᠷ ᠪᠠᠭᠳᠠᠨ᠎ᠠ︶ ᠳᠤ 6000 ᠳᠦᠬᠦᠷᠢᠭ ᠤᠨ ᠨᠢᠭᠡ ᠤᠳᠠᠭᠠᠨ ᠤ ᠴᠢᠨᠠᠷ ᠲᠠᠢ ᠪᠦᠳᠦᠭᠡᠨ ᠪᠠᠶᠢᠭᠤᠯᠤᠯᠳᠠ ᠶᠢᠨ ᠨᠦᠬᠦᠪᠤᠷᠢ ᠦᠭᠬᠦᠨ᠎ᠠ᠃ ᠡᠬᠦᠨ ᠤ ᠬᠠᠮᠳᠤ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠰᠤᠳᠠᠶᠢᠴᠤᠳ ᠢ ᠠᠰᠠᠷᠠᠬᠤ ᠪᠠᠶᠢᠭᠤᠯᠤᠮᠵᠢ ᠶᠢᠨ ᠳᠡᠰ ᠳᠤᠭᠳᠠᠭᠠᠬᠤ ᠪᠠᠷᠢᠮᠵᠢᠶ᠎ᠠ︾ ᠶᠤᠰᠤᠭᠠᠷ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠠᠴᠠ ᠪᠠᠶᠢᠭᠤᠯᠤᠮᠵᠢ ᠶᠢᠨ ᠵᠡᠷᠭᠡ ᠳᠡᠰ ᠪᠤᠯᠤᠨ ᠪᠤᠳᠠᠳᠤ ᠤᠷᠤᠵᠤ ᠰᠠᠭᠤᠭᠰᠠᠨ ᠬᠦᠮᠦᠨ ᠤ ᠳᠤᠭ᠎ᠠ ᠪᠠᠷ ᠰᠠᠭᠤᠬᠤ ᠤᠷᠤ ᠪᠦᠷᠢ ᠳᠤ ᠰᠠᠷ᠎ᠠ ᠪᠦᠷᠢ 100 — 300 ᠳᠦᠬᠦᠷᠢᠭ ᠤᠨ ᠡᠷᠬᠢᠯᠡᠨ ᠡᠵᠡᠩᠨᠡᠬᠦ ᠨᠦᠬᠦᠪᠤᠷᠢ ᠤᠯᠭᠤᠨ᠎ᠠ᠃ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠳᠤᠬᠠᠢ ᠳᠦᠷᠦ ᠶᠢᠨ ᠪᠤᠳᠤᠯᠭ᠋ ᠶᠢᠨ ᠳᠠᠶᠢᠯᠤᠮᠵᠢ ᠨᠢᠭᠡ᠂ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ ᠭᠤᠶᠤᠴᠢᠯᠠᠬᠤ ᠶᠢᠨ ᠨᠦᠬᠦᠴᠡᠯ ᠨᠢ ᠶᠠᠭᠤ ᠪᠤᠢ︖ 1᠂ ᠮᠠᠯᠴᠢᠨ ᠳᠠᠷᠢᠶᠠᠴᠢᠨ ᠤ ᠡᠷᠦᠭᠡ ᠠᠮᠠ ᠶᠢᠨ ᠳᠠᠩᠰᠠ ᠲᠠᠢ ᠪᠠᠶᠢᠬᠤ︔ 2᠂ ᠬᠠᠮᠳᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠦᠮᠦᠨ ᠳᠤᠮᠳᠠᠴᠢ ᠶᠢᠨ ᠤᠷᠤᠯᠭ᠎ᠠ ᠨᠢ ᠳᠤᠬᠠᠢ ᠶᠢᠨ ᠭᠠᠵᠠᠷ ᠤᠨ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠷᠢᠮᠵᠢᠶ᠎ᠠ ᠠᠴᠠ ᠳᠤᠤᠷ᠎ᠠ︔ 3᠂ ᠭᠡᠷ ᠪᠦᠯᠢ ᠶᠢᠨ ᠡᠳ᠋ ᠬᠦᠷᠦᠩᠭᠡ ᠶᠢᠨ ᠠᠬᠤᠢ ᠪᠠᠶᠢᠳᠠᠯ ᠨᠢ ᠳᠤᠬᠠᠢ ᠶᠢᠨ ᠭᠠᠵᠠᠷ ᠤᠨ ᠳᠦᠷᠦ ᠶᠢᠨ ᠪᠤᠳᠤᠯᠭ᠎ᠠ ᠶᠢᠨ ᠳᠤᠭᠳᠠᠭᠠᠯ ᠳᠤ ᠨᠡᠶᠢᠴᠡᠭᠰᠡᠨ ᠪᠠᠶᠢᠬᠤ︔ ᠬᠤᠶᠠᠷ᠂ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ ᠭᠤᠶᠤᠴᠢᠯᠠᠬᠤ ᠳᠤ ᠶᠠᠮᠠᠷ ᠮᠠᠲ᠋ᠧᠷᠢᠶᠠᠯ ᠬᠠᠨᠭ᠍ᠭᠠᠬᠤ ᠴᠢᠬᠤᠯᠠ ᠲᠠᠢ ᠪᠤᠢ︖ 1᠂ ᠭᠤᠶᠤᠴᠢᠯᠠᠬᠤ ᠪᠢᠴᠢᠭ᠄ ᠭᠡᠷ ᠤᠨ ᠪᠦᠷᠢᠯᠳᠦᠭᠦᠨ ᠤ ᠦᠨᠳᠦᠰᠦᠨ ᠪᠠᠶᠢᠳᠠᠯ᠂ ᠦᠢᠯᠡᠳᠪᠦᠷᠢᠯᠡᠯ ᠠᠮᠢᠳᠤᠷᠠᠯ ᠤᠨ ᠦᠨᠳᠦᠰᠦᠨ ᠪᠠᠶᠢᠳᠠᠯ᠂ ᠬᠦᠴᠢᠷᠳᠡᠯ ᠡᠬᠦᠰᠦᠭᠰᠡᠨ ᠭᠤᠤᠯ ᠰᠢᠯᠲᠠᠭᠠᠨ ᠵᠡᠷᠬᠡ ᠪᠠᠭᠲᠠᠨ᠎ᠠ︔ 2᠂ ᠡᠷᠦᠬᠡ ᠠᠮᠠ ᠶᠢᠨ ᠬᠡᠷᠡᠴᠢ ᠪᠤᠶᠤ ᠡᠷᠦᠬᠡ ᠠᠮᠠ ᠶᠢᠨ ᠳᠡᠪᠲᠡᠷ ᠤᠨ ᠳᠠᠷᠤᠮᠠᠯᠯᠠᠭᠰᠠᠨ ᠬᠠᠭᠤᠳᠠᠰᠤ︔ 3᠂ ᠠᠷᠠᠳ ᠤᠨ ᠶᠠᠪᠤᠳᠠᠯ ᠤᠨ ᠰᠠᠯᠠᠬ᠎ᠠ ᠮᠦᠴᠢᠷ ᠤᠨ ᠬᠠᠨᠭ᠍ᠭᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠭᠤᠶᠤᠴᠢᠯᠠᠬᠤ ᠭᠦᠰᠦᠨᠦᠭᠲᠦ︔ 4᠂ ᠵᠡᠮᠲᠡᠭᠴᠤᠳ ᠤᠨ ᠵᠡᠮᠲᠡᠭ ᠤᠨ ᠦᠨᠡᠮᠯᠡᠯ ᠤᠨ ᠳᠠᠷᠤᠮᠠᠯᠯᠠᠭᠰᠠᠨ ᠬᠠᠭᠤᠳᠠᠰᠤ︔ 5᠂ ᠪᠤᠰᠤᠳ ᠬᠠᠮᠢᠶ᠎ᠠ ᠪᠦᠭᠦᠢ ᠭᠡᠷᠡᠴᠢ ᠮᠠᠲ᠋ᠧᠷᠢᠶᠠᠯ᠃ ᠭᠤᠷᠪᠠ᠂ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ ᠭᠤᠶᠤᠴᠢᠯᠠᠬᠤ ᠳᠤ ᠶᠠᠮᠠᠷ ᠳᠡᠰ ᠳᠠᠷᠠᠭᠠᠯᠠᠯ ᠲᠠᠢ ᠪᠠᠶᠢᠳᠠᠭ ᠪᠤᠢ︖ 1᠂ ᠬᠠᠮᠳᠤ ᠠᠮᠢᠳᠤᠷᠠᠵᠤ ᠪᠠᠶᠢᠭ᠎ᠠ ᠭᠡᠷ ᠤᠨ ᠪᠦᠷᠢᠯᠳᠦᠬᠦᠨ ᠨᠢ ᠡᠷᠦᠭᠡ ᠠᠮᠠ ᠶᠢᠨ ᠳᠠᠩᠰᠠ ᠨᠢ ᠪᠠᠶᠢᠭ᠎ᠠ ᠭᠠᠵᠠᠷ ᠤᠨ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠪᠢᠴᠢᠭ ᠢᠶᠠᠷ ᠭᠤᠶᠤᠴᠢᠯᠠᠨ᠎ᠠ︔ 2᠂ ᠭᠡᠷ ᠤᠨ ᠪᠦᠷᠢᠯᠳᠦᠬᠦᠨ ᠨᠢ ᠭᠤᠶᠤᠴᠢᠯᠠᠬᠤ ᠳᠤ ᠬᠦᠴᠢᠷ ᠲᠠᠢ ᠪᠤᠯ ᠭᠠᠴᠠᠭ᠎ᠠ ᠳᠤᠰᠬᠤᠨ ᠤ ᠵᠦᠪᠯᠡᠯ ᠳᠤ ᠨᠡᠶᠢᠳᠡᠵᠤ ᠤᠷᠤᠯᠠᠨ ᠭᠤᠶᠤᠴᠢᠯᠠᠭᠤᠯᠵᠤ ᠪᠤᠯᠤᠨ᠎ᠠ︔ 3᠂ ᠭᠤᠶᠤᠴᠢᠯᠠᠭᠰᠠᠳ ᠨᠢ ︽ᠭᠡᠷ ᠪᠦᠯᠢ ᠶᠢᠨ ᠤᠷᠤᠯᠭ᠎ᠠ ᠪᠤᠯᠤᠨ ᠡᠳ᠋ ᠬᠦᠷᠦᠩᠭᠡ ᠶᠢᠨ ᠪᠠᠶᠢᠳᠠᠯ ᠤᠨ ᠢᠯᠡᠷᠭᠡᠶᠢᠯᠡᠯᠳᠡ︾᠂ ︽ᠡᠷᠭᠡ ᠤᠯᠭᠤᠨ ᠬᠢᠨᠨᠠ ᠬᠠᠷᠭᠤᠭᠤᠯᠬᠤ ᠶᠢ ᠳᠠᠭᠠᠭᠠᠯᠭᠠᠭᠰᠠᠨ ᠪᠢᠴᠢᠭ︾ ᠪᠤᠯᠤᠨ ︽ᠦᠨᠡᠨᠴᠢ ᠢᠳᠡᠭᠡᠮᠵᠢ ᠶᠢᠨ ᠠᠮᠠᠯᠳᠠᠯᠭ᠎ᠠ ᠶᠢᠨ ᠪᠢᠴᠢᠭ︾᠃ ᠳᠦᠷᠪᠡ᠂ ᠬᠦᠳᠡᠭᠡ ᠳᠤᠰᠬᠤᠨ ᠤ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ ᠬᠢᠨᠠᠨ ᠵᠦᠪᠰᠢᠶᠡᠷᠡᠬᠦ ᠳᠤ ᠶᠠᠮᠠᠷ ᠳᠡᠰ ᠳᠠᠷᠠᠭᠠᠯᠠᠯ ᠲᠠᠢ ᠪᠠᠶᠢᠳᠠᠯ ᠪᠤᠢ︖ 1᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠨᠢ ᠡᠷᠦᠭᠡ ᠳᠤ ᠬᠦᠷᠴᠤ ᠪᠠᠶᠢᠴᠠᠭᠠᠬᠤ᠂ ᠬᠦᠷᠰᠢ ᠰᠠᠭᠠᠬᠠᠯᠳᠠ ᠠᠴᠠ ᠨᠢ ᠰᠤᠷᠪᠤᠯᠵᠢᠯᠠᠨ ᠠᠰᠠᠭᠤᠬᠤ᠂ ᠵᠠᠬᠢᠳᠠᠯ ᠢᠶᠠᠷ ᠭᠡᠷᠡᠴᠢ ᠠᠪᠬᠤ᠂ ᠤᠯᠠᠨ ᠳᠦᠮᠡᠨ ᠢᠶᠠᠷ ᠶᠠᠷᠢᠯᠴᠠᠨ ᠦᠨᠡᠯᠡᠬᠦᠯᠬᠦ᠂ ᠴᠢᠮᠡᠭᠡ ᠵᠠᠩᠬᠢ ᠶᠢ ᠬᠢᠨᠠᠨ ᠬᠠᠷᠭᠤᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠭᠤᠶᠤᠴᠢᠯᠠᠭᠰᠠᠳ ᠤᠨ ᠭᠡᠷ ᠪᠦᠯᠢ ᠶᠢᠨ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠬᠢᠨᠠᠨ ᠪᠠᠶᠢᠴᠠᠭᠠᠯᠳᠠ ᠬᠢᠵᠤ᠂ ᠠᠩᠬ᠎ᠠ ᠬᠢᠨᠠᠭᠰᠠᠨ ᠰᠠᠨᠠᠯ ᠶᠢᠨ ᠳᠤᠷᠠᠳᠤᠨ᠂ ᠭᠤᠶᠤᠴᠢᠯᠠᠭᠰᠠᠳ ᠤᠨ ᠪᠠᠶᠢᠭ᠎ᠠ ᠭᠠᠴᠠᠭ᠎ᠠ ᠳᠤᠰᠬᠤᠨ ᠳᠤ ᠨᠡᠶᠢᠳᠡᠯᠡᠨ ᠵᠠᠷᠯᠠᠭᠰᠠᠨ ᠤᠨ ᠳᠠᠷᠠᠭ᠎ᠠ᠂ ᠬᠤᠰᠢᠭᠤᠨ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠮᠡᠳᠡᠬᠦᠯᠵᠤ ᠵᠦᠪᠰᠢᠶᠡᠷᠡᠬᠦᠯᠦᠨ᠎ᠡ᠃ 2᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠬᠢᠨᠠᠨ ᠪᠠᠶᠢᠴᠠᠭᠠᠭᠠᠳ᠂ ᠨᠦᠬᠦᠴᠡᠯ ᠳᠤ ᠨᠡᠶᠢᠴᠡᠭᠰᠡᠨ ᠭᠤᠶᠤᠴᠢᠯᠠᠭᠰᠠᠳ ᠢ ᠵᠦᠪᠰᠢᠶᠡᠷᠡᠬᠦ ᠶᠢᠨ ᠬᠠᠮᠳᠤ ᠭᠤᠶᠤᠴᠢᠯᠠᠭᠰᠠᠳ ᠤᠨ ᠪᠠᠶᠢᠭ᠎ᠠ ᠭᠠᠴᠠᠭ᠎ᠠ ᠳᠤᠰᠬᠤᠨ ᠳᠤ ᠨᠡᠶᠢᠳᠡᠯᠡᠨ ᠵᠠᠷᠯᠠᠨ᠎ᠠ︔ ᠨᠦᠬᠦᠴᠡᠯ ᠳᠤ ᠬᠦᠷᠬᠦ ᠦᠭᠡᠢ ᠭᠤᠶᠤᠴᠢᠯᠠᠭᠰᠠᠳ ᠢ ᠵᠦᠪᠰᠢᠶᠡᠷᠡᠬᠦ ᠦᠭᠡᠢ ᠪᠦᠭᠡᠳ ᠭᠤᠶᠤᠴᠢᠯᠠᠭᠰᠠᠳ ᠲᠤ ᠤᠴᠢᠷ ᠰᠢᠯᠳᠠᠭᠠᠨ ᠢ ᠨᠢ ᠪᠢᠴᠢᠭ ᠢᠶᠠᠷ ᠳᠠᠶᠢᠯᠪᠤᠷᠢᠯᠠᠵᠤ ᠦᠭᠬᠦᠨ᠎ᠠ᠃ 3᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠤᠯᠭᠤᠬᠤ ᠪᠠᠷ ᠵᠦᠪᠰᠢᠶᠡᠷᠡᠭᠳᠡᠭᠰᠡᠨ ᠭᠡᠷ ᠪᠦᠯᠢ ᠳᠤ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠳᠡᠳᠡᠨ ᠤ ᠬᠠᠮᠳᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠢᠨᠢ ᠬᠦᠮᠦᠨ ᠳᠤᠮᠳᠠᠴᠢ ᠶᠢᠨ ᠤᠷᠤᠯᠭ᠎ᠠ ᠨᠢ ᠳᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠪᠠᠷᠢᠮᠵᠢᠶ᠎ᠠ ᠠᠴᠠ ᠵᠦᠷᠢᠵᠤ ᠪᠠᠶᠢᠭ᠎ᠠ ᠭᠡᠰᠡᠭ ᠨᠢ ᠢ ᠰᠠᠷ᠎ᠠ ᠪᠠᠷ ᠤᠯᠭᠤᠨ᠎ᠠ᠃ ᠳᠠᠪᠤ᠂ ᠪᠠᠳᠤᠯᠠᠪᠤᠷᠢ ᠤᠯᠬᠤ ᠡᠳᠡᠭᠡᠳ ᠨᠢ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠬᠦᠷᠳᠡᠮᠵᠢ ᠤᠯᠵᠤ ᠪᠠᠶᠢᠭ᠎ᠠ ᠬᠤᠭᠤᠴᠠᠭᠠᠨ ᠳᠤ ᠶᠠᠮᠠᠷ ᠡᠬᠦᠷᠭᠡ ᠬᠠᠷᠢᠭᠤᠴᠠᠯᠭ᠎ᠠ ᠶᠢ ᠪᠡᠶᠡᠯᠡᠬᠦᠯᠬᠦ ᠪᠤᠢ︖ 1᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠭᠡᠷ ᠪᠦᠯᠢ ᠶᠢᠨ ᠬᠦᠮᠦᠨ ᠠᠮᠠ ᠶᠢᠨ ᠪᠠᠶᠢᠳᠠᠯ᠂ ᠤᠷᠤᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠳᠤ ᠨᠢ ᠬᠤᠪᠢᠷᠠᠯᠳᠠ ᠭᠠᠷᠤᠭᠰᠠᠳ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠴᠠᠭ ᠳᠤᠬᠠᠢ ᠳᠤ ᠨᠢ ᠮᠡᠳᠡᠭᠳᠡᠪᠡᠯ ᠵᠤᠬᠢᠨ᠎ᠠ᠃ 2᠂ ᠠᠵᠢᠯ ᠤᠯᠬᠤ ᠨᠠᠰᠤᠨ ᠳᠤ ᠪᠠᠶᠢᠭ᠎ᠠ ᠬᠦᠳᠡᠯᠮᠦᠷᠢᠯᠡᠬᠦ ᠴᠢᠳᠠᠪᠤᠷᠢ ᠲᠠᠢ ᠬᠦᠮᠦᠰ ᠨᠢ ᠢᠳᠡᠪᠬᠢᠳᠡᠢ ᠪᠠᠷ ᠠᠵᠢᠯ ᠤᠯᠬᠤ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠳᠠᠨᠢᠯᠴᠠᠭᠤᠯᠤᠭᠰᠠᠨ ᠠᠵᠢᠯ ᠢ ᠬᠦᠯᠢᠶᠡᠨ ᠠᠪᠴᠤ ᠬᠢᠪᠡᠯ ᠵᠤᠬᠢᠨ᠎ᠠ᠃ ᠵᠢᠷᠭᠤᠭ᠎ᠠ᠂ ᠶᠠᠮᠠᠷ ᠬᠦᠮᠦᠰ ᠬᠦᠳᠡᠭᠡ ᠳᠤᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠬᠦᠷᠳᠡᠵᠤ ᠪᠤᠯᠬᠤ ᠦᠭᠡᠢ ᠪᠤᠢ︖ 1᠂ ᠬᠦᠳᠡᠯᠮᠦᠷᠢᠯᠡᠬᠦ ᠴᠢᠳᠠᠪᠤᠷᠢ ᠪᠤᠯᠤᠨ ᠬᠦᠳᠡᠯᠮᠦᠷᠢᠯᠡᠬᠦ ᠨᠦᠬᠦᠴᠡᠯ ᠲᠠᠢ ᠪᠠᠶᠢᠭᠰᠠᠨ ᠴᠤ ᠠᠯᠵᠠᠭᠤᠷᠠᠵᠤ ᠵᠠᠯᠬᠠᠭᠤᠷᠠᠨ᠂ ᠦᠪᠡᠷ ᠤᠨ ᠬᠦᠴᠤᠨ ᠳᠡᠭᠡᠨ ᠳᠦᠰᠢᠭᠯᠡᠨ ᠠᠮᠢᠳᠤᠷᠠᠯ ᠢᠶᠠᠨ ᠳᠡᠭᠡᠭᠰᠢᠯᠡᠬᠦᠯᠬᠦ ᠦᠭᠡᠢ ᠪᠠᠶᠢᠭᠠᠳ ᠠᠮᠢᠳᠤᠷᠠᠯ ᠢᠶᠠᠨ ᠬᠦᠴᠢᠷᠳᠡᠯ ᠲᠠᠢ ᠪᠤᠯᠭᠠᠭᠰᠠᠳ︔ 2᠂ ᠭᠠᠵᠠᠷ ᠰᠢᠷᠤᠢ᠂ ᠨᠤᠳᠤᠭ ᠪᠡᠯᠴᠢᠭᠡᠷ᠂ ᠤᠢ ᠰᠢᠭᠤᠢ ᠶᠢᠨ ᠭᠠᠵᠠᠷ᠂ ᠤᠷᠤᠨ ᠰᠠᠭᠤᠴᠠ ᠶᠢ ᠨᠢ ᠳᠠᠳᠠᠪᠤᠷᠢᠯᠠᠨ ᠠᠪᠴᠤ᠂ ᠨᠢᠭᠡᠨᠳᠡ ᠵᠦᠢ ᠵᠤᠬᠢᠰᠳᠠᠢ ᠨᠦᠬᠦᠪᠤᠷᠢ ᠦᠭᠬᠦᠭᠰᠡᠨ︔ 3᠂ ᠭᠡᠷ ᠪᠦᠯᠢ ᠶᠢᠨ ᠪᠤᠳᠠᠳᠠᠢ ᠠᠮᠢᠳᠤᠷᠠᠯ ᠤᠨ ᠭᠡᠮᠵᠢᠶ᠎ᠡ ᠨᠢ ᠳᠤᠬᠠᠢ ᠶᠢᠨ ᠭᠠᠵᠠᠷ ᠤᠨ ᠳᠡᠭᠰᠢᠳᠭᠡᠭᠰᠡᠨ ᠠᠮᠢᠳᠤᠷᠠᠯ ᠤᠨ ᠭᠡᠮᠵᠢᠶ᠎ᠡ ᠳᠤ ᠬᠦᠷᠦᠭᠰᠡᠨ ᠪᠤᠶᠤ ᠳᠠᠪᠠᠭᠰᠠᠳ︔ 4᠂ ᠳᠠᠪᠤᠨ ᠪᠠᠳᠤᠯᠠᠭᠠᠳᠤ ᠡᠷᠦᠭᠡ ᠶᠢᠨ ᠨᠦᠬᠦᠴᠡᠯ ᠳᠤ ᠨᠡᠶᠢᠴᠡᠬᠦ ᠮᠠᠯᠴᠢᠨ ᠳᠠᠷᠢᠶᠠᠴᠢᠨ ᠢ ᠪᠤᠯ ᠳᠠᠪᠤᠨ ᠪᠠᠳᠤᠯᠠᠭᠠᠳᠤ ᠡᠷᠦᠭᠡ ᠶᠢᠨ ᠭᠡᠪᠴᠢᠶᠠᠨ ᠳᠤ ᠤᠷᠤᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢᠨ ᠬᠡᠪᠴᠢᠶᠡᠠ ᠳᠤ ᠤᠷᠤᠭᠤᠯᠬᠤ ᠭᠡᠷᠡᠭ ᠦᠭᠡᠢ︔ 5᠂ ᠬᠤᠤᠷ᠎ᠠ ᠳᠠᠳᠠᠬᠤ᠂ ᠵᠤᠭᠤᠰ ᠨᠠᠭᠠᠳᠬᠤ᠂ ᠶᠠᠩᠬᠠᠨ ᠳᠤ ᠪᠠᠭᠤᠬᠤ ᠵᠡᠷᠭᠡ ᠬᠠᠤᠯᠢ ᠴᠠᠭᠠᠵᠠ ᠶᠢ ᠵᠦᠷᠢᠴᠡᠭᠰᠡᠳ︔ 6᠂ ᠬᠠᠣᠯᠢ ᠶᠤᠰᠤᠨ ᠤ ᠠᠰᠠᠷᠠᠨ ᠳᠡᠵᠢᠭᠡᠬᠦ ︵ᠳᠡᠳᠬᠦᠬᠦ᠂ ᠠᠰᠠᠷᠠᠬᠤ︶ ᠬᠦᠮᠦᠨ ᠲᠠᠢ ᠮᠦᠷᠳᠡᠭᠡᠨ ᠠᠰᠠᠷᠠᠨ ᠳᠡᠵᠢᠭᠡᠬᠦ ︵ᠳᠡᠳᠬᠦᠬᠦ᠂ ᠠᠰᠠᠷᠠᠬᠤ︶ ᠬᠦᠮᠦᠨ ᠨᠢ ᠠᠰᠠᠷᠠᠨ ᠳᠡᠵᠢᠭᠡᠬᠦ ᠴᠢᠳᠠᠪᠤᠷᠢ ᠲᠠᠢ ᠪᠠᠶᠢᠭᠠᠳ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠳᠡᠭ ᠦᠭᠡᠢ︔ 7᠂ ᠭᠡᠷ ᠪᠦᠯᠢ ᠶᠢᠨ ᠤᠷᠤᠯᠭ᠎ᠠ ᠪᠠᠨ ᠦᠨᠡᠨ ᠪᠤᠳᠠᠳᠠᠢ ᠪᠠᠷ ᠮᠡᠳᠡᠬᠦᠯᠦᠭᠰᠡᠨ ᠦᠭᠡᠢ᠂ ᠤᠯᠠᠨ ᠳᠦᠮᠡᠨ ᠤ ᠳᠤᠰᠬᠠᠯ ᠴᠢᠩᠭ᠎ᠠ᠂ ᠶᠤᠰᠤ ᠪᠤᠰᠤ ᠪᠠᠷ ᠠᠭᠠᠰᠢᠯᠠᠬᠤ ᠪᠤᠶᠤ ᠠᠵᠢᠯ ᠤᠨ ᠡᠮᠬᠢ ᠳᠢᠭᠯᠢᠮ ᠢ ᠰᠠᠮᠠᠭᠤᠷᠠᠭᠤᠯᠳᠠᠭ︔ 8᠂ ᠪᠤᠰᠤᠳ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠬᠦᠷᠳᠡᠬᠦ ᠨᠦᠬᠦᠴᠡᠯ ᠳᠤ ᠨᠡᠶᠢᠴᠡᠬᠦ ᠦᠭᠡᠢ ᠬᠦᠮᠦᠰ᠃ ᠳᠤᠯᠤᠭ᠎ᠠ᠂ ᠬᠦᠳᠡᠭᠡ ᠳᠤᠰᠬᠤᠨ ᠮᠠᠯᠵᠢᠬᠤ ᠤᠷᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠪᠤᠷᠢ ᠶᠢ ᠭᠤᠤᠯᠳᠠᠭᠤ ᠶᠠᠮᠠᠷ ᠬᠦᠮᠦᠰ ᠲᠤ ᠤᠯᠭᠤᠬᠤ ᠪᠤᠢ︖ 1᠂ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠤᠨ ᠠᠯᠳᠠᠵᠤ᠂ ᠤᠷᠤᠯᠭ᠎ᠠ ᠶᠢᠨ ᠢᠷᠡᠯᠳᠡ ᠦᠭᠡᠢ ᠪᠤᠯᠤᠭᠰᠠᠳ︔ 2᠂ ᠠᠮᠢᠳᠤᠷᠠᠯ ᠨᠢ ᠳᠦᠢᠯ ᠤᠨ ᠬᠦᠴᠢᠷᠳᠡᠯ ᠲᠠᠢ ᠭᠤᠤᠯᠳᠠᠯᠭ᠎ᠠ ᠲᠠᠢ ᠠᠰᠠᠷᠠᠨ ᠬᠠᠷᠠᠭᠠᠯᠵᠠᠬᠤ ᠴᠢᠬᠤᠯᠠ ᠲᠠᠢ ᠬᠦᠮᠦᠰ︔ 3᠂ ᠭᠡᠰᠡᠭ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠵᠡᠮᠳᠡᠭ ᠬᠦᠮᠦᠰ︔ 4᠂ ᠡᠪᠡᠳᠴᠢᠨ ᠳᠠᠬᠤᠯ᠂ ᠭᠠᠢ ᠭᠠᠮᠰᠢᠭ ᠪᠤᠯᠤᠨ ᠭᠡᠤᠭᠡᠳ ᠨᠢ ᠪᠢᠴᠢᠭ ᠦᠵᠡᠬᠦ ᠵᠢᠴᠢ ᠦᠭᠡᠷ᠎ᠡ ᠵᠦᠢᠯ ᠤᠨ ᠠᠷᠭᠠᠴᠠᠬᠤ ᠶᠢᠨ ᠠᠷᠭ᠎ᠠ ᠤᠴᠢᠷ ᠰᠢᠯᠳᠠᠭᠠᠨ ᠠᠴᠠ ᠪᠤᠯᠤᠭᠠᠳ ᠶᠠᠳᠠᠭᠤ ᠬᠦᠴᠢᠷᠳᠡᠯ ᠲᠠᠢ ᠪᠤᠯᠤᠭᠰᠠᠨ ᠬᠦᠮᠦᠰ︔ 5᠂ ᠬᠢᠯᠢ ᠬᠢᠵᠠᠭᠠᠷ ᠤᠷᠤᠨ ᠢᠶᠠᠷ ᠰᠠᠭᠤᠷᠢᠰᠢᠭᠰᠠᠨ ᠶᠠᠳᠠᠭᠤ ᠬᠦᠴᠢᠷᠳᠡᠯ ᠲᠠᠢ ᠮᠠᠯᠴᠢᠨ ᠳᠠᠷᠢᠶᠠᠴᠢᠳ︔ 6᠂ ᠳᠡᠭᠡᠷ᠎ᠡ ᠵᠠᠭᠤᠨ ᠤ ᠵᠢᠷᠠᠭᠠᠳ ᠤᠨ ᠤ ᠦᠶ ᠳᠤ ᠠᠵᠢᠯᠳᠠᠨ ᠢ ᠴᠦᠭᠡᠳᠭᠡᠨ ᠬᠦᠳᠡᠭᠡ ᠳᠤᠰᠬᠤᠨ ᠮᠠᠯᠵᠢᠬᠤ ᠤᠷᠤᠨ ᠳᠤ ᠪᠠᠭᠤᠯᠭᠠᠭᠰᠠᠨ ᠶᠠᠳᠠᠭᠤ ᠬᠦᠴᠢᠷᠳᠡᠯ ᠲᠠᠢ ᠮᠠᠯᠴᠢᠨ ᠳᠠᠷᠢᠶᠠᠴᠢᠳ︔ 7᠂ ︽ᠰᠤᠶᠤᠯ ᠤᠨ ᠬᠤᠪᠢᠰᠬᠠᠯ ᠤᠨ ᠳᠤᠮᠳᠠ ᠰᠢᠷᠬᠠᠳᠠᠵᠤ ᠵᠡᠮᠳᠡᠭ ᠪᠤᠯᠤᠭᠰᠠᠨ ᠦᠨᠡᠮᠯᠡᠯ︾ ᠲᠠᠢ ᠶᠠᠳᠠᠭᠤ ᠬᠦᠴᠢᠷᠳᠡᠯ ᠲᠠᠢ ᠮᠠᠯᠴᠢᠨ ᠳᠠᠷᠢᠶᠠᠴᠢᠳ︔ 8᠂ ᠦᠭᠡᠷᠡᠴᠢᠯᠡᠯᠳᠡ ᠨᠡᠭᠡᠭᠡᠯᠳᠡ ᠠᠴᠠ ᠡᠮᠤᠨ᠎ᠠ ᠭᠠᠴᠠᠭ᠎ᠠ ᠳᠤᠰᠬᠤᠨ ᠤ ᠵᠤᠬᠢᠶᠠᠨ ᠪᠠᠶᠢᠭᠤᠯᠤᠯᠳᠠ ᠳᠤ ᠳᠤᠰᠢᠶᠠᠯ ᠬᠠᠷᠢᠭᠤᠴᠠᠵᠤ ᠪᠠᠶᠢᠭᠰᠠᠨ ᠶᠠᠳᠠᠭᠤ ᠬᠦᠴᠢᠷᠳᠡᠯ ᠳᠡ ᠠᠬᠠᠮᠠᠳ ᠨᠠᠮ ᠤᠨ ᠭᠡᠰᠢᠬᠦᠨ᠃    ᠢᠷᠡᠯᠲᠡ᠄ ᠥᠪᠡᠷᠲᠡᠭᠡᠨ ᠵᠠᠰᠠᠬᠤ ᠣᠷᠤᠨ ᠤ ᠠᠷᠠᠳ ᠤᠨ ᠶᠠᠪᠤᠳᠠᠯ ᠤᠨ ᠲᠢᠩᠬᠢᠮ
 
ᠢᠷᠡᠯᠲᠡ᠄ ᠥᠪᠡᠷᠲᠡᠭᠡᠨ ᠵᠠᠰᠠᠬᠤ ᠣᠷᠤᠨ ᠤ ᠠᠷᠠᠳ ᠤᠨ ᠶᠠᠪᠤᠳᠠᠯ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号