ᠯᠦᠩ ᠴᠠᠩ ᠪᠠᠯᠭᠠᠰᠣ ᠶᠢᠨ ᠵᠢᠶᠠᠩ ᠵᠢᠶᠠ ᠸᠠᠨ ᠲᠣᠰᠬᠤᠨ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠣᠷᠢᠯᠲᠠ ᠬᠢᠭᠰᠡᠨ
ᠨᠡᠶᠢᠲᠡᠯᠡᠭᠰᠡᠨ ᠴᠠᠭ᠄
2021/11/2
   
  ᠤᠶᠢᠷ᠎ᠠ ᠳᠤ᠂  ᠯᠦᠩ ᠴᠠᠩ ᠪᠠᠯᠭᠠᠰᠣ ᠨᠢ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤ ᠡᠮᠨᠡᠯᠭᠡ ᠶᠢᠨ ᠬᠤᠷᠢᠶ᠎ᠠ᠂ ᠬᠤᠰᠢᠭᠤ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ᠂  ᠯᠦᠩ ᠴᠠᠩ ᠪᠠᠯᠭᠠᠰᠣ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ᠂ ᠵᠢᠶᠠᠩ ᠵᠢᠶᠠ ᠸᠠᠨ ᠲᠣᠰᠬᠤᠨ ᠳᠤ ᠪᠥᠬᠦ ᠠᠷᠠᠳ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠣᠷᠢᠯᠲᠠ ᠬᠢᠵᠠᠢ᠃    ᠲᠣᠰ ᠤᠳᠠᠭᠠᠨ ᠤ ᠰᠣᠷᠢᠯᠲᠠ ᠶᠢᠨ ᠡᠯ᠎ᠡ  ᠶᠠᠪᠤᠴᠠ ᠶᠢ ᠴᠦᠮ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠬᠢᠬᠦ ᠲᠦᠷᠢᠮᠵᠢᠯ ᠶᠣᠰᠣᠭᠠᠷ ᠴᠢᠩᠭ᠎ᠠ ᠨᠢᠮᠪᠠᠢ ᠶᠠᠪᠤᠭᠳᠠᠭᠤᠯᠵᠤ  ᠂ ᠰᠤᠷᠢᠯᠳᠠ ᠨᠢ ᠯᠦᠩ ᠴᠠᠩ  ᠪᠠᠯᠭᠠᠰᠤᠨ ᠤ ᠵᠢᠶᠠᠩ ᠵᠢᠶᠠ ᠸᠠᠨ ᠲᠣᠰᠬᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠪᠠᠷ ᠤᠨᠤᠰᠢᠯᠠᠭᠳᠠᠭᠰᠠᠨ ᠡᠪᠡᠳᠴᠢᠲᠡᠨ ᠨᠢᠭᠡ  ᠢᠯᠡᠷᠡᠭᠰᠡᠨ ᠠᠴᠠ ᠪᠤᠯᠵᠤ᠂  ᠵᠢᠶᠠᠩ ᠵᠢᠶᠠ ᠸᠠᠨ ᠲᠣᠰᠬᠤᠨ ᠤ ᠪᠦᠬᠦ ᠬᠥᠮᠦᠰ ᠲᠤ ᠲᠠᠷᠤᠢ ᠳᠤᠨᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠴᠢᠬᠤᠯᠠᠲᠠᠢ ᠪᠣᠯᠣᠬᠰᠡᠨ ᠢᠶᠠᠷ ᠵᠢᠱᠢᠶ᠎ᠡ ᠪᠤᠯᠭᠠᠵᠠᠢ᠃     ᠵᠢᠯᠣᠭᠤᠳᠬᠤ ᠬᠡᠯᠲᠡᠰ ᠠᠴᠠ ᠲᠡᠷᠡ ᠳᠠᠷᠤᠢ ᠳᠤᠨᠢ ᠪᠠᠴᠢᠮ ᠬᠤᠷᠠᠯ ᠬᠤᠷᠠᠯᠳᠤᠭᠤᠯᠵᠤ᠂ ᠡᠯ᠎ᠡ ᠨᠢᠭᠡᠴᠡ ᠶᠢᠨ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠵᠢᠶᠠᠩ ᠵᠢᠶᠠ ᠸᠠᠨ ᠲᠣᠰᠬᠤᠨ ᠤ  ᠬᠠᠷᠢᠶᠠᠨ ᠳᠠᠬᠢ 3 ᠪᠠᠶᠢᠭᠠᠯᠢᠯᠢᠭ ᠲᠣᠰᠬᠤᠨ ᠳᠤ ᠬᠤᠶᠠᠷ ᠵᠦᠢᠯ ᠤᠨ ᠬᠡᠯᠪᠡᠷᠢ ᠪᠠᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠵᠦ᠂  ᠵᠦᠩ ᠰᠢᠨ ᠳ᠋ᠢ᠂ ᠪᠠᠷᠠᠭᠤᠨ ᠵᠢᠶᠠᠩ ᠵᠢᠶᠠ ᠸᠠᠨ ᠳᠤ ᠴᠥᠮ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠭᠠᠷᠭᠠᠵᠤ᠂ ᠵᠡᠭᠦᠨ ᠵᠢᠶᠠᠩ ᠵᠢᠶᠠ ᠸᠠᠨ ᠳᠤ ᠡᠷᠦᠬᠡ ᠳᠤ ᠬᠦᠷᠴᠦ ᠰᠢᠯᠭᠠᠨ ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ᠂ ᠠᠵᠢᠯᠲᠠᠳ ᠲᠦᠷᠭᠡᠨ ᠬᠦᠳᠡᠯᠦᠯᠴᠡᠨ᠂ ᠨᠢᠭᠲᠠ  ᠬᠠᠮᠵᠢᠯᠴᠠᠵᠤ᠂ ᠲᠤᠰ ᠤᠳᠠᠭ᠎ᠠ ᠶᠢᠨ ᠰᠣᠷᠢᠯᠲᠠ ᠶᠢ ᠤᠷᠤᠭᠰᠢᠳᠠᠢ ᠶᠠᠪᠤᠭᠳᠠᠭᠤᠯᠵᠤ ᠠᠮᠵᠢᠯᠳᠠ ᠲᠠᠢ ᠪᠡᠶᠡᠯᠡᠭᠦᠯᠵᠡᠢ᠃     ᠰᠤᠷᠢᠯᠳᠠ ᠶᠢᠨ ᠠᠵᠢᠯᠯᠠᠭᠠᠨ ᠤ ᠰᠢᠯᠭᠠᠨ ᠪᠠᠶᠢᠴᠠᠭᠠᠬᠤ ᠴᠡᠭ ᠲᠤ ᠪᠠᠴᠢᠮ ᠪᠠᠶᠢᠳᠠᠯ ᠢ ᠠᠷᠭᠠᠴᠠᠬᠤ ᠲᠤᠰᠠᠭᠠᠷᠯᠠᠬᠤ ᠴᠡᠭ᠂  ᠪᠡᠶ᠎ᠡ ᠶᠢᠨ ᠳᠣᠯᠠᠭᠠᠨ ᠢ ᠬᠡᠮᠵᠢᠬᠦ᠂ ᠬᠦᠯᠢᠶᠡᠬᠦ ᠲᠤᠭᠤᠷᠢᠭ᠂ ᠮᠡᠳᠡᠭᠡ ᠵᠠᠩᠭᠢ ᠳᠠᠩᠰᠠᠯᠠᠬᠤ᠂ ᠬᠡᠪ ᠴᠤᠭᠯᠠᠭᠤᠯᠬᠤ᠂ ᠬᠡᠪ ᠢ ᠲᠦᠷ ᠬᠠᠳᠠᠭᠠᠯᠠᠬᠤ ᠵᠡᠷᠭᠡ ᠭᠠᠵᠠᠷ ᠭᠠᠷᠭᠠᠵᠤ᠂ ᠡᠮᠴᠢᠯᠡᠭᠡᠨ ᠤ ᠠᠩᠭᠢ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠬᠡᠪ ᠠᠪᠬᠤ ᠳᠤᠭᠤᠶᠢᠯᠠᠩ ᠪᠠᠶᠢᠭᠤᠯᠤᠨ᠂ ᠬᠥᠮᠦᠰ ᠢ ᠨᠢᠭᠡ ᠯᠡ ᠴᠢᠭᠯᠡᠯ ᠢᠶᠠᠷ ᠰᠠᠭᠠᠳ ᠦᠭᠡᠢ ᠨᠡᠪᠳᠡᠷᠡᠬᠦ ᠶᠢ ᠪᠠᠲᠤᠯᠠᠬᠤ ᠶᠢᠨ ᠬᠠᠮᠲᠤ ᠠᠷᠢᠭᠤᠳᠬᠠᠬᠤ ᠵᠢᠴᠢ ᠲᠦᠷᠭᠡᠨ ᠠᠪᠤᠷᠠᠯᠳᠠ ᠶᠢᠨ ᠲᠥᠬᠦᠭᠡᠷᠦᠮᠵᠢ ᠵᠡᠷᠭᠡ ᠶᠢ ᠭᠦᠢᠴᠡᠳ ᠪᠡᠯᠡᠳᠭᠡᠪᠡ᠃     ᠲᠤᠬᠠᠢ ᠶᠢᠨ ᠲᠠᠯᠠᠪᠠᠢ ᠳᠤ ᠠᠷᠢᠭᠤᠳᠬᠠᠬᠤ᠂ ᠲᠣᠭᠲᠠᠭᠤᠨ ᠢ ᠬᠠᠮᠠᠭᠠᠯᠠᠬᠤ᠂ ᠪᠦᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠬᠡᠪ ᠠᠪᠬᠤ  ᠪᠠ ᠬᠦᠷᠭᠡᠬᠦ᠂ ᠠᠷᠤ ᠲᠠᠯ᠎ᠠ ᠶᠢᠨ ᠦᠢᠯᠡᠴᠢᠯᠡᠭᠡᠨ  ᠵᠡᠷᠭᠡ ᠪᠠᠴᠢᠮ ᠪᠠᠶᠢᠳᠠᠯ ᠢ ᠠᠷᠭᠠᠴᠠᠬᠤ ᠠᠩᠭᠢ ᠲᠣᠬᠢᠷᠠᠭᠤᠯᠵᠤ᠂ ᠠᠵᠢᠯᠲᠡᠳ ᠤᠨ ᠡᠭᠦᠷᠭᠡ ᠲᠤᠰᠢᠶᠠᠯ ᠲᠣᠳᠣᠷᠬᠠᠶ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠠᠵᠢᠯ ᠤᠨ ᠡᠮᠬᠢ ᠵᠢᠷᠤᠮ ᠲᠠᠢ ᠶᠠᠪᠣᠬᠳᠠᠬᠤ ᠶᠢ ᠦᠨᠡᠨᠬᠦ  ᠪᠠᠳᠤᠯᠠᠵᠤ ᠴᠢᠳᠠᠭᠰᠠᠨ ᠪᠠᠶᠢᠨ᠎ᠠ᠃
 
ᠢᠷᠡᠯᠲᠡ᠄ ᠪᠠᠭᠠᠷᠢᠨ ᠵᠡᠭᠦᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05010860号