ᠨᠢᠭᠡ᠂ ᠬᠢᠨᠠᠨ ᠵᠥᠪᠰᠢᠶᠡᠷᠡᠬᠦ ᠦᠨᠳᠦᠰᠦᠯᠡᠯ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠠᠭᠰᠢ ᠶᠢᠨ ᠬᠠᠤᠯᠢ︾᠂ ︽ᠪᠠᠭᠰᠢ ᠶᠢᠨ ᠬᠢᠷᠢ ᠭᠡᠮ ᠤᠨ ᠳᠦᠷᠢᠮ︾᠂ ︽ᠪᠠᠭᠰᠢ ᠶᠢᠨ ᠬᠢᠷᠢ ᠬᠡᠮ ᠤᠨ ᠳᠦᠷᠢᠮ ᠢ | ᠬᠡᠷᠡᠭᠵᠢᠭᠦᠯᠬᠦ ᠠᠷᠭ᠎ᠠ︾᠂ ︽ᠪᠠᠭᠰᠢ ᠶᠢᠨ ᠬᠢᠷᠢ ᠭᠡᠮ ᠤᠨ ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ | ᠬᠤᠶᠠᠷ᠂ ᠬᠢᠨᠡᠨ ᠵᠦᠪᠰᠢᠶᠡᠷᠡᠬᠦ ᠨᠥᠬᠦᠴᠡᠯ | 1. ᠭᠤᠶᠤᠴᠢᠯᠠᠭᠴᠢ ᠨᠠᠮ ᠤᠨ ᠦᠨᠳᠦᠰᠦᠨ ᠱᠤᠭᠤᠮ ᠢ ᠬᠦᠷᠢᠶᠡᠯᠡᠵᠦ᠂ ᠨᠠᠮ ᠤᠨ ᠰᠤᠷᠭᠠᠨ ᠬᠦᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠪᠠᠭᠰᠢ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ | ᠲᠤᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠦ᠂ ᠪᠠᠭᠰᠢ ᠶᠢᠨ ᠡᠷᠬᠢᠯᠡᠭᠰᠡᠨ ᠠᠵᠢᠯ ᠤᠨ ᠶᠣᠰᠦ ᠰᠤᠷᠲᠠᠬᠤᠨ ᠢ | ᠵᠢᠷᠤᠮᠯᠠᠨ᠂ ᠰᠤᠷᠭᠠᠨ ᠬᠦᠮᠦᠵᠢᠯ ᠤᠨ ᠦᠢᠯᠡᠰ ᠢ ᠬᠠᠶᠢᠷᠠᠯᠠᠵᠦ᠂ ᠰᠤᠷᠤᠭᠴᠢ ᠪᠠᠨ ᠬᠠᠶᠢᠷᠠᠯᠠᠨ᠂ ᠪᠤᠰᠤᠳ ᠲᠤ ᠬᠡᠪ | ᠳᠦᠷᠢᠮ ᠪᠣᠯᠬᠤ ᠬᠡᠷᠡᠭᠲᠡᠢ᠃ | 2. ᠰᠤᠷᠤᠯᠭ᠎ᠠ ᠶᠢᠨ ᠨᠠᠮᠲᠠᠷ ᠤᠨ ᠨᠥᠬᠦᠴᠡᠯ᠄ ︵1︶ ᠬᠡᠤᠬᠡᠳ ᠤᠨ ᠴᠡᠴᠡᠷᠯᠢᠭ ᠤᠨ ᠪᠠᠭᠰᠢ ᠶᠢᠨ ᠬᠢᠷᠢ ᠭᠡᠮ | ᠭᠤᠶᠤᠴᠢᠯᠠᠪᠠᠯ᠂ ᠬᠡᠤᠬᠡᠳ ᠤᠨ ᠪᠠᠭᠰᠢ ᠶᠢᠨ ᠰᠤᠷᠭᠠᠭᠤᠯᠢ ᠲᠡᠭᠦᠰᠦᠭᠰᠡᠨ ᠪᠤᠶᠤ ᠲᠡᠭᠦᠨ ᠠᠴᠠ ᠳᠡᠭᠡᠭᠰᠢ | ᠰᠤᠷᠤᠯᠴᠠᠭᠰᠠᠨ ᠨᠠᠮᠲᠠᠷ ᠢ ᠪᠦᠷᠢᠳᠥᠭᠦᠯᠥᠭᠰᠡᠨ ᠪᠠᠶᠢᠬᠤ ᠬᠡᠷᠡᠭᠲᠡᠢ᠃ ︵2︶ ᠪᠠᠭ᠎ᠠ ᠰᠤᠷᠭᠠᠭᠤᠯᠢ ᠶᠢᠨ ᠪᠠᠭᠰᠢ ᠶᠢᠨ | ᠬᠢᠷᠢ ᠭᠡᠮ ᠭᠤᠶᠤᠴᠢᠯᠠᠪᠠᠯ᠂ ᠳᠤᠮᠳᠠ ᠵᠡᠷᠭᠡ ᠶᠢᠨ ᠪᠠᠭᠰᠢ ᠶᠢᠨ ᠰᠤᠷᠭᠠᠭᠤᠯᠢ ᠲᠡᠭᠦᠰᠦᠭᠰᠡᠨ ᠪᠤᠶᠤ ᠲᠡᠭᠦᠨ ᠠᠴᠠ | ᠳᠡᠭᠡᠭᠰᠢ ᠰᠤᠷᠤᠯᠴᠠᠭᠰᠠᠨ ᠨᠠᠮᠲᠠᠷ ᠢ ᠪᠦᠷᠢᠳᠥᠭᠦᠯᠥᠭᠰᠡᠨ ᠪᠠᠶᠢᠬᠤ ᠬᠡᠷᠡᠭᠲᠡᠢ᠃ ︵3︶ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠭᠤᠶᠤᠴᠢᠯᠠᠪᠠᠯ᠂ ᠳᠡᠭᠡᠳᠦ ᠵᠡᠷᠭᠡ ᠶᠢᠨ ᠪᠠᠭᠰᠢ ᠶᠢᠨ ᠲᠤᠰᠬᠠᠢ ᠮᠡᠷᠭᠡᠵᠢᠯ | ᠪᠤᠶᠤ ᠪᠤᠰᠤᠳ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠢᠶᠠᠷ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢ | ᠰᠤᠷᠤᠯᠴᠠᠭᠰᠠᠨ ᠨᠠᠮᠲᠠᠷ ᠢ ᠪᠦᠷᠢᠳᠥᠭᠦᠯᠥᠭᠰᠡᠨ ᠪᠠᠶᠢᠬᠤ ᠬᠡᠷᠡᠭᠲᠡᠢ᠃ ︵4︶ ᠦᠨᠳᠦᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠪᠠᠭᠰᠢ ᠶᠢᠨ ᠬᠢᠷᠢ ᠭᠡᠮ ᠪᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠪᠠᠭᠰᠢ ᠶᠢᠨ ᠬᠢᠷᠢ ᠭᠡᠮ ᠭᠤᠶᠤᠴᠢᠯᠠᠪᠠᠯ᠂ ᠳᠡᠭᠡᠳᠦ ᠵᠡᠷᠭᠡ ᠶᠢᠨ ᠪᠠᠭᠰᠢ ᠶᠢᠨ ᠰᠤᠷᠭᠠᠭᠤᠯᠢ ᠶᠢᠨ ᠵᠢᠩᠬᠢᠨᠢ ᠠᠩᠭᠢ | ᠪᠤᠶᠤ ᠪᠤᠰᠤᠳ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢ | ᠰᠤᠷᠤᠯᠴᠠᠭᠰᠠᠨ ᠨᠠᠮᠲᠠᠷ ᠢ ᠪᠦᠷᠢᠳᠥᠭᠦᠯᠥᠭᠰᠡᠨ ᠪᠠᠶᠢᠬᠤ ᠬᠡᠷᠡᠭᠲᠡᠢ᠃ ︵5︶ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠤᠯᠭ᠎ᠠ ᠵᠢᠯᠤᠭᠤᠳᠬᠤ ᠪᠠᠭᠰᠢ ᠶᠢᠨ ᠬᠢᠷᠢ ᠭᠡᠮ ᠭᠤᠶᠤᠴᠢᠯᠠᠪᠠᠯ᠂ ᠡᠯ᠎ᠡ | ᠲᠦᠷᠦᠯ ᠤᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠨ ᠵᠢᠴᠢ ᠲᠡᠭᠦᠨ ᠠᠴᠠ ᠳᠡᠭᠡᠭᠰᠢ | ᠰᠤᠷᠤᠯᠴᠠᠭᠰᠠᠨ ᠨᠠᠮᠲᠠᠷ ᠪᠠ ᠲᠤᠰᠠᠯᠠᠬᠤ ᠢᠨᠵᠧᠨᠧᠷ ᠠᠴᠠ ᠳᠡᠭᠡᠭᠰᠢ ᠲᠤᠰᠬᠠᠢ ᠮᠡᠷᠭᠡᠵᠢᠯ ᠤᠨ ᠲᠤᠰᠢᠶᠠᠯ ᠲᠠᠢ | ᠲᠡᠩᠴᠡᠬᠦ ᠪᠤᠶᠤ ᠳᠤᠮᠳᠠ ᠵᠡᠷᠭᠡ ᠠᠴᠠ ᠳᠡᠭᠡᠭᠰᠢ ᠠᠵᠢᠯᠴᠢᠨ ᠤ ᠮᠡᠷᠭᠡᠵᠢᠯ ᠤᠨ ᠳᠡᠰ ᠢ ᠪᠦᠷᠢᠳᠥᠭᠦᠯᠥᠭᠰᠡᠨ ᠪᠠᠶᠢᠬᠤ | ᠬᠡᠷᠡᠭᠲᠡᠢ᠃ | 3. ᠪᠠᠭᠰᠢ ᠶᠢᠨ ᠬᠢᠷᠢ ᠭᠡᠮ ᠤᠨ ᠦᠨᠡᠮᠯᠡᠯ ᠦᠨᠡᠮᠰᠢᠭᠦᠯᠬᠦ ᠪᠠᠷ ᠭᠤᠶᠤᠴᠢᠯᠠᠭᠴᠢ ᠶᠢᠨ ᠰᠤᠷᠭᠠᠨ ᠬᠦᠮᠦᠵᠢᠯ ᠤᠨ | ᠵᠢᠭᠠᠨ ᠰᠤᠷᠭᠠᠬᠤ ᠴᠢᠳᠠᠪᠤᠷᠢ ᠨᠢ ᠳᠣᠣᠷ᠎ᠠ ᠵᠢᠭᠰᠠᠭᠠᠭᠰᠠᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠄ ︵1 | ︶ ᠰᠤᠷᠭᠠᠨ ᠬᠥᠮᠥᠵᠢᠯ ᠤᠨ ᠤᠬᠠᠭᠠᠨ᠂ ᠰᠡᠳᠬᠢᠴᠡ ᠵᠦᠢ ᠵᠡᠷᠭᠡ ᠬᠢᠴᠢᠶᠡᠯ ᠢ ᠰᠤᠷᠤᠯᠴᠠᠭᠰᠠᠨ᠃ ︵2︶ ᠰᠤᠷᠭᠠᠨ | ᠬᠥᠮᠥᠵᠢᠯ ᠤᠨ ᠵᠢᠭᠠᠨ ᠰᠤᠷᠭᠠᠬᠤ ᠠᠵᠢᠯ ᠢ ᠡᠭᠦᠷᠭᠡᠯᠡᠬᠦ ᠴᠢᠬᠤᠯᠠ ᠪᠦᠬᠦᠢ ᠲᠤᠰᠬᠠᠢ ᠮᠡᠷᠭᠡᠵᠢᠯ ᠤᠨ ᠮᠡᠳᠡᠯᠭᠡ ᠪᠠ | ᠦᠨᠳᠥᠰᠥᠨ ᠴᠢᠳᠠᠪᠤᠷᠢ ᠲᠠᠢ ᠪᠠᠶᠢᠵᠤ᠂ ᠨᠢᠭᠤᠷᠳᠠᠨ ᠰᠢᠯᠭᠠᠬᠤ᠂ ᠲᠤᠷᠰᠢᠨ ᠶᠠᠷᠢᠬᠤ ᠳᠤ ᠬᠢᠷᠢ ᠲᠡᠩᠴᠡᠭᠰᠡᠨ᠃ ︵3 | ︶ ᠪᠠᠷᠢᠮᠵᠢᠶ᠎ᠡ ᠬᠡᠯᠡ ᠶᠢᠨ ᠬᠤᠶᠠᠳᠤᠭᠠᠷ ᠵᠡᠷᠭᠡ ᠶᠢᠨ ᠬᠤᠶᠠᠳᠤᠭᠠᠷ ᠳᠡᠰ ᠠᠴᠠ ᠳᠡᠭᠡᠭᠰᠢ ᠪᠠᠷᠢᠮᠵᠢᠶ᠎ᠡ ᠳᠤ ᠬᠥᠷᠥᠭᠰᠡᠨ᠃ | ︵4︶ ᠪᠡᠶ᠎ᠡ ᠰᠡᠳᠬᠢᠴᠡ ᠶᠢᠨ ᠰᠠᠶᠢᠨ ᠰᠠᠶᠢᠬᠠᠨ ᠬᠡᠪ ᠴᠢᠨᠠᠷ ᠲᠠᠢ ᠪᠠᠶᠢᠵᠤ᠂ ᠬᠠᠯᠳᠠᠪᠤᠷᠢᠲᠤ ᠡᠪᠡᠳᠴᠢᠨ ᠦᠭᠡᠢ᠂ | ᠣᠶᠣᠨ ᠮᠡᠳᠡᠷᠡᠯ ᠤᠨ ᠡᠪᠡᠳᠴᠢᠨ ᠤ ᠲᠡᠮᠳᠡᠭᠯᠡᠯ ᠦᠭᠡᠢ᠂ ᠰᠤᠷᠭᠠᠨ ᠬᠥᠮᠥᠵᠢᠯ ᠤᠨ ᠵᠢᠭᠠᠨ ᠰᠤᠷᠭᠠᠬᠤ ᠠᠵᠢᠯ ᠤᠨ | ᠬᠡᠷᠡᠭᠴᠡᠭᠡ ᠳᠤ ᠲᠣᠬᠢᠷᠠᠭᠰᠠᠨ᠂ ᠪᠠᠭᠰᠢ ᠶᠢᠨ ᠬᠢᠷᠢ ᠭᠡᠮ ᠢ ᠦᠨᠡᠮᠰᠢᠬᠦ ᠪᠠᠶᠢᠭᠤᠯᠤᠮᠵᠢ ᠶᠢᠨ ᠵᠢᠭᠠᠨ ᠲᠣᠭᠲᠠᠭᠠᠭᠰᠠᠨ | ᠰᠢᠶᠠᠨ ᠤ ᠱᠠᠲᠥᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠳᠤ ᠪᠡᠶ᠎ᠡ ᠪᠠᠶᠢᠴᠠᠭᠠᠯᠭᠠᠳ ᠬᠢᠷᠢ ᠲᠡᠩᠴᠡᠭᠰᠡᠨ | ᠪᠠᠶᠢᠬᠤ ᠬᠡᠷᠡᠭᠲᠡᠢ᠃ | ᠭᠤᠷᠪᠠ᠂ ᠭᠤᠶᠤᠴᠢᠯᠠᠯ ᠤᠨ ᠮᠠᠲ᠋ᠧᠷᠢᠶᠠᠯ | 1. ︽ᠪᠠᠭᠰᠢ ᠶᠢᠨ ᠬᠢᠷᠢ ᠭᠡᠮ ᠢ ᠦᠨᠡᠮᠰᠢᠬᠦ ᠭᠤᠶᠤᠴᠢᠯᠠᠯ ᠤᠨ ᠬᠦᠰᠥᠨᠥᠭᠲᠦ︾ ᠨᠢᠭᠡ ᠶᠠᠩᠵᠦ ᠶᠢᠨ ᠬᠢ ᠶᠢ | ᠬᠤᠶᠠᠷ ᠬᠤᠪᠢ ᠲᠠᠭᠯᠠᠨ᠎ᠠ᠃ | 2. ᠪᠡᠶ᠎ᠡ ᠶᠢᠨ ᠦᠨᠡᠮᠯᠡᠯ ᠤᠨ ᠤᠭ ᠵᠦᠢᠯ ᠪᠠ ᠪᠠᠭᠤᠯᠭᠠᠪᠥᠷᠢ᠃ | 3. ᠰᠤᠷᠤᠯᠭ᠎ᠠ ᠶᠢᠨ ᠨᠠᠮᠲᠠᠷ ᠤᠨ ᠤᠭ ᠵᠦᠢᠯ ᠪᠠ ᠪᠠᠭᠤᠯᠭᠠᠪᠥᠷᠢ᠃ | 4. ᠡᠮᠨᠡᠯᠭᠡ ᠶᠢᠨ ᠬᠤᠷᠢᠶᠠᠨ ᠤ ᠬᠢᠵᠦ ᠥᠭᠭᠦᠭᠰᠡᠨ ᠪᠠᠭᠰᠢ ᠶᠢᠨ ᠬᠢᠷᠢ ᠭᠡᠮ ᠢ ᠦᠨᠡᠮᠰᠢᠬᠦ ᠪᠡᠶ᠎ᠡ ᠶᠢᠨ | ᠪᠠᠶᠢᠴᠠᠭᠠᠯᠲᠠ ᠶᠢᠨ ᠬᠢᠷᠢ ᠲᠡᠩᠴᠡᠭᠰᠡᠨ ᠭᠡᠷᠡᠴᠢ᠃ | 5. ︽ᠪᠠᠷᠢᠮᠵᠢᠶ᠎ᠡ ᠬᠡᠯᠡᠨ ᠤ ᠬᠢᠷᠢ ᠬᠡᠮᠵᠢᠶ᠎ᠡ ᠶᠢᠨ ᠰᠢᠯᠭᠠᠯᠲᠠ ᠶᠢᠨ ᠳᠡᠰ ᠤᠨ ᠦᠨᠡᠮᠯᠡᠯ︾ ᠤᠨ ᠤᠭ ᠵᠦᠢᠯ ᠪᠠ | ᠪᠠᠭᠤᠯᠭᠠᠪᠥᠷᠢ᠃ | 6. ︽ᠪᠠᠭᠰᠢ ᠶᠢᠨ ᠬᠢᠷᠢ ᠭᠡᠮ ᠢ ᠦᠨᠡᠮᠰᠢᠭᠦᠯᠬᠦ ᠪᠠᠷ ᠭᠤᠶᠤᠴᠢᠯᠠᠬᠤ ᠶᠢᠨ ᠨᠢᠭᠤᠷᠳᠠᠨ ᠰᠢᠯᠭᠠᠭᠰᠠᠨ᠂ ᠲᠤᠷᠰᠢᠨ | ᠶᠠᠷᠢᠭᠰᠠᠨ ᠪᠠᠶᠢᠳᠠᠯ ᠢ ᠳᠠᠩᠰᠠᠯᠠᠬᠤ ᠬᠦᠰᠥᠨᠥᠭᠲᠦ︾ | 7. ︽ᠭᠤᠶᠤᠴᠢᠯᠠᠭᠴᠢ ᠶᠢᠨ ᠦᠵᠡᠯ ᠰᠠᠨᠠᠭ᠎ᠠ ᠶᠣᠰᠦ ᠮᠤᠷᠠᠯ ᠢ ᠬᠢᠨᠠᠨ ᠲᠣᠭᠲᠠᠭᠠᠬᠤ ᠬᠦᠰᠥᠨᠥᠭᠲᠦ︾᠂ | ᠠᠵᠢᠯ ᠳᠤ ᠪᠠᠶᠢᠭ᠎ᠠ ᠭᠤᠶᠤᠴᠢᠯᠠᠭᠴᠢ ᠪᠣᠯ ᠲᠤᠰ ᠬᠦᠰᠥᠨᠥᠭᠲᠦ ᠶᠢ ᠠᠵᠢᠯᠯᠠᠵᠤ ᠪᠠᠶᠢᠭ᠎ᠠ ᠨᠢᠭᠡᠴᠡ ᠠᠴᠠ ᠨᠢ | ᠲᠠᠭᠯᠠᠨ᠎ᠠ᠃ ᠠᠵᠢᠯ ᠳᠤ ᠪᠠᠶᠢᠭ᠎ᠠ ᠪᠤᠰᠤ ᠭᠤᠶᠤᠴᠢᠯᠠᠭᠴᠢ ᠪᠣᠯ ᠲᠤᠰ ᠬᠦᠰᠥᠨᠥᠭᠲᠦ ᠶᠢ ᠡᠷᠦᠭᠡ ᠠᠮᠠ ᠶᠢᠨ ᠪᠠᠶᠢᠭ᠎ᠠ | ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ ᠠᠴᠠ ᠨᠢ ᠲᠠᠭᠯᠠᠨ᠎ᠠ᠃ ᠴᠢᠬᠤᠯᠠᠲᠠᠢ ᠦᠶ᠎ᠡ ᠳᠤ᠂ ᠪᠠᠭᠰᠢ ᠶᠢᠨ ᠬᠢᠷᠢ ᠭᠡᠮ ᠢ ᠦᠨᠡᠮᠰᠢᠬᠦ ᠪᠠᠶᠢᠭᠤᠯᠤᠮᠵᠢ ᠨᠢ | ᠬᠤᠯᠪᠤᠭᠳᠠᠯ ᠪᠦᠬᠦᠢ ᠨᠢᠭᠡᠴᠡ ᠪᠠᠷ ᠨᠡᠩ ᠨᠠᠷᠢᠨ ᠲᠣᠲᠤᠷᠬᠠᠢ ᠭᠡᠷᠡᠴᠢᠯᠡᠬᠦ ᠮᠠᠲ᠋ᠧᠷᠢᠶᠠᠯ ᠬᠠᠩᠭᠠᠯᠭᠠᠬᠤ ᠶᠢ ᠱᠠᠭᠠᠷᠳᠠᠵᠤ | ᠪᠤᠯᠤᠨ᠎ᠠ᠃ | 8. ᠪᠠᠭᠰᠢ ᠶᠢᠨ ᠰᠤᠷᠭᠠᠨ ᠬᠦᠮᠦᠵᠢᠯ ᠤᠨ ᠪᠤᠰᠤ ᠲᠤᠰᠬᠠᠢ ᠮᠡᠷᠭᠡᠵᠢᠯ ᠢᠶᠠᠷ ᠲᠡᠭᠦᠰᠦᠭᠰᠡᠨ ᠬᠦᠮᠦᠰ ᠡᠷᠬᠡᠪᠰᠢ | ᠵᠣᠬᠢᠴᠠᠩᠭᠤᠢ ᠳᠡᠰ ᠳᠠᠪᠬᠤᠷᠭ᠎ᠠ ᠪᠦᠬᠦᠢ ᠰᠤᠷᠭᠠᠨ ᠬᠦᠮᠦᠵᠢᠯ ᠤᠨ ᠤᠬᠠᠭᠠᠨ᠂ ᠰᠡᠳᠬᠢᠴᠡ ᠵᠦᠢ ᠶᠢᠨ | ᠪᠣᠯᠪᠠᠰᠤᠷᠠᠭᠤᠯᠤᠯ ᠠᠴᠠ ᠰᠤᠷᠤᠯᠭ᠎ᠠ ᠲᠡᠭᠦᠰᠦᠭᠰᠡᠨ ᠦᠨᠡᠮᠯᠡᠯ ᠬᠠᠩᠭᠠᠬᠤ ᠬᠡᠷᠡᠭᠲᠡᠢ᠃ | 9. ᠦᠢᠶ᠎ᠡ ᠶᠢᠨ ᠬᠤᠭᠤᠴᠠᠭᠠᠨ ᠤ ᠠᠳᠠᠯᠢ ᠳᠡᠪᠢᠰᠬᠡᠷ ᠲᠠᠢ ᠮᠠᠯᠠᠭᠠᠢ ᠦᠭᠡᠢ ᠬᠤᠶᠠᠷ ᠢᠮᠠᠬᠤ ᠶᠢᠨ ᠦᠩᠭᠡᠲᠦ | ᠭᠡᠷᠡᠯ ᠵᠢᠷᠤᠭ ᠭᠤᠷᠪᠠᠨ ᠬᠤᠪᠢ᠃ | ᠳᠥᠷᠪᠡ᠂ ᠬᠢᠨᠠᠨ ᠵᠦᠪᠰᠢᠶᠡᠷᠡᠬᠦ ᠴᠠᠭ ᠤᠨ ᠬᠢᠵᠠᠭᠠᠷ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ | ᠬᠤᠭᠤᠴᠠᠭ᠎ᠠ ᠬᠢᠵᠠᠭᠠᠷ ᠳᠠᠭᠤᠰᠤᠭᠠᠳ ᠵᠢᠷᠭᠤᠭᠠᠨ ᠡᠳᠦᠷ ᠤᠨ ᠳᠠᠷᠠᠭᠠᠬᠢ ᠬᠠᠤᠯᠢ ᠪᠠᠷ ᠲᠣᠭᠲᠠᠭᠠᠭᠰᠠᠨ 30 | ᠠᠵᠢᠯᠯᠠᠬᠤ ᠡᠳᠦᠷ ᠤᠨ ᠳᠣᠲᠣᠷ᠎ᠠ ᠪᠠᠭᠰᠢ ᠶᠢᠨ ᠬᠢᠷᠢ ᠭᠡᠮ ᠢ ᠦᠨᠡᠮᠰᠢᠬᠦ ᠡᠰᠡᠬᠦ ᠶᠢᠨ ᠰᠢᠢᠳᠪᠦᠷᠢ ᠭᠠᠷᠭᠠᠬᠤ ᠶᠢᠨ | ᠬᠠᠮᠲᠤ ᠦᠨᠡᠮᠰᠢᠭᠰᠡᠨ ᠦᠷ᠎ᠡ ᠳ᠋ᠦᠩ ᠢ ᠭᠤᠶᠤᠴᠢᠯᠠᠭᠴᠢ ᠳᠤ ᠮᠡᠳᠡᠭᠳᠡᠵᠦ᠂ ᠬᠠᠤᠯᠢ ᠪᠠᠷ ᠲᠣᠭᠲᠠᠭᠠᠭᠰᠠᠨ ᠦᠨᠡᠮᠰᠢᠬᠦ | ᠨᠦᠬᠦᠴᠡᠯ ᠳᠤ ᠨᠡᠶᠢᠴᠡᠭᠰᠡᠳ ᠲᠤ ᠵᠣᠬᠢᠴᠠᠩᠭᠤᠢ ︽ᠪᠠᠭᠰᠢ ᠶᠢᠨ ᠬᠢᠷᠢ ᠭᠡᠮ ᠤᠨ ᠦᠨᠡᠮᠯᠡᠯ︾ ᠣᠯᠭᠤᠨ᠎ᠠ᠃ | ᠢᠷᠡᠯᠲᠡ᠄ ᠤᠯᠠᠭᠠᠨᠬᠠᠳᠠ ᠬᠤᠲᠠ ᠶᠢᠨ ᠵᠠᠰᠠᠭ ᠤᠨ ᠣᠷᠳᠤᠨ |