ᠪᠠᠭᠠᠷᠢᠨ ᠵᠡᠭᠦᠨ ᠬᠤᠰᠢᠭᠤᠨ ᠤ ᠭᠤᠷᠪᠠᠳᠤᠭᠠᠷ ᠤᠳᠠᠭᠠᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠥᠷᠨᠢᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/10/26
ᠥᠷᠭᠡᠨ ᠣᠯᠠᠨ ᠰᠠᠭᠤᠭᠠᠯᠢ ᠠᠷᠠᠳ ᠨᠠᠶᠢᠵᠠ ᠨᠠᠷ᠄       ᠪᠥᠬᠦ ᠠᠷᠠᠳ ᠤᠨ ᠦᠯᠦ ᠬᠠᠯᠳᠠᠭᠠᠬᠤ ᠬᠠᠯᠬᠠᠪᠴᠢ ᠶᠢ ᠤᠯᠠᠮ ᠨᠢᠭᠡ ᠠᠯᠬᠤᠮ ᠴᠢᠩᠭᠠᠷᠠᠭᠤᠯᠬᠤ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢᠨ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠦᠨᠳᠦᠰᠦᠯᠡᠨ᠂ ᠪᠠᠭᠠᠷᠢᠨ ᠵᠡᠭᠦᠨ ᠬᠤᠰᠢᠭᠤ ᠭᠤᠷᠪᠠᠳᠤᠭᠠᠷ ᠤᠳᠠᠭ᠎ᠠ ᠶᠢᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ︵︽ᠴᠢᠩᠭᠠᠳᠬᠠᠬᠤ ᠲᠠᠷᠢᠯᠭ᠎ᠠ︾︶ ᠤ ᠲᠠᠷᠢᠯᠭ᠎ᠠ ᠶᠢᠨ ᠠᠵᠢᠯ ᠢ ᠡᠬᠢᠯᠡᠭᠦᠯᠬᠦ ᠪᠠᠷ ᠪᠠᠶᠢᠨ᠎ᠠ᠃ ᠣᠳᠣ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠲᠠᠷᠢᠯᠭ᠎ᠠ ᠬᠢᠯᠭᠡᠬᠦ ᠡᠲᠡᠭᠡᠳ᠃ ᠰᠢᠨ᠎ᠡ ᠲᠢᠲᠢᠮᠯᠢᠭ ᠸᠢᠷᠦ᠋ᠰ ᠤᠨ ᠬᠤᠶᠠᠷ ᠤᠳᠠᠭ᠎ᠠ ᠶᠢᠨ ᠢᠳᠡᠪᠬᠢ ᠥᠬᠡᠶᠢᠳᠡᠭᠦᠯᠦᠭᠰᠡᠨ ᠸᠠᠺᠼᠢᠨ ᠤ ᠪᠥᠬᠦ ᠲᠠᠷᠢᠯᠭ᠎ᠠ ᠶᠢ ᠨᠢᠭᠡᠨᠲᠡ ᠪᠡᠶᠡᠯᠡᠭᠦᠯᠦᠭᠰᠡᠨ ᠪᠥᠭᠡᠳ ᠪᠦᠬᠦᠯᠢ 6 ᠰᠠᠷ᠎ᠠ ︵ᠢᠳᠡᠪᠬᠢ ᠥᠬᠡᠶᠢᠳᠡᠭᠦᠯᠦᠭᠰᠡᠨ ᠸᠠᠺᠼᠢᠨ ᠤ ᠬᠤᠶᠠᠳᠤᠭᠠᠷ ᠤᠳᠠᠭ᠎ᠠ ᠶᠢᠨ ᠲᠠᠷᠢᠯᠭ᠎ᠠ ᠬᠢᠭᠰᠡᠨ ᠡᠳᠦᠷ ᠬᠤᠭᠤᠴᠠᠭ᠎ᠠ ᠪᠠᠷ ᠪᠠᠷᠢᠮᠵᠢᠶ᠎ᠠ ᠪᠣᠯᠭᠠᠨ᠎ᠠ︶ ᠭᠦᠷᠦᠭᠰᠡᠨ 18 ᠨᠠᠰᠤ ᠵᠢᠴᠢ ᠲᠡᠭᠦᠨ ᠠᠴᠠ ᠳᠡᠭᠡᠭᠰᠢᠬᠢ ᠬᠥᠮᠦᠰ᠃        ᠬᠤᠶᠠᠷ᠂ ᠲᠠᠷᠢᠯᠭ᠎ᠠ ᠬᠢᠭᠰᠡᠨ ᠴᠠᠭ᠃ 10 ᠰᠠᠷ᠎ᠠ ᠶᠢᠨ 18 ᠤ ᠡᠳᠦᠷ ᠠᠴᠠ ᠡᠬᠢᠯᠡᠨ ᠳᠠᠷᠢᠨ᠎ᠠ ︵ᠪᠠᠶᠠᠷ ᠳᠤᠷᠠᠰᠬᠠᠯ ᠤᠨ ᠡᠳᠦᠷ ᠠᠮᠠᠷᠠᠬᠤ ᠥᠬᠡᠶ︶᠃        ᠭᠤᠷᠪᠠ᠂ ᠲᠠᠷᠢᠯᠭ᠎ᠠ ᠬᠢᠬᠦ ᠭᠠᠵᠠᠷ᠃ ᠲᠠᠷᠢᠯᠭ᠎ᠠ ᠬᠢᠬᠦ ᠨᠥᠬᠦᠴᠡᠯ ᠳᠤ ᠨᠡᠶᠢᠴᠡᠭᠰᠡᠨ ᠰᠠᠭᠤᠭᠠᠯᠢ ᠠᠷᠠᠳ ᠥᠪᠡᠷ ᠤᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠠᠪᠴᠤ᠂ ᠬᠠᠮᠠᠭᠠᠯᠠᠯᠲᠠ ᠪᠠᠨ ᠰᠠᠶᠢᠲᠤᠷ ᠬᠢᠭᠰᠡᠨ ᠤᠷᠢᠲᠠᠯ ᠳᠤᠤᠷ᠎ᠠ ᠳᠤᠤᠷᠠᠬᠢ ᠲᠠᠷᠢᠯᠭ᠎ᠠ ᠬᠢᠬᠦ ᠴᠡᠭ ᠲᠤ ᠬᠦᠷᠴᠦ ᠲᠠᠷᠢᠯᠭ᠎ᠠ ᠬᠢᠵᠦ᠂ ᠬᠥᠮᠦᠨ ᠬᠠᠷ᠎ᠠ ᠴᠤᠭᠯᠠᠷᠠᠬᠤ ᠠᠴᠠ ᠵᠠᠶᠢᠯᠠᠰᠬᠢᠭᠡᠷᠡᠶ᠃    1 . ᠬᠤᠰᠢᠭᠤ ᠡᠮᠨᠡᠯᠭᠡ ᠶᠢᠨ ᠬᠤᠷᠢᠶ᠎ᠠ    13948669600᠃    2 . ᠬᠤᠰᠢᠭᠤᠨ ᠤ ᠬᠢᠲᠠᠳ ᠡᠮᠨᠡᠯᠭᠡ ᠶᠢᠨ ᠬᠤᠷᠢᠶ᠎ᠠ ᠮᠣᠩᠭᠤᠯ ᠡᠮᠨᠡᠯᠭᠡ ᠶᠢᠨ ᠬᠤᠷᠢᠶ᠎ᠠ    7896730᠃    3.  ᠳ᠋ᠦᠩ ᠴᠧᠩ ᠡᠷᠡᠭᠦᠯ ᠬᠠᠮᠠᠭᠠᠯᠠᠯ ᠤᠨ ᠦᠶ᠋ᠯᠡᠴᠢᠯᠡᠭᠡᠨ ᠤ ᠲᠥᠪ    7895586᠃    4 . ᠰᠢ ᠴᠧᠩ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ     5774922᠃                           ᠪᠠᠭᠠᠷᠢᠨ ᠵᠡᠭᠦᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ  ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                              2021 ᠣᠨ ᠤ 10 ᠰᠠᠷ᠎ᠠ ᠶᠢᠨ 18 ᠤ ᠡᠳᠦᠷ᠃
 
ᠢᠷᠡᠯᠲᠡ᠄ ᠪᠠᠭᠠᠷᠢᠨ ᠵᠡᠬᠦᠨ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号