ᠮᠠᠨ ᠤ ᠬᠤᠰᠢᠭᠤ ᠪᠥᠬᠦ ᠤᠯᠤᠰ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠤᠪᠢᠶᠠᠷᠢ ᠲᠠᠯᠠᠪᠠᠢ ᠶᠢᠨ  ᠲᠧᠯᠸᠢᠰ ᠤᠳᠠᠰᠤᠳᠤ ᠬᠤᠷᠠᠯ ᠳᠤ ᠣᠷᠣᠯᠴᠠᠬᠰᠠᠨ
ᠨᠡᠶᠢᠲᠡᠯᠡᠭᠰᠡᠨ ᠴᠠᠭ᠄
2021/10/29
    ᠤᠶᠢᠷ᠎ᠠ ᠳᠤ᠂ ᠪᠥᠬᠦ ᠤᠯᠤᠰ ᠤᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤᠳᠤ ᠬᠤᠷᠠᠯ ᠬᠤᠷᠠᠯᠳᠤᠪᠠ᠃  ᠬᠤᠰᠢᠭᠤ  ᠨᠠᠮ ᠤᠨ ᠬᠤᠷᠢᠶᠠᠨ  ᠤ  ᠳᠡᠳ᠋ ᠱᠦᠵᠢ᠂ ᠣᠷᠣᠯᠠᠭᠴᠢ ᠬᠤᠰᠢᠭᠤᠨ ᠳᠠᠷᠤᠭ᠎ᠠ ᠴᠢᠨ ᠬᠤᠸᠠᠢ ᠳ᠋ᠦᠩ ᠵᠢᠴᠢ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠳ ᠮᠠᠨ ᠤ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠶᠢᠨ ᠬᠤᠷᠠᠯ ᠳᠤ ᠣᠷᠣᠯᠴᠠᠵᠠᠶ᠃
    ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠥᠬᠡᠶ ᠨᠠᠶᠢᠳᠠᠪᠤᠷᠢᠵᠢᠭᠤᠯᠵᠤ᠂  ᠭᠠᠳᠠᠨ᠎ᠠ  ᠠᠴᠠ ᠤᠷᠤᠵᠤ ᠢᠷᠡᠬᠦ   ᠶᠢ ᠰᠡᠷᠭᠡᠶᠢᠯᠡᠬᠦ ᠪᠠ ᠳᠣᠲᠣᠭᠠᠳᠤ ᠳᠠᠭᠠᠨ ᠰᠡᠷᠭᠡᠶᠢᠯᠡᠬᠦ ᠶᠢ ᠬᠠᠮᠳᠤ ᠳᠤᠨᠢ ᠴᠢᠩᠭᠠᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠢᠮᠪᠠᠢ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠥᠷᠭᠡᠵᠢᠨ ᠳᠡᠯᠭᠡᠷᠡᠬᠦ ᠶᠢ ᠡᠷᠡᠰ ᠬᠤᠷᠢᠭᠯᠠᠵᠤ᠂ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠲᠦᠭᠡᠯ ᠢ ᠦᠨᠡᠨᠬᠦ ᠪᠠᠳᠤᠳᠬᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠠᠷᠢᠶ᠎ᠠ ᠣᠷᠣᠨ᠂ ᠠᠵᠢᠯ ᠲᠥᠷᠥᠯ᠂ ᠪᠠᠶᠢᠭᠤᠯᠤᠯᠭ᠎ᠠ ᠨᠢᠭᠡᠴᠡ᠂ ᠬᠤᠪᠢ ᠬᠥᠮᠦᠨ ᠤ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠢ ᠶᠢᠨ ᠭᠠᠵᠠᠷ ᠣᠷᠣᠨ ᠲᠣᠰ ᠰᠢᠰᠲ᠋ᠧᠮ ᠤᠨ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠲᠠᠶᠢᠴᠢᠯᠠᠵᠤ᠂ ᠳᠠᠬᠢᠨ ᠪᠠᠶᠢᠷᠢᠯᠠᠭᠤᠯᠤᠨ᠂ ᠳᠠᠬᠢᠨ ᠨᠠᠶᠢᠳᠠᠪᠤᠷᠢᠵᠢᠭᠤᠯᠵᠤ᠂ ᠲᠥᠪᠯᠡᠷᠡᠯ ᠤᠨ ᠴᠢᠨᠠᠷᠲᠠᠶ ᠭᠡᠨᠡᠳᠲᠡ ᠶᠢᠨ ᠬᠢᠵᠢᠭ ᠤᠨ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ  ᠠᠵᠢᠯ ᠢ ᠰᠠᠶᠢᠨ ᠬᠢᠵᠦ᠂ ᠰᠡᠷᠭᠡᠶᠢᠯᠡᠨ ᠡᠵᠡᠮᠳᠡᠬᠦ ᠡᠯ᠎ᠡ ᠭᠤᠭᠴᠣᠭᠠᠨ ᠤ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠨ ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠰᠡᠳᠬᠢᠯ ᠨᠢᠭᠡᠳᠦᠨ ᠬᠦᠴᠦᠨ ᠢᠶᠠᠨ ᠬᠠᠮᠳᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ  ᠦᠨᠡᠨᠬᠦ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠭᠰᠠᠨ ᠪᠠᠶᠢᠨ᠎ᠠ᠃                    ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ                                                                          
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号