ᠡᠨᠡ ᠵᠢᠯ ᠠᠴᠠ ᠨᠠᠭᠠᠰᠢ᠂ ᠪᠠᠭᠠᠷᠢᠨ ᠵᠡᠭᠦᠨ ᠬᠤᠰᠢᠭᠤ ᠣᠯᠠᠨ ᠲᠦᠮᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠨᠢᠭᠡ ᠲᠠᠯ᠎ᠠ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠠᠳᠬᠤᠵᠤ᠂ ᠨᠥᠭᠦᠭᠡ ᠲᠠᠯ᠎ᠠ ᠪᠠᠷ | ᠦᠨᠳᠦᠰᠦᠨ ᠪᠠᠳᠣᠯᠭ᠎ᠠ ᠶᠢ ᠠᠳᠬᠤᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠦᠷᠲᠡᠮᠵᠢ ᠶᠢᠨ | ᠲᠥᠷᠥᠭᠳᠡᠯ᠂ ᠵᠤᠯ ᠵᠢᠷᠭᠠᠯᠲᠤ ᠲᠥᠷᠥᠭᠳᠡᠯ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠬᠦᠴᠢᠷᠳᠡᠯᠲᠡᠶ ᠣᠯᠠᠨ | ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠬᠤ ᠶᠢᠨ ᠲᠥᠯᠥᠭᠡ᠂ 10 ᠰᠠᠷ᠎ᠠ ᠠᠴᠠ ᠡᠬᠢᠯᠡᠨ | ᠪᠠᠭᠠᠷᠢᠨ ᠵᠡᠭᠦᠨ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠯᠠ ᠮᠥᠩᠭᠦ ᠶᠢ ︽ᠰᠠᠷ᠎ᠠ︾ ᠪᠠᠷ ᠣᠯᠭᠤᠵᠤ᠂ ᠬᠤᠲᠠ ᠶᠢᠨ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠯᠠ ᠮᠥᠩᠭᠦ ᠣᠯᠭᠤᠬᠤ ᠲᠠᠢ ᠢᠵᠢᠯ ᠠᠯᠬᠤᠮ ᠢᠶᠠᠷ ᠣᠯᠭᠤᠬᠤ ᠪᠠᠶᠢᠳᠠᠯ ᠢ ᠪᠡᠶᠡᠯᠡᠭᠦᠯᠪᠡ᠃ 11 | ᠰᠠᠷ᠎ᠠ ᠳᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ | 1631 ᠲᠦᠮᠡᠨ ᠲᠥᠭᠦᠷᠢᠭ᠂ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ 78 | ᠲᠦᠮᠡᠨ ᠲᠥᠭᠦᠷᠢᠭ ᠲᠠᠷᠬᠠᠭᠠᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠭᠥᠷᠳᠡᠭᠰᠡᠳ ᠨᠡᠶᠢᠲᠡ 3 . 4 ᠲᠦᠮᠡ ᠳᠤ ᠬᠦᠷᠴᠦ᠂ 446 ᠬᠥᠮᠦᠨ ᠳᠤ ᠬᠥᠳᠡᠯᠦᠩᠭᠦᠶ ᠲᠣᠬᠢᠷᠠᠭᠤᠯᠤᠯᠲᠠ | ᠬᠢᠵᠠᠢ᠃ |