ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠬᠰᠠᠨ
ᠨᠡᠶᠢᠲᠡᠯᠡᠭᠰᠡᠨ ᠴᠠᠭ᠄
2021/10/29
 
   ᠪᠥᠬᠦ ᠬᠤᠰᠢᠭᠤᠨ ᠤ ᠨᠠᠮ ᠵᠠᠰᠠᠭ ᠤᠨ ᠠᠯᠪᠠᠨ‌‍ᠰᠢᠰᠲ᠋ᠧᠮ ᠤᠨ ︽ᠭᠤᠷᠪᠠ ᠳᠤ ᠦᠢᠯᠡᠴᠢᠯᠡᠬᠦ︾ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠤᠰᠠᠳᠠ᠂ ᠤᠶᠢᠷ᠎ᠠ ᠶᠢᠨ ᠡᠳᠦᠷ᠂ ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠪᠤᠯᠪᠠᠰᠤᠷᠠᠯ  ᠤᠨ ᠬᠤᠷᠠᠯ ᠬᠤᠷᠠᠯᠳᠤᠵᠤ᠂  ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠸᠠᠩ ᠶᠠᠨ ᠪᠥᠸᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠲᠡᠳ᠋ ᠳᠠᠷᠤᠭ᠎ᠠ ᠳ᠋ᠤᠸᠠᠨ ᡁᠢ ᠭᠦᠸᠧ ᠬᠤᠷᠠᠯ ᠢ ᠡᠷᠭᠢᠯᠡᠪᠡ᠃    ᠸᠠᠩ ᠶᠠᠨ ᠪᠥᠸᠧ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂  ᠠᠯᠪᠠᠨ ᠠᠵᠢᠯ ᠤᠨ ᠦᠵᠡᠯ ᠰᠠᠨᠠᠭᠠᠨ ᠤ ᠰᠠᠭᠤᠷᠢ ᠪᠠᠨ ᠪᠠᠳᠤᠳᠬᠠᠵᠤ᠂ ᠦᠨᠡᠨᠴᠢ ᠢᠳᠡᠭᠡᠮᠵᠢᠳᠡᠢ ᠪᠠᠶᠢᠵᠤ᠂ ᠶᠡᠭᠡ ᠲᠠᠯ᠎ᠠ ᠶᠢᠨ ᠵᠤᠭᠰᠤᠴᠠ ᠠᠴᠠ ᠠᠰᠠᠭᠤᠳᠠᠯ ᠢ ᠪᠣᠳᠣᠯᠬᠢᠯᠠᠵᠤ᠂ ᠬᠠᠮᠢᠶᠠᠷᠤᠯᠲᠠ ᠪᠠᠨ ᠴᠢᠩᠭᠠᠳᠬᠠᠬᠤ ᠶᠢ ᠲᠡᠷᠢᠭᠦᠨ ᠳᠤ ᠲᠠᠯᠪᠢᠵᠤ᠂ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠪᠠᠨ ᠴᠢᠩᠭᠠᠳᠬᠠᠬᠤ ᠬᠡᠷᠡᠭᠲᠡᠶ︔ ᠵᠣᠷᠢᠭᠲᠠᠢ ᠪᠠᠷ ᠡᠭᠦᠷᠭᠡᠯᠡᠨ᠂ ᠠᠯᠪᠠᠨ ᠭᠡᠷ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠦᠨᠡᠨ ᠢ ᠪᠠᠷᠢᠮᠲᠠᠯᠠᠵᠤ᠂ ᠦᠢᠯᠡᠰ ᠢᠶᠠᠨ ᠳᠡᠭᠡᠳᠦᠯᠡᠵᠦ  ᠠᠵᠢᠯ ᠤᠨ ᠪᠠᠶᠢᠷᠢ ᠪᠠᠨ ᠬᠠᠶᠢᠷᠠᠯᠠᠨ᠂ ᠦᠨᠡᠨ ᠪᠣᠳᠠᠲᠠᠶ ᠪᠠᠷ ᠠᠵᠢᠯᠯᠠᠵᠤ᠂ ᠬᠤᠭᠤᠰᠣᠨ ᠶᠠᠷᠢᠶ᠎ᠠ ᠶᠢ ᠲᠡᠪᠴᠢᠵᠦ᠂ ᠨᠡᠷ᠎ᠡ ᠠᠰᠢᠭ ᠢ ᠦᠯᠦ ᠬᠥᠭᠡᠭᠡᠴᠡᠯᠳᠦᠨ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠠᠯᠪᠠᠨ ᠭᠡᠷ ᠤᠨ ᠠᠵᠢᠯ ᠢ ᠰᠠᠶᠢᠨ ᠬᠢᠬᠦ ᠲᠤᠰᠬᠠᠶ ᠮᠡᠷᠭᠡᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ ᠨᠠᠷᠢᠨ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠤ᠂ ᠨᠢᠭᠡᠳᠦᠯᠲᠡᠢ ᠲᠥᠯᠥᠪᠵᠢᠭᠦᠯᠦᠨ ᠵᠤᠬᠢᠴᠠᠭᠤᠯᠵᠤ᠂  ᠬᠢᠨᠠᠨ ᠪᠠᠶᠢᠴᠠᠭᠠᠯᠳᠠ ᠶᠢ ᠰᠠᠶᠢᠲᠤᠷ ᠠᠳᠬᠤᠬᠤ ᠬᠡᠷᠡᠭᠲᠡᠢ᠃ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠳᠤ ᠴᠢᠷᠮᠠᠶᠢᠨ ᠵᠣᠬᠢᠴᠠᠵᠤ᠂ ᠯᠠᠪᠳᠠᠭᠤᠨ ᠪᠠᠲᠤᠲᠠᠶ ᠠᠵᠢᠯ ᠤᠨ ᠬᠡᠪ ᠰᠤᠷᠲᠠᠯ ᠢ ᠪᠤᠢ ᠪᠤᠯᠭᠠᠨ᠂ ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠬᠡᠷ ᠤᠨ ᠰᠢᠰᠲ᠋ᠧᠮ ᠤᠨ ᠰᠢᠨ᠎ᠡ  ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ ᠬᠡᠵᠠᠢ᠃    ᠬᠤᠷᠠᠯ ᠳᠡᠭᠡᠷ᠎ᠡ᠂ ᠠᠯᠪᠠᠨ ᠪᠢᠴᠢᠭ ᠲᠠᠷᠬᠠᠭᠠᠬᠤ ᠪᠠ ᠰᠢᠢᠳᠪᠦᠷᠢᠯᠡᠬᠦ᠂ ᠮᠡᠳᠡᠭᠡ ᠵᠠᠩᠭᠢ ᠬᠦᠷᠭᠡᠬᠦ᠂ ᠨᠢᠭᠤᠴᠠ ᠶᠢ ᠬᠠᠮᠠᠭᠠᠯᠠᠬᠤ ᠠᠵᠢᠯ᠂  ᠡᠬᠡᠯᠵᠢᠯᠡᠨ ᠵᠢᠵᠢᠭᠦᠷᠯᠡᠬᠦ᠂ ᠬᠤᠷᠠᠯ ᠤᠨ ᠰᠤᠷᠲᠠᠯ᠂ ᠬᠤᠷᠠᠯ ᠤᠨ ᠶᠠᠪᠤᠳᠠᠯ᠂ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠴᠢᠬᠤᠯᠠ ᠶᠡᠭᠡ ᠤᠴᠢᠷ ᠶᠠᠪᠤᠳᠠᠯ ᠤᠨ ᠲᠤᠬᠠᠶ ᠵᠢᠭᠠᠪᠤᠷᠢ ᠠᠪᠴᠤ ᠮᠡᠳᠡᠭᠦᠯᠬᠦ ᠵᠡᠷᠭᠡ ᠲᠤᠬᠠᠶᠢᠯᠠᠭᠰᠠᠨ ᠠᠵᠢᠯ ᠤᠨ ᠲᠣᠭᠤᠷᠢᠨ ᠳᠤ ᠲᠤᠰᠬᠠᠶ ᠰᠡᠳᠦᠪᠲᠦ ᠪᠤᠯᠪᠠᠰᠤᠷᠠᠯ ᠬᠦᠷᠳᠡᠭᠡᠭᠰᠡᠨ ᠪᠠᠶᠢᠨ᠎ᠠ᠃                                              ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ                                            
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号